ᠪᠠᠷᠠᠭᠤᠨ ᠦᠵᠦᠮᠦᠴᠢᠨ ᠬᠤᠰᠢᠭᠤ ᠪᠥᠬᠦ ᠬᠤᠰᠢᠭᠤᠨ ᠤ ᠰᠤᠷᠲᠠᠯ  ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/25
ᠪᠠᠷᠠᠭᠤᠨ ᠦᠵᠦᠮᠦᠴᠢᠨ ᠬᠤᠰᠢᠭᠤ ᠪᠥᠬᠦ ᠬᠤᠰᠢᠭᠤᠨ ᠤ ᠰᠤᠷᠲᠠᠯ  ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ                                 12 ᠰᠠᠷ᠎ᠠ ᠶᠢᠨ 22 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
 ᠮᠥᠩᠭᠦᠨᠱᠠ ᠴᠢᠬᠤᠯᠠᠴᠢᠯᠠᠬᠤ ᠳᠠᠭᠠᠨ᠄ ᠨᠢᠭᠡ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠤᠨᠤᠯ ᠤᠨ ᠰᠤᠷᠤᠯᠴᠠᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠠᠳᠬᠤᠨ᠂ ᠤᠯᠠᠨ ᠲᠦᠮᠡᠨ ᠳᠤ ᠬᠠᠨᠳᠤᠭᠤᠯᠤᠭᠰᠠᠨ ᠤᠨᠤᠯ ᠤᠨ ᠤᠬᠠᠭᠤᠯᠭ᠎ᠠ ᠶᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠤᠨᠤᠯ ᠤᠨ ᠰᠤᠳᠤᠯᠭᠠᠨ ᠤ ᠲᠠᠶᠢᠯᠪᠤᠷᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠪᠦᠭᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠡᠭᠦᠷᠭᠡ ᠬᠠᠷᠢᠭᠤᠴᠠᠯᠭᠠᠲᠤ ᠰᠡᠳᠬᠢᠯᠭᠡ ᠶᠢ ᠦᠨᠡᠨ ᠬᠦ ᠴᠢᠩᠬᠠᠳᠬᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ 11 ᠲᠠᠯ᠎ᠠ ᠶᠢᠨ ᠴᠢᠬᠤᠯᠠ ᠶᠡᠭᠡ ᠰᠢᠨ᠎ᠡ ᠶᠢ ᠡᠭᠦᠳᠬᠦ ᠦᠵᠡᠯᠲᠡ ᠪᠠ 16 ᠲᠠᠯ᠎ᠠ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠬᠦᠨᠵᠡᠭᠡᠢ ᠣᠶᠢᠯᠠᠭᠠᠬᠤ ᠬᠡᠷᠡᠭᠲᠡᠢ᠃ ᠬᠤᠶᠠᠷ ᠲᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠭᠤᠣᠯ ᠠᠵᠢᠯ ᠤᠨ ᠢᠶᠠᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠪᠠᠷ ᠦᠨᠳᠦᠰᠦᠨ ᠬᠠᠷᠢᠭᠤᠴᠠᠯᠭ᠎ᠠ ᠪᠠᠨ ᠪᠣᠯᠭᠠᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠶᠢ ᠦᠨᠡᠨᠬᠦ ᠪᠣᠳᠠᠲᠠᠶᠢᠵᠢᠭᠤᠯᠬᠤ ᠬᠡᠷᠡᠭᠲᠡᠢ᠃ ᠪᠥᠬᠦ ᠬᠤᠰᠢᠭᠤᠨ ᠤ ᠡᠯ᠎ᠡ ᠱᠠᠲᠤᠨ ᠤ ᠬᠥᠭᠵᠢᠯᠲᠡ ᠶᠢ ᠰᠦᠪᠡᠭᠴᠢᠯᠡᠬᠦ᠂ ᠠᠵᠢᠯ ᠦᠢᠯᠡᠰ ᠪᠦᠲᠦᠭᠡᠬᠦ ᠠᠭᠤᠷ ᠠᠮᠢᠰᠬᠤᠯ ᠢ ᠬᠥᠭᠵᠢᠭᠡᠵᠦ᠂ ᠥᠨᠳᠥᠷ ᠬᠢᠷᠢ ᠲᠦᠪᠰᠢᠨ ᠪᠦᠬᠦᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃
ᠭᠤᠷᠪᠠ ᠳᠤ᠂ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠴᠢᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ  ᠴᠢᠩᠭᠠᠳᠬᠠᠨ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ᠰᠦᠯᠵᠢᠶᠡᠨ ᠤ ᠠᠮᠤᠷ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠡᠷᠭᠡᠶᠢᠯᠡᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢ ᠶᠣᠰᠣᠭᠠᠷ ᠰᠦᠯᠵᠢᠶ᠎ᠡ ᠶᠢ ᠵᠠᠰᠠᠬᠤ ᠶᠢ ᠠᠬᠢᠭᠤᠯᠤᠨ᠂ ᠰᠠᠭᠤᠷᠢ ᠲᠤᠯᠭᠠᠭᠤᠷᠢᠯᠠᠯ ᠢ ᠴᠢᠩᠭᠠᠳᠬᠠᠵᠤ᠂ ᠤᠬᠠᠭᠤᠯᠭ᠎ᠠ᠂  ᠢᠨ᠋ᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠨ ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠲᠦᠷᠪᠡᠨ ᠴᠢᠳᠠᠪᠤᠷᠢ︾ ᠶᠢᠨ ᠬᠥᠮᠦᠵᠢᠯ ᠦᠢᠯᠡᠳᠦᠯᠭᠡ ᠶᠢ ᠭᠦᠨᠵᠡᠭᠡᠶᠢᠷᠡᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠪᠣᠯᠣᠨ ᠢᠨ᠋ᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠲᠦᠪᠰᠢᠨ ᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ  ᠭᠡᠵᠡᠢ᠃ ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠦ᠋ ᠵᠦ ᠰᠢ ᠶᠢᠨ ᠫᠢᠩ ᠶᠡᠷᠦᠩᠬᠡᠢ ᠱᠦᠵᠢ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠪᠦᠭᠦ ᠤᠯᠤᠰ᠂ ᠪᠦᠭᠦ ᠣᠷᠣᠨ᠂ ᠪᠦᠭᠦ ᠠᠶᠢᠮᠠᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ ᠪᠦᠭᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠠᠵᠢᠯ ᠢ ᠪᠠᠶᠢᠷᠢᠯᠠᠭᠤᠯᠵᠠᠢ᠃ ᠪᠠᠶᠠᠨᠬᠤᠰᠢᠭᠤ ᠰᠤᠮᠤ᠂ ᠪᠠᠯᠭᠠᠷ ᠨᠡᠶᠢᠭᠡᠮ ᠲᠣᠭᠤᠷᠢᠭ᠂ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤ ᠡᠪᠯᠡᠯ ᠤᠨ ᠬᠤᠷᠢᠶ᠎ᠠ ᠠᠴᠠ ᠡᠯ᠎ᠡ ᠬᠦᠷᠢᠶ᠎ᠡ ᠴᠠᠷ᠎ᠠ ᠶᠢᠨ ᠬᠠᠮᠢᠶᠠᠳᠠᠢ ᠠᠵᠢᠯ ᠤᠨ ᠳᠤᠮᠳᠠᠬᠢ ᠲᠤᠷᠰᠢᠯᠭ᠎ᠠ ᠠᠷᠭ᠎ᠠ ᠠᠪᠴᠠᠯ ᠪᠣᠯᠣᠨ ᠦᠷ᠎ᠡ ᠪᠦᠲᠦᠮᠵᠢ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号