ᠦᠵᠦᠮᠦᠴᠢᠨ ᠨᠤᠲᠤᠭ ᠤᠨ ᠪᠥᠬᠡᠴᠢᠨ ᠤᠶᠠᠭᠠᠴᠢᠨ ᠤᠷᠭᠠᠴᠢᠨ
ᠨᠡᠶᠢᠲᠡᠯᠡᠭᠰᠡᠨ ᠴᠠᠭ᠄
2023/12/25
      ᠦᠵᠦᠮᠦᠴᠢᠨ ᠨᠤᠲᠤᠭ ᠤᠨ ᠪᠥᠬᠡᠴᠢᠨ ᠤᠶᠠᠭᠠᠴᠢᠨ ᠤᠷᠭᠠᠴᠢᠨ    ᠴᠣᠯᠮᠣᠨ 1960 ᠣᠨ ᠳᠤ ᠵᠡᠭᠦᠨ ᠦᠵᠦᠮᠦᠴᠢᠨ ᠬᠤᠰᠢᠭᠤᠨ ᠤ ᠰᠠᠮᠠᠢ ᠰᠤᠮᠤᠨ ᠤ ᠵᠢᠷᠠᠨᠪᠤᠯᠠᠭ ᠭᠠᠴᠠᠭ᠎ᠠ ᠶᠢᠨ ᠮᠠᠯᠴᠢᠨ ᠰᠢᠷᠠᠨᠤᠳ ᠣᠪᠣᠭ ᠲᠠᠢ ᠭᠠᠷᠤᠳᠢᠪᠠᠭᠠᠳᠤᠷ᠂ ᠲᠤᠩᠭᠠᠯᠠᠭ ᠤᠨ ᠭᠤᠷᠪᠠᠳᠤᠭᠠᠷ ᠬᠡᠦᠬᠡᠳ ᠨᠢ ᠪᠣᠯᠵᠤ ᠵᠠᠶᠠᠭᠠᠵᠠᠢ᠃     ᠭᠠᠷᠤᠲᠢᠪᠠᠭᠠᠲᠤᠷ ᠭᠤᠸᠠᠢ ᠰᠠᠶᠢᠨ ᠪᠠᠷᠢᠯᠳᠤᠵᠤ᠂ ᠮᠣᠷᠢ ᠰᠠᠶᠢᠬᠠᠨ ᠤᠶᠠᠵᠤ ᠪᠠᠶᠢᠭᠰᠠᠨ ᠢ ᠨᠤᠲᠤᠭ ᠤᠰᠤᠡ ᠤ ᠬᠢᠨ ᠰᠠᠶᠢᠨ ᠮᠡᠳᠡᠳᠡᠭ᠃ ᠴᠣᠯᠮᠣᠨ ᠤ ᠠᠪᠤ ᠭᠠᠷᠤᠲᠢᠪᠠᠭᠠᠲᠤᠷ ᠭᠤᠸᠠᠢ ᠤᠤᠯ ᠤᠨ ᠪᠠᠶᠠᠨᠬᠦ᠋ᠭᠡᠪᠦᠷ ᠰᠤᠮᠤᠨ ᠤ ᠵᠢᠷᠠᠨᠪᠤᠯᠠᠭ ᠭᠠᠴᠠᠭᠠᠨ ᠤ ᠥᠩᠲᠦ ᠶᠢᠨ ᠣᠪᠣᠭᠠᠨ ᠤ ᠲᠠᠬᠢᠯᠭ᠎ᠠ ᠶᠢᠨ ᠨᠠᠶᠢᠷ ᠲᠤ ᠪᠠᠷᠢᠯᠳᠤᠨ ᠲᠡᠷᠢᠭᠦᠯᠡᠵᠦ ᠂ ᠰᠢᠨ᠎ᠡ ᠰᠦᠮ᠎ᠡ ᠶᠢᠨ ᠨᠠᠷᠢᠨ ᠴᠠᠭᠠᠨ ᠣᠪᠣᠭᠠᠨ ᠤ ᠲᠠᠬᠢᠯᠭ᠎ᠠ ᠶᠢᠨ ᠨᠠᠶᠢᠷ ᠲᠤ ᠳᠡᠳ᠋ᠯᠡᠵᠦ᠂ ᠮᠥᠨ ᠳᠤᠰ ᠣᠪᠣᠭᠠᠨ ᠤ ᠲᠠᠬᠢᠯᠭ᠎ᠠ ᠶᠢᠨ ᠨᠠᠶᠢᠷ ᠲᠤ ᠬᠤᠯᠠ ᠮᠣᠷᠢ ᠨᠢ ᠲᠡᠷᠢᠭᠦᠯᠡᠵᠦ ᠪᠠᠶᠢᠭᠰᠠᠨ ᠰᠠᠶᠢᠬᠠᠨ ᠲᠤᠷᠠᠰᠤᠮᠵᠢᠲᠠᠢ᠃      ᠴᠣᠯᠮᠣᠨ ᠴᠤ ᠠᠪᠤ ᠶᠢᠨ ᠢᠶᠠᠨ ᠤᠷ᠎ᠠ ᠠᠪᠢᠶᠠᠰ ᠢ ᠥᠪᠯᠡᠭᠰᠡᠨ ᠤᠳᠤᠮ ᠵᠠᠯᠭᠠᠭᠰᠠᠨ ᠰᠠᠶᠢᠨ ᠪᠦᠬᠡ ᠮᠥᠷᠲᠡᠭᠡᠨ ᠰᠠᠶᠢᠨ ᠤᠶᠠᠭᠠᠴᠢ ᠶᠤᠮ᠃ ᠲᠡᠷᠡ 1979 ᠣᠨ ᠳᠤ ᠵᠡᠭᠦᠨ ᠦᠵᠦᠮᠦᠴᠢᠨ ᠬᠤᠰᠢᠭᠤᠨ ᠤ ᠪᠦᠬᠡ ᠶᠢᠨ ᠪᠣᠯᠪᠠᠰᠤᠷᠠᠯ ᠳᠤ ᠰᠠᠭᠤᠵᠤ ᠠᠪᠤᠷᠭᠤ ᠰᠣᠳᠨᠠᠮ᠂ ᠮᠠᠨᠳᠤᠯ᠎ᠠ ᠵᠡᠷᠭᠡ ᠪᠠᠭᠰᠢ ᠠᠴᠠ ᠮᠡᠭᠡ ᠮᠡᠷᠭᠡᠵᠢᠯ ᠰᠤᠷᠴᠠᠢ᠃     ᠴᠣᠯᠮᠣᠨ ᠤ ᠪᠦᠬᠡ ᠪᠠᠷᠢᠯᠳᠤᠭᠰᠠᠨ ᠠᠮᠵᠢᠯᠲᠠ ᠠᠴᠠ ᠳᠤᠷᠠᠳᠪᠠᠯ᠂ 1979 ᠣᠨ ᠳᠤ ᠵᠡᠭᠦᠨ ᠦᠵᠦᠮᠦᠴᠢᠨ ᠬᠤᠰᠢᠭᠤᠨ ᠤ ᠤᠤᠯ ᠤᠨ ᠳᠤᠮᠳᠠᠭᠤᠪᠢ ᠰᠤᠮᠤᠨ ᠤ ᠡᠩᠭᠡᠵᠢᠷᠭᠠᠯᠠᠩ ᠭᠠᠴᠠᠭᠠᠨ ᠤ ᠨᠠᠶᠢᠷ ᠲᠤ ᠳᠡᠭᠡᠳᠦ ᠨᠠᠢᠮᠠ ᠳᠤ ᠲᠡᠪᠢᠵᠤ᠂ ᠰᠢᠯᠢ ᠶᠢᠨ ᠭᠤᠣᠯ ᠠᠶᠢᠮᠠᠭ ᠤᠨ ᠵᠠᠯᠠᠭᠤᠴᠤᠳ ᠤᠨ ᠤᠷᠤᠯᠳᠤᠭᠠᠨ ᠳᠤ ᠳᠤᠮᠳᠠᠳᠤ ᠮᠠᠶ᠋ᠢᠭ ᠤᠨ ᠪᠦᠬᠡ ᠶᠢᠨ ᠳᠡᠳ᠋ ᠬᠦᠨᠳᠦ ᠳᠡᠰ ᠲᠤ ᠲᠡᠷᠢᠭᠦᠯᠡᠵᠦ ︽ᠵᠤᠯᠵᠠᠭᠠᠨ ᠪᠦᠷᠭᠦᠳ︾ ᠢᠶᠠᠷ ᠴᠣᠯᠠᠯᠠᠭᠳᠠᠵᠠᠢ᠃ ᠮᠥᠨ ᠲᠤᠰ ᠵᠢᠯ ᠵᠡᠭᠦᠨ ᠦᠵᠦᠮᠦᠴᠢᠨ ᠬᠤᠰᠢᠭᠤᠨ ᠤ ᠤᠤᠯ ᠤᠨ ᠤᠩᠭᠤᠨ ᠰᠤᠮᠤᠨ ᠤ ᠬᠥᠭᠵᠢᠯᠲᠦ ᠭᠠᠴᠠᠭᠠᠨ ᠤ ᠨᠠᠶᠢᠷ ᠲᠤ ᠳᠡᠭᠡᠳᠦ ᠳᠥᠷᠪᠡ ᠳᠤ ᠲᠡᠪᠢᠵᠤ᠂ ᠳᠠᠭᠤᠲᠤᠨᠠᠭᠤᠷ ᠰᠤᠮᠤᠨ ᠤ 256 ᠪᠦᠬᠡ ᠲᠠᠢ ᠨᠠᠶᠢᠷ ᠲᠤ ᠠᠯᠳᠠᠨᠬᠢᠯᠢ ᠶᠢᠨ ᠴᠣᠶᠢᠰᠦ᠋ᠷᠦᠩ ᠵᠡᠷᠭᠡ ᠪᠥᠬᠡᠴᠢᠳ ᠢ ᠬᠠᠶᠠᠵᠤ 32 ᠲᠤ ᠣᠷᠣᠵᠠᠢ᠃ ᠤᠤᠯ ᠤᠨ ᠪᠠᠶᠠᠨᠬᠦ᠋ᠭᠡᠪᠦᠷ ᠰᠤᠮᠤᠨ ᠤ 256 ᠪᠦᠬᠡ ᠲᠠᠢ ᠨᠠᠶᠢᠷ ᠲᠤ ᠡᠷᠢᠶᠡᠨᠭᠤᠪᠢ ᠶᠢᠨ ᠭᠤᠨᠴᠣᠭᠵᠠᠪ᠂ ᠮᠠᠨᠳᠤᠬᠤᠪᠤᠯᠠᠭ ᠤᠨ ᠪᠠᠶᠠᠷ ᠵᠡᠷᠭᠡ ᠪᠥᠬᠡᠴᠢᠳ ᠢ ᠬᠠᠶᠠᠵᠤ ᠮᠠᠨᠳᠤᠬᠤᠪᠤᠯᠠᠭ ᠤᠨ ᠰᠡᠷᠡᠩᠳᠣᠩᠷᠣᠪ ᠲᠤ ᠣᠶᠢᠴᠢᠵᠠᠢ᠃ ᠰᠠᠮᠠᠢ ᠰᠤᠮᠤᠨ ᠤ 256 ᠪᠦᠬᠡ ᠲᠠᠢ ᠨᠠᠶᠢᠷ ᠲᠤ ᠠᠯᠳᠠᠨᠬᠢᠯᠢ ᠶᠢᠨ ᠮᠢ᠊ · ᠭᠧᠩᠳᠡᠨ ᠵᠡᠷᠭᠡ ᠪᠥᠬᠡᠴᠦᠳ ᠢ ᠬᠠᠶᠠᠵᠤ 16 ᠳᠤ ᠲᠡᠪᠢᠪᠡ᠃ ᠰᠢᠯᠢ ᠶᠢᠨ ᠭᠤᠣᠯ ᠠᠶᠢᠮᠠᠭ ᠤᠨ ᠰᠢᠯᠢᠳᠡᠭ 128 ᠪᠦᠬᠡ ᠶᠢᠨ ᠪᠠᠷᠢᠯᠳᠤᠭᠠᠨ ᠳᠤ 16 ᠳᠤ ᠲᠡᠪᠢᠪᠠ᠃ 1980 ᠣᠨ ᠳᠤ ᠤᠤᠯ ᠤᠨ ᠪᠠᠶᠠᠨᠬᠦ᠋ᠭᠡᠪᠦᠷ ᠰᠤᠮᠤᠨ ᠤ ᠵᠠᠯᠠᠭᠤᠴᠤᠳ ᠤᠨ ᠨᠠᠶᠢᠷ ᠲᠤ ᠳᠡᠭᠡᠳᠦ ᠨᠠᠢᠮᠠ ᠳᠤ ᠰᠢᠷᠤᠪ ᠲᠤ ᠪᠠᠭᠤᠵᠤ ᠥᠭᠪᠡ᠃ ᠠᠪᠠᠭ᠎ᠠ ᠬᠤᠰᠢᠭᠤᠨ ᠤ ᠶᠡᠬᠡᠭᠤᠤᠯ ᠰᠤᠮᠤᠨ ᠤ ᠨᠠᠶᠢᠷ ᠲᠤ ᠠᠪᠠᠭ᠎ᠠ ᠬᠤᠰᠢᠭᠤᠨ ᠤ ᠣ · ᠳᠠᠮᠳᠢᠨ᠂ ᠰᠤ · ᠳᠠᠮᠳᠢᠨ ᠵᠡᠷᠭᠡ ᠲᠦᠷᠪᠡᠨ ᠳᠠᠮᠳᠢᠨ ᠢ ᠬᠠᠶᠠᠵᠤ 16 ᠳᠤ ᠲᠡᠪᠢᠪᠠ᠃ 1981 ᠣᠨ ᠳᠤ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠭᠤᠣᠯ ᠰᠤᠮᠤᠨ ᠤ 256 ᠪᠦᠬᠡ ᠲᠠᠢ ᠨᠠᠶᠢᠷ ᠲᠤ 16 ᠳᠤ ᠲᠡᠪᠢᠵᠤ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠶᠡᠭᠡ ᠨᠠᠶᠢᠷ ᠤᠨ 512 ᠪᠦᠬᠡ ᠶᠢᠨ ᠪᠠᠷᠢᠯᠳᠤᠭᠠᠨ ᠳᠤ ᠪᠠᠷᠠᠭᠤᠨ ᠦᠵᠦᠮᠦᠴᠢᠨ ᠤ ᠥᠯᠵᠡᠶᠢᠪᠠᠶᠠᠷ ᠵᠡᠷᠭᠡ ᠪᠥᠬᠡᠴᠢᠳ ᠢ ᠬᠠᠶᠠᠵᠤ 16 ᠳᠤ ᠲᠡᠪᠢᠪᠡ᠃ ᠮᠥᠨ ᠳᠤᠰ ᠵᠢᠯ ᠤᠤᠯ ᠤᠨ ᠪᠠᠶᠠᠨᠬᠦ᠋ᠭᠡᠪᠦᠷ ᠰᠤᠮᠤᠨ ᠤ ᠵᠢᠷᠠᠨᠪᠤᠯᠠᠭ ᠭᠠᠴᠠᠭᠠᠨ ᠤ 256 ᠪᠦᠬᠡ ᠲᠠᠢ ᠨᠠᠶᠢᠷ ᠲᠤ ᠠ᠊ · ᠵᠢᠷᠭᠠᠯ ᠳᠤ ᠪᠠᠭᠤᠵᠤ ᠳᠡᠭᠡᠳᠦ ᠳᠥᠷᠪᠡ ᠳᠤ ᠲᠡᠪᠢᠪᠠ᠃ 1982 ᠣᠨ ᠳᠤ ᠤᠤᠯ ᠤᠨ ᠪᠤᠯᠠᠭ ᠰᠤᠮᠤᠨ ᠤ 128 ᠪᠦᠬᠡ ᠲᠠᠢ ᠨᠠᠶᠢᠷ ᠲᠤ ᠲᠠᠮᠪᠠ᠂ ᠪᠥᠬᠡᠪᠠᠭᠠᠲᠤᠷ᠂ ᠪᠤᠶᠠᠨᠲᠤ ᠵᠡᠷᠭᠡ ᠪᠥᠬᠡᠴᠢᠳ ᠢ ᠬᠠᠶᠠᠵᠤ ᠳᠡᠳ᠋ᠯᠡᠪᠡ᠃ ᠰᠢᠯᠢ ᠶᠢᠨ ᠭᠤᠣᠯ ᠠᠶᠢᠮᠠᠭ ᠤᠨ 1024 ᠪᠦᠬᠡ ᠲᠠᠢ ᠨᠠᠶᠢᠷ ᠲᠤ ᠪᠠᠷᠠᠭᠤᠨ ᠦᠵᠦᠮᠦᠴᠢᠨ ᠬᠤᠰᠢᠭᠤᠨ ᠤ ᠬᠡᠦᠬᠡᠨᠪᠤᠷᠤ ᠵᠡᠷᠭᠡ ᠪᠥᠬᠡᠴᠢᠳ ᠢ ᠬᠠᠶᠠᠵᠤ 64 ᠳᠤ ᠲᠡᠪᠢᠪᠠ᠃1984 ᠣᠨ ᠳᠤ ᠵᠡᠭᠦᠨ ᠦᠵᠦᠮᠦᠴᠢᠨ ᠬᠤᠰᠢᠭᠤᠨ ᠤ ᠡᠳ᠋ ᠪᠣᠳᠠᠰ ᠤᠨ ᠰᠣᠯᠢᠯᠴᠠᠭᠠᠨ ᠤ ᠨᠠᠶᠢᠷ ᠤᠨ 256 ᠪᠦᠬᠡ ᠶᠢᠨ ᠪᠠᠷᠢᠯᠳᠤᠭᠠᠨ ᠳᠤ 8 ᠳᠤ ᠲᠡᠪᠢᠵᠤ᠂ ᠨᠢᠭᠡᠴᠢ ᠶᠢᠨ ᠤᠷᠤᠯᠳᠤᠭᠠᠨ ᠳᠤ ᠲᠡᠷᠢᠭᠦᠯᠡᠪᠡ᠃ ᠡᠭᠦᠨ ᠠᠴᠠ ᠭᠠᠳᠠᠨ᠎ᠠ ᠨᠤᠲᠤᠭ ᠤᠰᠤᠨ ᠤ ᠪᠠᠨ ᠣᠪᠣᠭᠠᠨ ᠤ ᠨᠠᠶᠢᠷ᠂ ᠨᠠᠰᠤᠲᠠᠨ ᠤ ᠨᠠᠶᠢᠷ ᠤᠳ ᠢᠶᠠᠷ ᠤᠯᠠᠨ ᠤᠳᠠᠭ᠎ᠠ ᠳᠡᠭᠡᠳᠦ ᠳᠥᠷᠪᠡ᠂ ᠳᠡᠭᠡᠷ᠎ᠡ ᠨᠠᠢᠮᠠ ᠪᠠᠷ ᠰᠠᠶᠢᠨ ᠪᠠᠷᠢᠯᠳᠤᠵᠤ ᠶᠠᠪᠤᠭᠰᠠᠨ ᠪᠢᠯᠡ᠃ ᠴᠣᠯᠮᠣᠨ ᠤ ᠬᠤᠷᠳᠤᠯᠠᠭᠤᠯᠤᠭᠰᠠᠨ ᠮᠣᠷᠢᠳ ᠤᠨ ᠠᠮᠵᠢᠯᠲᠠ ᠠᠴᠠ ᠳᠤᠷᠠᠳᠪᠠᠯ᠂ ᠤᠯᠠᠭᠠᠨ ᠮᠣᠷᠢ ᠨᠢ 1986 ᠣᠨ ᠳᠤ ᠵᠡᠭᠦᠨ ᠦᠵᠦᠮᠦᠴᠢᠨ ᠬᠤᠰᠢᠭᠤᠨ ᠤ ᠨᠠᠷᠢᠨ ᠬᠠᠨ ᠣᠪᠣᠭ᠎ᠠ ᠪᠣᠯᠣᠨ ᠬᠦᠬᠡᠪᠤᠷ ᠣᠪᠣᠭᠠᠨ ᠤ ᠲᠠᠬᠢᠯᠭ᠎ᠠ ᠶᠢᠨ ᠨᠠᠶᠢᠷ ᠤᠨ ᠮᠣᠷᠢᠨ ᠤ ᠤᠷᠤᠯᠲᠤᠭᠠᠨ ᠳᠤ ᠳᠡᠳ᠋ᠯᠡᠪᠡ︔ 1987 ᠣᠨ ᠳᠤ ᠤᠤᠯ ᠤᠨ ᠡᠷᠢᠶᠡᠨᠭᠤᠪᠢ ᠰᠤᠮᠤᠨ ᠤ ᠨᠠᠶᠢᠷ ᠲᠤ ᠵᠢᠷᠭᠤᠳᠤᠭᠠᠷ ᠲᠤ ᠬᠤᠷᠳᠤᠯᠠᠪᠠ︔ 1987 ᠣᠨ ᠳᠤ ᠵᠡᠭᠦᠨ ᠦᠵᠦᠮᠦᠴᠢᠨ ᠬᠤᠰᠢᠭᠤᠨ ᠤ ᠬᠦᠬᠡᠪᠤᠷ ᠣᠪᠣᠭ᠎ᠠ ᠪᠣᠯᠣᠨ ᠥᠩᠲᠦ ᠶᠢᠨ ᠣᠪᠣᠭᠠᠨ ᠤ ᠲᠠᠬᠢᠯᠭ᠎ᠠ ᠶᠢᠨ ᠨᠠᠶᠢᠷ ᠤᠨ ᠮᠣᠷᠢᠨ ᠤ ᠤᠷᠤᠯᠲᠤᠭᠠᠨ ᠳᠤ ᠳᠡᠳ᠋ᠯᠡᠪᠡ︔ 1988 ᠣᠨ ᠳᠤ ᠵᠡᠭᠦᠨ ᠦᠵᠦᠮᠦᠴᠢᠨ ᠬᠤᠰᠢᠭᠤᠨ ᠤ ᠮᠠᠯᠴᠢᠳ ᠤᠨ ᠠᠩᠬᠠᠳᠠᠭᠴᠢ ᠤᠳᠠᠭᠠᠨ ᠤ 512 ᠪᠦᠬᠡ ᠲᠠᠢ ᠨᠠᠶᠢᠷ ᠤᠨ ᠮᠣᠷᠢᠨ ᠤ ᠤᠷᠤᠯᠲᠤᠭᠠᠨ ᠳᠤ ᠲᠡᠷᠢᠭᠦᠯᠡᠨ᠂ ᠬᠦᠬᠡᠪᠤᠷ ᠣᠪᠣᠭᠠᠨ ᠤ ᠲᠠᠬᠢᠯᠭ᠎ᠠ ᠶᠢᠨ ᠨᠠᠶᠢᠷ ᠲᠤ ᠭᠤᠷᠪᠠᠳᠤᠭᠠᠷ ᠲᠤ ᠬᠤᠷᠳᠤᠯᠠᠪᠠ︔ 1989 ᠣᠨ ᠳᠤ ᠥᠩᠲᠦ ᠶᠢᠨ ᠣᠪᠣᠭᠠᠨ ᠤ ᠲᠠᠬᠢᠯᠭ᠎ᠠ ᠶᠢᠨ ᠨᠠᠶᠢᠷ ᠲᠤ ᠭᠤᠷᠪᠠᠳᠤᠭᠠᠷ ᠲᠤ ᠬᠤᠷᠳᠤᠯᠠᠪᠠ︔ 1990 ᠣᠨ ᠳᠤ ᠰᠢᠯᠢ ᠶᠢᠨ ᠭᠤᠣᠯ ᠠᠶᠢᠮᠠᠭ ᠤᠨ 1024 ᠪᠦᠬᠡ ᠲᠠᠢ ᠨᠠᠶᠢᠷ ᠤᠨ ᠮᠣᠷᠢᠨ ᠤ ᠤᠷᠤᠯᠲᠤᠭᠠᠨ ᠳᠤ ᠬᠤᠷᠢᠨ ᠳᠣᠯᠣᠳᠤᠭᠠᠷ ᠲᠤ ᠬᠤᠷᠳᠤᠯᠠᠨ᠂ ᠥᠩᠲᠦ ᠶᠢᠨ ᠣᠪᠣᠭᠠᠨ ᠤ ᠲᠠᠬᠢᠯᠭ᠎ᠠ ᠶᠢᠨ ᠨᠠᠶᠢᠷ ᠲᠤ ᠳᠥᠷᠪᠡᠳᠦᠭᠡᠷ ᠲᠤ ᠬᠤᠷᠳᠤᠯᠠᠪᠠ︔ 1991 ᠣᠨ ᠳᠤ ᠵᠡᠭᠦᠨ ᠦᠵᠦᠮᠦᠴᠢᠨ ᠬᠤᠰᠢᠭᠤᠨ ᠤ ᠬᠦᠬᠡᠪᠤᠷ ᠣᠪᠣᠭᠠᠨ ᠤ ᠲᠠᠬᠢᠯᠭ᠎ᠠ ᠶᠢᠨ ᠨᠠᠶᠢᠷ ᠲᠤ ᠳᠣᠯᠣᠳᠤᠭᠠᠷ ᠲᠤ᠂ ᠥᠩᠲᠦ ᠶᠢᠨ ᠣᠪᠣᠭᠠᠨ ᠤ ᠲᠠᠬᠢᠯᠭ᠎ᠠ ᠶᠢᠨ ᠨᠠᠶᠢᠷ ᠲᠤ ᠳᠥᠷᠪᠡᠳᠦᠭᠡᠷ ᠲᠤ ᠬᠤᠷᠳᠤᠯᠠᠪᠠ︔ 1992 ᠣᠨ ᠳᠤ ᠵᠡᠭᠦᠨ ᠦᠵᠦᠮᠦᠴᠢᠨ ᠬᠤᠰᠢᠭᠤᠨ ᠤ ᠬᠦᠬᠡᠪᠤᠷ ᠣᠪᠣᠭᠠᠨ ᠤ ᠲᠠᠬᠢᠯᠭ᠎ᠠ ᠶᠢᠨ ᠨᠠᠶᠢᠷ ᠲᠤ ᠲᠠᠪᠤᠳᠤᠭᠠᠷ ᠲᠤ᠂ ᠥᠩᠲᠦ ᠶᠢᠨ ᠣᠪᠣᠭᠠᠨ ᠤ ᠲᠠᠬᠢᠯᠭ᠎ᠠ ᠶᠢᠨ ᠨᠠᠶᠢᠷ ᠲᠤ ᠳᠥᠷᠪᠡᠳᠦᠭᠡᠷ ᠲᠤ ᠬᠤᠷᠳᠤᠯᠠᠪᠠ︔ 1994 ᠣᠨ ᠳᠤ ᠨᠠᠰᠤᠲᠠᠨ ᠤ ᠨᠠᠰᠤᠨ ᠪᠠᠶᠠᠷ ᠤᠨ ᠨᠠᠶᠢᠷ ᠲᠤ ᠵᠢᠷᠭᠤᠳᠤᠭᠠᠷ ᠲᠤ᠂ ᠵᠢᠷᠠᠨᠪᠤᠯᠠᠭ ᠭᠠᠴᠠᠭᠠᠨ ᠤ ᠲᠦᠮᠡᠨᠭᠡᠷᠡᠯ ᠨᠠᠰᠤᠲᠠᠨ ᠤ ᠨᠠᠰᠤᠨ ᠪᠠᠶᠠᠷ ᠤᠨ ᠨᠠᠶᠢᠷ ᠲᠤ ᠭᠤᠷᠪᠠᠳᠤᠭᠠᠷ ᠲᠤ ᠬᠤᠷᠳᠤᠯᠠᠪᠠ︔ 1995 ᠣᠨ ᠳᠤ ᠤᠤᠯ ᠤᠨ ᠪᠠᠶᠠᠨᠬᠦ᠋ᠭᠡᠪᠦᠷ ᠰᠤᠮᠤᠨ ᠤ 512 ᠪᠦᠬᠡ ᠲᠠᠢ ᠠᠷᠠᠳ ᠤᠨ ᠶᠡᠭᠡ ᠨᠠᠶᠢᠷ ᠲᠤ ᠲᠡᠷᠢᠭᠦᠯᠡᠪᠡ᠃ ᠬᠦᠷᠡᠩ ᠮᠣᠷᠢ ᠨᠢ 