ᠰᠢᠯᠢ ᠶᠢᠨ ᠭᠤᠣᠯ ᠠᠶᠢᠮᠠᠭ ᠤᠨ ᠮᠦᠽᠧᠢ ᠶᠢᠨ ᠲᠣᠪᠴᠢ ᠲᠠᠨᠢᠯᠴᠠᠭᠤᠯᠭ᠎ᠠ | | ᠰᠢᠯᠢ ᠶᠢᠨ ᠬᠤᠲᠠ ᠶᠢᠨ ᠰᠢᠯᠢ ᠶᠢᠨ ᠭᠤᠣᠯ ᠰᠣᠶᠣᠯ ᠤᠨ ᠥᠪ ᠤᠨ ᠬᠦᠷᠢᠶᠡᠯᠡᠩ ᠳᠤ ᠪᠠᠶᠢᠷᠢᠯᠠᠭᠰᠠᠨ | ᠰᠢᠯᠢ ᠶᠢᠨ ᠭᠤᠣᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠳᠤ | ᠬᠠᠷᠢᠶᠠᠯᠠᠭᠳᠠᠬᠤ᠂ ᠨᠠᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠦᠢᠯᠡᠰ ᠤᠨ ᠨᠢᠭᠡᠴᠡ ᠪᠤᠯᠬᠤ ᠰᠢᠯᠢ ᠶᠢᠨ ᠭᠤᠣᠯ | ᠠᠶᠢᠮᠠᠭ ᠤᠨ ᠮᠦᠽᠧᠢ ᠶᠢ 2004 ᠣᠨ ᠳᠤ ᠡᠬᠢᠯᠡᠨ ᠪᠠᠶᠢᠭᠤᠯᠵᠤ᠂2009 ᠣᠨ ᠤ ᠨᠠᠢᠮᠠᠳᠤᠭᠠᠷ ᠰᠠᠷ᠎ᠠ ᠠᠴᠠ | ᠤᠯᠠᠨ ᠨᠠᠶᠢᠲᠡ ᠳᠤ ᠲᠥᠯᠥᠪᠦᠷᠢ ᠦᠭᠡᠢ ᠨᠡᠭᠡᠭᠡᠭᠰᠡᠨ ᠶᠤᠮ᠃ ᠲᠤᠰ ᠮᠦᠽᠧᠢ ᠨᠢ ᠲᠡᠦᠬᠡᠨ ᠳᠤᠷᠠᠰᠬᠠᠯᠲᠤ ᠵᠦᠢᠯᠡᠰ ᠢ | ᠡᠯᠰᠡᠨ ᠴᠤᠭᠯᠠᠭᠤᠯᠬᠤ᠂ ᠬᠥᠮᠥᠷᠭᠡ ᠳᠤ ᠣᠷᠣᠭᠤᠯᠤᠨ ᠭᠠᠷᠭᠠᠬᠤ᠂ ᠳᠡᠯᠭᠡᠨ ᠦᠵᠡᠭᠦᠯᠬᠦ᠂ ᠬᠠᠮᠠᠭᠠᠯᠠᠬᠤ᠂ ᠰᠡᠯᠪᠢᠨ | ᠰᠡᠷᠭᠦᠭᠡᠬᠦ᠂ ᠮᠡᠳᠡᠭᠡ ᠵᠠᠩᠭᠢ ᠶᠢ ᠴᠤᠭᠯᠠᠭᠤᠯᠬᠤ ᠪᠠ ᠰᠤᠳᠤᠯᠬᠤ ᠵᠢᠴᠢ ᠲᠡᠦᠬᠡᠨ ᠳᠤᠷᠠᠰᠬᠠᠯᠲᠤ ᠵᠦᠢᠯᠡᠰ ᠤᠨ ᠬᠠᠮᠢᠶ᠎ᠠ | ᠪᠦᠬᠦᠢ ᠮᠠᠲ᠋ᠧᠷᠢᠶᠠᠯ ᠢ ᠲᠠᠩᠰᠠᠯᠠᠨ ᠲᠡᠮᠳᠡᠭᠯᠡᠬᠦ᠂ ᠨᠡᠶᠢᠭᠡᠮ ᠤᠨ ᠰᠤᠷᠭᠠᠨ ᠬᠥᠮᠦᠵᠢᠯ᠂ ᠳᠡᠯᠭᠡᠨ ᠦᠵᠡᠭᠦᠯᠦᠯᠭᠡ ᠶᠢᠨ | ᠲᠠᠩᠬᠢᠮ ᠢ ᠬᠠᠮᠠᠭᠠᠯᠠᠨ ᠬᠠᠮᠢᠶᠠᠷᠬᠤ ᠠᠵᠢᠯ ᠢ ᠭᠤᠣᠯᠯᠠᠨ ᠬᠠᠷᠢᠭᠤᠴᠠᠬᠤ ᠶᠢᠨ ᠳᠠᠭᠠᠤ ᠬᠤᠷᠢᠶᠠᠨ ᠬᠠᠳᠠᠭᠠᠯᠠᠬᠤ᠂ | ᠳᠡᠯᠭᠡᠨ ᠦᠵᠡᠭᠦᠯᠬᠦ᠂ ᠰᠤᠳᠤᠯᠬᠤ᠂ ᠬᠠᠭᠤᠴᠢ ᠰᠤᠳᠤᠯᠤᠯ᠂ ᠨᠠᠶᠢᠲᠡ ᠶᠢᠨ ᠰᠤᠷᠭᠠᠨ ᠣᠷᠢᠨᠣᠬᠥᠮᠦᠵᠢᠯ᠂ ᠰᠣᠶᠣᠯ ᠤᠨ | ᠰᠣᠯᠢᠯᠴᠠᠭ᠎ᠠ ᠶᠢ ᠨᠢᠭᠡᠳᠬᠡᠭᠰᠡᠨ ᠶᠡᠷᠦᠩᠬᠡᠶᠢᠯᠡᠭᠰᠡᠨ ᠴᠢᠨᠠᠷᠲᠠᠢ ᠮᠦᠽᠧᠢ ᠪᠣᠯᠣᠨ᠎ᠠ᠃ ᠮᠦᠽᠧᠢ ᠶᠢᠨ ᠶᠡᠷᠦᠩᠬᠡᠢ | ᠲᠠᠯᠠᠪᠠᠢ 2.1 ᠲᠦᠮᠡᠨ ᠬᠠᠪᠲᠠᠭᠠᠢ ᠳᠥᠷᠪᠡᠯᠵᠢᠨ ᠮᠧᠲᠷ᠂ ᠳᠡᠯᠭᠡᠨ ᠦᠵᠡᠭᠦᠯᠦᠯᠭᠡ ᠶᠢᠨ ᠲᠠᠩᠬᠢᠮ ᠤᠨ ᠲᠠᠯᠠᠪᠠᠢ 1. | 2 ᠲᠦᠮᠡᠨ ᠬᠠᠪᠲᠠᠭᠠᠢ ᠳᠥᠷᠪᠡᠯᠵᠢᠨ ᠮᠧᠲᠷ᠂ ᠬᠥᠮᠥᠷᠭᠡ ᠶᠢᠨ ᠲᠠᠯᠠᠪᠠᠢ 2000 ᠬᠠᠪᠲᠠᠭᠠᠢ ᠳᠥᠷᠪᠡᠯᠵᠢᠨ ᠮᠧᠲᠷ᠂ | 1000 ᠰᠢᠬᠠᠮ ᠲᠡᠦᠬᠡᠨ ᠳᠤᠷᠠᠰᠬᠠᠯᠲᠤ ᠵᠦᠢᠯᠡᠰ ᠢ ᠬᠠᠮᠠᠭᠠᠯᠠᠨ ᠬᠠᠳᠠᠭᠠᠯᠠᠵᠤ᠂ ᠵᠢᠯ ᠤᠨ ᠳᠤᠮᠳᠠᠴᠢ ᠲᠣᠭᠤᠷᠢᠨ | ᠵᠤᠭᠠᠴᠠᠭᠴᠢᠳ45 ᠲᠦᠮᠡ ᠶᠢ ᠳᠠᠪᠠᠵᠤ ᠪᠤᠢ᠃ ᠮᠦᠽᠧᠢ ᠨᠢ 13 