ᠲᠡᠰᠬᠢᠮ᠎ᠡ ᠬᠦᠢᠲᠡᠨ ᠠᠴᠠ ᠬᠠᠯᠠᠰᠢᠷᠠᠯ ᠦᠭᠡᠢ ᠠᠵᠢᠯᠯᠠᠵᠤ ᠵᠠᠮ ᠤᠨ ᠰᠠᠭᠠᠳ ᠦᠬᠡᠢ ᠨᠡᠪᠲᠡᠷᠡᠬᠦ ᠳᠤ ᠪᠠᠳᠣᠯᠠᠭ᠎ᠠ | ᠬᠠᠩᠭᠠᠵᠤ ᠪᠠᠶᠢᠭ᠎ᠠ ᠡᠮᠡᠭᠳᠡᠢ ᠠᠵᠢᠯᠳᠠᠨ | | ᠣᠶᠢᠷ᠎ᠠ ᠶᠢᠨ ᠡᠳᠦᠷ᠂ 306 ᠤᠯᠤᠰ ᠤᠨ ᠵᠠᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠮᠠᠯ | ᠵᠠᠮ ᠤᠨ ᠠᠷᠠᠴᠢᠯᠠᠨ ᠬᠠᠮᠠᠭᠠᠯᠠᠬᠤ ᠲᠥᠪ ᠤᠨ ᠡᠮᠡᠭᠲᠡᠢ ᠠᠵᠢᠯᠲᠠᠨ ᠰᠢᠦᠢ ᠵᠢᠩ ᠴᠠᠰᠤ ᠠᠷᠢᠯᠭᠠᠬᠤ ᠲᠡᠷᠭᠡ | ᠵᠢᠯᠣᠭᠤᠳᠤᠨ ᠶᠠᠭᠠᠷᠠᠯᠲᠠᠢ ᠠᠵᠢᠯᠯᠠᠵᠤ ᠪᠠᠶᠢᠯ᠎ᠠ᠃ | ᠰᠢᠦᠢ ᠵᠢᠩ ᠡᠨᠡ ᠵᠢᠯ 42 ᠨᠠᠰᠤᠲᠠᠢ᠂ ᠲᠡᠷᠡ ᠠᠷᠠᠴᠢᠯᠠᠨ ᠬᠠᠮᠠᠭᠠᠯᠠᠬᠤ ᠲᠥᠪ ᠤᠨ 20 ᠭᠠᠷᠤᠢ ᠠᠵᠢᠯᠲᠠᠨ ᠤ | ᠳᠣᠲᠣᠷᠠᠬᠢ ᠴᠤᠷ ᠤᠨ ᠭᠠᠭᠴᠠ ᠡᠮᠡᠭᠲᠡᠢ ᠠᠵᠢᠯᠲᠠᠨ ᠪᠠᠶᠢᠵᠤ᠂ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠡᠮᠦᠨ᠎ᠡ | ᠹᠷᠣᠨᠲ ᠲᠤ ᠪᠠᠷᠤᠭ ᠠᠷᠪᠠᠨ ᠵᠢᠯ ᠠᠵᠢᠯᠯᠠᠵᠤ ᠪᠤᠢ᠃ ᠲᠡᠷᠡᠪᠡᠷ ᠠᠵᠢᠯ ᠳᠤ ᠭᠠᠷᠤᠭᠰᠠᠨ ᠴᠠᠭ ᠠᠴᠠ ᠪᠠᠨ ᠵᠠᠰᠠᠮᠠᠯ | ᠵᠠᠮ ᠢ ᠠᠷᠠᠴᠢᠯᠠᠨ ᠬᠠᠮᠠᠭᠠᠯᠠᠬᠤ ᠠᠵᠢᠯ ᠳᠤ ᠨᠢᠭᠡᠨ ᠰᠡᠳᠬᠢᠯ ᠢᠶᠠᠷ ᠵᠢᠳᠬᠦᠵᠦ᠂ ᠠᠷᠠᠳ ᠣᠯᠠᠨ ᠤ ᠶᠠᠪᠤᠵᠤ | ᠰᠠᠭᠤᠬᠤ ᠶᠢᠨ ᠠᠮᠤᠷ ᠲᠥᠪᠰᠢᠨ ᠤ ᠪᠠᠲᠤᠯᠠᠭ᠎ᠠ ᠳᠤ ᠳᠠᠭᠤ ᠦᠭᠡᠢ ᠵᠢᠳᠬᠦᠵᠦ ᠶᠠᠪᠤᠨ᠎ᠠ᠃ | ᠣᠷᠴᠢᠮ ᠤᠨ ᠡᠳᠦᠷ ᠴᠠᠰᠤ ᠣᠷᠣᠬᠤ ᠳᠤ᠂ ᠰᠢᠦᠢ ᠵᠢᠩ ᠴᠠᠰᠤ ᠰᠢᠭᠤᠷᠭᠠᠨ ᠪᠣᠯ ᠳᠠᠷᠤᠢ ᠵᠠᠷᠯᠢᠭ ᠬᠡᠮᠡᠨ | ᠦᠵᠡᠵᠦ᠂ ᠴᠠᠰᠤ ᠠᠷᠢᠯᠭᠠᠬᠤ ᠮᠠᠰᠢᠨ ᠤ ᠢᠪᠴᠤᠤ ᠥᠷᠥᠭᠡᠨ ᠳᠤ ᠠᠵᠢᠯᠯᠠᠬᠤ ᠳᠤ ᠱᠤᠤᠭᠢᠶ᠎ᠠ ᠳᠠᠭᠤᠨ ᠴᠤ ᠮᠠᠰᠢ | ᠶᠡᠭᠡ ᠪᠠᠶᠢᠯ᠎ᠠ᠃ ᠭᠡᠪᠡᠴᠦ ᠲᠡᠷᠡ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ | ᠲᠥᠯᠥᠭᠡ ᠬᠠᠮᠲᠤ ᠠᠵᠢᠯᠲᠠᠳ ᠲᠠᠢ ᠪᠠᠨ ᠦᠷᠭᠦᠯᠵᠢᠯᠡᠨ ᠵᠠᠮ ᠤᠨ ᠴᠠᠰᠤ ᠶᠢ ᠠᠷᠢᠯᠭᠠᠵᠤ᠂ ᠲᠡᠭ ᠠᠴᠠ ᠳᠣᠷᠣᠭᠰᠢ | 20 ᠭᠠᠷᠤᠢ ᠭᠷᠡᠳᠦ᠋ᠰ ᠤᠨ ᠬᠦᠢᠲᠡᠨ ᠳᠤ ᠬᠠᠯᠠᠰᠢᠷᠠᠯ ᠦᠭᠡᠢ ᠠᠵᠢᠯᠯᠠᠭᠰᠠᠭᠠᠷ ᠪᠠᠶᠢᠯ᠎ᠠ᠃ | ᠪᠡᠯᠡᠳᠬᠡᠯ ᠨᠠᠮ ᠤᠨ ᠭᠡᠰᠢᠭᠦᠨ ᠪᠣᠯᠣᠭᠰᠠᠨ ᠲᠡᠷᠡ᠄ ︽ᠴᠠᠰᠤ ᠰᠢᠭᠤᠷᠭ᠎ᠠ ᠲᠠᠢ ᠡᠨᠡᠬᠦ ᠬᠦᠢᠲᠡᠨ ᠴᠠᠭ ᠠᠭᠤᠷ ᠤᠨ | ᠪᠠᠶᠢᠳᠠᠯ ᠳᠤ᠂ ᠪᠢᠳᠡ ᠡᠩ ᠤᠨ ᠡᠳᠦᠷ ᠠᠴᠠ ᠪᠠᠨ ᠡᠷᠲᠡᠯᠡᠵᠦ ᠠᠵᠢᠯᠯᠠᠬᠤ ᠬᠡᠷᠡᠭᠲᠡᠢ᠃ 6 ᠴᠠᠭ 50 ᠮᠢᠨᠦ᠋ᠲ ᠲᠤ | ᠪᠢ ᠪᠠᠶᠢᠭᠤᠯᠭ᠎ᠠ ᠳᠠᠭᠠᠨ ᠬᠦᠷᠴᠦ᠂ ᠲᠡᠷᠭᠡ ᠪᠠᠨ ᠬᠠᠯᠠᠭᠠᠵᠤ᠂ ᠳᠠᠷᠠᠭ᠎ᠠ ᠨᠢ ᠲᠡᠷᠭᠡᠨ ᠬᠦᠷᠳᠦ᠂ ᠬᠥᠯᠳᠡᠬᠦ ᠠᠴᠠ | ᠰᠡᠷᠭᠡᠶᠢᠯᠡᠬᠦ ᠰᠢᠩᠭᠡᠨ ᠵᠡᠷᠭᠡ ᠪᠠᠨ ᠨᠠᠷᠢᠨ ᠪᠠᠶᠢᠴᠠᠭᠠᠭᠠᠳ 7 ᠴᠠᠭ 25 ᠮᠢᠨᠦ᠋ᠲ ᠲᠤ ᠵᠠᠪᠠᠯ ᠲᠤᠬᠠᠢ ᠶᠢᠨ | ᠲᠠᠯᠠᠪᠤᠷ ᠲᠤ ᠬᠦᠷᠦᠭᠰᠡᠨ ᠪᠠᠶᠢᠬᠤ ᠬᠡᠷᠡᠭᠲᠡᠢ᠂ ᠴᠠᠰᠤ ᠣᠷᠣᠵᠤ ᠪᠠᠶᠢᠭᠰᠠᠨ ᠴᠤ ᠲᠡᠷᠭᠡ ᠪᠠᠨ ᠵᠣᠭᠰᠣᠭᠠᠵᠤ ᠪᠣᠯᠬᠤ | ᠦᠭᠡᠢ᠂ ᠴᠠᠰᠤ ᠶᠢ ᠲᠦᠷᠭᠡᠨ ᠠᠷᠢᠯᠭᠠᠬᠤ ᠬᠡᠷᠡᠭᠲᠡᠢ︾ ᠭᠡᠵᠦ ᠡᠷᠡᠰ ᠰᠢᠭᠤᠷᠬᠠᠢ ᠬᠡᠯᠡᠪᠡ᠃ | ᠲᠡᠷᠡ᠄ ︽ᠪᠢ ᠬᠠᠷᠠᠬᠠᠨ ᠪᠠᠭ᠎ᠠ ᠠᠴᠠ ᠪᠠᠨ ᠮᠠᠰᠢᠨ ᠮᠧᠬᠠᠨᠢᠭ ᠲᠤ ᠮᠠᠰᠢ ᠪᠠᠭ᠋ᠠᠲᠠᠢ᠂ ᠣᠨᠴᠠᠭᠠᠶᠢᠯᠠᠨ | ᠪᠠᠷᠢᠯᠭ᠎ᠠ ᠶᠢᠨ ᠠᠵᠢᠯ ᠳᠤ ᠬᠡᠷᠡᠭᠯᠡᠳᠡᠭ ᠮᠠᠰᠢᠨ ᠳᠤ ᠪᠠᠭ᠋ᠠᠲᠠᠢ᠃ ᠪᠢ A2 ᠵᠢᠯᠣᠭᠤᠴᠢ ᠶᠢᠨ ᠦᠨᠡᠮᠯᠡᠯ᠂ ᠣᠨᠴᠠ | ᠲᠦᠷᠦᠯ ᠤᠨ ᠮᠧᠬᠠᠨᠢᠭ ᠤᠨ ᠠᠵᠢᠯᠯᠠᠭᠠᠨ ᠤ ᠦᠨᠡᠮᠯᠡᠯ᠂ ᠠᠶᠠᠨᠴᠢᠳ ᠤᠨ ᠲᠡᠭᠡᠭᠡᠪᠦᠷᠢ ᠶᠢᠨ ᠬᠢᠷᠢ ᠬᠡᠮ ᠤᠨ | ᠦᠨᠡᠮᠯᠡᠯ ᠢ ᠨᠢᠭᠡᠨᠲᠡ ᠠᠪᠴᠠᠢ︾ ᠭᠡᠬᠦ ᠳᠤ ᠲᠡᠭᠦᠨ ᠤ ᠬᠠᠮᠲᠤ ᠠᠵᠢᠯᠲᠠᠨ ᠰᠡᠴᠡᠨᠲᠦ᠄ ︽ᠡᠷᠭᠦᠭᠦᠷ ᠲᠡᠷᠭᠡ᠂ | ᠴᠠᠰᠤᠨ ᠲᠦᠯᠬᠢᠬᠦ ᠮᠠᠰᠢᠨ᠂ ᠲᠠᠷᠢᠶᠠᠨ ᠡᠮ ᠰᠠᠴᠤᠬᠤ ᠮᠠᠰᠢᠨ᠂ ᠭᠤᠯᠭᠤᠬᠤ ᠠᠴᠠ ᠰᠡᠷᠭᠡᠶᠢᠯᠡᠬᠦ ᠮᠠᠲ᠋ᠧᠷᠢᠶᠠᠯ | ᠲᠡᠭᠡᠭᠡᠵᠦ ᠠᠰᠬᠠᠬᠤ ᠮᠠᠰᠢᠨ ᠲᠡᠷᠭᠡ ᠶᠢ ᠪᠦᠷ ᠵᠢᠯᠤᠭᠤᠳᠴᠤ ᠴᠢᠳᠠᠨ᠎ᠠ᠂ ᠪᠠᠰᠠ ᠮᠠᠰᠢ ᠲᠡᠪᠴᠢᠶᠡᠷᠢᠲᠡᠢ ᠠᠵᠢᠯᠯᠠᠳᠠᠭ | ᠰᠢᠤ︾ ᠭᠡᠵᠦ ᠬᠠᠵᠠᠭᠤ ᠠᠴᠠ ᠨᠢ ᠲᠠᠨᠢᠯᠴᠠᠭᠤᠯᠤᠯ᠎ᠠ᠃ ᠰᠢᠦᠢ ᠵᠢᠩ᠄ ︽ᠪᠢ ᠵᠠᠮ ᠠᠷᠠᠴᠢᠯᠠᠬᠤ ᠠᠵᠢᠯᠲᠠᠨ ᠤ | ᠭᠡᠷ ᠲᠤ ᠲᠥᠷᠥᠭᠰᠡᠨ᠂ ᠮᠢᠨᠤ ᠠᠪᠤ ᠪᠣᠯ ᠵᠠᠰᠠᠮᠠᠯ ᠵᠠᠮ ᠤᠨ ᠠᠷᠠᠴᠢᠯᠠᠭᠴᠢ ᠶᠤᠮ︾ ᠭᠡᠵᠦ ᠡᠨᠡᠬᠦ ᠠᠵᠢᠯ ᠤᠨ ᠪᠠᠶᠢᠷᠢ | ᠲᠠᠢ ᠪᠠᠨ ᠬᠤᠪᠢ ᠪᠠᠷᠢᠯᠳᠤᠯᠭ᠎ᠠ ᠲᠠᠢ ᠪᠣᠯᠣᠭᠰᠠᠨ ᠲᠤᠬᠠᠢ ᠪᠠᠨ ᠢᠩᠭᠢᠵᠦ ᠶᠠᠷᠢᠯ᠎ᠠ᠃ | ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠬᠦᠴᠢᠷ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠡᠮᠡᠭᠲᠡᠢ | ᠠᠵᠢᠯᠳᠠᠨ ᠪᠣᠯᠬᠤ ᠳᠤ ᠨᠡᠩ ᠬᠦᠴᠢᠷ ᠶᠤᠮ᠃ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠪᠣᠯ ᠨᠢᠭᠡ | ᠵᠦᠢᠯ ᠤᠨ ᠬᠠᠮᠤᠭ ᠤᠨ ᠬᠦᠴᠢᠷ ᠲᠠᠢ᠂ ᠶᠠᠳᠠᠷᠠᠯᠲᠠᠢ ᠠᠵᠢᠯ ᠮᠥᠨ᠃ ᠠᠭᠠᠭᠢᠮ᠎ᠠ ᠬᠠᠯᠠᠭᠤᠨ᠂ ᠲᠡᠰᠬᠢᠮ᠎ᠡ ᠬᠦᠢᠲᠡᠨ | ᠠᠯᠢ ᠴᠤ ᠤᠯᠠᠷᠢᠯ ᠳᠤ ᠵᠠᠮ ᠲᠠᠢ ᠬᠠᠨᠢᠯᠠᠵᠤ᠂ ᠬᠤᠭ ᠲᠣᠭᠤᠰᠣᠨ ᠳᠤ ᠳᠠᠷᠤᠭᠳᠠᠨ ᠠᠵᠢᠯᠯᠠᠬᠤ ᠨᠢ ᠡᠷᠡᠭᠲᠡᠢ | ᠠᠵᠢᠯᠲᠠᠳ ᠲᠤ ᠠᠪᠴᠤ ᠬᠡᠯᠡᠭᠰᠡᠨ ᠴᠤ ᠲᠡᠶᠢᠮᠦ ᠬᠢᠯᠪᠡᠷ ᠪᠢᠰᠢ᠂ ᠡᠶᠢᠮᠦ ᠠᠴᠠ ᠨᠢᠭᠡᠨ ᠡᠮᠡᠭᠲᠡᠢ ᠠᠵᠢᠯᠲᠠᠨ ᠳᠤ | ᠠᠪᠴᠤ ᠬᠡᠯᠡᠪᠡᠯ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠤᠨ ᠬᠦᠴᠢᠷ ᠤᠨ ᠬᠡᠮᠵᠢᠶ᠎ᠡ ᠨᠢ ᠨᠡᠩ ᠶᠡᠭᠡ ᠪᠣᠯᠬᠤ | ᠨᠢ ᠶᠠᠷᠢᠶᠠᠨ ᠦᠭᠡᠢ᠃ ᠭᠡᠪᠡᠴᠦ ᠰᠢᠦᠢ ᠵᠢᠩ ᠠᠵᠢᠯ ᠳᠤᠮᠳᠠ ᠪᠠᠨ ᠶᠡᠷᠦ ᠠᠴᠠ ᠬᠤᠶᠢᠰᠢ ᠰᠠᠭᠤᠳᠠᠭ ᠦᠭᠡᠢ᠃ | ᠡᠨᠡ ᠵᠢᠯ ᠤᠨ 11 ᠰᠠᠷ᠎ᠠ ᠶᠢᠨ 9 ᠤ ᠡᠳᠦᠷ ᠪᠣᠯᠣᠭᠰᠠᠨ ᠨᠢᠭᠡᠨ ᠶᠠᠪᠤᠳᠠᠯ ᠢ ᠳᠤᠷᠠᠰᠬᠤ ᠳᠤ ᠲᠡᠷᠡ ᠮᠠᠰᠢ | ᠰᠡᠳᠬᠢᠯ ᠬᠥᠳᠡᠯᠵᠦ ᠪᠠᠶᠢᠯ᠎ᠠ᠃ ᠲᠡᠷᠡ ᠡᠳᠦᠷ᠂ ᠰᠢᠦᠢ ᠵᠢᠩ ᠭᠠᠭᠴᠠᠭᠠᠷ ᠢᠶᠠᠨ ᠡᠮᠦᠨ᠎ᠡ ᠪᠠᠨ ᠳᠥᠷᠪᠡᠨ ᠮᠧᠲᠷ | ᠬᠤᠷᠢ ᠶᠢᠨ ᠬᠤᠰᠤᠭᠤᠷ ᠲᠠᠢ ᠬᠥᠷᠪᠡᠭᠦᠯᠵᠤ ᠠᠰᠬᠠᠬᠤ ᠲᠣᠮᠣ ᠮᠠᠰᠢᠨ ᠳᠤ ᠳᠦᠭᠦᠷᠡᠩ ᠴᠠᠰᠤ ᠬᠠᠶᠢᠯᠤᠭᠤᠯᠤᠭᠴᠢ | ᠡᠳ᠋ ᠲᠡᠭᠡᠭᠡᠳ ᠬᠠᠬᠢᠷ ᠬᠦᠢᠲᠡᠨ ᠢ ᠬᠠᠶᠢᠬᠤᠷᠤᠯ ᠦᠭᠡᠢ ᠪᠠᠷ ᠬᠤᠰᠢᠭᠤᠨ ᠲᠥᠪ ᠠᠴᠠ ᠪᠠᠶᠠᠩᠬᠤᠸᠠ ᠪᠠᠯᠭᠠᠰᠤ | ᠬᠦᠷᠲᠡᠯᠡᠬᠢ ᠴᠠᠰᠤ ᠶᠢ ᠴᠡᠪᠡᠷᠯᠡᠬᠦ ᠪᠠᠷ ᠮᠣᠷᠳᠠᠵᠠᠢ᠃ ᠦᠳᠡ ᠶᠢᠨ ᠦᠶ᠎ᠡ ᠪᠠᠷ ᠨᠢᠭᠡᠳᠦᠭᠡᠷ ᠠᠯᠠᠭ ᠦᠬᠡᠷ ᠤᠨ | ᠲᠠᠯᠠᠪᠠᠢ ᠶᠢᠨ ᠣᠶᠢᠷᠠᠯᠴᠠᠭ᠎ᠠ ᠬᠦᠷᠴᠦ᠂ ᠲᠡᠷᠭᠡ ᠪᠠᠨ ᠵᠢᠯᠤᠭᠤᠳᠬᠤ ᠶᠢᠨ ᠳᠠᠭᠠᠤ ᠴᠠᠰᠤ ᠬᠠᠶᠢᠯᠤᠭᠤᠯᠤᠭᠴᠢ ᠡᠳ᠋ ᠢ | ᠰᠠᠴᠤᠪᠠ᠃ ᠲᠡᠷᠡ ᠡᠳᠦᠷ ᠠᠭᠤᠷ ᠠᠮᠢᠰᠬᠤᠯ ᠲᠣᠩ ᠬᠦᠢᠲᠡᠨ ᠪᠠᠶᠢᠭᠰᠠᠨ ᠲᠤᠯᠠ᠂ ᠰᠢᠦᠢ ᠵᠢᠩ ᠤᠨ ᠲᠡᠷᠭᠡᠨ | ᠳᠣᠲᠣᠷᠠᠬᠢ ᠴᠠᠶᠢᠶ᠋ᠢᠦ ᠲᠣᠰᠣ ᠨᠢ ᠴᠠᠷᠴᠠᠵᠤ᠂ ᠲᠣᠰᠣ ᠤᠰᠤ ᠶᠢ ᠢᠯᠭᠠᠷᠠᠭᠤᠯᠬᠤ ᠳᠦᠬᠦᠭᠡᠷᠦᠮᠵᠢ ᠨᠢ ᠴᠤ | ᠬᠥᠯᠳᠡᠭᠡᠳ ᠲᠡᠷᠭᠡ ᠨᠢ ᠶᠠᠪᠤᠵᠤ ᠴᠢᠳᠠᠬᠤ ᠦᠭᠡᠢ ᠪᠣᠯᠪᠠ᠃ ᠰᠢᠦᠢ ᠵᠢᠩ ᠲᠡᠷᠡ ᠳᠠᠷᠤᠢ ᠳᠤᠨᠢ ᠪᠠᠶᠢᠭᠤᠯᠭ᠎ᠠ ᠶᠢᠨ | ᠢᠶᠠᠨ ᠤᠳᠤᠷᠢᠳᠤᠯᠭ᠎ᠠ ᠲᠠᠢ ᠬᠠᠷᠢᠯᠴᠠᠵᠤ ᠪᠠᠶᠢᠳᠠᠯ ᠢᠶᠠᠨ ᠬᠡᠯᠡᠬᠦ ᠳᠤ᠂ ᠤᠳᠤᠷᠢᠳᠤᠯᠭ᠎ᠠ ᠨᠢ ᠳᠠᠷᠤᠶᠢᠬᠠᠨ | ᠵᠠᠰᠠᠪᠤᠷᠢ ᠶᠢᠨ ᠠᠵᠢᠯᠲᠠᠨ ᠲᠣᠮᠢᠯᠠᠪᠠ᠃ ᠡᠨᠡ ᠦᠶ᠎ᠡ ᠳᠤ ᠲᠡᠷᠭᠡ ᠨᠢ ᠨᠢᠭᠡᠨᠲᠡ ᠤᠨᠲᠠᠷᠠᠭᠰᠠᠨ ᠲᠤᠯᠠ᠂ ᠰᠢᠦᠢ | ᠵᠢᠩ ᠬᠦᠢᠲᠡᠨ ᠲᠡᠷᠭᠡᠨ ᠳᠤ ᠰᠡᠯᠪᠢᠨ ᠵᠠᠰᠠᠭᠴᠢ ᠶᠢᠨ ᠬᠦᠷᠴᠦ ᠢᠷᠡᠬᠦ ᠶᠢ ᠬᠦᠯᠢᠶᠡᠵᠦ ᠪᠠᠶᠢᠪᠠ᠃ ᠪᠦᠬᠦᠶᠢᠯᠡ ᠠᠵᠢᠯ | ᠢᠶᠠᠨ ᠬᠢᠵᠦ ᠳᠠᠭᠤᠰᠬᠠᠲᠠᠯᠠ ᠨᠢᠭᠡᠨᠲᠡ ᠰᠥᠨᠢ ᠶᠢᠨ ᠠᠷᠪᠠᠨ ᠬᠤᠶᠠᠷ ᠴᠠᠭ ᠬᠠᠭᠠᠰ ᠪᠣᠯᠣᠭᠰᠠᠨ ᠪᠠᠶᠢᠯ᠎ᠠ᠃ | | ᠪᠠᠷᠠᠭᠤᠨ ᠦᠵᠦᠮᠦᠴᠢᠨ ᠬᠤᠰᠢᠭᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠲᠥᠪ ᠤᠨ ᠠᠵᠢᠯᠲᠠᠨ ᠰᠢᠤᠢ | ᠵᠢᠩ᠄ | ᠠᠵᠢᠯ ᠤᠨ ᠶᠠᠪᠣᠴᠠ ᠳᠠᠭᠠᠨ᠂ ᠲᠡᠷᠭᠡ ᠤᠨᠤᠭ᠎ᠠ ᠨᠢ ᠰᠠᠭᠠᠲᠠᠭᠰᠠᠨ ᠬᠦᠮᠦᠰ ᠪᠤᠶᠤ ᠵᠠᠮ ᠲᠦᠭᠵᠢᠷᠡᠭᠰᠡᠨ ᠪᠠᠶᠢᠳᠠᠯ | ᠣᠯᠠᠨ ᠲᠠᠭᠠᠷᠠᠯᠳᠤᠳᠠᠭ᠂ ᠲᠡᠳᠡᠨ ᠳᠤ ᠬᠠᠪᠰᠤᠷᠤᠨ ᠲᠡᠷᠭᠡ ᠤᠨᠤᠭ᠎ᠠ᠂ ᠵᠠᠮ ᠬᠠᠷᠢᠯᠴᠠᠭ᠎ᠠ ᠶᠢ ᠨᠢ ᠨᠡᠪᠲᠡᠷᠡᠭᠦᠯᠦᠭᠡᠳ | ᠥᠭᠪᠡᠯ ᠳᠣᠲᠣᠷ᠎ᠠ ᠮᠠᠰᠢ ᠠᠶᠠᠲᠠᠢ ᠰᠠᠨᠠᠭᠳᠠᠳᠠᠭ᠂ ᠪᠠᠰᠠ ᠲᠤᠩ ᠣᠳᠬ᠎ᠠ ᠠᠭᠤᠯᠭ᠎ᠠ ᠲᠠᠢ᠃ | 11 ᠰᠠᠷ᠎ᠠ ᠶᠢᠨ 17 ᠤ ᠡᠳᠦᠷ᠂ ᠰᠢᠦᠢ ᠵᠢᠩ ᠮᠥᠨ ᠳᠤᠭᠤᠶᠢᠯᠠᠩ ᠤᠨ ᠢᠶᠠᠨ ᠬᠠᠮᠲᠤ ᠠᠵᠢᠯᠲᠠᠨ ᠰᠡᠴᠡᠨᠲᠦ | ᠲᠠᠢ ᠬᠠᠮᠲᠤ ᠵᠠᠮ ᠤᠨ ᠴᠠᠰᠤ ᠠᠷᠢᠯᠭᠠᠭᠠᠳ ᠪᠠᠷᠠᠭᠤᠨ ᠰᠦᠢᠳᠬᠡᠯ ᠬᠤᠷᠢᠶᠠᠬᠤ ᠥᠷᠲᠡᠭᠡᠨ ᠠᠴᠠ ᠪᠤᠴᠠᠵᠤ ᠢᠷᠡᠬᠦ | ᠵᠠᠮ ᠳᠤ᠂ ᠨᠢᠭᠡᠨ ᠮᠠᠰᠢᠨ ᠲᠡᠷᠭᠡ ᠴᠠᠰᠤᠨ ᠳᠤᠮᠳᠠ ᠰᠠᠭᠠᠲᠠᠭᠠᠳ ᠪᠠᠶᠢᠬᠤ ᠲᠠᠢ ᠲᠠᠭᠠᠷᠠᠯᠳᠤᠪᠠ᠂ ᠲᠡᠷᠡ ᠰᠡᠴᠡᠨᠲᠦ | ᠲᠠᠢ ᠬᠠᠮᠲᠤ ᠲᠡᠷᠭᠡᠨ ᠠᠴᠠ ᠪᠠᠨ ᠪᠠᠭᠤᠵᠤ ᠲᠡᠷᠭᠡᠨ ᠤ ᠡᠵᠡᠨ ᠳᠤ ᠲᠤᠰᠠᠯᠠᠪᠠ᠃ ᠰᠢᠦᠢ ᠵᠢᠩ᠄ ︽ᠡᠶᠢᠮᠦᠷᠬᠦᠦ | ᠠᠪᠤᠷᠠᠨ ᠲᠤᠰᠠᠯᠠᠬᠤ ᠠᠵᠢᠯ ᠪᠠᠷᠤᠭ ᠡᠳᠦᠷ ᠪᠣᠯᠭᠠᠨ ᠲᠣᠬᠢᠶᠠᠯᠳᠤᠳᠠᠭ᠂ ᠠᠪᠤᠷᠠᠨ ᠲᠤᠰᠠᠯᠠᠬᠤ ᠪᠣᠯ ᠪᠢᠳᠡᠨ ᠤ | ᠬᠢᠪᠡᠰᠦ ᠵᠣᠬᠢᠬᠤ ᠵᠦᠢᠯ ᠶᠤᠮ︾ ᠭᠡᠵᠦ ᠢᠯᠡᠷᠬᠡᠶᠢᠯᠡᠵᠦ ᠪᠠᠶᠢᠯ᠎ᠠ᠃ | ᠲᠡᠷᠡ ᠬᠡᠳᠦᠶᠢᠪᠡᠷ ᠡᠳᠦᠷ ᠪᠦᠷᠢ ᠶᠠᠭᠠᠷᠠᠤ ᠪᠠᠶᠢᠳᠠᠭ ᠪᠣᠯᠪᠠᠴᠤ ᠬᠠᠮᠲᠤ ᠠᠵᠢᠯᠲᠠᠳ ᠢᠶᠠᠨ ᠴᠤ | ᠴᠢᠳᠠᠯ ᠤᠨᠬᠢᠷᠢ ᠪᠠᠷ ᠢᠶᠠᠨ ᠬᠠᠪᠰᠤᠷᠳᠠᠭ᠃ ︽ᠮᠠᠰᠢᠨ ᠤ ᠠᠵᠢᠯᠲᠠᠳ ᠢ ᠬᠠᠪᠰᠤᠷᠤᠨ ᠬᠤᠪᠴᠠᠰᠤ ᠬᠤᠨᠠᠷ | ᠤᠬᠢᠶᠠᠬᠤ᠂ ᠱᠠᠬᠠᠢ ᠤᠬᠢᠶᠠᠬᠤ᠂ ᠠᠮᠠᠷᠠᠬᠤ ᠦᠷᠦᠭᠡ ᠶᠢ ᠲᠢᠭᠯᠡᠵᠦ ᠴᠡᠪᠡᠷᠯᠡᠬᠦ ᠵᠡᠷᠭᠡ ᠠᠵᠢᠯ ᠢ ᠲᠡᠷᠡ ᠪᠦᠬᠦᠨ ᠢ | ᠬᠢᠴᠢᠬᠡᠳᠡᠭ︾ ᠭᠡᠵᠦ ᠰᠡᠴᠡᠨᠲᠦ ᠰᠡᠳᠬᠢᠯ ᠬᠥᠳᠡᠯᠦᠨ ᠬᠡᠯᠡᠨ᠎ᠡ᠃ ᠵᠠᠰᠠᠮᠠᠯ ᠵᠠᠮ ᠤᠨ ᠦᠢᠯᠡᠰ ᠢ ᠬᠠᠮᠤᠭ ᠠᠴᠠ | ᠢᠯᠡᠭᠦᠦ ᠳᠡᠭᠡᠳᠦᠯᠡᠳᠡᠭ ᠲᠡᠷᠡᠪᠡᠷ᠂ ᠭᠡᠷ ᠤᠨ ᠬᠥᠮᠥᠰ ᠤᠨ ᠢᠶᠠᠨ ᠤᠶᠢᠯᠠᠭᠠᠯᠳᠠ ᠳᠡᠮᠵᠢᠯᠭᠡ ᠶᠢ ᠴᠤ ᠣᠯᠣᠭᠰᠠᠨ | ᠪᠠᠶᠢᠳᠠᠭ᠃ ᠲᠡᠷᠡ ᠬᠦᠴᠦ ᠬᠥᠯᠥᠰᠦ᠂ ᠬᠠᠯᠠᠭᠤᠨ ᠰᠡᠳᠬᠢᠯ ᠢᠶᠠᠨ ᠲᠤᠷᠠᠲᠠᠢ ᠪᠠᠭ᠋ᠠᠲᠠᠢ ᠦᠢᠯᠡᠰ ᠤᠨ ᠢᠶᠠᠨ ᠲᠦᠯᠦᠭᠡ | ᠬᠠᠷᠠᠮ ᠦᠭᠡᠢ ᠶᠡᠬᠦᠯᠡᠵᠦ ᠶᠠᠪᠤᠨ᠎ᠠ ᠁ |