1995 ᠣᠨ ᠳᠤ ᠤᠤᠯ ᠤᠨ ᠪᠠᠶᠠᠨᠬᠦ᠋ᠭᠡᠪᠦᠷ ᠰᠤᠮᠤᠨ ᠤ 512 ᠪᠦᠬᠡ ᠲᠠᠢ ᠠᠷᠠᠳ ᠤᠨ ᠶᠡᠭᠡ ᠨᠠᠶᠢᠷ ᠤᠨ ᠲᠠᠭ᠎ᠠ ᠶᠢᠨ ᠤᠷᠤᠯᠲᠤᠭᠠᠡ ᠳᠤ ᠳᠥᠷᠪᠡᠳᠦᠭᠡᠷ ᠲᠤ ᠬᠤᠷᠳᠤᠯᠠᠪᠠ︔ 2000 ᠣᠨ ᠳᠤ ᠥᠩᠲᠦ ᠶᠢᠨ ᠣᠪᠣᠭᠠᠨ ᠤ ᠲᠠᠬᠢᠯᠭ᠎ᠠ ᠶᠢᠨ ᠨᠠᠶᠢᠷ ᠲᠤ ᠭᠤᠷᠪᠠᠳᠤᠭᠠᠷ ᠲᠤ ᠬᠤᠷᠳᠤᠯᠠᠪᠠ᠃ ᠬᠠᠯᠲᠠᠷ ᠮᠣᠷᠢ ᠨᠢ 2007 ᠣᠨ ᠳᠤ ᠤᠤᠯ ᠤᠨ ᠡᠷᠢᠶᠡᠨᠭᠤᠪᠢ ᠰᠤᠮᠤᠨ ᠤ ᠬᠠᠷᠠᠭᠤᠯ ᠣᠪᠣᠭᠠᠨ ᠤ ᠲᠠᠬᠢᠯᠭ᠎ᠠ ᠶᠢᠨ ᠨᠠᠶᠢᠷ ᠲᠤ ᠳᠡᠳ᠋ᠯᠡᠵᠦ᠂ ᠵᠡᠭᠦᠨ ᠦᠵᠦᠮᠦᠴᠢᠨ ᠬᠤᠰᠢᠭᠤᠨ ᠤ ᠰᠢᠨ᠎ᠡ ᠣᠨ ᠢᠶᠠᠨ ᠤᠭᠲᠤᠬᠤ ᠮᠣᠷᠢᠨ ᠤ ᠤᠷᠤᠯᠳᠤᠭᠠᠨ ᠳᠤ ᠭᠤᠷᠪᠠᠳᠤᠭᠠᠷ ᠲᠤ᠂ ᠤᠤᠯ ᠤᠨ ᠪᠠᠶᠠᠨᠬᠦ᠋ᠭᠡᠪᠦᠷ ᠰᠤᠮᠤᠨ ᠤ ᠳᠤᠪᠤᠭᠵᠠᠪ ᠨᠠᠰᠤᠲᠠᠨ ᠤ ᠨᠠᠰᠤᠨ ᠪᠠᠶᠠᠷ ᠤᠨ ᠨᠠᠶᠢᠷ ᠲᠤ ᠳᠣᠯᠣᠳᠤᠭᠠᠷ ᠲᠤ᠂ ᠲᠦᠭᠦᠷᠡᠩᠵᠠᠭᠠᠨ ᠣᠪᠣᠭᠠᠨ ᠤ ᠲᠠᠬᠢᠯᠭ᠎ᠠ ᠶᠢᠨ ᠨᠠᠶᠢᠷ ᠲᠤ ᠨᠠᠢᠮᠠᠳᠤᠭᠠᠷ ᠲᠤ᠂ ᠳᠠᠭᠤᠲᠤᠨᠠᠭᠤᠷ ᠪᠠᠯᠭᠠᠰᠤᠨ ᠤ ᠰᠠᠭᠯᠠᠢ ᠣᠪᠣᠭᠠᠨ ᠤ ᠲᠠᠬᠢᠯᠭ᠎ᠠ ᠶᠢᠨ ᠨᠠᠶᠢᠷ ᠲᠤ ᠳᠥᠷᠪᠡᠳᠦᠭᠡᠷ ᠲᠤ᠂ ᠤᠤᠯ ᠤᠨ ᠡᠷᠢᠶᠡᠨᠭᠤᠪᠢ ᠶᠢᠨ ᠶᠡᠬᠡᠠ᠋ᠭᠤᠯᠠ ᠣᠪᠣᠭᠠᠨ ᠤ ᠲᠠᠬᠢᠯᠭ᠎ᠠ ᠶᠢᠨ ᠨᠠᠶᠢᠷ ᠲᠤ ᠨᠠᠢᠮᠠᠳᠤᠭᠠᠷ ᠲᠤ᠂ ᠳᠠᠭᠤᠲᠤᠨᠠᠭᠤᠷ ᠪᠠᠯᠭᠠᠰᠤᠨ ᠤ ᠨᠢᠭᠡ ᠨᠠᠰᠤᠲᠠᠨ ᠤ ᠨᠠᠰᠤᠨ ᠪᠠᠶᠠᠷ ᠤᠨ ᠨᠠᠶᠢᠷ ᠲᠤ ᠵᠢᠷᠭᠤᠳᠤᠭᠠᠷ ᠲᠤ ᠬᠤᠷᠳᠤᠯᠠᠵᠤ ᠪᠠᠶᠢᠪᠠ᠃ ᠬᠡᠭᠡᠷ ᠮᠣᠷᠢ ᠨᠢ ᠳᠠᠭᠤᠲᠤᠨᠠᠭᠤᠷ ᠪᠠᠯᠭᠠᠰᠤᠨ ᠤ ᠵᠢᠰᠠ ᠶᠢᠨ ᠣᠪᠣᠭᠠᠨ ᠤ ᠲᠠᠬᠢᠯᠭ᠎ᠠ ᠶᠢᠨ ᠨᠠᠶᠢᠷ ᠲᠤ ᠲᠠᠪᠤᠳᠤᠭᠠᠷ ᠲᠤ᠂ ᠤᠤᠯ ᠤᠨ ᠪᠠᠶᠠᠨᠬᠦ᠋ᠭᠡᠪᠦᠷ ᠰᠤᠮᠤᠨ ᠤ ᠵᠢᠷᠠᠨᠪᠤᠯᠠᠭ ᠭᠠᠴᠠᠭᠠᠨ ᠤ ᠳᠤᠩᠷᠤᠪ ᠨᠠᠰᠤᠲᠠᠨ ᠤ ᠨᠠᠶᠢᠷ ᠲᠤ ᠨᠠᠢᠮᠠᠳᠤᠭᠠᠷ ᠲᠤ᠂ ᠬᠦᠷᠢᠶᠡᠲᠦᠨᠠᠭᠤᠷ ᠰᠤᠮᠤᠨ ᠤ ᠨᠢᠭᠡ ᠨᠠᠰᠤᠲᠠᠨ ᠤ ᠨᠠᠰᠤᠨ ᠪᠠᠶᠠᠷ ᠤᠨ ᠨᠠᠶᠢᠷ ᠲᠤ ᠳᠣᠯᠣᠳᠤᠭᠠᠷ ᠲᠤ᠂ ᠮᠠᠨᠳᠤᠬᠤᠪᠤᠯᠠᠭ ᠪᠠᠯᠭᠠᠰᠤᠨ ᠤ ᠨᠢᠭᠡ ᠨᠠᠰᠤᠲᠠᠨ ᠤ ᠨᠠᠰᠤᠨ ᠪᠠᠶᠠᠷ ᠤᠨ ᠨᠠᠶᠢᠷ ᠲᠤ ᠵᠢᠷᠭᠤᠳᠤᠭᠠᠷ ᠲᠤ ᠬᠤᠷᠳᠤᠯᠠᠪᠠ᠃ ᠬᠠᠯᠲᠠᠷ ᠦᠷᠢᠶ᠎ᠡ ᠨᠢ 2019 ᠣᠨ ᠳᠤ ᠵᠡᠭᠦᠨ ᠦᠵᠦᠮᠦᠴᠢᠨ ᠬᠤᠰᠢᠭᠤᠨ ᠤ ᠥᠩᠲᠦ ᠶᠢᠨ ᠣᠪᠣᠭᠠᠨ ᠤ ᠲᠠᠬᠢᠯᠭ᠎ᠠ ᠶᠢᠨ ᠨᠠᠶᠢᠷ ᠲᠤ ᠳᠣᠯᠣᠳᠤᠭᠠᠷ ᠲᠤ᠂ ᠰᠡᠷᠲᠡᠡ ᠣᠪᠣᠭᠠᠨ ᠤ ᠲᠠᠬᠢᠯᠭ᠎ᠠ ᠶᠢᠨ ᠨᠠᠶᠢᠷ ᠲᠤ ᠠᠷᠪᠠᠳᠤᠭᠠᠷ ᠲᠤ ᠬᠤᠷᠳᠤᠯᠠᠪᠠ᠃ ᠬᠡᠭᠡᠷ ᠰᠢᠳᠦᠯᠡᠩ ᠦᠷᠢᠶ᠎ᠡ ᠨᠢ 2019 ᠣᠨ ᠳᠤ ᠥᠩᠲᠦ ᠶᠢᠨ ᠣᠪᠣᠭᠠᠨ ᠤ ᠲᠠᠬᠢᠯᠭ᠎ᠠ ᠶᠢᠨ ᠨᠠᠶᠢᠷ ᠲᠤ ᠳᠣᠯᠣᠳᠤᠭᠠᠷ ᠲᠤ ᠬᠤᠷᠳᠤᠯᠠᠪᠠ︔ 2020 ᠣᠨ ᠳᠤ ᠡᠵᠢᠨᠠᠭᠤᠷ ᠪᠠᠯᠭᠠᠰᠤᠨ ᠤ ᠨᠠᠶᠢᠷ ᠲᠤ ᠠᠷᠪᠠᠳᠤᠭᠠᠷ ᠲᠤ ᠬᠤᠷᠳᠤᠯᠠᠪᠠ︔ 2014 ᠣᠨ ᠠᠴᠠ ᠭᠤᠷᠪᠠᠨ ᠬᠦᠷᠡᠩ ᠲᠠᠭ᠎ᠠ᠂ ᠬᠡᠭᠡᠷ ᠲᠠᠭ᠎ᠠ ᠵᠡᠷᠭᠡ ᠬᠡᠳᠦᠨ ᠲᠠᠭ᠎ᠠ ᠤᠶᠠᠵᠤ ᠬᠤᠷᠳᠤᠯᠠᠭᠤᠯᠪᠠ︔ 2014 ᠣᠨ ᠳᠤ ᠶᠡᠭᠡ ᠬᠦᠷᠡᠩ ᠳᠠᠭ᠎ᠠ ᠨᠢ ᠥᠩᠲᠦ ᠶᠢᠨ ᠣᠪᠣᠭᠠᠨ ᠤ ᠲᠠᠬᠢᠯᠭ᠎ᠠ ᠶᠢᠨ ᠨᠠᠶᠢᠷ ᠲᠤ ᠨᠠᠢᠮᠠᠳᠤᠭᠠᠷ ᠲᠤ ᠬᠤᠷᠳᠤᠯᠠᠪᠠ︔ 2015 ᠣᠨ ᠳᠤ ᠳᠤᠮᠳᠠ ᠬᠦᠷᠡᠩ ᠳᠠᠭ᠎ᠠ ᠨᠢ ᠰᠢᠨ᠎ᠡ ᠰᠦᠮ᠎ᠡ ᠶᠢᠨ ᠲᠠᠯᠠᠯᠭᠠᠨ ᠨᠠᠶᠢᠷ ᠲᠤ ᠳᠣᠯᠣᠳᠤᠭᠠᠷ ᠲᠤ ᠬᠤᠷᠳᠤᠯᠠᠪᠠ︔ 2016 ᠣᠨ ᠳᠤ ᠪᠠᠭ᠎ᠠ ᠬᠦᠷᠡᠩ ᠳᠠᠭ᠎ᠠ ᠨᠢ ᠰᠢᠨ᠎ᠡ ᠰᠦᠮ᠎ᠡ ᠶᠢᠨ ᠲᠠᠯᠠᠯᠭᠠᠨ ᠨᠠᠶᠢᠷ ᠲᠤ ᠵᠢᠷᠭᠤᠳᠤᠭᠠᠷ ᠲᠤ᠂ ᠬᠡᠭᠡᠷ ᠳᠠᠭ᠎ᠠ ᠨᠢ ᠨᠠᠢᠮᠠᠳᠤᠭᠠᠷ ᠲᠤ ᠬᠤᠷᠳᠤᠯᠠᠪᠠ᠃     ᠴᠣᠯᠮᠣᠨ ᠰᠠᠶᠢᠨ ᠪᠦᠬᠡ ᠰᠠᠶᠢᠨ ᠤᠶᠠᠭᠠᠴᠢ ᠮᠥᠷᠲᠡᠭᠡᠨ ᠰᠠᠶᠢᠨ ᠤᠷᠭᠠᠴᠢᠨ ᠶᠤᠮ᠃ ᠲᠡᠷᠡ ᠨᠤᠲᠤᠭ ᠤᠰᠤᠡ ᠤ ᠪᠠᠨ ᠰᠠᠶᠢᠨ ᠲᠠᠭᠠᠷᠢᠲᠠᠭ 60 ᠭᠠᠷᠤᠢ ᠠᠵᠢᠷᠭ᠎ᠠ ᠶᠢ ᠬᠠᠶᠠᠵᠠᠢ᠃ 2018 ᠣᠨ ᠳᠤ 59 ᠨᠠᠰᠤᠨ ᠳᠤ ᠪᠠᠨ ᠰᠤ · ᠵᠢᠷᠭᠠᠯ ᠤᠨ ᠰᠠᠶᠢᠨ ᠲᠠᠭᠠᠷᠢᠲᠠᠭ ᠬᠠᠷ᠎ᠠ ᠠᠵᠢᠷᠭ᠎ᠠ᠂ ᠥᠪᠡᠷ ᠤᠨ ᠬᠡᠭᠡᠷ ᠵᠡᠷᠭᠡ ᠭᠤᠷᠪᠠᠨ ᠠᠵᠢᠷᠭ᠎ᠠ ᠶᠢ ᠤᠷᠭᠠᠯᠠᠨ ᠬᠠᠶᠠᠵᠠᠢ᠃ 2019 ᠣᠨ ᠳᠤ ᠵᠢᠷᠠᠨ ᠨᠠᠰᠤᠨ ᠳᠤ ᠪᠠᠨ ᠬᠤᠳᠠᠯᠠᠳᠡᠭᠦᠰ ᠤᠨ ᠰᠠᠶᠢᠨ ᠲᠠᠭᠠᠷᠢᠲᠠᠭ ᠰᠢᠷᠭ᠎ᠠ ᠠᠵᠢᠷᠭ᠎ᠠ ᠶᠢ ᠤᠷᠭᠠᠯᠠᠨ ᠬᠠᠶᠠᠵᠤ ᠵᠠᠯᠠᠭᠤᠴᠤᠳ ᠤᠨ ᠠᠲᠠᠭ᠎ᠠ ᠶᠢ ᠬᠦᠷᠭᠡᠵᠦ ᠶᠠᠪᠤᠭᠰᠠᠨ ᠶᠤᠮ᠃ ᠡᠨᠡ ᠵᠢᠯ ᠨᠤᠲᠤᠭ ᠤᠨ ᠬᠢᠨᠢ ᠳᠡᠭᠦᠦ ᠨᠠᠷ ᠠᠵᠢᠷᠭ᠎ᠠ ᠤᠷᠭᠠᠯᠠᠬᠤ ᠳᠤ ᠪᠠᠨ ᠴᠣᠯᠮᠣᠨ ᠭᠤᠸᠠᠢ ᠶᠢᠨ ᠬᠡᠭᠡᠷ ᠠᠵᠢᠷᠭ᠎ᠠ ᠪᠣᠯᠣᠨ ᠬᠤᠸᠠ ᠠᠵᠢᠷᠭᠠᠨ ᠳᠤ ᠤᠷᠭ᠎ᠠ ᠠᠯᠳᠠᠭᠠᠳ ᠪᠠᠶᠢᠬᠤ ᠦᠶ᠎ᠡ ᠳᠤ᠂ ᠵᠢᠷᠠ ᠬᠦᠷᠦᠭᠰᠡᠨ ᠴᠣᠯᠮᠣᠨ ᠭᠤᠸᠠᠢ ᠤᠷᠭ᠎ᠠ ᠰᠢᠭᠦᠷᠴᠦ ᠬᠤᠶᠠᠷ ᠠᠵᠢᠷᠭ᠎ᠠ ᠪᠠᠨ ᠴᠤᠪᠤᠭᠤᠯᠵᠤ ᠬᠠᠶᠠᠭᠠᠳ᠂ ᠬᠡᠦᠬᠡᠳ ᠳᠡᠭᠦᠦ ᠨᠠᠷ ᠲᠤ ᠪᠠᠨ ᠤᠷᠭᠠᠴᠢᠨ ᠬᠥᠮᠥᠨ ᠤ ᠤᠷ᠎ᠠ ᠤᠬᠠᠭᠠᠨ ᠤᠷᠠᠨ ᠲᠡᠮ ᠶᠠᠮᠠᠷᠬᠠᠨ ᠪᠠᠶᠢᠳᠠᠭ ᠭᠡᠲᠡᠭ ᠢ ᠭᠠᠶᠢᠬᠠᠭᠤᠯᠵᠤ ᠪᠢᠯᠡ᠃
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号