ᠭᠠᠷ ᠤᠨ ᠤᠷᠠᠨ ᠢᠶᠠᠷ ᠰᠤᠶᠤᠯ ᠤᠨ ᠦᠪ ᠢᠶᠠᠨ ᠤᠯᠠᠮᠵᠢᠯᠠᠵᠦ ᠶᠠᠪᠤᠭ᠎ᠠ ᠮᠠᠯᠴᠢᠨ ᠪᠦᠷᠢᠨᠮᠡᠨᠳᠦ
ᠨᠡᠶᠢᠲᠡᠯᠡᠭᠰᠡᠨ ᠴᠠᠭ᠄
2023/12/25
  ᠭᠠᠷ ᠤᠨ ᠤᠷᠠᠨ ᠢᠶᠠᠷ ᠰᠤᠶᠤᠯ ᠤᠨ ᠦᠪ ᠢᠶᠠᠨ ᠤᠯᠠᠮᠵᠢᠯᠠᠵᠦ ᠶᠠᠪᠤᠭ᠎ᠠ ᠮᠠᠯᠴᠢᠨ ᠪᠦᠷᠢᠨᠮᠡᠨᠳᠦ                                                              ᠮᠠᠯᠴᠢᠳ ᠮᠠᠨᠢ ᠡᠷᠳᠡ ᠦᠶ᠎ᠡ ᠠᠴᠠ ᠮᠠᠯᠵᠢᠬᠤ ᠠᠮᠢᠳᠤᠷᠠᠯ ᠲᠤᠮᠳᠠ ᠪᠠᠨ ᠮᠠᠯ ᠤᠨ ᠭᠠᠷᠤᠯᠳᠠ᠂ ᠠᠰᠢᠭ ᠰᠢᠮ᠎ᠡ ᠪᠠᠷ ᠨᠢ ᠠᠵᠤ ᠠᠮᠢᠳᠤᠷᠠᠯ ᠤᠨ ᠡᠳ᠋ᠯᠡᠯ ᠬᠡᠷᠡᠭᠯᠡᠯ ᠢᠶᠠᠨ ᠬᠢᠵᠦ ᠠᠰᠢᠠᠠᠯᠠᠵᠦ ᠢᠷᠡᠭᠰᠡᠨ ᠬᠦᠳᠡᠯᠮᠦᠷᠢᠴᠢ ᠬᠦᠮᠦᠰ ᠪᠢᠯᠡ᠃ ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠸᠠ ᠪᠠᠯᠭᠠᠰᠤᠨ ᠤ ᠡᠷᠳᠡᠨᠢᠪᠤᠯᠠᠭ ᠭᠠᠴᠠᠭᠠᠨ ᠤ ᠮᠠᠯᠴᠢᠨ ᠪᠦᠷᠢᠨᠮᠡᠨᠳᠦ ᠮᠠᠯᠵᠢᠬᠤ ᠠᠮᠢᠳᠤᠷᠠᠯ ᠤᠨ ᠡᠳ᠋ᠯᠡᠯ ᠬᠡᠷᠡᠭᠯᠡᠯ ᠢᠶᠠᠨ ᠤᠳᠤ ᠴᠦ ᠬᠢᠵᠦ ᠤᠷᠤᠯᠳᠤᠭᠰᠠᠭᠠᠷ ᠶᠠᠪᠤᠨ᠎ᠠ᠃
   ᠡᠷᠳᠡᠨᠢᠪᠤᠯᠠᠭ ᠭᠠᠴᠠᠭᠠᠨ ᠤ ᠡᠪᠦᠯᠵᠢᠶᠡᠨ ᠤ ᠰᠠᠭᠤᠷᠢᠰᠢᠯ ᠤᠨ ᠵᠡᠭᠦᠨ ᠵᠠᠬ᠎ᠠ ᠪᠠᠷ ᠲᠦᠪᠬᠢᠨᠡᠭᠦᠨ ᠠᠮᠢᠳᠤᠷᠠᠯ ᠲᠠᠢ ᠠᠶᠢᠯ ᠪᠠᠶᠢᠭ᠎ᠠ ᠨᠢ ᠪᠦᠷᠢᠨᠮᠡᠨᠳᠦ ᠶᠢᠨ ᠬᠢ ᠶᠤᠮ᠃ ᠪᠦᠰᠡᠭᠦᠢ ᠬᠦᠦ ᠲᠠᠢ ᠪᠠᠨ ᠲᠦᠷᠪᠡᠭᠦᠯᠡ ᠦᠵᠦᠮᠦᠴᠢᠨ ᠬᠤᠨᠢ᠂ ᠮᠤᠩᠭᠤᠯ ᠠᠳᠤᠭᠤ ᠪᠠᠨ ᠨᠤᠳᠤᠭ ᠪᠡᠯᠴᠢᠭᠡᠷ ᠲᠡᠭᠡᠨ ᠵᠤᠬᠢᠴᠠᠭᠤᠯᠤᠨ ᠮᠠᠯᠵᠢᠵᠤ ᠴᠢᠨᠡᠭᠡᠯᠢᠭ ᠰᠠᠶᠢᠬᠠᠨ ᠠᠮᠢᠳᠤᠷᠠᠵᠦ ᠪᠠᠶᠢᠭ᠎ᠠ ᠡᠳᠡᠨᠡᠶᠢᠬᠢᠨ ᠤ ᠬᠦᠮᠦᠰ ᠤᠨ ᠠᠩᠬᠠᠷᠤᠯ ᠢ ᠬᠠᠮᠤᠭ ᠠᠴᠠ ᠲᠠᠳᠠᠬᠤ ᠨᠢ ᠤᠳᠤᠬᠢᠴᠢᠯᠠᠭᠰᠠᠨ ᠡᠳ᠋ᠯᠡᠯ ᠬᠡᠷᠡᠭᠯᠡᠯ ᠪᠦᠬᠦᠢ ᠴᠡᠪᠡᠷ ᠲᠦᠪᠬᠢᠨᠡᠭᠦᠨ ᠤᠷᠤᠨ ᠰᠠᠭᠤᠴᠠ ᠠᠴᠠ ᠭᠠᠳᠠᠨ᠎ᠠ᠂ ᠲᠡᠭᠦᠨ ᠤ ᠴᠢᠯᠦᠭᠡ ᠵᠠᠪ ᠢᠶᠠᠷ ᠢᠶᠠᠨ ᠤᠷᠠᠯᠠᠨ ᠵᠢᠷᠤᠵᠤ ᠬᠢᠭᠰᠡᠨ ᠮᠤᠷᠢᠨ ᠤ ᠡᠳ᠋ᠯᠡᠯ ᠬᠡᠷᠡᠭᠯᠡᠯ᠂ ᠵᠢᠷᠤᠭ ᠰᠡᠶᠢᠯᠦᠮᠡᠯ᠂ ᠤᠭᠠᠯᠵᠠ ᠬᠤᠸᠠᠷ ᠤᠳ ᠪᠠᠶᠢᠭᠰᠠᠨ ᠶᠤᠮ᠃
  ᠪᠦᠷᠢᠨᠮᠡᠨᠳᠦ ᠬᠠᠷᠠᠬᠠᠨ ᠪᠠᠭ᠎ᠠ ᠠᠴᠠ ᠪᠠᠨ ᠠᠳᠤᠭᠤᠨ ᠳᠤ ᠪᠠᠭ᠋ᠠᠳᠠᠢ ᠪᠠᠶᠢᠵᠤ᠂ 14 ᠨᠠᠰᠤᠨ ᠳᠠᠭᠠᠨ ᠤᠷᠤᠯᠳᠤᠭᠠᠨ ᠮᠤᠷᠢ ᠤᠨᠤᠵᠤ᠂ 15 ᠨᠠᠰᠤᠨ ᠠᠴᠠ ᠪᠠᠨ ᠡᠮᠨᠢᠭ ᠰᠤᠷᠭᠠᠨ ᠮᠠᠯ ᠢᠶᠠᠨ ᠬᠠᠷᠢᠭᠤᠯᠵᠤ ᠦᠰᠴᠡᠢ᠃ ᠡᠶᠢᠨᠬᠦ ᠮᠠᠯᠴᠢᠨ ᠤ ᠬᠤᠳᠠ ᠳᠤ ᠦᠰᠦᠭᠰᠡᠨ ᠲᠡᠷᠡ ᠪᠠᠷ ᠪᠠᠭ᠎ᠠ ᠠᠴᠠ ᠪᠠᠨ ᠠᠷᠠᠰᠤ ᠰᠢᠷᠢ ᠡᠯᠳᠡᠨ ᠡᠮᠡᠭᠡᠯ ᠬᠠᠵᠠᠭᠠᠷ᠂ ᠤᠷᠭ᠎ᠠ ᠲᠠᠰᠢᠭᠤᠷ ᠬᠢᠵᠦ᠂ ᠤᠨᠢ ᠬᠠᠨ᠎ᠠ ᠦᠳᠡᠵᠦ᠂ ᠤᠯᠤᠩ ᠲᠡᠭᠡᠰᠦ ᠲᠠᠮᠤᠵᠤ ᠶᠠᠪᠤᠳᠠᠭ ᠪᠠᠶᠢᠭᠰᠠᠨ ᠢᠶᠠᠨ ᠰᠡᠭᠦᠯ ᠤᠨ ᠦᠶ᠎ᠡ ᠳᠤ ᠪᠦᠰᠡᠭᠦᠢ ᠳᠡᠭᠡᠨ ᠬᠠᠮᠵᠢᠨ ᠢᠰᠡᠭᠡᠢ ᠰᠢᠷᠢᠳᠡᠭ᠂ ᠲᠡᠷᠯᠢᠭ ᠵᠤᠪᠴᠠᠭ᠎ᠠ ᠶᠢᠨ ᠤᠭᠠᠯᠵᠠ ᠡᠮᠵᠢᠶᠡᠷᠢ ᠶᠢ ᠴᠦ ᠵᠢᠷᠤᠵᠤ ᠦᠭᠳᠡᠭ ᠪᠠᠶᠢᠯ᠎ᠠ᠃ ︽ᠶᠡᠷᠦ ᠨᠢ ᠬᠢᠵᠦ ᠤᠷᠤᠯᠳᠤᠵᠤ ᠪᠠᠶᠢᠪᠠᠯ ᠭᠠᠷ ᠤᠨ ᠲᠡᠮ ᠤᠷᠤᠵᠤ ᠠᠵᠢᠯ ᠦᠢᠯᠡ ᠳᠤ ᠴᠠᠭᠠᠷᠠᠳᠠᠭ︾ ᠬᠡᠮᠡᠨ ᠶᠠᠷᠢᠵᠦ ᠪᠠᠶᠢᠭᠰᠠᠨ ᠲᠡᠭᠦᠨ ᠤ ᠭᠠᠷ ᠤᠨ ᠤᠷᠠᠨ ᠨᠢ ᠬᠠᠪᠢ ᠲᠦᠰᠦᠷ ᠤᠨ ᠬᠢᠨ ᠳᠡᠭᠡᠨ ᠮᠡᠳᠡᠷᠡᠭᠳᠡᠵᠦ ᠬᠠᠪᠰᠤᠷᠴᠤ ᠬᠠᠮᠵᠢᠭᠤᠯᠬᠤ ᠬᠦᠮᠦᠨ ᠲᠠᠰᠤᠷᠠᠳᠠᠭ ᠦᠭᠡᠢ ᠪᠦᠭᠡᠳ ᠮᠠᠯᠴᠢᠨ ᠬᠦᠮᠦᠨ ᠤ ᠦᠷᠦᠪᠴᠢ ᠰᠡᠳᠬᠢᠯ ᠢᠶᠠᠷ ᠵᠠᠪ ᠯᠠ ᠭᠠᠷᠪᠠᠯ ᠠᠮᠵᠢᠭᠤᠯᠵᠤ ᠬᠢᠵᠦ ᠦᠭᠳᠡᠭ ᠪᠠᠶᠢᠨ᠎ᠠ᠃ ᠨᠡᠩ ᠴᠦ ᠪᠠᠶᠢᠭᠠᠯᠢ ᠠᠴᠠ ᠵᠠᠶᠠᠭᠠᠭᠰᠠᠨ ᠵᠢᠷᠤᠭ ᠤᠷᠠᠯᠠᠯ ᠤᠨ ᠲᠤᠷ᠎ᠠ ᠰᠤᠨᠢᠷᠬᠠᠯ ᠳᠠᠭᠠᠨ ᠬᠦᠳᠦᠯᠦᠭᠳᠡᠨ ᠲᠠᠪᠤᠨ ᠬᠤᠰᠢᠭᠤ ᠮᠠᠯ᠂ ᠲᠠᠯ᠎ᠠ ᠨᠤᠳᠤᠭ᠂ ᠠᠭᠤᠯᠠ ᠤᠰᠤ ᠪᠠᠨ ᠵᠢᠷᠤᠵᠤ ᠰᠠᠭᠤᠳᠠᠭ ᠪᠠᠶᠢᠭᠰᠠᠨ ᠨᠢ ᠲᠡᠭᠦᠨ ᠳᠤ ᠤᠷᠠᠯᠢᠭ ᠤᠨ ᠲᠤᠷᠭᠠᠨ ᠮᠡᠳᠡᠷᠡᠮᠵᠢ ᠤᠯᠭᠤᠵᠤ᠂ ᠤᠳᠤ ᠤᠶᠤᠨᠳᠤ ᠭᠠᠷ ᠤᠳᠠᠰᠤᠨ ᠲᠡᠭᠡᠷ᠎ᠡ ᠪᠠᠨ ᠦᠵᠡᠰᠬᠦᠯᠡᠩᠳᠦ ᠰᠠᠶᠢᠬᠠᠨ ᠨᠤᠳᠤᠭ ᠤᠰᠤ᠂ ᠦᠪᠡᠷᠮᠢᠴᠡ ᠭᠤᠶᠤᠮᠰᠤᠭ ᠮᠠᠯᠴᠢᠨ ᠠᠮᠢᠳᠤᠷᠠᠯ ᠢᠶᠠᠨ ᠰᠡᠭᠦᠳᠡᠷᠯᠡᠨ ᠵᠢᠷᠤᠠᠠᠯᠠᠵᠦ ᠨᠠᠶᠢᠷᠠᠭᠤᠯᠤᠨ ᠰᠢᠩᠭᠡᠭᠡᠳ ᠰᠢᠨ᠎ᠡ ᠵᠠᠭᠤᠴᠢᠯᠠᠭᠤᠷ ᠢᠶᠠᠷ ᠲᠠᠮᠵᠢᠭᠤᠯᠤᠨ ᠲᠠᠷᠬᠠᠭᠠᠵᠦ ᠬᠦᠮᠦᠨ ᠤᠯᠠᠨ ᠤ ᠪᠠᠨ ᠬᠦᠷᠳᠡᠭᠡᠯ ᠪᠤᠯᠭᠠᠵᠦ ᠶᠠᠪᠤᠨ᠎ᠠ᠃
    ᠪᠦᠷᠢᠨᠮᠡᠨᠳᠦ ᠶᠢᠨ ᠬᠤᠶᠠᠳᠤᠭᠠᠷ ᠬᠦᠦ ᠰᠤᠮᠢᠶ᠎ᠠ ᠤᠳᠤ ᠮᠠᠯᠵᠢᠬᠤ ᠠᠮᠢᠳᠤᠷᠠᠯ ᠤᠨ ᠡᠳ᠋ᠯᠡᠯ ᠬᠡᠷᠡᠭᠯᠡᠯ ᠬᠢᠬᠦ ᠤᠷ᠎ᠠ ᠮᠡᠷᠭᠡᠵᠢᠯ ᠢ ᠰᠤᠷᠴᠤ ᠭᠠᠷ ᠤᠷᠠᠯᠠᠯ ᠤᠨ ᠪᠦᠳᠦᠭᠡᠭᠳᠡᠭᠦᠨ ᠪᠤᠯᠭᠠᠨ ᠤᠷᠠᠯᠠᠨ ᠬᠢᠭᠡᠳ ᠲᠢᠺ ᠲᠤᠺ᠂ ᠨᠠᠶᠢᠵᠠ ᠶᠢᠨ ᠲᠤᠭᠤᠷᠢᠭ ᠢᠶᠠᠷ ᠪᠤᠷᠤᠯᠠᠭᠤᠯᠤᠨ ᠠᠵᠤ ᠠᠬᠤᠢ ᠶᠢᠨ ᠤᠷᠤᠯᠭ᠎ᠠ ᠡᠭᠦᠳᠴᠦ ᠶᠠᠪᠤᠨ᠎ᠠ᠃ ᠡᠶᠢᠨᠬᠦ ᠨᠡᠭᠦᠳᠡᠯ ᠠᠮᠢᠳᠤᠷᠠᠯ ᠤᠨ ᠰᠤᠶᠤᠯ ᠤᠨ ᠦᠪ ᠢᠶᠠᠨ ᠤᠯᠠᠮᠵᠢᠯᠠᠨ ᠵᠠᠯᠭᠠᠮᠵᠢᠯᠠᠭᠰᠠᠨ ᠵᠠᠯᠠᠭᠤ ᠦᠶ᠎ᠡ ᠶᠢᠨ ᠬᠢᠨ ᠦᠨᠳᠦᠰᠦᠳᠡᠨ ᠤ ᠪᠦᠳᠦᠭᠡᠭᠳᠡᠭᠦᠨ ᠢᠶᠠᠨ ᠵᠠᠬ᠎ᠠ ᠳᠤ ᠭᠠᠷᠭᠠᠬᠤ ᠰᠢᠨ᠎ᠡ ᠤᠷᠤᠯᠳᠤᠯᠭ᠎ᠠ ᠬᠢᠵᠦ ᠪᠠᠶᠢᠭ᠎ᠠ ᠠᠵᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号