ᠰᠠᠶᠢᠨ ᠲᠤᠷᠠᠴᠤᠤᠯ  ᠤᠨ ᠰᠠᠶᠢᠰᠢᠶᠠᠯᠲᠠᠢ ᠠᠵᠢᠯᠯᠠᠭ᠎ᠠ
ᠨᠡᠶᠢᠲᠡᠯᠡᠭᠰᠡᠨ ᠴᠠᠭ᠄
2023/12/25
                    ᠰᠠᠶᠢᠨ ᠲᠤᠷᠠᠴᠤᠤᠯ   ᠤᠨ ᠰᠠᠶᠢᠰᠢᠶᠠᠯᠲᠠᠢ ᠠᠵᠢᠯᠯᠠᠭ᠎ᠠ                                             12 ᠰᠠᠷ᠎ᠠ ᠶᠢᠨ 24 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ︿︿ᠨᠢᠩᠵᠢᠨ ᠬᠠᠶᠢᠷ᠎ᠠ﹀﹀ ᠨᠡᠶᠢᠬᠡᠮᠯᠢᠭ ᠤᠨ ᠬᠢᠨ 2023 ᠤᠨ ᠤ ᠠᠵᠢᠯ ᠢᠶᠠᠨ ᠳ᠋ᠦᠡᠭᠨᠠᠨ ᠲᠡᠷᠢᠭᠦᠨ ᠤ ᠬᠢ ᠶᠢ  ᠱᠠᠩᠨᠠᠨ ᠭᠦᠭᠢᠭᠦᠯᠪᠡ  ᠃     ᠲᠤᠰ ᠨᠡᠶᠢᠬᠡᠮᠯᠢᠭ ᠨᠢ 2023 ᠤᠨ ᠳᠤ ᠤᠷᠴᠢᠨ ᠲᠤᠭᠤᠷᠢᠨ ᠢ ᠬᠠᠮᠠᠭᠠᠯᠠᠬᠤ ᠠᠵᠢᠯᠯᠠᠭ᠎ᠠ ᠶᠢ 14 ᠤᠳᠠᠭ᠎ᠠ ᠂ ᠭᠦᠳᠡᠯᠮᠤᠷᠢ ᠭᠦᠴᠦᠨ ᠭᠦᠷᠦᠯᠴᠡᠭᠦ ᠦᠭᠡᠢ ᠠᠶᠢᠯ ᠳᠤ ᠰᠠᠶᠢᠨ ᠲᠤᠷ᠎ᠠ ᠶᠢᠨ  ᠦᠢᠯᠡᠴᠢᠯᠡᠭᠡ ᠭᠢᠭᠰᠡᠨ 7 ᠤᠳᠠᠭ᠎ᠠ᠂ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠢ 6  ᠤᠳᠠᠭ᠎ᠠ᠂ ᠨᠠᠰᠤᠳᠠᠶᠢᠴᠤᠳ ᠢ ᠡᠷᠭᠢᠨ ᠦᠵᠡᠭᠦ᠂ ᠡᠭᠡᠴᠤᠤᠯ ᠤᠨ ᠪᠠᠶᠠᠷ ᠢ ᠪᠡᠯᠭᠡᠯᠡᠭᠦ ᠵᠡᠷᠭᠡ ᠠᠵᠢᠯᠯᠠᠭ᠎ᠠ ᠶᠢ 10 ᠣᠳᠠᠭ᠎ᠠ ᠦᠷᠨᠢᠭᠦᠯᠵᠤ᠂ ᠪᠠᠭᠰᠢ ᠨᠠᠷ ᠢ ᠲᠤᠬᠤᠨᠢᠭᠤᠯᠬᠤ᠂ ᠬᠦᠨᠳᠦ ᠡᠪᠡᠳᠴᠢᠳᠠᠨ ᠢ ᠲᠤᠰᠠᠯᠠᠬᠤ ᠵᠡᠷᠭᠡ ᠠᠵᠢᠯ ᠢ ᠭᠢᠭᠰᠡᠭᠡᠷ ᠢᠷᠡᠵᠡᠢ᠃ ᠲᠤᠰ ᠨᠡᠶᠢᠬᠡᠮᠯᠢᠭ  ᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠡᠯ᠎ᠠ ᠵᠦᠢᠯ ᠤᠨ ᠠᠵᠢᠯᠯᠠᠭ᠎ᠠ ᠨᠢ ᠦᠷᠭᠡᠨ ᠤᠯᠠᠨ ᠲᠦᠮᠡᠨ ᠤ ᠭᠦᠷᠢᠶᠡᠯᠡᠯ ᠪᠠ ᠨᠠᠮ ᠵᠠᠰᠠᠭ ᠤᠨ ᠭᠦᠨᠳᠦᠳᠭᠡᠯ ᠢ ᠤᠯᠵᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠢᠳᠡᠭ ᠵᠠᠯᠠᠭᠤ ᠰᠠᠶᠢᠨ  ᠲᠤᠷᠠᠴᠤᠳ ᠤᠨ ᠨᠡᠶᠢᠬᠡᠮᠯᠢᠭ᠂ ᠪᠠᠷᠠᠭᠤᠨ ᠦᠵᠦᠮᠦᠴᠢᠨ ᠬᠤᠰᠢᠭᠤᠨ ᠤ ᠬᠠᠮᠤᠭ ᠤᠨ ᠭᠤᠶᠤ ᠨᠡᠶᠢᠬᠡᠮᠯᠢᠭ᠂ ᠰᠢᠯᠢᠳᠡᠭ ᠨᠡᠶᠢᠬᠡᠮᠯᠢᠭ᠂ ᠪᠠᠷᠠᠭᠤᠨ ᠦᠵᠦᠮᠦᠴᠢᠨ ᠬᠤᠰᠢᠭᠤᠨ ᠤ 14 ᠳ᠋ᠤᠭᠡᠷ ᠤᠳᠠᠭᠠᠨ ᠤ ᠠᠷᠠᠳ ᠤᠨ ᠨᠡᠶᠢᠷ   ᠲᠤ ᠦᠢᠯᠡᠴᠢᠯᠡᠭᠰᠡᠨ ᠰᠢᠯᠢᠳᠡᠭ ᠨᠡᠶᠢᠬᠡᠮᠯᠢᠭ ᠵᠡᠷᠭᠡ ᠢᠷᠡᠭᠤ ᠠᠯᠳᠠᠷ ᠢ ᠭᠦᠷᠳᠡᠵᠡᠢ  ᠃  ᠱᠠᠩᠨᠠᠨ ᠭᠦᠭᠢᠭᠦᠯᠭᠦ ᠬᠤᠷᠠᠯ ᠲᠡᠭᠡᠷ᠎ᠠ ᠬᠤᠭᠤᠯᠠᠳᠣ ᠶᠢᠨ ᠭᠤᠣᠯ ᠪᠠᠯᠭᠠᠰᠣ᠂ ᠪᠠᠶᠠᠨᠨᠠᠭᠤᠷ ᠭᠠᠴᠠᠭ᠎ᠠ ᠵᠡᠷᠭᠡ 8 ᠬᠤᠪᠢᠶᠠᠷᠢ ᠨᠡᠶᠢᠭᠡᠮᠯᠢᠭ ᠨᠢ 2023 ᠣᠨ ᠤ ᠠᠵᠢᠯ ᠢᠶᠠᠨ ᠬᠠᠷᠢᠭᠤ ᠮᠡᠳᠡᠭᠦᠯᠵᠤ᠂ 2023 ᠤᠨ ᠤ ᠠᠵᠢᠯ ᠳᠠᠭᠠᠨ ᠠᠮᠵᠢᠯᠳᠠ ᠭᠠᠷᠭᠠᠬᠰᠠᠨ ᠠᠬᠠᠮᠠᠳ ᠨᠡᠶᠢᠬᠡᠮᠯᠢᠭ ᠤᠨ ᠭᠡᠰᠢᠭᠦᠨ᠂ ᠰᠢᠯᠢᠳᠡᠭ ᠨᠠᠮ ᠤᠨ ᠭᠡᠰᠢᠭᠦᠨ ᠰᠠᠶᠢᠨ ᠲᠤᠷᠠᠴᠤᠤᠯ᠂  ᠰᠢᠯᠢᠳᠡᠭ ᠵᠤᠭᠢᠶᠠᠨ ᠪᠠᠶᠢᠭᠤᠯᠤᠬᠴᠢ᠂ ᠰᠢᠯᠢᠳᠡᠭ ᠰᠠᠶᠢᠨ ᠲᠤᠷᠠᠴᠤᠤᠯ᠂ ᠬᠤᠶᠢᠴᠢ ᠦᠶ᠎ᠠ ᠶᠢᠨ ᠬᠢᠨ ᠢ  ᠬᠠᠯᠠᠮᠵᠢᠯᠠᠬᠰᠠᠨ  ᠰᠢᠯᠢᠳᠡᠭ  ᠲᠤᠷᠠᠴᠤᠤᠯ᠂ ᠬᠤᠰᠢᠭᠤ ᠠᠷᠠᠳ ᠤᠨ  ᠨᠡᠶᠢᠷ ᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯ ᠳᠤ ᠢᠳᠡᠪᠭᠢᠲᠠᠢ ᠤᠷᠤᠯᠴᠠᠬᠰᠠᠨ ᠰᠠᠶᠢᠨ ᠲᠤᠷᠠᠴᠤᠤᠯ ᠪᠤᠯᠤᠨ ᠬᠤᠭᠤᠯᠠᠳᠦ ᠶᠢᠨ ᠭᠤᠤᠯ ᠪᠠᠯᠭᠠᠰᠤ᠂ ᠪᠠᠶᠠᠠᠨᠠᠭᠤᠷ ᠭᠠᠴᠠᠭ᠎ᠠ᠂ ᠵᠢᠷᠠᠨ ᠭᠠᠴᠠᠭ᠎ᠠ᠂ ᠡᠷᠭᠡᠳᠦᠠᠤᠪᠤᠭ᠎ᠠ ᠭᠠᠴᠠᠭ᠎ᠠ ᠵᠡᠷᠭᠡ 8 ᠰᠠᠶᠢᠨ ᠲᠤᠷ᠎ᠠ ᠶᠢᠨ ᠦᠢᠯᠡᠴᠢᠯᠡᠭᠡᠨ ᠤ ᠬᠤᠪᠢᠶᠠᠷᠢ ᠨᠡᠶᠢᠬᠡᠮᠯᠢᠭ ᠢ ᠱᠠᠩᠨᠠᠨ ᠭᠦᠭᠢᠭᠦᠯᠵᠤ᠂ ᠢᠷᠡᠭᠦ ᠵᠢᠯ ᠤᠨ ᠠᠵᠢᠯ ᠳᠠᠭᠠᠨ ᠪᠠᠶᠢᠷᠢᠯᠠᠭᠤᠯᠤᠯᠳᠠ  ᠭᠢᠪᠡ᠃    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ‍ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号