ᠳᠡᠯᠭᠡᠨ ᠦᠵᠡᠭᠦᠯᠦᠯᠭᠡ ᠶᠢᠨ ᠲᠠᠩᠬᠢᠮ ᠲᠠᠢ᠂ | ᠳᠡᠯᠭᠡᠨ ᠦᠵᠡᠭᠦᠯᠦᠯᠭᠡ ᠪᠠᠨ ᠣᠨᠴᠠᠯᠢᠭᠲᠤ ᠦᠵᠡᠭᠦᠯᠦᠯᠭᠡ᠂ ᠪᠠᠶᠢᠩᠭᠤ ᠶᠢᠨ ᠦᠵᠡᠭᠦᠯᠦᠯᠭᠡ ᠪᠠ ᠲᠦᠷ ᠴᠠᠭ ᠤᠨ | ᠦᠵᠡᠭᠦᠯᠦᠯᠭᠡ ᠭᠡᠵᠦ ᠠᠩᠭᠢᠯᠠᠨ᠂︽ᠤᠮᠠᠷᠠᠲᠤ ᠸᠧᠢ ᠤᠯᠤᠰ ᠤᠨ ᠦᠶ᠎ᠡ ᠶᠢᠨ ᠢᠵᠠᠭᠤᠷᠲᠠᠨ ᠤ ᠤᠩᠭᠤᠨ ᠤ | ᠦᠵᠡᠭᠦᠯᠦᠯᠭᠡ︾᠂︽ᠮᠣᠩᠭᠤᠯ ᠬᠠᠭᠠᠨᠲᠤ ᠤᠯᠤᠰ︾᠂︽ᠲᠠᠯ᠎ᠠ ᠨᠤᠲᠤᠭ ᠤᠨ ᠲᠠᠩᠰᠤᠭ ᠠᠶᠠᠯᠭᠤ︾᠂︽ᠰᠢᠯᠢ ᠶᠢᠨ | ᠭᠤᠣᠯ ᠤᠨ ᠨᠡᠪᠲᠡᠷᠬᠡᠢ ᠲᠡᠦᠬᠡ︾ ᠵᠢᠴᠢ ᠲᠦᠷ ᠴᠠᠭ ᠤᠨ ᠦᠵᠡᠭᠦᠯᠦᠯᠭᠡ ᠪᠠᠷ ᠪᠦᠷᠢᠯᠳᠦᠵᠡᠢ᠃ ᠮᠦᠽᠧᠢ ᠶᠢᠨ ᠪᠦᠬᠦ | ᠠᠵᠢᠯᠲᠠᠨ 25 ᠬᠥᠮᠥᠨ᠂ ᠡᠭᠦᠨ ᠳᠤ ᠣᠷᠣᠨ ᠲᠤᠭ᠎ᠠ ᠪᠦᠬᠦᠢ ᠠᠵᠢᠯᠲᠠᠨ7 ᠬᠥᠮᠥᠨ᠂ ᠣᠷᠣᠨ ᠲᠣᠭᠠᠨ ᠤ ᠪᠤᠰᠤ | ᠠᠵᠢᠯᠲᠠᠨ 17 ᠬᠥᠮᠥᠨ᠂ ᠤᠷᠢᠨ ᠠᠪᠴᠢᠷᠠᠭᠰᠠᠨ ᠴᠢᠳᠠᠪᠤᠷᠢᠲᠠᠨ1 ᠬᠥᠮᠥᠨ ᠪᠤᠢ᠃ ᠪᠠᠶᠢᠭᠤᠯᠭ᠎ᠠ ᠨᠢᠭᠡᠴᠡ ᠳᠤ | 10 ᠬᠡᠯᠲᠡᠰ ᠲᠣᠬᠢᠷᠠᠭᠤᠯᠤᠨ᠂ ᠲᠤᠰ ᠪᠦᠷᠢ ᠶᠡᠷᠦᠩᠬᠡᠶᠢᠯᠡᠭᠰᠡᠨ ᠠᠯᠪᠠᠨ ᠭᠡᠷ᠂ ᠡᠳ᠋ ᠤᠨ ᠶᠠᠪᠤᠳᠠᠯ᠂ ᠳᠡᠯᠭᠡᠨ | ᠦᠵᠡᠭᠦᠯᠦᠯᠭᠡ ᠪᠠ ᠮᠡᠳᠡᠭᠡ ᠵᠠᠩᠭᠢ᠂ ᠨᠡᠶᠢᠭᠡᠮ ᠤᠨ ᠰᠤᠷᠭᠠᠨ ᠬᠥᠮᠦᠵᠢᠯ᠂ ᠰᠤᠳᠤᠯᠤᠨ ᠰᠢᠨᠵᠢᠬᠦ᠂ ᠲᠡᠦᠬᠡᠨ | ᠳᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠬᠤ᠂ ᠡᠯᠰᠡᠨ ᠴᠤᠭᠯᠠᠭᠤᠯᠬᠤ᠂ ᠲᠡᠦᠬᠡᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠪᠠ ᠰᠡᠯᠪᠢᠨ ᠰᠡᠷᠭᠦᠭᠡᠬᠦ᠂ ᠰᠣᠶᠣᠯ ᠤᠨ ᠡᠭᠦᠳᠦᠨ ᠪᠦᠲᠦᠭᠡᠯᠲᠡ ᠶᠢᠨ ᠦᠢᠯᠡᠳᠬᠦᠨ᠂ ᠠᠮᠤᠷ ᠲᠦᠪᠰᠢᠨ ᠢ | ᠪᠠᠲᠤᠯᠠᠬᠤ ᠵᠡᠷᠭᠡ ᠬᠡᠯᠲᠡᠰ ᠨᠢ ᠠᠵᠢᠯ ᠤᠨ ᠬᠡᠷᠡᠭᠴᠡᠭᠡᠨ ᠤ ᠲᠣᠭᠤᠷᠢᠨ ᠳᠤ ᠠᠵᠢᠯ ᠢᠶᠠᠨ ᠶᠠᠪᠤᠭᠳᠠᠭᠤᠯᠵᠤ ᠪᠠᠶᠢᠨ᠎ᠠ᠃ | | ᠰᠢᠯᠢ ᠶᠢᠨ ᠭᠤᠣᠯ ᠠᠶᠢᠮᠠᠭ ᠤᠨ ᠮᠦᠽᠧᠢ ᠨᠢ ᠴᠢᠳᠠᠪᠤᠷᠢᠲᠠᠨ ᠢᠶᠠᠷ ᠮᠦᠽᠧᠢ ᠪᠠᠨ ᠴᠣᠭᠴᠠᠯᠠᠵᠤ᠂ ᠰᠢᠨᠵᠢᠯᠡᠬᠦ | ᠤᠬᠠᠭᠠᠨᠴᠢ ᠪᠠᠷ ᠮᠦᠽᠧᠢ ᠪᠠᠨ ᠬᠥᠭᠵᠢᠭᠦᠯᠬᠦ ᠶᠢ ᠵᠣᠷᠢᠨ᠂ ᠨᠡᠶᠢᠭᠡᠮ ᠤᠨ ᠡᠯ᠎ᠡ ᠡᠲᠡᠭᠡᠳ ᠲᠤ ᠬᠠᠨᠳᠤᠨ︽5·18︾ | ᠳᠡᠯᠡᠬᠡᠢ ᠶᠢᠨ ᠮᠦᠽᠧᠢ ᠶᠢᠨ ᠡᠳᠦᠷ᠂ ᠰᠣᠶᠣᠯ ᠪᠠ ᠪᠠᠶᠢᠭᠠᠯᠢ ᠶᠢᠨ ᠥᠪ ᠤᠨ ᠡᠳᠦᠷ᠂ ᠲᠠᠯ᠎ᠠ ᠨᠤᠲᠤᠭ ᠤᠨ | ᠰᠣᠶᠣᠯ ᠤᠨ ᠥᠪ ᠤᠨ ᠡᠳᠦᠷ ᠵᠡᠷᠭᠡ ᠭᠤᠣᠯ ᠰᠡᠳᠦᠪᠲᠦ ᠰᠣᠶᠣᠯ ᠤᠨ ᠤᠬᠠᠭᠤᠯᠭ᠎ᠠ ᠶᠢᠨ ᠠᠵᠢᠯᠯᠠᠭ᠎ᠠ ᠪᠠ ᠲᠦᠷ | ᠴᠠᠭ ᠤᠨ ᠦᠵᠡᠭᠦᠯᠦᠯᠭᠡ ᠶᠢ ᠥᠷᠨᠢᠭᠦᠯᠦᠨ᠂ ᠦᠵᠡᠭᠦᠯᠦᠯᠭᠡ ᠪᠠᠷ ᠲᠠᠮᠵᠢᠨ ᠤᠯᠠᠨ ᠨᠠᠶᠢᠲᠡ ᠲᠠᠢ ᠰᠣᠯᠢᠯᠴᠠᠭ᠎ᠠ ᠪᠠᠨ | ᠴᠢᠩᠭᠠᠳᠬᠠᠬᠤ ᠶᠢᠨ ᠳᠠᠭᠠᠤ︽ᠰᠢᠯᠢ ᠶᠢᠨ ᠭᠤᠣᠯ ᠰᠣᠶᠣᠯ ᠲᠡᠦᠬᠡ ᠶᠢᠨ ᠰᠤᠷᠤᠯᠴᠠᠭᠠᠨ ᠤ ᠲᠠᠪᠴᠠᠩ︾᠂︽ᠪᠢᠴᠢᠬᠠᠨ | ᠲᠠᠶᠢᠯᠪᠤᠷᠢᠯᠠᠭᠴᠢ︾ ᠵᠡᠷᠭᠡ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ᠂ | ᠴᠡᠷᠢᠭ ᠤᠨ ᠲᠣᠭᠤᠷᠢᠭ᠂ ᠠᠵᠤ ᠠᠬᠤᠶᠢᠯᠠᠯ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠰᠢᠯᠢ ᠶᠢᠨ ᠭᠤᠣᠯ | ᠠᠶᠢᠮᠠᠭ ᠤᠨ ᠮᠦᠽᠧᠢ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠤᠨ ᠪᠠᠬᠢᠯᠡᠯᠲᠡ ᠳᠠᠬᠢ ᠨᠡᠶᠢᠲᠠ ᠶᠢᠨ ᠰᠣᠶᠣᠯ ᠤᠨ ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠤᠨ᠂ ᠮᠠᠨ ᠤ | ᠠᠶᠢᠮᠠᠭ ᠤᠨ ᠰᠣᠶᠣᠯ ︵ᠲᠡᠦᠬᠡᠨ ᠳᠤᠷᠠᠰᠬᠠᠯᠲᠤ ᠵᠦᠢᠯᠡᠰ︶ ᠤᠨ ᠦᠢᠯᠡᠰ ᠤᠨ ᠴᠡᠴᠡᠭᠯᠡᠯᠲᠡ ᠪᠠ ᠠᠵᠤ ᠠᠬᠤᠢ | ᠨᠡᠶᠢᠭᠡᠮ ᠤᠨ ᠬᠥᠭᠵᠢᠯᠲᠡ ᠳᠤ ᠢᠳᠡᠪᠬᠢ ᠦᠢᠯᠡᠳᠦᠯ ᠦᠵᠡᠭᠦᠯᠵᠡᠢ᠃ |