ᠪᠠᠷᠠᠭᠤᠨ ᠦᠵᠦᠮᠦᠴᠢᠨ ᠬᠤᠰᠢᠭᠤ᠄  ᠪᠣᠯᠪᠠᠰᠤᠨ ᠠᠩᠭᠢ ᠶᠢ ᠡᠭᠦᠳᠦᠨ ᠪᠠᠶᠢᠭᠤᠯᠵᠤ ᠡᠶ᠎ᠡ ᠵᠣᠬᠢᠴᠠᠯ ᠲᠠᠢ ᠰᠤᠷᠭᠠᠭᠤᠯᠢ ᠶᠢ ᠬᠠᠮᠲᠤᠪᠠᠷ ᠡᠳ᠋ᠯᠡᠨ᠎ᠡ
ᠨᠡᠶᠢᠲᠡᠯᠡᠭᠰᠡᠨ ᠴᠠᠭ᠄
2023/12/25
ᠪᠠᠷᠠᠭᠤᠨ ᠦᠵᠦᠮᠦᠴᠢᠨ ᠬᠤᠰᠢᠭᠤ᠄  ᠪᠣᠯᠪᠠᠰᠤᠨ ᠠᠩᠭᠢ ᠶᠢ ᠡᠭᠦᠳᠦᠨ ᠪᠠᠶᠢᠭᠤᠯᠵᠤ ᠡᠶ᠎ᠡ ᠵᠣᠬᠢᠴᠠᠯ ᠲᠠᠢ ᠰᠤᠷᠭᠠᠭᠤᠯᠢ ᠶᠢ ᠬᠠᠮᠲᠤᠪᠠᠷ ᠡᠳ᠋ᠯᠡᠨ᠎ᠡ                                                  ᠪᠣᠯᠪᠠᠰᠤᠨ ᠰᠤᠷᠭᠠᠭᠤᠯᠢ ᠶᠢᠨ ᠪᠠᠶᠢᠭᠤᠯᠤᠯᠲᠠ ᠶᠢ ᠤᠯᠠᠮ ᠴᠢᠨᠠᠭᠰᠢᠳᠠ ᠠᠬᠢᠭᠤᠯᠬᠤ ᠶᠢᠨ ᠲᠤᠰᠠᠳᠠ᠂ ︽ᠠᠰᠠᠭᠤᠨ ᠰᠦᠪᠡᠭᠴᠢᠯᠡᠵᠦ ᠰᠢᠮᠲᠠᠨ ᠰᠤᠷᠤᠯᠴᠠᠬᠤ᠂ ᠦᠨᠡᠨ ᠢ ᠬᠠᠶᠢᠨ ᠪᠠᠭ᠋ᠠᠲᠠᠢ ᠰᠤᠷᠤᠯᠴᠠᠬᠤ︾ ᠰᠤᠷᠲᠠᠯ ᠪᠣᠯᠣᠨ ᠥᠪᠡᠷ ᠥᠪᠡᠷ ᠤᠨ ᠣᠨᠴᠠᠯᠢᠭ ᠲᠠᠢ ᠰᠢᠯᠢᠳᠡᠭ ᠠᠩᠭᠢ ᠶᠢᠨ ᠰᠤᠷᠲᠠᠯ ᠢ ᠪᠣᠶ ᠪᠣᠯᠭᠠᠵᠤ᠂ ᠰᠢᠯᠢᠳᠡᠭ ᠠᠩᠭᠢ ᠶᠢᠨ ᠰᠤᠷᠲᠠᠯ ᠢᠶᠠᠷ ᠰᠢᠯᠢᠳᠡᠭ ᠰᠤᠷᠭᠠᠭᠤᠯᠢ ᠶᠢᠨ ᠰᠤᠷᠲᠠᠯ ᠪᠠ ᠰᠤᠷᠤᠯᠴᠠᠬᠤ ᠰᠤᠷᠲᠠᠯ ᠤᠨ ᠪᠠᠶᠢᠭᠤᠯᠤᠯᠲᠠ ᠶᠢ ᠳᠠᠶᠢᠴᠢᠯᠠᠵᠤ᠂ ᠰᠤᠷᠭᠠᠭᠤᠯᠢ ᠶᠢᠨ  ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠥᠪᠡᠷᠮᠢᠴᠡ ᠣᠨᠴᠠᠯᠢᠭ ᠲᠠᠢ ᠰᠤᠷᠭᠠᠭᠤᠯᠢ ᠶᠢᠨ  ᠰᠣᠶᠣᠯ ᠤᠨ ᠵᠣᠷᠢᠭ ᠰᠠᠨᠠᠭ᠎ᠠ ᠠᠭᠤᠷ ᠠᠮᠢᠰᠬᠤᠯ ᠢ ᠪᠣᠶ ᠪᠣᠯᠭᠠᠬᠤ ᠶᠢᠨ ᠲᠤᠰᠠᠳᠠ᠂ 2023 ᠣᠨ ᠤ ᠪᠠᠷᠠᠭᠤᠨ ᠦᠵᠦᠮᠦᠴᠢᠨ ᠬᠤᠰᠢᠭᠤᠨ ᠤ ᠪᠣᠯᠪᠠᠰᠤᠨ ᠠᠩᠭᠢ ᠶᠢ ᠰᠣᠩᠭᠤᠨ ᠰᠢᠯᠭᠠᠷᠠᠭᠤᠯᠬᠤ ᠠᠵᠢᠯᠯᠠᠭ᠎ᠠ ᠳᠤ ᠨᠡᠶᠢᠲᠡ 9 ᠪᠣᠯᠪᠠᠰᠤᠨ ᠠᠩᠭᠢ ᠶᠢ ᠰᠣᠩᠭᠤᠨ ᠭᠠᠷᠭᠠᠭᠰᠠᠨ ᠪᠠᠶᠢᠨ᠎ᠠ᠃ ᠳᠣᠣᠷ᠎ᠠ ᠪᠢᠳᠡ ᠪᠣᠯᠪᠠᠰᠤᠨ ᠠᠩᠭᠢ ᠲᠠᠢ ᠲᠠᠨᠢᠯᠴᠠᠶ᠎ᠠ︕ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ 263 ᠠᠩᠭᠢ ᠨᠢ 2022 ᠣᠨ ᠤ 9 ᠰᠠᠷ᠎ᠠ ᠳᠤ ᠠᠩᠬ᠎ᠠ ᠨᠢᠭᠡ ᠶᠢᠨ ᠰᠢᠨ᠎ᠡ ᠠᠩᠭᠢ ᠨᠢᠭᠡᠴᠡ ᠶᠢᠨ ᠨᠢᠭᠡ ᠨᠢ ᠪᠣᠯᠣᠭᠰᠠᠨ  ᠠᠴᠠ ᠨᠠᠰᠢ᠂ ᠢᠲᠡᠭᠡᠯ ᠲᠡᠭᠦᠯᠳᠡᠷ ᠢᠶᠠᠷ ᠪᠦᠯᠬᠦᠮᠳᠡᠨ  ᠳᠠᠪᠰᠢᠭᠰᠠᠭᠠᠷ ᠢᠷᠡᠵᠠᠢ᠃ 37 ᠰᠤᠷᠤᠭᠴᠢ ᠬᠠᠷᠠᠯᠲᠠ ᠨᠢᠭᠡᠲᠡᠢ ᠨᠢᠭᠲᠠᠷᠠᠨ ᠴᠢᠷᠮᠠᠶᠢᠵᠤ᠂ ᠠᠩᠭᠢ ᠨᠢᠭᠡᠴᠡ ᠶᠢᠨ ᠢᠶᠠᠨ ᠢᠷᠠᠭᠤ ᠠᠯᠳᠠᠷ᠂ ᠭᠡᠭᠡᠨ ᠢᠷᠡᠭᠡᠳᠦᠢ ᠶᠢᠨ ᠲᠥᠯᠥᠭᠡ ᠥᠪᠡᠷ ᠥᠪᠡᠷ ᠤᠨ ᠴᠢᠷᠮᠠᠶᠢᠯᠭ᠎ᠠ ᠵᠢᠳᠬᠦᠯ ᠢᠶᠠᠨ ᠡᠷᠭᠦᠵᠦ ᠶᠠᠪᠤᠨ᠎ᠠ᠃    ᠭᠠᠷᠠᠭ ᠪᠦᠷᠢ ᠶᠢᠨ ᠠᠩᠭᠢ ᠶᠢᠨ ᠬᠤᠷᠠᠯ ᠢᠶᠠᠨ ᠣᠯᠠᠨ ᠬᠡᠯᠪᠡᠷᠢ᠂ ᠪᠠᠶᠠᠯᠢᠭ ᠠᠭᠤᠯᠭ᠎ᠠ ᠪᠠᠷ  ᠡᠷᠬᠢᠯᠡᠨ᠂ ᠰᠤᠷᠤᠭᠴᠢᠳ ᠤᠨ ᠰᠠᠶᠢᠨ ᠰᠠᠶᠢᠬᠠᠨ ᠦᠶᠯᠡ ᠠᠵᠢᠯᠯᠠᠭᠠᠨ ᠤ ᠳᠠᠳᠬᠠᠯ ᠪᠠ ᠡᠷᠬᠢᠮ ᠳᠡᠭᠡᠳᠦ ᠶᠣᠰᠣ ᠰᠤᠷᠲᠠᠬᠤᠨ ᠤ ᠵᠠᠩ ᠰᠤᠷᠲᠠᠯ ᠢ ᠬᠦᠮᠦᠵᠢᠭᠦᠯᠬᠦ ᠶᠢᠨ ᠬᠠᠮᠲᠤ᠂ ᠰᠤᠷᠤᠭᠴᠢᠳ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ ᠴᠦ ᠬᠦᠮᠦᠵᠢᠭᠦᠯᠦᠨ ᠴᠢᠩᠭᠠᠳᠬᠠᠳᠠᠭ᠃ ᠬᠠᠮᠲᠤ ᠨᠡᠶᠢᠲᠡ ᠶᠢᠨ ᠬᠠᠮᠢᠶᠠᠷᠤᠯᠲᠠ ᠶᠢᠨ ᠲᠠᠯ᠎ᠠ ᠪᠠᠷ᠂ ᠪᠠᠶᠢᠩᠭᠤ ᠶᠢᠨ ᠠᠩᠭᠢ ᠶᠢᠨ ᠺᠠᠳ᠋ᠷ ᠠᠴᠠ ᠭᠠᠳᠠᠨ᠎ᠠ ᠪᠠᠰᠠ ᠰᠠᠬᠢᠯᠭ᠎ᠠ ᠪᠠᠲᠤ ᠪᠠᠶᠢᠴᠠᠭᠠᠭᠴᠢ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ᠂ ᠰᠠᠮᠪᠠᠷ᠎ᠠ ᠶᠢᠨ ᠰᠣᠨᠢᠨ ᠤ ᠨᠠᠶᠢᠷᠠᠭᠤᠯᠬᠤ ᠳᠤᠭᠤᠶᠢᠯᠠᠩ᠂ ᠨᠣᠮ ᠪᠢᠴᠢᠭ ᠬᠠᠮᠢᠶᠠᠷᠤᠭᠴᠢ ᠵᠡᠷᠭᠡ  ᠶᠢ ᠨᠡᠮᠡᠨ ᠲᠣᠬᠢᠷᠠᠭᠤᠯᠵᠤ᠂ ᠠᠩᠭᠢ ᠶᠢᠨ ᠬᠠᠮᠢᠶᠠᠷᠤᠯᠲᠠ ᠳᠤ ᠣᠯᠠᠨ ᠰᠤᠷᠤᠭᠴᠢ ᠶᠢ ᠣᠷᠣᠯᠴᠠᠭᠤᠯᠬᠤ ᠪᠠᠷ ᠴᠢᠷᠮᠠᠶᠢᠨ᠂ ᠳᠡᠳᠡᠨ ᠤ ᠠᠩᠭᠢ ᠨᠢᠭᠡᠴᠡ ᠳᠡᠭᠡᠨ ᠬᠠᠷᠢᠭᠤᠴᠠᠬᠤ ᠤᠬᠠᠮᠰᠠᠷ ᠢ ᠴᠢᠩᠭᠠᠳᠬᠠᠪᠠ᠃ ᠠᠩᠭᠢ ᠳᠣᠲᠣᠷ᠎ᠠ ᠪᠠᠨ ᠳᠤᠭᠤᠶᠢᠯᠠᠩ ᠪᠠ ᠳᠤᠭᠤᠶᠢᠯᠠᠩ ᠤᠨ ᠥᠷᠢᠰᠦᠯᠳᠦᠭᠡᠨ ᠤ ᠳᠦᠷᠢᠮ ᠢ ᠬᠡᠷᠡᠭᠵᠢᠭᠦᠯᠵᠦ᠂ ᠠᠩᠭᠢ ᠨᠢᠭᠡᠴᠡ ᠪᠠᠷ ᠢᠶᠠᠨ ᠠᠳᠠᠯᠢᠳᠬᠠᠬᠤ᠂ ᠰᠤᠷᠤᠯᠴᠠᠬᠤ᠂ ᠭᠦᠢᠴᠡᠬᠦ᠂ ᠬᠠᠪᠰᠤᠷᠬᠤ᠂ ᠳᠠᠪᠠᠭ᠋ᠤ ᠢᠳᠡᠪᠬᠢᠲᠡᠢ ᠠᠭᠤᠷ ᠠᠮᠢᠰᠬᠤᠯ  ᠢ ᠪᠣᠢ ᠪᠣᠯᠭᠠᠪᠠ᠃ 263 ᠠᠩᠭᠢ ᠪᠣᠯ ᠨᠢᠭᠡᠨ ᠰᠢᠯᠢᠳᠡᠭ ᠬᠠᠮᠲᠤ ᠨᠡᠶᠢᠳᠠ ᠪᠠᠶᠢᠵᠤ᠂ ᠰᠤᠷᠤᠭᠴᠢᠳ ᠨᠢ ᠠᠩᠭᠢ ᠪᠠᠨ ᠬᠠᠶᠢᠷᠠᠯᠠᠵᠤ᠂ ᠠᠩᠭᠢ ᠶᠢᠨ ᠢᠶᠠᠨ ᠢᠷᠠᠭᠤ ᠠᠯᠳᠠᠷ ᠢ ᠨᠠᠨᠳᠢᠩᠨᠠᠳᠠᠭ᠃ ᠴᠢᠷᠮᠠᠶᠢᠯᠭ᠎ᠠ ᠳᠠᠪᠰᠢᠯᠲᠠ ᠪᠣᠯ ᠭᠡᠭᠡᠨ ᠢᠷᠡᠭᠡᠳᠦᠢ ᠶᠢᠨ ᠵᠠᠮᠴᠢ ᠮᠥᠨ᠂  263 ᠠᠩᠭᠢ ᠨᠢ ᠦᠨᠡᠨᠴᠢ ᠴᠢᠷᠮᠠᠶᠢᠯᠭ᠎ᠠ ᠪᠠᠷ ᠢᠶᠠᠨ ᠤᠷᠤᠭᠰᠢᠯᠠᠨ ᠳᠠᠪᠰᠢᠵᠤ᠂ ᠨᠡᠩ ᠰᠠᠶᠢᠨ ᠰᠠᠶᠢᠬᠠᠨ ᠢᠷᠡᠭᠡᠳᠦᠢ ᠪᠠᠨ ᠤᠭᠲᠤᠬᠤ ᠨᠢ ᠯᠠᠪᠲᠠᠢ ᠶᠤᠮ︕ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠲᠠᠪᠤᠳᠤᠭᠠᠷ ᠣᠨ ᠤ ᠨᠢᠭᠡᠳᠦᠭᠡᠷ ᠠᠩᠭᠢ ᠪᠣᠯ 47 ᠰᠤᠷᠤᠭᠴᠢᠳ ᠢᠶᠠᠷ ᠪᠦᠷᠢᠯᠳᠦᠭᠰᠡᠨ᠂ ᠰᠢᠷᠭᠠᠭᠤ ᠴᠢᠷᠮᠠᠶᠢᠨ ᠪᠦᠯᠬᠦᠮᠳᠡᠨ ᠳᠠᠪᠰᠢᠳᠠᠭ ᠰᠢᠯᠢᠳᠡᠭ ᠬᠠᠮᠲᠤ ᠨᠡᠶᠢᠲᠡ ᠪᠣᠯᠣᠨ᠎ᠠ᠃ ᠰᠤᠷᠤᠭᠴᠢᠳ ᠨᠢ ᠡᠬᠡ ᠤᠯᠤᠰ ᠢᠶᠠᠨ ᠬᠠᠶᠢᠷᠠᠯᠠᠨ᠂ ᠪᠦᠯᠬᠦᠮᠳᠡᠨ ᠳᠠᠪᠰᠢᠬᠤ ᠶᠢ ᠡᠷᠬᠢᠮᠯᠡᠵᠦ᠂ ︽ᠪᠦᠯᠬᠦᠮᠳᠡᠨ ᠬᠠᠪᠰᠤᠷᠤᠯᠴᠠᠬᠤ᠂  ᠥᠭᠡᠳᠡᠯᠡᠨ ᠲᠠᠪᠰᠢᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠵᠣᠷᠢᠭᠲᠠᠢ ᠪᠠᠷ ᠰᠢᠨ᠎ᠡ ᠶᠢ ᠡᠭᠦᠳᠬᠦ︾ ᠠᠩᠭᠢ ᠶᠢᠨ ᠠᠭᠤᠷ ᠠᠮᠢᠰᠬᠤᠯ ᠢ ᠪᠤᠢ ᠪᠣᠯᠭᠠᠭᠰᠠᠨ ᠶᠤᠮ᠃ ᠬᠠᠮᠲᠤ ᠰᠤᠷᠤᠭᠴᠢᠳ ᠬᠠᠷᠢᠯᠴᠠᠨ ᠡᠶ᠎ᠡ ᠡᠪᠲᠡᠢ᠂ ᠬᠠᠷᠢᠯᠴᠠᠨ ᠬᠠᠪᠰᠤᠷᠤᠯᠴᠠᠵᠤ᠂ ᠬᠢᠴᠢᠶᠡᠯ ᠤᠨ ᠪᠠᠭᠰᠢ ᠪᠣᠯᠣᠨ ᠰᠤᠷᠤᠭᠴᠢᠳ ᠬᠠᠷᠢᠯᠴᠠᠨ ᠬᠠᠯᠠᠮᠵᠢᠯᠠᠵᠤ᠂ ᠬᠤᠶᠠᠷ ᠵᠢᠯ ᠤᠨ ᠬᠠᠮᠲᠤ ᠶᠢᠨ ᠴᠢᠷᠮᠠᠶᠢᠯᠭ᠎ᠠ ᠪᠠᠷ ᠬᠠᠷᠢᠯᠴᠠᠨ ᠬᠦᠨᠳᠦᠳᠬᠡᠳᠡᠭ᠂ ᠪᠦᠯᠬᠦᠮᠳᠡᠨ ᠲᠡᠮᠡᠴᠡᠳᠡᠭ ᠲᠣᠮᠣ ᠭᠡᠷ ᠪᠦᠯᠢ ᠪᠣᠯᠤᠭᠰᠠᠨ ᠪᠠᠶᠢᠨ᠎ᠠ᠃  ᠲᠤᠰ ᠠᠩᠭᠢ ᠨᠢ ᠠᠩᠭᠢ ᠶᠢᠨ ᠺᠠᠳ᠋ᠷ ᠰᠣᠩᠭᠤᠬᠤ ᠳᠠᠭᠠᠨ᠂ ᠰᠤᠷᠤᠭᠴᠢᠳ ᠥᠪᠡᠷ ᠢ ᠪᠠᠨ ᠲᠠᠨᠢᠯᠴᠠᠭᠤᠯᠬᠤ᠂ ᠰᠣᠩᠭᠤᠭᠤᠯᠢ ᠳᠤ ᠦᠷᠢᠰᠦᠯᠳᠦᠨ ᠭᠠᠷᠭᠠᠭᠰᠠᠨ ᠶᠠᠷᠢᠶ᠎ᠠ ᠲᠠᠯᠪᠢᠬᠤ᠂ ᠠᠷᠠᠳᠴᠢᠯᠠᠯ ᠢᠶᠠᠷ ᠰᠣᠩᠭᠤᠬᠤ ᠬᠡᠯᠪᠡᠷᠢ ᠶᠢ ᠬᠡᠷᠡᠭᠯᠡᠵᠡᠢ᠃ ᠣᠳᠣᠬᠢ ᠠᠩᠭᠢ ᠶᠢᠨ ᠺᠠᠳ᠋ᠷᠴᠤᠳ ᠨᠢ ᠠᠩᠭᠢ ᠶᠢᠨ ᠡᠷᠬᠢᠯᠡᠭᠴᠢ ᠶᠢᠨ ᠢᠶᠠᠨ ᠵᠢᠯᠣᠭᠤᠳᠤᠯᠭ᠎ᠠ ᠳᠣᠣᠷ᠎ᠠ ᠬᠦᠮᠦᠵᠢᠨ ᠪᠣᠯᠪᠠᠰᠤᠷᠠᠵᠤ᠂ ᠠᠵᠢᠯ ᠳᠠᠭᠠᠨ ᠨᠠᠷᠢᠨ ᠬᠢᠨᠠᠮᠠᠭᠠᠢ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠲᠤᠰ ᠲᠤᠰ ᠤᠨ ᠢᠶᠠᠨ ᠡᠭᠦᠷᠭᠡ ᠲᠤᠰᠢᠶᠠᠯ ᠢᠶᠠᠨ ᠬᠢᠨᠠᠮᠠᠭᠠᠢ ᠭᠦᠢᠴᠡᠳᠬᠡᠳᠡᠭ᠂ ᠬᠠᠷᠢᠯᠴᠠᠨ ᠬᠠᠮᠵᠢᠯᠴᠠᠵᠤ ᠠᠩᠭᠢ ᠶᠢᠨ ᠢᠶᠠᠨ ᠪᠦᠲᠦᠭᠡᠨ ᠪᠠᠶᠢᠭᠤᠯᠤᠯᠲᠠ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠵᠦ ᠴᠢᠳᠠᠬᠤ ᠪᠣᠯᠣᠭᠰᠠᠨ ᠪᠠᠶᠢᠨ᠎ᠠ᠃    ᠪᠡᠶ᠎ᠡ ᠲᠠᠮᠢᠷ ᠤᠨ ᠤᠷᠤᠯᠳᠤᠭᠠᠨ᠂ ᠬᠥᠯ ᠪᠥᠮᠪᠦᠭᠡ ᠶᠢᠨ ᠤᠷᠤᠯᠳᠤᠭᠠᠨ᠂ ᠨᠠᠶᠢᠷᠠᠯ ᠳᠠᠭᠤᠤ ᠶᠢᠨ ᠤᠷᠤᠯᠳᠤᠭᠠᠨ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠪᠠᠷ ᠳᠠᠮᠵᠢᠭᠤᠯᠤᠨ ᠴᠣᠪᠣᠭᠤ ᠴᠢᠭᠢᠷᠠᠭ ᠠᠩᠬᠢ ᠨᠢᠭᠡᠴᠡ ᠶᠢᠨ ᠠᠭᠤᠷ ᠠᠮᠢᠰᠬᠤᠯ ᠢ ᠪᠤᠢ ᠪᠣᠯᠭᠠᠭᠰᠠᠨ ᠶᠤᠮ᠃ ᠡᠯ᠎ᠡ ᠵᠦᠢᠯ ᠤᠨ ᠥᠪᠡᠷᠮᠢᠴᠡ ᠣᠨᠴᠠᠯᠢᠭ ᠲᠠᠢ ᠠᠵᠢᠯᠯᠠᠭ᠎ᠠ ᠶᠢ ᠥᠷᠨᠢᠭᠦᠯᠵᠦ ᠂ ᠰᠢᠨ᠎ᠡ ᠴᠠᠭ ᠦᠶ᠎ᠡ ᠶᠢᠨ ᠰᠤᠷᠤᠭᠴᠢᠳ ᠤᠨ ᠴᠤᠭ ᠵᠢᠪᠬᠤᠭ᠎ᠠ ᠪᠠ ᠠᠮᠢᠵᠢᠷᠠᠯ ᠤᠨ ᠬᠦᠴᠦᠨ ᠢ ᠢᠯᠡᠷᠡᠭᠦᠯᠵᠦ ᠪᠠᠶᠢᠳᠠᠭ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号