ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠦᠩᠭᠦᠨᠱᠠ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠲᠤ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2023/12/25
    ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠦᠩᠭᠦᠨᠱᠠ     ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠲᠤ ᠨᠠᠮ ᠤᠨ ᠬᠢᠴᠢᠶᠡᠯ ᠤᠷᠤᠪᠠ                                                                    12 ᠰᠠᠷ᠎ᠠ ᠶᠢᠨ 19 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ  ᠮᠦᠩᠭᠦᠨᠱᠠ ︽ᠦᠨᠡᠨᠴᠢ ᠰᠢᠳᠤᠷᠭᠤ ᠶᠢᠨ ᠰᠠᠭᠤᠷᠢ ᠶᠢ ᠪᠠᠲᠤ ᠴᠣᠭᠴᠠᠯᠠᠵᠤ᠂ ᠤᠯᠤᠰ ᠲᠥᠷᠥ ᠬᠠᠤᠯᠢ ᠴᠠᠭᠠᠵᠠ ᠶᠢᠨ ᠬᠠᠷᠢᠭᠤᠴᠠᠯᠭ᠎ᠠ ᠪᠠᠨ ᠭᠦᠢᠴᠡᠳᠬᠡᠶ᠎ᠡ︾ ᠭᠡᠬᠦ ᠰᠡᠳᠦᠪ ᠢᠶᠠᠷ᠂ ᠣᠶᠢᠷ᠎ᠠ ᠶᠢᠨ ᠬᠤᠭᠤᠴᠠᠭᠠᠨ ᠤ ᠰᠣᠷᠤᠯᠴᠠᠭᠰᠠᠨ ᠰᠠᠳᠬᠢᠭ᠍ᠳᠡᠯ ᠪᠠ ᠠᠵᠢᠯ ᠤᠨ ᠦᠢᠯᠡᠳᠦᠯᠭᠡ ᠲᠠᠢ ᠪᠠᠨ ᠤᠶᠠᠯᠳᠤᠭᠤᠯᠤᠨ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠵᠢᠴᠢ ᠡᠩᠨᠡᠭᠡ ᠶᠢᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠢ ᠴᠢᠩᠭ᠎ᠠ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠳᠤ ᠲᠤᠰᠬᠠᠢ ᠨᠠᠮ ᠤᠨ ᠬᠢᠴᠢᠶᠡᠯ  ᠤᠷᠤᠵᠠᠢ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠦ᠋ ᠪᠦᠦ ᠫᠢᠩ᠂ ᠬᠤᠰᠢᠭᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠢᠴᠢ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠪᠠᠶᠢᠭᠤᠯᠭ᠎ᠠ ᠨᠢᠭᠡᠴᠡ ᠶᠢᠨ ᠤᠳᠤᠷᠢᠳᠬᠤ ᠪᠠᠭ ᠤᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠣᠷᠣᠯᠴᠠᠵᠤ᠂ ᠬᠤᠰᠢᠭᠤ ᠳᠡᠳ᠋ ᠳᠠᠷᠤᠭ᠎ᠠ᠂ ᠬᠤᠰᠢᠭᠤ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠨᠠᠮ ᠤᠨ  ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠮᠠ ᠮᠢᠩ  ᠬᠤᠷᠠᠯ ᠡᠷᠭᠢᠯᠡᠪᠡ᠃       ᠮᠦᠩᠭᠦᠨᠱᠠ ᠴᠢᠬᠤᠯᠠᠴᠢᠯᠠᠬᠤ ᠳᠠᠭᠠᠨ᠄ ᠨᠢᠭᠡ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠲᠤᠤᠱᠯᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠢᠳᠡᠪᠬᠢᠲᠡᠢ ᠪᠠᠷ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠳᠠᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠤᠯᠠᠨ ᠨᠡᠶᠢᠲᠡ ᠶᠢᠨ ᠠᠮᠤᠷ ᠲᠦᠪᠰᠢᠨ᠂ ᠡᠷᠬᠡ ᠠᠰᠢᠭ ᠤᠨ ᠪᠠᠲᠤᠯᠠᠭ᠎ᠠ᠂ ᠲᠥᠪ ᠭᠤᠣᠯᠴᠢ ᠰᠢᠳᠤᠷᠭᠤ ᠶᠣᠰᠣᠨ ᠤ ᠠᠰᠠᠭᠤᠳᠠᠯ ᠢ ᠬᠦᠴᠦᠯᠡᠨ ᠰᠢᠢᠳᠪᠤᠷᠢᠯᠠᠬᠦ ᠬᠡᠷᠡᠭᠳᠠᠢ᠃   ᠬᠤᠶᠠᠷ ᠲᠤ᠂ ᠰᠢᠨ᠎ᠡ ᠴᠠᠭ ᠦᠶ᠎ᠡ ᠰᠢᠨ᠎ᠡ ᠠᠶᠠᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠲᠡᠦᠬᠡᠲᠦ ᠡᠭᠦᠷᠭᠡ ᠶᠢ ᠪᠠᠲᠤ ᠴᠡᠭᠡᠵᠢᠯᠡᠵᠦ᠂ ᠨᠠᠮ ᠤᠨ ᠤᠳᠤᠷᠢᠳᠤᠯᠭ᠎ᠠ ᠶᠢ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠳᠦᠷᠢᠮ ᠤᠨ ᠪᠠᠶᠢᠭᠤᠯᠤᠯᠲᠠ ᠵᠡᠷᠭᠡ ᠡᠯ᠎ᠡ ᠲᠠᠯ᠎ᠠ ᠳᠤ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ  ᠪᠠᠶᠢᠭᠤᠯᠭ᠎ᠠ ᠶᠢᠨ  ᠦᠨᠡᠨᠴᠢ ᠰᠢᠳᠤᠷᠭᠤ᠂ ᠠᠷᠢᠭᠤᠨ ᠴᠢᠬᠡᠴᠢ ᠤᠯᠤᠰ ᠲᠦᠷᠦ ᠶᠢᠨ ᠤᠭ ᠴᠢᠨᠠᠷ ᠢ ᠪᠠᠲᠤᠯᠠᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠠᠷᠠᠳ ᠤᠨ ᠲᠥᠯᠥᠭᠡ ᠬᠠᠤᠯᠢ ᠪᠠᠷᠢᠬᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ  ᠪᠠᠶᠢᠭᠤᠯᠤᠯᠳᠠ ᠶᠢ  ᠴᠢᠩᠭᠠᠳᠬᠠᠬᠤ ᠬᠡᠷᠡᠭᠳᠠᠢ᠃   ᠭᠤᠷᠪᠠ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ  ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠶᠢᠬᠤ ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠡᠷᠡᠰ ᠰᠡᠷᠭᠡᠶᠢᠯᠡᠨ ᠠᠷᠢᠯᠭᠠᠵᠤ᠂ ᠠᠮᠤᠷ ᠲᠠᠶᠢᠪᠤᠩ ᠪᠠᠷᠠᠭᠤᠨ ᠦᠵᠦᠮᠦᠴᠢᠨ᠂ ᠬᠠᠤᠯᠢ ᠪᠠᠷ ᠵᠠᠰᠠᠬᠤ ᠪᠠᠷᠠᠭᠤᠨ  ᠦᠵᠦᠮᠦᠴᠢᠨ ᠤ ᠪᠠᠶᠢᠭᠤᠯᠤᠯᠲᠠ ᠶᠢ ᠯᠠᠪᠳᠠᠭᠤᠨ  ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠨ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ  ᠬᠡᠵᠡᠢ᠃    ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠲᠠᠳ᠋ ᠱᠦᠵᠢ ᠲᠠᠯᠠᠬᠡᠢ᠄ ︽ᠨᠠᠮ ᠤᠨ ᠬᠢᠴᠢᠶᠠᠯ ᠢ ᠰᠣᠨᠤᠰᠣᠭᠠᠳ ᠪᠢ  ᠡᠭᠦᠷᠭᠡ ᠬᠠᠷᠢᠭᠤᠴᠠᠯᠭ᠎ᠠ ᠪᠠᠨ ᠪᠠᠲᠤ ᠴᠠᠬᠡᠵᠢᠯᠠᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠢᠯᠣᠭᠤᠳᠤᠯᠭ᠎ᠠ ᠶᠢ ᠪᠠᠲᠤᠳᠬᠠᠵᠤ᠂ ᠠᠵᠢᠯ ᠤᠨ ᠶᠡᠭᠡ ᠲᠠᠯ᠎ᠠ  ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ  ᠶᠢᠨ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ  ᠶᠢ ᠠᠬᠢᠭᠤᠯᠬᠤ ᠪᠠ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠵᠤ᠂ ᠨᠡᠩ ᠶᠡᠭᠡ ᠬᠤᠪᠢ ᠨᠡᠮᠡᠷᠢ  ᠦᠵᠡᠬᠦᠯᠤᠶ᠎ᠠ ᠬᠡᠵᠦ ᠪᠤᠳᠣᠵᠦ ᠪᠠᠶᠢᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号