ᠪᠠᠷᠠᠭᠤᠨ ᠦᠵᠦᠮᠦᠴᠢᠨ ᠬᠤᠰᠢᠭᠤᠨ ᠤ ᠬᠥᠯ ᠪᠦᠮᠪᠦᠭᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠬᠦᠯᠬᠦ ᠲᠤᠬᠠᠢ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2023/12/26
ᠪᠠᠷᠠᠭᠤᠨ ᠦᠵᠦᠮᠦᠴᠢᠨ ᠬᠤᠰᠢᠭᠤᠨ ᠤ ᠬᠥᠯ ᠪᠦᠮᠪᠦᠭᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠬᠦᠯᠬᠦ ᠲᠤᠬᠠᠢ ᠬᠡᠷᠡᠭᠵᠢᠭᠦᠯᠬᠦ ᠰᠠᠨᠠᠯ   ︽︿ᠳᠤᠮᠳᠠᠳᠤ ᠤᠯᠤᠰ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠶᠡᠷᠦᠩᠬᠡᠢ ᠲᠥᠰᠥᠯ﹀ ᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯ ᠪᠥᠮᠪᠦᠭᠡ ᠶᠢᠨ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠥᠪᠯᠡᠭᠡ ︵2016 ︱ 2050 ᠣᠨ︶ ︾ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠲᠣᠰ ᠰᠠᠨᠠᠯ ᠢ ᠲᠣᠭᠲᠠᠭᠠᠪᠠ᠃   ᠨᠢᠭᠡ᠂ ᠵᠢᠯᠤᠭᠤᠳᠬᠤ ᠦᠵᠡᠯ ᠰᠠᠨᠠᠭ᠎ᠠ   ᠨᠠᠮ ᠤᠨ ᠬᠤᠷᠢᠳᠤᠭᠠᠷ ᠶᠡᠭᠡ ᠬᠤᠷᠠᠯ ᠤᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠬᠥᠯ ᠪᠥᠮᠪᠦᠭᠡ ᠶᠢᠨ ᠠᠩᠭᠢ  ᠶᠢ ᠬᠥᠭᠵᠢᠭᠦᠯᠦᠨ ᠮᠠᠨᠳᠤᠭᠤᠯᠬᠤ ᠲᠤᠬᠠᠢ ᠰᠢᠷᠢᠰ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠯ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠬᠡᠦᠬᠡᠳ ᠠᠴᠠ ᠡᠬᠢᠯᠡᠵᠦ ᠠᠳᠬᠤᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠠᠴᠠ ᠡᠬᠢᠯᠡᠨ ᠠᠳᠬᠤᠵᠤ᠂ ᠬᠥᠯ ᠪᠥᠮᠪᠦᠭᠡ ᠶᠢᠨ ᠪᠠᠭ᠋ᠠᠳᠠᠳ ᠢ ᠥᠷᠭᠡᠳᠬᠡᠬᠦ ᠠᠴᠠ ᠡᠬᠢᠯᠡᠨ ᠠᠳᠬᠤᠵᠤ᠂ ᠣᠲᠣ ᠦᠶ᠎ᠡ ᠶᠢᠨ ᠬᠥᠯ ᠪᠥᠮᠪᠦᠭᠡ ᠶᠢᠨ ᠬᠥᠳᠡᠯᠭᠡᠭᠡᠨ ᠤ ᠣᠨᠣᠯᠵᠢᠬᠤᠨ ᠢ ᠪᠣᠶ ᠪᠣᠯᠭᠠᠵᠤ᠂ ᠬᠥᠯ ᠪᠥᠮᠪᠦᠭᠡ ᠶᠢᠨ ᠬᠥᠳᠡᠯᠭᠡᠭᠡᠨ ᠢ ᠲᠦᠭᠡᠮᠡᠯᠵᠢᠭᠦᠯᠬᠦ᠂ ᠴᠢᠳᠠᠪᠤᠷᠢᠲᠠᠨ ᠢ ᠢᠯᠡᠷᠡᠭᠦᠯᠦᠨ ᠬᠥᠮᠥᠵᠢᠭᠦᠯᠬᠦ ᠪᠠᠷ ᠡᠭᠦᠰᠪᠦᠷᠢ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠰᠠᠭᠤᠷᠢ ᠨᠢ ᠯᠠᠪᠳᠠᠭᠤᠨ ᠪᠠᠲᠤᠲᠠᠢ᠂ ᠲᠤᠰᠬᠠᠢ ᠮᠡᠷᠭᠡᠵᠢᠯ ᠨᠢ ᠥᠨᠳᠥᠷ ᠪᠦᠲᠦᠮᠵᠢᠲᠡᠶ ᠂ ᠠᠵᠢᠯᠯᠠᠭᠠᠨ ᠨᠢ ᠠᠮᠢᠳᠤᠯᠢᠭ᠂ ᠪᠠᠲᠤᠯᠠᠭ᠎ᠠ ᠨᠢ ᠬᠦᠴᠦᠲᠡᠢ ᠪᠠᠶᠢᠭᠤᠯᠤᠯ ᠤᠨ ᠰᠢᠨ᠎ᠡ ᠶᠢ ᠡᠭᠦᠳᠦᠨ  ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠰᠤᠷᠭᠠᠭᠤᠯᠢ ᠪᠠᠷ ᠭᠤᠣᠯ ᠴᠣᠭᠴᠠ ᠪᠣᠯᠭᠠᠬᠤ᠂ ᠠᠵᠢᠯ ᠲᠥᠷᠥᠯ ᠢᠶᠠᠷ ᠢᠶᠠᠨ ᠵᠢᠯᠤᠭᠤᠳᠬᠤ᠂ ᠨᠡᠶᠢᠭᠡᠮ ᠢᠶᠠᠷ ᠢᠶᠠᠨ ᠣᠷᠣᠯᠴᠠᠬᠤ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠪᠠᠶᠢᠳᠠᠯ ᠢ ᠠᠯᠬᠤᠮ ᠠᠯᠬᠤᠮ ᠢᠶᠠᠷ ᠪᠣᠶ ᠪᠣᠯᠭᠠᠨ᠎ᠠ᠃   ᠬᠤᠶᠠᠷ᠂ ᠭᠤᠣᠯ ᠬᠠᠷᠠᠯᠲᠠ    ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠬᠥᠯ ᠪᠥᠮᠪᠦᠭᠡ ᠶᠢ ᠶᠡᠬᠡᠪᠡᠷ ᠬᠥᠭᠵᠢᠭᠦᠯᠦᠨ᠂ ᠬᠥᠯ ᠪᠥᠮᠪᠦᠭᠡ ᠶᠢᠨ ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢ ᠰᠢᠯᠢᠳᠡᠭᠵᠢᠭᠦᠯᠵᠦ᠂ ᠬᠥᠯ ᠪᠥᠮᠪᠦᠭᠡ ᠶᠢᠨ ᠤᠷᠤᠯᠳᠤᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠥᠯ ᠪᠥᠮᠪᠦᠭᠡ ᠶᠢᠨ ᠴᠢᠳᠠᠪᠤᠷᠢᠲᠠᠨ ᠤ ᠦᠰᠦᠨ ᠪᠣᠶᠢᠵᠢᠬᠤ ᠵᠠᠮ ᠮᠥᠷ ᠢ ᠰᠠᠭᠠᠳ ᠦᠭᠡᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠤᠯᠭᠠᠨ᠂ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ᠂ ᠵᠣᠬᠢᠶᠠᠨ ᠪᠠᠶᠢᠭᠤᠯᠬᠤ᠂ ᠬᠠᠮᠢᠶᠠᠷᠬᠤ᠂ ᠤᠷᠤᠯᠳᠤᠬᠤ᠂ ᠤᠷᠮᠠᠰᠢᠭᠤᠯᠬᠤ ᠪᠠᠲᠤᠯᠠᠭ᠎ᠠ ᠶᠢᠨ ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠵᠦ  ᠂ ᠮᠠᠨ ᠤ ᠬᠤᠰᠢᠭᠤᠨ ᠤ ᠬᠥᠯ ᠪᠥᠮᠪᠦᠭᠡ ᠶᠢᠨ ᠬᠥᠳᠡᠯᠭᠡᠭᠡᠨ ᠤ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠥᠯ ᠪᠥᠮᠪᠦᠭᠡ ᠶᠢᠨ ᠬᠥᠮᠥᠨ ᠠᠮᠠ ᠶᠢ ᠲᠠᠰᠤᠷᠠᠯᠲᠠ ᠦᠭᠡᠢ ᠥᠷᠭᠡᠳᠬᠡᠨ᠂ ᠬᠥᠯ ᠪᠥᠮᠪᠦᠭᠡ ᠶᠢᠨ ᠤᠷᠤᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠬᠥᠯ ᠪᠥᠮᠪᠦᠭᠡ ᠶᠢᠨ ᠬᠥᠳᠡᠯᠭᠡᠭᠡᠨ ᠥᠷᠨᠢᠩᠭᠦᠢ ᠬᠥᠭᠵᠢᠵᠦ᠂ ᠭᠠᠳᠠᠭᠠᠳᠤ ᠲᠠᠢ ᠰᠣᠯᠢᠯᠴᠠᠭ᠎ᠠ ᠬᠢᠬᠦ ᠶᠢ ᠡᠳᠦᠷ ᠢᠷᠡᠬᠦᠶ᠎ᠡ ᠬᠥᠭᠵᠢᠶᠡᠨᠲᠡᠢ ᠪᠤᠯᠭᠠᠵᠦ᠂ ᠬᠥᠯ ᠪᠥᠮᠪᠦᠭᠡ ᠶᠢᠨ ᠠᠵᠤ ᠦᠢᠯᠡᠰ ᠡᠷᠡᠭᠦᠯ ᠢᠶᠠᠷ ᠬᠥᠭᠵᠢᠵᠦ᠂ ᠬᠥᠯ ᠪᠥᠮᠪᠦᠭᠡ ᠶᠢᠨ ᠰᠣᠶᠣᠯ ᠤᠨ ᠠᠭᠤᠷ ᠠᠮᠢᠰᠬᠤᠯ ᠢ ᠨᠠᠩ ᠭᠦᠨ ᠵᠤᠵᠠᠭᠠᠨ ᠪᠣᠯᠭᠠᠬᠤ ᠬᠠᠷᠠᠯᠲᠠ ᠶᠢ ᠪᠡᠶᠡᠯᠡᠭᠦᠯᠦᠨ᠎ᠡ᠃   ︵ᠨᠢᠭᠡ︶ ᠰᠤᠷᠭᠠᠭᠤᠯᠢ ᠶᠢᠨ ᠬᠦᠷᠢᠶᠡᠨ ᠤ ᠬᠥᠯ ᠪᠦᠮᠪᠦᠭᠡ ᠶᠢ ᠶᠡᠬᠡᠪᠡᠷ ᠬᠦᠭᠵᠢᠬᠦᠯᠦᠨ᠎ᠡ   1. ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠦᠭᠡᠮᠡᠯᠵᠢᠯ ᠢ ᠠᠬᠢᠭᠤᠯᠤᠨ᠎ᠠ᠃ ᠡᠯ᠎ᠡ ᠰᠤᠷᠭᠠᠭᠤᠯᠢ  ᠨᠢ ᠬᠥᠯ ᠪᠥᠮᠪᠦᠭᠡ ᠶᠢ ᠪᠡᠶ᠎ᠡ ᠶᠢᠨ ᠲᠠᠮᠢᠷ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠠᠭᠤᠯᠭ᠎ᠠ ᠳᠤ ᠵᠢᠭᠰᠠᠭᠠᠨ ᠣᠷᠣᠭᠤᠯᠵᠤ᠂ ᠬᠥᠯ ᠪᠥᠮᠪᠦᠭᠡ ᠶᠢᠨ ᠵᠢᠭᠠᠨ ᠰᠤᠷᠭᠠᠯᠲᠠ ᠶᠢᠨ ᠵᠠᠭᠪᠤᠷ ᠤᠨ ᠣᠯᠠᠨ ᠶᠠᠩᠵᠤᠴᠢᠯᠠᠬᠤ ᠶᠢ ᠢᠳᠡᠪᠬᠢᠲᠡᠢ ᠪᠠᠷ ᠠᠬᠢᠭᠤᠯᠤᠨ᠂ ᠰᠤᠷᠭᠠᠭᠤᠯᠢ ᠶᠢᠨ ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠪᠡᠯᠡᠳᠬᠡᠮᠵᠢ ᠶᠢ ᠴᠢᠷᠮᠠᠶᠢᠨ ᠲᠡᠭᠦᠯᠳᠡᠷᠵᠢᠭᠦᠯᠵᠦ᠂ ᠬᠥᠯ ᠪᠥᠮᠪᠦᠭᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠬᠥᠯ ᠪᠥᠮᠪᠦᠭᠡ ᠶᠢᠨ ᠲᠤᠰᠬᠠᠢ ᠮᠡᠷᠭᠡᠵᠢᠯ ᠤᠨ ᠳᠠᠰᠬᠠᠯᠵᠢᠭᠤᠯᠤᠭᠴᠢ ᠶᠢ ᠪᠦᠷᠢᠨ ᠭᠦᠢᠴᠡᠳ ᠲᠣᠬᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠠᠮᠤᠷᠬᠤ ᠬᠡᠪᠴᠢᠶ᠎ᠡ ᠶᠢ ᠬᠦᠴᠦᠯᠡᠨ ᠥᠷᠭᠡᠳᠬᠡᠵᠦ᠂ ᠰᠤᠷᠭᠠᠭᠤᠯᠢ ᠶᠢᠨ ᠬᠥᠯ ᠪᠥᠮᠪᠦᠭᠡ ᠶᠢᠨ ᠰᠤᠷᠤᠭᠴᠢ ᠶᠢ ᠨᠡᠮᠡᠭᠳᠡᠭᠦᠯᠬᠦ ᠬᠡᠷᠡᠭᠲᠡᠢ᠃    2. ᠰᠤᠷᠭᠠᠭᠤᠯᠢ ᠶᠢᠨ ᠬᠦᠷᠢᠶᠡᠨ ᠤ ᠬᠥᠯ ᠪᠥᠮᠪᠥᠭᠡᠨ ᠠᠩᠭᠢ ᠶᠢ ᠵᠣᠬᠢᠶᠠᠨ ᠪᠠᠶᠢᠭᠤᠯᠤᠨ᠎ᠠ᠃ ᠰᠤᠷᠭᠠᠭᠤᠯᠢ ᠨᠢᠭᠡᠪᠦᠷᠢ ᠲᠤᠰᠬᠠᠢ ᠬᠥᠯ ᠪᠥᠮᠪᠦᠭᠡ ᠶᠢᠨ ᠬᠢᠴᠢᠶᠡᠯ ᠪᠠ ᠬᠥᠯ ᠪᠥᠮᠪᠦᠭᠡ ᠶᠢᠨ ᠬᠢᠴᠢᠶᠡᠯ ᠨᠡᠭᠡᠭᠡᠵᠦ᠂ ᠪᠥᠬᠦ ᠬᠤᠰᠢᠭᠤᠨ ᠤ ᠡᠯ᠎ᠡ ᠰᠤᠷᠭᠠᠭᠤᠯᠢ ᠨᠤᠭᠤᠳ ᠠᠩᠭᠢ ᠠᠩᠭᠢ ᠳᠠᠭᠠᠨ ᠡᠩᠨᠡᠭᠡ ᠲᠠᠢ᠂ ᠣᠨ ᠳᠠᠭᠠᠨ ᠤᠷᠤᠯᠳᠤᠭᠠᠨ ᠲᠠᠢ ᠪᠠᠶᠢᠬᠤ ᠶᠢ ᠪᠡᠶᠡᠯᠡᠭᠦᠯᠵᠦ᠂ ᠪᠠᠭ᠎ᠠ ᠨᠠᠰᠤᠨ ᠤ ᠠᠩᠭᠢ ᠨᠢ ᠡᠷᠡᠭᠲᠡᠢ ᠡᠮᠡᠭᠲᠡᠢ ᠶᠢ ᠬᠤᠯᠢᠯᠳᠤᠭᠤᠯᠤᠨ ᠠᠩᠭᠢᠯᠠᠵᠤ ᠪᠣᠯᠣᠨ᠎ᠠ᠂ ᠰᠤᠷᠭᠠᠭᠤᠯᠢ ᠨᠢᠭᠡᠪᠦᠷᠢ ᠨᠢ ᠡᠷᠬᠡᠪᠰᠢ ᠡᠷᠡᠭᠲᠡᠢ ᠡᠮᠡᠭᠲᠡᠢ ᠶᠢᠨ ᠬᠥᠯ ᠪᠥᠮᠪᠦᠭᠡ ᠶᠢᠨ ᠠᠩᠭᠢ ᠪᠠᠶᠢᠬᠤ ᠬᠡᠷᠡᠭᠲᠡᠢ᠃  3. ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠭᠤᠷ ᠠᠮᠢᠰᠬᠤᠯ ᠢ ᠪᠠᠶᠠᠯᠢᠭᠵᠢᠭᠤᠯᠤᠨ᠎ᠠ᠃ ᠬᠥᠯ ᠪᠥᠮᠪᠦᠭᠡ ᠶᠢᠨ ᠮᠡᠳᠡᠯᠭᠡ ᠪᠠ ᠮᠡᠷᠭᠡᠵᠢᠯ ᠴᠢᠳᠠᠪᠤᠷᠢ ᠶᠢ ᠲᠦᠭᠡᠮᠡᠯᠵᠢᠭᠦᠯᠬᠦ᠂ ᠬᠥᠯ ᠪᠥᠮᠪᠦᠭᠡ ᠶᠢᠨ ᠳᠤᠷ᠎ᠠ ᠰᠣᠨᠢᠷᠬᠠᠯ ᠢ ᠬᠥᠮᠥᠵᠢᠭᠦᠯᠬᠦ ᠪᠠᠷ ᠵᠣᠷᠢᠯᠭ᠎ᠠ ᠪᠣᠯᠭᠠᠵᠤ᠂ ᠣᠯᠠᠨ ᠵᠦᠢᠯ ᠤᠨ ᠬᠡᠯᠪᠡᠷᠢ ᠮᠠᠶ᠋ᠢᠭ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯᠯᠠᠭ᠎ᠠ ᠶᠢ ᠡᠷᠭᠢᠯᠡᠵᠦ᠂ ᠰᠤᠷᠤᠭᠴᠢᠳ ᠤᠨ ᠪᠡᠶ᠎ᠡ ᠮᠠᠬᠠᠪᠤᠳ ᠪᠠ ᠵᠣᠷᠢᠭ ᠰᠠᠨᠠᠭ᠎ᠠ ᠬᠡᠪ ᠴᠢᠨᠠᠷ ᠢ ᠴᠢᠩᠭᠠᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠨᠠᠩ ᠣᠯᠠᠨ ᠰᠤᠷᠤᠭᠴᠢᠳ ᠤᠨ ᠬᠥᠯ ᠪᠥᠮᠪᠦᠭᠡ ᠶᠢᠨ ᠬᠥᠳᠡᠯᠭᠡᠭᠡᠨ ᠳᠤ ᠣᠷᠣᠯᠴᠠᠬᠤ ᠶᠢ ᠵᠣᠷᠢᠭᠵᠢᠭᠤᠯᠤᠨ᠎ᠠ᠃    ︵ᠬᠤᠶᠠᠷ︶ ᠨᠡᠶᠢᠭᠡᠮ ‍ᠦᠨ‌‍ᠬᠥ᠋ᠯ ᠪᠥᠮᠪᠦᠭᠡ ᠶᠢ ᠪᠦᠬᠦ ᠬᠦᠴᠦᠨ ᠢᠶᠠᠷ ᠠᠬᠢᠭᠤᠯᠤᠨ᠎ᠠ  1. ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠨᠢ ᠲᠦᠷᠦᠭᠦᠯᠡᠭᠦᠯᠦᠨ᠂ ᠮᠠᠯᠴᠢᠳ ᠤᠨ ᠬᠥᠯ ᠪᠥᠮᠪᠦᠭᠡ ᠶᠢ ᠦᠷᠭᠦᠯᠵᠢᠯᠡᠨ ᠬᠥᠭᠵᠢᠭᠦᠯᠦᠨ᠎ᠡ᠃ ᠮᠠᠨ ᠤ ᠬᠤᠰᠢᠭᠤᠨ ᠤ 7 ᠰᠤᠮᠤ ᠪᠠᠯᠭᠠᠰᠤᠨ ᠳᠤ ᠴᠥᠮ ᠬᠥᠯ ᠪᠥᠮᠪᠦᠭᠡ ᠶᠢᠨ ᠠᠩᠭᠢ ᠲᠠᠢ᠂ ᠵᠠᠷᠴᠢᠮ ᠳᠡᠭᠡᠷ᠎ᠡ ᠪᠠᠨ ᠭᠠᠴᠠᠭ᠎ᠠ ᠨᠢᠭᠡᠪᠦᠷᠢ ᠳᠤ ᠬᠥᠯ ᠪᠥᠮᠪᠦᠭᠡ ᠶᠢᠨ ᠠᠩᠭᠢ ᠪᠤᠶᠤ 2-3 ᠭᠠᠴᠠᠭ᠎ᠠ ᠬᠤᠯᠪᠤᠭᠠᠯᠠᠨ ᠬᠥᠯ ᠪᠥᠮᠪᠦᠭᠡ ᠶᠢᠨ ᠠᠩᠭᠢ ᠪᠠᠶᠢᠭᠤᠯᠤᠨ᠎ᠠ᠃ 2025 ᠣᠨ ᠪᠣᠯᠬᠤ ᠳᠤ᠂ ᠰᠤᠮᠤ ᠪᠠᠯᠭᠠᠰᠤ ᠨᠢᠭᠡᠪᠦᠷᠢ ᠨᠢ ᠨᠠᠭᠠᠲᠤ ᠵᠠᠬ᠎ᠠ ᠳᠠᠭᠠᠨ 5 ᠭᠠᠴᠠᠭᠠᠨ ᠤ ᠬᠥᠯ ᠪᠥᠮᠪᠦᠭᠡ ᠶᠢᠨ ᠠᠩᠭᠢ ᠶᠢ ᠵᠣᠬᠢᠶᠠᠨ ᠪᠠᠶᠢᠭᠤᠯᠤᠭᠰᠠᠨ ᠰᠠᠭᠤᠷᠢᠨ ᠳᠡᠭᠡᠷ᠎ᠡ᠂ ᠪᠦᠬᠦᠨ ᠢ ᠬᠠᠮᠤᠷᠬᠤ ᠶᠢ ᠴᠢᠷᠮᠠᠶᠢᠨ ᠪᠡᠶᠡᠯᠡᠭᠦᠯᠵᠦ᠂ ᠪᠥᠬᠦ ᠬᠤᠰᠢᠭᠤᠨ ᠤ ᠬᠡᠪᠴᠢᠶᠡᠨ ᠳᠤ ᠭᠠᠴᠠᠭᠠᠨ ᠤ ᠬᠥᠯ ᠪᠥᠮᠪᠦᠭᠡ ᠶᠢᠨ ᠠᠩᠭᠢ ᠶᠢ 30   ᠠᠴᠠ ᠳᠤᠲᠠᠭᠤ ᠦᠭᠡᠢ ᠪᠠᠶᠢᠯᠭᠠᠨ᠎ᠠ᠃ 2. ᠬᠤᠰᠢᠭᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠠᠵᠢᠯᠯᠠᠬᠤ ᠬᠤᠷᠢᠶ᠎ᠠ ᠪᠠᠷ ᠲᠦᠷᠦᠭᠦᠯᠡᠭᠦᠯᠦᠨ᠂ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠬᠥᠯ ᠪᠥᠮᠪᠦᠭᠡ ᠶᠢ ᠬᠥᠭᠵᠢᠭᠦᠯᠦᠨ᠎ᠡ᠃ 2025 ᠣᠨ ᠪᠣᠯᠬᠤ ᠳᠤ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠬᠥᠯ ᠪᠥᠮᠪᠦᠭᠡ ᠶᠢᠨ ᠠᠩᠭᠢ ᠶᠢ 30   ᠠᠴᠠ ᠳᠡᠭᠡᠭᠰᠢ ᠳᠤ ᠬᠦᠷᠦᠭᠦᠯᠦᠨ᠎ᠡ᠃ 3.ᠬᠤᠰᠢᠭᠤ ᠠᠵᠢᠯᠴᠢᠨ ᠤ ᠶᠡᠷᠦᠩᠬᠡᠢ ᠡᠪᠯᠡᠯ ᠠᠴᠠ ᠠᠵᠤ ᠠᠬᠤᠶᠢᠯᠠᠯ ᠤᠨ ᠬᠥᠯ ᠪᠥᠮᠪᠦᠭᠡ ᠶᠢ ᠬᠠᠪᠰᠤᠷᠤᠨ ᠬᠥᠭᠵᠢᠭᠦᠯᠦᠨ᠎ᠡ᠃ 2025 ᠣᠨ ᠪᠣᠯᠬᠤ ᠳᠤ ᠠᠵᠤ ᠠᠬᠤᠶᠢᠯᠠᠯ ᠤᠨ ᠬᠥᠯ ᠪᠥᠮᠪᠦᠭᠡ ᠶᠢᠨ ᠠᠩᠭᠢ ᠶᠢ 10   ᠠᠴᠠ ᠳᠡᠭᠡᠭᠰᠢ ᠳᠤ ᠬᠦᠷᠦᠭᠦᠯᠦᠨ᠎ᠡ᠃ 4. ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠨ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢ ᠬᠥᠭᠵᠢᠭᠦᠯᠦᠨ᠎ᠡ᠃ 2025 ᠣᠨ ᠪᠣᠯᠬᠤ ᠳᠤ ᠪᠦᠭᠦ ᠬᠤᠰᠢᠭᠤᠨ ᠤ ᠡᠯ᠎ᠡ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢᠨ ᠠᠩᠭᠢ ᠶᠢ ᠪᠦᠭᠦᠨ ᠢ ᠬᠠᠮᠤᠷᠬᠤ ᠶᠢ ᠪᠡᠶᠡᠯᠡᠭᠦᠯᠦᠨ᠎ᠡ᠃ 5. ᠬᠤᠰᠢᠭᠤ ᠬᠥᠯ ᠪᠥᠮᠪᠦᠭᠡ ᠶᠢᠨ ᠨᠡᠶᠢᠭᠡᠮᠯᠢᠭ ᠠᠴᠠ ᠲᠦᠷᠦᠭᠦᠯᠡᠨ ᠺᠯᠦ᠋ᠪ ᠤᠨ ᠬᠥᠯ ᠪᠥᠮᠪᠦᠭᠡ ᠶᠢ ᠬᠥᠭᠵᠢᠭᠦᠯᠦᠨ᠎ᠡ᠃ 2025 ᠣᠨ ᠪᠣᠯᠬᠤ ᠳᠤ ᠪᠥᠬᠦ ᠬᠤᠰᠢᠭᠤᠨ ᠤ ᠬᠥᠯ ᠪᠥᠮᠪᠦᠭᠡ ᠶᠢᠨ ᠺᠯᠦ᠋ᠪ ᠢ 8 ᠪᠣᠯᠭᠠᠨ᠎ᠠ᠃ 6. ᠬᠤᠰᠢᠭᠤ ᠬᠥᠯ ᠪᠥᠮᠪᠦᠭᠡ ᠶᠢᠨ ᠨᠡᠶᠢᠭᠡᠮᠯᠢᠭ ᠠᠴᠠ ᠲᠦᠷᠦᠭᠦᠯᠡᠨ ᠭᠤᠷᠪᠠᠨ ᠨᠠᠰᠤᠨ ᠤ ᠱᠠᠲᠤ ︵8 ᠨᠠᠰᠤᠨ   ᠠᠴᠠ 12 ᠨᠠᠰᠤᠨ ᠤ ᠱᠠᠲᠤ᠂ 13 ᠨᠠᠰᠤᠨ ᠠᠴᠠ 18 ᠨᠠᠰᠤᠨ ᠤ ᠱᠠᠲᠤ᠂ 18 ᠨᠠᠰᠤᠨ   ᠠᠴᠠ ᠳᠡᠭᠡᠭᠰᠢᠬᠢ ᠨᠠᠰᠤᠨ ᠤ ᠱᠠᠲᠤ︶  ᠬᠤᠰᠢᠭᠤ ᠲᠠᠰ ᠤᠨ ᠡᠷᠡᠭᠲᠡᠢ ᠶᠢᠨ ᠬᠥᠯ ᠪᠥᠮᠪᠦᠭᠡ ᠶᠢᠨ ᠠᠩᠭᠢ ᠶᠢ ᠵᠣᠬᠢᠶᠠᠨ ᠪᠠᠶᠢᠭᠤᠯᠤᠨ᠎ᠠ᠃ ︵ᠭᠤᠷᠪᠠ︶ ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢ ᠬᠦᠴᠦᠯᠡᠨ ᠥᠷᠨᠢᠭᠦᠯᠦᠨ᠎ᠡ 1. ᠠᠵᠢᠯ ᠮᠡᠷᠭᠡᠵᠢᠯ ᠤᠨ ᠬᠥᠯ ᠪᠥᠮᠪᠦᠭᠡ᠂ ᠨᠡᠶᠢᠭᠡᠮ ᠤᠨ ᠬᠥᠯ ᠪᠥᠮᠪᠦᠭᠡ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠲᠥᠪᠯᠡᠷᠡᠭᠦᠯᠦᠨ ᠪᠣᠯᠪᠠᠰᠤᠷᠠᠭᠤᠯᠬᠤ ᠬᠤᠸᠠᠷᠠᠨ᠂ ᠪᠣᠯᠪᠠᠰᠤᠷᠠᠭᠤᠯᠬᠤ ᠬᠤᠸᠠᠷᠠᠨ᠂ ᠵᠠᠯᠠᠭᠤᠴᠤᠳ ᠤᠨ ᠪᠣᠯᠪᠠᠰᠤᠷᠠᠯ ᠤᠨ ᠬᠤᠸᠠᠷᠠᠨ ᠵᠡᠷᠭᠡ ᠬᠡᠯᠪᠡᠷᠢ ᠪᠠᠷ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠤᠷᠤᠯᠳᠤᠭᠠᠨ ᠤ ᠬᠤᠯᠪᠣᠭᠠᠲᠤ ᠤᠷᠤᠯᠳᠤᠭᠠᠨ ᠤ ᠰᠢᠰᠲ᠋ᠧᠮᠵᠢ ᠳᠤ ᠲᠦᠰᠢᠭᠯᠡᠨ᠂ ᠬᠥᠯ ᠪᠥᠮᠪᠦᠭᠡ ᠶᠢᠨ ᠰᠢᠯᠢᠳᠡᠭ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ᠂ ᠢᠯᠡᠷᠡᠭᠦᠯᠬᠦ ᠪᠠ ᠰᠢᠯᠭᠠᠷᠠᠭᠤᠯᠤᠨ᠎ᠠ᠃ 2. ᠮᠠᠨ ᠤ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠪᠠᠷ ᠲᠦᠰᠢᠭ ᠪᠣᠯᠭᠠᠵᠤ᠂ ᠰᠤᠷᠭᠠᠭᠤᠯᠢ   ᠠᠴᠠ ᠲᠠᠨᠢᠯᠴᠠᠭᠤᠯᠬᠤ᠂ ᠤᠷᠤᠯᠳᠤᠭᠠᠨ ᠤ ᠰᠢᠯᠭᠠᠷᠠᠭᠤᠯᠤᠯᠲᠠ ᠬᠢᠬᠦ᠂ ᠰᠤᠷᠭᠠᠭᠴᠢ ᠠᠴᠠ ᠮᠠᠲ᠋ᠧᠷᠢᠶᠠᠯ ᠰᠣᠩᠭᠤᠬᠤ ᠵᠡᠷᠭᠡ ᠠᠷᠭ᠎ᠠ ᠵᠠᠮ ᠢᠶᠠᠷ ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠦᠭᠡ ᠶᠢᠨ ᠰᠣᠳᠣᠨ ᠪᠣᠯᠪᠠᠰᠤᠷᠠᠯ ‍ᠤᠨ‌ᠠᠩᠭᠢ ᠶᠢ ᠵᠣᠬᠢᠶᠠᠨ ᠪᠠᠶᠢᠭᠤᠯᠵᠤ᠂ 6 ᠨᠠᠰᠤᠨ   ᠠᠴᠠ 16 ᠨᠠᠰᠤᠨ ᠤ ᠬᠤᠭᠤᠷᠣᠨᠳᠣᠬᠢ ᠡᠯ᠎ᠡ ᠨᠠᠰᠤᠨ ᠤ ᠰᠢᠯᠢᠳᠡᠭ ᠲᠠᠮᠢᠷᠴᠢᠨ   ᠢ ᠪᠣᠯᠪᠠᠰᠤᠷᠠᠭᠤᠯᠬᠤ ᠠᠵᠢᠯ   ᠢ ᠬᠠᠷᠢᠭᠤᠴᠠᠬᠤ   ᠶᠢᠨ ᠬᠠᠮᠲᠤ ᠥᠨᠳᠥᠷ ᠬᠢᠷᠢ ᠲᠦᠪᠰᠢᠨ ᠲᠠᠢ ᠰᠤᠷᠭᠠᠭᠴᠢ ᠶᠢ ᠤᠷᠢᠵᠤ ᠵᠢᠯᠣᠭᠤᠳᠤᠨ ᠪᠣᠯᠪᠠᠰᠤᠷᠠᠭᠤᠯᠵᠤ᠂ ᠡᠩᠨᠡᠭᠡᠨ ᠤ ᠥᠷᠢᠰᠦᠯᠳᠦᠬᠦ ᠬᠦᠴᠦᠨ   ᠢ ᠳᠡᠭᠡᠭᠰᠢᠯᠡᠭᠦᠯᠵᠦ᠂ ᠨᠠᠩ ᠥᠨᠳᠥᠷ ᠬᠢᠷᠢ ᠲᠦᠪᠰᠢᠨ ᠲᠠᠢ ᠬᠥᠯ ᠪᠥᠮᠪᠦᠭᠡ   ᠶᠢᠨ ᠤᠷᠤᠯᠳᠤᠭᠠᠨ ᠳᠤ ᠣᠷᠣᠯᠴᠠᠭᠤᠯᠤᠨ᠎ᠠ᠃ 3. ᠬᠥᠯ ᠪᠥᠮᠪᠦᠭᠡ ᠶᠢᠨ ᠨᠡᠶᠢᠭᠡᠮᠯᠢᠭ ᠤᠨ ᠴᠢᠳᠠᠪᠤᠷᠢᠲᠠᠨ ᠤ ᠳᠠᠪᠠᠭᠤᠯᠢᠭ ᠢ ᠪᠠᠳᠠᠷᠠᠭᠤᠯᠵᠤ᠂ ᠰᠤᠷᠭᠠᠭᠤᠯᠢ ᠯᠤᠭ᠎ᠠ ᠬᠠᠮᠲᠤᠷᠠᠨ ᠣᠯᠠᠨ ᠵᠦᠢᠯ ᠤᠨ ᠬᠡᠯᠪᠡᠷᠢ ᠮᠠᠶ᠋ᠢᠭ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠵᠠᠯᠠᠭᠤᠴᠤᠳ ᠤᠨ ᠪᠣᠯᠪᠠᠰᠤᠷᠠᠭᠤᠯᠤᠯ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠭᠠᠳᠠᠨᠠᠬᠢ ᠨᠠᠷᠠᠲᠤ ᠬᠥᠯ ᠪᠥᠮᠪᠦᠭᠡ ᠶᠢᠨ ᠰᠤᠷᠭᠠᠭᠤᠯᠢ ︵ᠺᠯᠦ᠋ᠪ︶ ᠯᠤᠭ᠎ᠠ ᠬᠠᠷᠢᠯᠴᠠᠭ᠎ᠠ ᠪᠠᠶᠢᠭᠤᠯᠵᠤ᠂ ᠭᠠᠳᠠᠭᠰᠢ ᠭᠠᠷᠬᠤ᠂ ᠤᠷᠢᠵᠤ ᠠᠪᠴᠢᠷᠠᠬᠤ ᠠᠷᠭ᠎ᠠ ᠪᠣᠳᠣᠯᠭ᠎ᠠ ᠶᠢ ᠬᠡᠷᠡᠭᠵᠢᠭᠦᠯᠦᠨ᠂ ᠰᠣᠳᠣᠨ ᠴᠢᠳᠠᠪᠤᠷᠢᠲᠠᠨ ᠢ ᠬᠥᠮᠥᠵᠢᠭᠦᠯᠦᠨ᠎ᠡ᠃ ︵ᠳᠥᠷᠪᠡ︶ ᠤᠷᠤᠯᠳᠤᠭᠠᠨ ᠤ ᠲᠠᠪᠴᠠᠩ ᠢ ᠢᠳᠡᠪᠬᠢᠲᠡᠢ‌‍ᠪᠠᠶᠢᠭᠤᠯᠤᠨ᠎ᠠ1. ᠳᠤᠮᠳᠠᠳᠤ ᠪᠠᠭ᠎ᠠ ᠰᠤᠷᠭᠠᠭᠤᠯᠢ ᠶᠢᠨ ︽ᠰᠤᠷᠭᠠᠭᠤᠯᠢ ᠶᠢᠨ ᠵᠠᠬᠢᠷᠤᠯ ᠬᠤᠨᠳᠠᠭᠠᠲᠤ︾ ︽ᠬᠤᠰᠢᠭᠤ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠢ ᠡᠷᠭᠢᠯᠡᠬᠦ ᠶᠢ  ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠷᠢᠭᠤᠴᠠᠨ ᠵᠣᠬᠢᠶᠠᠨ ᠪᠠᠶᠢᠭᠤᠯᠤᠨ᠎ᠠ᠃ 2. ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ U ᠰᠢᠷᠢᠰ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢ ᠡᠷᠭᠢᠯᠡᠵᠦ᠂ ᠬᠤᠰᠢᠭᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠨ᠎ᠡ᠃  ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠳᠤᠮᠳᠠᠳᠤ ᠪᠠᠭ᠎ᠠ ᠰᠤᠷᠭᠠᠭᠤᠯᠢ ᠨᠤᠭᠤᠳ ᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠭᠤᠯᠤᠨ᠎ᠠ᠃ 3. ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠤᠨᠳᠠᠭᠠᠲᠤ︾ ᠠᠵᠢᠯᠲᠠᠨ ᠠᠵᠢᠯᠴᠢᠨ ᠤ ᠬᠥᠯ ᠪᠥᠮᠪᠦᠭᠡ ᠶᠢᠨ ᠤᠷᠤᠯᠳᠤᠭᠠᠨ ᠢ ᠡᠷᠭᠢᠯᠡᠬᠦ ᠳᠤ ᠬᠤᠰᠢᠭᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠠᠵᠢᠯ ᠤᠨ ᠬᠤᠷᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠠᠵᠢᠯᠴᠢᠨ ᠤ ᠶᠡᠷᠦᠩᠬᠡᠢ ᠡᠪᠯᠡᠯ᠂ ᠡᠷᠡᠭᠦᠯ ᠡᠩᠬᠡ ᠪᠠᠷᠠᠭᠤᠨ ᠦᠵᠦᠮᠦᠴᠢᠨ ᠠᠵᠢᠯᠯᠠᠭ᠎ᠠ ᠶᠢ ᠠᠬᠢᠭᠤᠯᠬᠤ ᠠᠯᠪᠠᠨ ᠭᠡᠷ ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ   ᠠᠴᠠ ᠭᠤᠣᠯᠯᠠᠨ ᠡᠷᠭᠢᠯᠡᠨ᠎ᠡ᠃ ᠬᠤᠰᠢᠭᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠠᠵᠢᠯᠯᠠᠬᠤ ᠬᠤᠷᠢᠶ᠎ᠠ᠂ ᠡᠯ᠎ᠡ ᠰᠤᠮᠤ ᠪᠠᠯᠭᠠᠰᠤ ᠪᠣᠯᠣᠨ ᠬᠤᠰᠢᠭᠤ ᠰᠢᠭᠤᠳ ᠬᠠᠷᠢᠶ᠎ᠠ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠠᠴᠠ ᠺᠠᠳ᠋ᠷ ᠠᠵᠢᠯᠲᠠᠨ ᠢᠶᠠᠨ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠬᠤ ᠶᠢ ᠬᠠᠷᠢᠭᠤᠴᠠᠨ᠎ᠠ᠃ 4. ︽ᠦᠵᠦᠮᠦᠴᠢᠨ ᠬᠤᠨᠳᠠᠭ᠎ᠠ︾ ᠰᠤᠮᠤ ᠪᠠᠯᠭᠠᠰᠤᠨ ᠤ ᠬᠥᠯ ᠪᠥᠮᠪᠦᠭᠡ ᠶᠢᠨ ᠤᠷᠤᠯᠳᠤᠭᠠᠨ ᠢ ᠡᠷᠭᠢᠯᠡᠬᠦ ᠳᠤ ᠬᠤᠰᠢᠭᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠡᠷᠡᠭᠦᠯ ᠡᠩᠬᠡ ᠪᠠᠷᠠᠭᠤᠨ ᠦᠵᠦᠮᠦᠴᠢᠨ ᠠᠵᠢᠯᠯᠠᠭ᠎ᠠ ᠶᠢ ᠠᠬᠢᠭᠤᠯᠬᠤ ᠠᠯᠪᠠᠨ ᠭᠡᠷ᠂ ᠬᠥᠯ ᠪᠥᠮᠪᠦᠭᠡ ᠶᠢᠨ ᠨᠡᠶᠢᠭᠡᠮᠯᠢᠭ ᠠᠴᠠ ᠭᠤᠣᠯᠯᠠᠨ ᠡᠷᠭᠢᠯᠡᠨ᠎ᠡ᠃ ᠡᠯ᠎ᠡ ᠰᠤᠮᠤ ᠪᠠᠯᠭᠠᠰᠤ ᠨᠢ ᠠᠩᠭᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠬᠤ ᠶᠢ ᠬᠠᠷᠢᠭᠤᠴᠠᠨ᠎ᠠ᠃ 5. ︽ᠬᠥᠳᠡᠯᠮᠦᠷᠢ ᠬᠤᠨᠳᠠᠭᠠᠲᠤ︾ ᠠᠵᠢᠯᠲᠠᠨ ᠠᠵᠢᠯᠴᠢᠨ ᠤ ᠬᠥᠯ ᠪᠥᠮᠪᠦᠭᠡ ᠶᠢᠨ ᠤᠷᠤᠯᠳᠤᠭᠠᠨ ᠢ ᠡᠷᠭᠢᠯᠡᠬᠦ ᠳᠤ ᠬᠤᠰᠢᠭᠤ ᠠᠵᠢᠯᠴᠢᠨ ᠤ ᠶᠡᠷᠦᠩᠬᠡᠢ ᠡᠪᠯᠡᠯ᠂ ᠡᠷᠡᠭᠦᠯ ᠡᠩᠬᠡ ᠶᠢᠨ ᠪᠠᠷᠠᠭᠤᠨ ᠦᠵᠦᠮᠦᠴᠢᠨ ᠤ ᠠᠵᠢᠯᠯᠠᠭ᠎ᠠ ᠶᠢ ᠠᠬᠢᠭᠤᠯᠬᠤ ᠠᠯᠪᠠᠨ ᠭᠡᠷ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠨ᠎ᠡ᠃ ᠬᠤᠰᠢᠭᠤ ᠠᠵᠢᠯᠴᠢᠨ ᠤ ᠶᠡᠷᠦᠩᠬᠡᠢ ᠡᠪᠯᠡᠯ᠂ ᠡᠯ᠎ᠡ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠬᠤ ᠶᠢ ᠬᠠᠷᠢᠭᠤᠴᠠᠨ᠎ᠠ᠃ 6. ︽ᠡᠶ᠎ᠡ ᠵᠣᠬᠢᠴᠠᠯᠳᠤ ᠬᠤᠨᠳᠠᠭᠠᠲᠤ︾ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢᠨ ᠤᠷᠤᠯᠳᠤᠭᠠᠨ ᠢ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠡᠩᠬᠡ ᠪᠠᠷᠠᠭᠤᠨ ᠦᠵᠦᠮᠦᠴᠢᠨ ᠤ ᠠᠵᠢᠯᠯᠠᠭ᠎ᠠ ᠶᠢ ᠠᠬᠢᠭᠤᠯᠬᠤ ᠠᠯᠪᠠᠨ ᠭᠡᠷ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠨ᠎ᠡ᠃ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠡᠯ᠎ᠡ ᠨᠡᠶᠢᠭᠡᠮ ᠲᠣᠭᠤᠷᠢᠭ ᠤᠨ ᠳᠤᠭᠤᠶᠢᠯᠠᠩ ᠪᠠᠶᠢᠭᠤᠯᠵᠤ ᠤᠷᠤᠯᠳᠤᠭᠠᠨ ᠳᠤ ᠣᠷᠣᠯᠴᠠᠬᠤ ᠶᠢ ᠬᠠᠷᠢᠭᠤᠴᠠᠨ᠎ᠠ᠃ 7. ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠨᠳᠠᠭᠠᠲᠤ︾ ᠭᠠᠴᠠᠭᠠᠨ ᠤ ᠬᠥᠯ ᠪᠥᠮᠪᠦᠭᠡ ᠶᠢᠨ ᠤᠷᠤᠯᠳᠤᠭᠠᠨ ᠢ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠷᠡᠭᠦᠯ ᠡᠩᠬᠡ ᠪᠠᠷᠠᠭᠤᠨ ᠦᠵᠦᠮᠦᠴᠢᠨ ᠤ ᠠᠵᠢᠯᠯᠠᠭ᠎ᠠ ᠶᠢ ᠠᠬᠢᠭᠤᠯᠬᠤ ᠠᠯᠪᠠᠨ ᠭᠡᠷ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠨ᠎ᠡ᠃ ᠡᠯ᠎ᠡ ᠰᠤᠮᠤ ᠪᠠᠯᠭᠠᠰᠤ ᠨᠢ ᠡᠯ᠎ᠡ ᠭᠠᠴᠠᠭ᠎ᠠ ᠶᠢ ᠵᠣᠬᠢᠶᠠᠨ ᠪᠠᠶᠢᠭᠤᠯᠤᠨ ᠤᠷᠤᠯᠳᠤᠭᠠᠨ ᠳᠤ ᠣᠷᠣᠯᠴᠠᠭᠤᠯᠬᠤ ᠶᠢ ᠬᠠᠷᠢᠭᠤᠴᠠᠨ᠎ᠠ᠃ 8. ︽ᠦᠵᠦᠮᠦᠴᠢᠨ ᠬᠤᠨᠳᠠᠭᠠᠲᠤ︾ ᠵᠠᠯᠠᠭᠤᠴᠤᠳ ᠤᠨ ᠴᠠᠰᠤᠲᠤ ᠭᠠᠵᠠᠷ ᠤᠨ ᠬᠥᠯ ᠪᠥᠮᠪᠦᠭᠡ ᠶᠢᠨ ᠤᠷᠤᠯᠳᠤᠭᠠᠨ ᠢ ᠬᠤᠰᠢᠭᠤ ᠡᠪᠯᠡᠯ ᠤᠨ ᠬᠤᠷᠢᠶ᠎ᠠ᠂ ᠡᠷᠡᠭᠦᠯ ᠡᠩᠬᠡ ᠪᠠᠷᠠᠭᠤᠨ ᠦᠵᠦᠮᠦᠴᠢᠨ ᠠᠵᠢᠯᠯᠠᠭ᠎ᠠ ᠶᠢ ᠠᠬᠢᠭᠤᠯᠬᠤ ᠠᠯᠪᠠᠨ ᠭᠡᠷ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠨ᠎ᠡ᠃ ᠬᠤᠰᠢᠭᠤ ᠡᠪᠯᠡᠯ ᠤᠨ ᠬᠤᠷᠢᠶ᠎ᠠ ᠵᠠᠯᠠᠭᠤᠴᠤᠳ ᠤᠨ ᠬᠥᠯ ᠪᠥᠮᠪᠥᠭᠡᠨ ᠳᠤ ᠪᠠᠭ᠋ᠠᠲᠠᠢ ᠬᠥᠮᠥᠰ ᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠭᠤᠯᠤᠨ᠎ᠠ᠃ 9. ︽ᠺᠯᠦ᠋ᠪ ᠤᠨ ᠬᠤᠨᠳᠠᠭᠠᠲᠤ︾ ᠬᠥᠯ ᠪᠥᠮᠪᠦᠭᠡ ᠶᠢᠨ ᠤᠷᠤᠯᠳᠤᠭᠠᠨ ᠢ ᠬᠤᠰᠢᠭᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠥᠯ ᠪᠥᠮᠪᠦᠭᠡ ᠶᠢᠨ ᠨᠡᠶᠢᠭᠡᠮᠯᠢᠭ ᠠᠴᠠ ᠭᠤᠣᠯᠯᠠᠨ ᠡᠷᠭᠢᠯᠡᠨ᠎ᠡ᠃  ᠬᠤᠰᠢᠭᠤ ᠬᠥᠯ ᠪᠥᠮᠪᠦᠭᠡ ᠶᠢᠨ ᠨᠡᠶᠢᠭᠡᠮᠯᠢᠭ ᠨᠢ ᠡᠯ᠎ᠡ ᠠᠵᠢᠯ ᠤᠨ ᠴᠢᠯᠦᠭᠡᠨ ᠤ ᠬᠥᠯ ᠪᠥᠮᠪᠦᠭᠡ ᠶᠢᠨ ᠺᠯᠦ᠋ᠪ ᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠬᠤ ᠶᠢ ᠬᠠᠷᠢᠭᠤᠴᠠᠨ᠎ᠠ᠃ 10. ︽ᠠᠬᠠᠮᠠᠳ ᠵᠢᠳᠬᠦᠯᠲᠡᠨ ᠬᠤᠨᠳᠠᠭᠠᠲᠤ︾ ᠬᠥᠯ ᠪᠥᠮᠪᠦᠭᠡ ᠶᠢᠨ ᠤᠷᠤᠯᠳᠤᠭᠠᠨ ᠢ ᠬᠥᠯ ᠪᠥᠮᠪᠦᠭᠡ ᠶᠢᠨ ᠨᠡᠶᠢᠭᠡᠮᠯᠢᠭ ᠠᠴᠠ ᠭᠤᠣᠯᠯᠠᠨ ᠡᠷᠭᠢᠯᠡᠨ᠎ᠡ᠃  ᠬᠤᠰᠢᠭᠤ ᠬᠥᠯ ᠪᠥᠮᠪᠦᠭᠡ ᠶᠢᠨ ᠨᠡᠶᠢᠭᠡᠮᠯᠢᠭ ᠨᠢ 35 ᠨᠠᠰᠤᠨ   ᠠᠴᠠ ᠳᠡᠭᠡᠭᠰᠢᠬᠢ ᠬᠥᠯ ᠪᠥᠮᠪᠦᠭᠡ ᠳᠤ ᠪᠠᠭ᠋ᠠᠲᠠᠢ ᠬᠥᠮᠥᠰ ᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠭᠤᠯᠬᠤ ᠶᠢ ᠬᠠᠷᠢᠭᠤᠴᠠᠨ᠎ᠠ᠃ 11᠂ ᠪᠣᠳᠠᠲᠠᠢ ᠲᠠᠢ ᠪᠠᠨ ᠤᠶᠠᠯᠳᠤᠭᠤᠯᠤᠨ ᠪᠤᠰᠤᠳ ᠬᠤᠰᠢᠭᠤ ᠲᠠᠰ ᠤᠨ ᠡᠯ᠎ᠡ ᠲᠥᠷᠥᠯ ᠤᠨ ᠬᠥᠯ ᠪᠥᠮᠪᠦᠭᠡ ᠶᠢᠨ ᠤᠷᠤᠯᠳᠤᠭᠠᠨ ᠢ ᠢᠳᠡᠪᠬᠢᠲᠡᠢ ᠡᠷᠭᠢᠯᠡᠨ᠎ᠡ᠃ 12. ᠬᠥᠯ ᠪᠥᠮᠪᠦᠭᠡ ᠶᠢᠨ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠤᠷᠢᠵᠤ ᠣᠷᠣᠭᠤᠯᠬᠤ ᠪᠠ ᠭᠠᠳᠠᠭᠰᠢ ᠭᠠᠷᠭᠠᠵᠤ᠂ ᠪᠥᠬᠦ ᠤᠯᠤᠰ᠂ ᠪᠥᠬᠦ ᠣᠷᠣᠨ᠂ ᠪᠥᠬᠦ ᠠᠶᠢᠮᠠᠭ ᠤᠨ ᠬᠡᠪᠴᠢᠶᠡᠨ ᠳᠤ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠥᠷᠨᠢᠭᠦᠯᠬᠦ ᠶᠢᠨ ᠬᠠᠮᠲᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠡᠷᠭᠢᠯᠡᠭᠰᠡᠨ ᠡᠯ᠎ᠡ ᠲᠥᠷᠥᠯ ᠤᠨ ᠤᠷᠤᠯᠳᠤᠭᠠᠨ ᠵᠢᠴᠢ ᠠᠵᠢᠯᠯᠠᠭ᠎ᠠ ᠳᠤ ᠢᠳᠡᠪᠬᠢᠲᠡᠢ ᠣᠷᠣᠯᠴᠠᠨ᠎ᠠ᠃ ︵ᠲᠠᠪᠤ︶ ᠬᠥᠯ ᠪᠥᠮᠪᠦᠭᠡ ᠶᠢᠨ ᠬᠥᠮᠥᠨ ᠠᠮᠠ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ 1. ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠳᠠᠩᠰᠠᠯᠠᠯᠲᠠ᠃ ︽ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠲᠠᠮᠢᠷᠴᠢᠳ ᠢ ᠳᠡᠩᠰᠡᠯᠡᠵᠦ ᠡᠪᠯᠡᠯ ᠰᠢᠯᠵᠢᠭᠦᠯᠬᠦ ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠨ᠂ 2025 ᠣᠨ ᠪᠣᠯᠬᠤ ᠳᠤ  300 ᠬᠥᠮᠥᠨ ᠢ ᠳᠡᠩᠰᠡᠯᠡᠵᠦ ᠳᠠᠭᠤᠰᠬᠠᠨ᠎ᠠ᠃ 2. ᠨᠡᠶᠢᠭᠡᠮ ᠤᠨ ᠪᠥᠮᠪᠥᠭᠡᠴᠢᠨ ᠢ ᠳᠠᠩᠰᠠᠯᠠᠭᠤᠯᠤᠨ᠎ᠠ᠃ ᠨᠡᠶᠢᠭᠡᠮ ᠤᠨ ᠪᠥᠮᠪᠥᠭᠡᠴᠢᠨ ᠳᠤ ᠲᠥᠷᠥᠯ ᠬᠤᠪᠢᠶᠠᠨ ᠳᠠᠩᠰᠠᠯᠠᠭᠤᠯᠬᠤ᠂ ᠲᠥᠷᠥᠯ ᠬᠤᠪᠢᠶᠠᠨ ᠤᠷᠤᠯᠳᠤᠭᠠᠨ ᠳᠤ ᠣᠷᠣᠯᠴᠠᠬᠤ ᠳᠦᠷᠢᠮ ᠢ ᠬᠡᠷᠡᠭᠵᠢᠭᠦᠯᠵᠦ᠂ 2025 ᠣᠨ ᠪᠣᠯᠬᠤ ᠳᠤ 500 ᠬᠥᠮᠥᠨ ᠳᠠᠩᠰᠠᠯᠠᠭᠤᠯᠬᠤ ᠶᠢ ᠪᠡᠶᠡᠯᠡᠭᠦᠯᠦᠨ᠎ᠡ᠃ 3. ᠨᠡᠶᠢᠭᠡᠮ ᠤᠨ ᠬᠥᠯ ᠪᠥᠮᠪᠦᠭᠡ ᠶᠢᠨ ᠵᠢᠭᠠᠨ ᠵᠢᠯᠣᠭᠤᠳᠤᠭᠴᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠵᠢᠯ ᠪᠦᠷᠢ ᠭᠤᠷᠪᠠᠨ ᠱᠠᠲᠤᠨ ᠤ ᠨᠡᠶᠢᠭᠡᠮ ᠤᠨ ᠬᠥᠯ ᠪᠥᠮᠪᠦᠭᠡ ᠶᠢᠨ ᠵᠢᠭᠠᠨ ᠵᠢᠯᠣᠭᠤᠳᠤᠭᠴᠢ ᠶᠢᠨ ᠪᠣᠯᠪᠠᠰᠤᠷᠠᠭᠤᠯᠤᠯ ᠢ ᠡᠷᠭᠢᠯᠡᠵᠦ᠂ ᠡᠯ᠎ᠡ ᠠᠵᠢᠯ ᠲᠥᠷᠥᠯ ᠵᠢᠴᠢ ᠰᠤᠮᠤ ᠪᠠᠯᠭᠠᠰᠤ᠂ ᠨᠡᠶᠢᠭᠡᠮ ᠲᠣᠭᠤᠷᠢᠭ ᠲᠤ ᠬᠥᠯ ᠪᠥᠮᠪᠦᠭᠡ ᠶᠢᠨ ᠵᠢᠭᠠᠨ ᠵᠢᠯᠣᠭᠤᠳᠤᠭᠴᠢ ᠶᠢᠨ ᠵᠢᠯᠣᠭᠤᠳᠤᠯᠭ᠎ᠠ ᠬᠠᠩᠭᠠᠨ᠎ᠠ᠃ 4. ᠬᠥᠯ ᠪᠥᠮᠪᠦᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠪᠣᠶᠢᠵᠢᠭᠤᠯᠵᠤ᠂ ᠨᠢᠭᠡ ᠪᠦᠯᠦᠭ ᠮᠣᠷᠠᠯ ᠴᠢᠳᠠᠪᠤᠷᠢ ᠬᠤᠣᠰᠯᠠᠭᠰᠠᠨ᠂ ᠣᠯᠠᠨ ᠲᠦᠮᠡᠨ ᠳᠤ ᠬᠠᠯᠠᠭᠤᠨ ᠢᠶᠠᠷ ᠦᠢᠯᠡᠴᠢᠯᠡᠬᠦ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠨ ᠴᠤᠭᠯᠠᠭᠤᠯᠵᠤ᠂ ᠲᠡᠳᠡᠨ ᠤ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠪᠡᠯᠡᠳᠬᠡᠮᠵᠢ ᠳᠤ ᠬᠢᠨᠠᠯᠲᠠ ᠲᠠᠯᠪᠢᠵᠤ ᠬᠠᠮᠠᠭᠠᠯᠠᠬᠤ ᠳᠤ ᠣᠷᠣᠯᠴᠠᠬᠤ ᠶᠢ ᠵᠣᠷᠢᠭᠵᠢᠭᠤᠯᠤᠨ᠂ ᠡᠯ᠎ᠡ ᠲᠥᠷᠥᠯ ᠤᠨ ᠬᠥᠯ ᠪᠥᠮᠪᠦᠭᠡ ᠶᠢᠨ ᠤᠷᠤᠯᠳᠤᠭᠠᠨ ᠳᠤ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠨ᠎ᠠ᠃ 5. ᠪᠥᠮᠪᠥᠭᠡᠨ ᠬᠤᠷᠤᠬᠠᠢᠢᠲᠠᠨ ᠤ ᠡᠷᠡᠭᠦᠯ ᠴᠢᠭᠢᠷᠠᠭ᠂ ᠪᠠᠶᠠᠷ ᠬᠥᠷ ᠲᠠᠢ ᠬᠥᠳᠡᠯᠭᠡᠭᠡᠨ ᠤ ᠵᠣᠷᠢᠭ ᠰᠠᠨᠠᠭ᠎ᠠ ᠶᠢ ᠳᠠᠮᠵᠢᠭᠤᠯᠬᠤ ᠶᠢ ᠬᠥᠭᠵᠢᠭᠦᠯᠵᠦ᠂ ᠬᠥᠯ ᠪᠥᠮᠪᠦᠭᠡ ᠶᠢᠨ ᠬᠥᠳᠡᠯᠭᠡᠭᠡᠨ ᠢ ᠨᠢᠭᠡ ᠵᠦᠢᠯ ᠤᠨ ᠵᠤᠭ᠎ᠠ ᠴᠡᠩᠭᠡᠯ᠂ ᠨᠢᠭᠡ ᠵᠦᠢᠯ ᠤᠨ ᠠᠮᠢᠳᠤᠷᠠᠯ ᠤᠨ ᠠᠷᠭ᠎ᠠ ᠮᠠᠶ᠋ᠢᠭ ᠪᠣᠯᠭᠠᠨ᠎ᠠ᠃ᠳᠦᠷᠪᠡ᠂ ᠪᠠᠳᠤᠯᠠᠭ᠎ᠠ ᠶᠢᠨ ᠠᠷᠭ᠎ᠠ ᠬᠡᠮᠵᠢᠶ᠎ᠡ ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠬᠥᠯ ᠪᠥᠮᠪᠦᠭᠡ ᠶᠢᠨ ᠬᠥᠭᠵᠢᠯᠲᠡ ᠶᠢᠨ ᠬᠠᠮᠢᠶ᠎ᠠ ᠪᠦᠬᠦᠢ ᠭᠤᠣᠯᠳᠠᠯᠭ᠎ᠠ ᠲᠠᠢ ᠠᠵᠢᠯ ᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠡᠯ᠎ᠡ ᠪᠦᠷᠢᠯᠳᠦᠭᠦᠨ ᠨᠢᠭᠡᠴᠡ ᠨᠦᠭᠦᠳ ᠬᠠᠮᠢᠶ᠎ᠠ ᠪᠦᠬᠦᠢ ᠡᠭᠦᠷᠭᠡ ᠶᠢ ᠠᠵᠢᠯ ᠤᠨ ᠲᠥᠯᠥᠪᠯᠡᠭᠡ ᠳᠡᠭᠡᠨ ᠣᠷᠣᠭᠤᠯᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠬᠠᠷᠢᠯᠴᠠᠨ ᠬᠠᠮᠵᠢᠯᠴᠠᠵᠤ᠂ ᠨᠢᠭᠲᠠ ᠬᠠᠮᠲᠤᠷᠠᠨ ᠠᠵᠢᠯᠯᠠᠵᠤ᠂ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠠᠮᠲᠤᠪᠠᠷ ᠠᠬᠢᠭᠤᠯᠤᠨ᠎ᠠ᠃ ︵ᠬᠤᠶᠠᠷ︶ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃ ᠬᠤᠰᠢᠭᠤ ᠬᠥᠯ ᠪᠥᠮᠪᠦᠭᠡ ᠶᠢᠨ ᠨᠡᠶᠢᠭᠡᠮᠯᠢᠭ ᠢ ᠪᠠᠶᠢᠭᠤᠯᠬᠤ ᠳᠤ᠂ ᠵᠠᠷᠴᠢᠮ ᠳᠡᠭᠡᠷ᠎ᠡ ᠪᠠᠨ ᠭᠠᠵᠠᠷ ᠤᠨ ᠲᠠᠰ ᠤᠨ ᠠᠵᠢᠯ   ᠠᠴᠠ ᠪᠠᠨ ᠠᠮᠠᠷᠠᠭᠰᠠᠨ ᠤᠳᠤᠷᠢᠳᠤᠯᠭ᠎ᠠ ᠨᠡᠶᠢᠭᠡᠮᠯᠢᠭ ᠤᠨ ᠲᠡᠷᠢᠭᠦᠯᠡᠭᠴᠢ ᠪᠤᠶᠤ ᠨᠡᠷ᠎ᠡ ᠬᠦᠨᠳᠦᠲᠦ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠨ᠎ᠡ᠃ ᠡᠯ᠎ᠡ ᠰᠤᠮᠤ ᠪᠠᠯᠭᠠᠰᠤ ᠬᠥᠯ ᠪᠥᠮᠪᠦᠭᠡ ᠶᠢᠨ ᠨᠡᠶᠢᠭᠡᠮᠯᠢᠭ ᠤᠨ ᠬᠤᠪᠢᠶᠠᠷᠢ ᠨᠡᠶᠢᠭᠡᠮᠯᠢᠭ ᠢ ᠵᠣᠬᠢᠶᠠᠨ ᠪᠠᠶᠢᠭᠤᠯᠵᠤ᠂ ᠡᠯ᠎ᠡ ᠭᠠᠴᠠᠭ᠎ᠠ᠂ ᠨᠡᠶᠢᠭᠡᠮ ᠲᠣᠭᠤᠷᠢᠭ ᠲᠤ ᠬᠥᠯ ᠪᠥᠮᠪᠦᠭᠡ ᠶᠢᠨ ᠨᠡᠶᠢᠭᠡᠮᠯᠢᠭ ᠤᠨ ᠳᠤᠭᠤᠶᠢᠯᠠᠩ ᠢ ᠪᠠᠶᠢᠭᠤᠯᠤᠨ᠎ᠠ᠃ ︵ᠭᠤᠷᠪᠠ︶ ᠴᠢᠳᠠᠪᠤᠷᠢᠲᠠᠨ ᠢ ᠬᠥᠮᠥᠵᠢᠭᠦᠯᠬᠦ ᠶᠢ ᠰᠠᠶᠢᠲᠤᠷ ᠠᠳᠬᠤᠨ᠎ᠠ᠃ ᠬᠥᠯ ᠪᠥᠮᠪᠦᠭᠡ ᠶᠢᠨ ᠰᠤᠷᠭᠠᠭᠴᠢ᠂ ᠬᠥᠯ ᠪᠥᠮᠪᠦᠭᠡ ᠶᠢᠨ ᠬᠢᠨᠠᠭᠴᠢ ᠶᠢᠨ ᠪᠣᠯᠪᠠᠰᠤᠷᠠᠯ ᠤᠨ ᠠᠩᠭᠢ ᠶᠢ ᠡᠷᠭᠢᠯᠡᠬᠦ ᠪᠠ ᠲᠡᠭᠦᠨ ᠳᠤ ᠣᠷᠣᠯᠴᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠢᠳᠡᠭ ᠵᠠᠯᠠᠭᠤ ᠬᠥᠯ ᠪᠥᠮᠪᠦᠭᠡ ᠶᠢᠨ ᠰᠤᠷᠭᠠᠭᠴᠢ᠂ ᠬᠢᠨᠠᠭᠴᠢ ᠶᠢ ᠰᠣᠩᠭᠤᠨ ᠲᠣᠮᠢᠯᠠᠵᠤ ᠬᠥᠯ ᠪᠥᠮᠪᠦᠭᠡ ᠬᠥᠭᠵᠢᠭᠰᠡᠨ ᠭᠠᠵᠠᠷ ᠣᠷᠣᠨ ᠳᠤ ᠰᠤᠷᠤᠯᠴᠠᠭᠤᠯᠤᠨ ᠪᠣᠯᠪᠠᠰᠤᠷᠠᠭᠤᠯᠵᠤ᠂ ᠵᠢᠭᠠᠨ ᠰᠤᠷᠭᠠᠬᠤ ᠴᠢᠳᠠᠪᠤᠷᠢ ᠪᠠ ᠬᠢᠨᠠᠨ ᠲᠠᠰᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠮᠠᠨ ᠤ ᠬᠤᠰᠢᠭᠤᠨ ᠤ ᠬᠥᠯ ᠪᠥᠮᠪᠦᠭᠡ ᠶᠢᠨ ᠰᠤᠷᠭᠠᠭᠴᠢ᠂ ᠬᠢᠨᠠᠭᠴᠢ ᠶᠢᠨ ᠡᠩᠨᠡᠭᠡ ᠶᠢᠨ ᠶᠡᠷᠦᠩᠬᠡᠢ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠳᠥᠷᠪᠡ︶ ᠲᠥᠷᠥ ᠶᠢᠨ ᠪᠣᠳᠣᠯᠭ᠎ᠠ ᠶᠢᠨ ᠲᠡᠳᠬᠦᠮᠵᠢ ᠶᠢ ᠨᠡᠮᠡᠭᠳᠡᠭᠦᠯᠦᠨ᠎ᠡ᠃ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠤᠰᠢᠭᠤ ᠡᠳ᠋ ᠤᠨ ᠵᠠᠰᠠᠭ ᠠᠴᠠ ᠵᠢᠯ ᠪᠦᠷᠢ ᠬᠤᠰᠢᠭᠤ ᠬᠥᠯ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠳᠤ 100 ᠲᠦᠮᠡᠨ ᠲᠥᠭᠦᠷᠢᠭ ᠠᠴᠠ ᠳᠤᠲᠠᠭᠤ ᠦᠭᠡᠢ ᠬᠥᠯ ᠪᠥᠮᠪᠦᠭᠡ ᠶᠢᠨ ᠲᠤᠰᠬᠠᠢ ᠵᠦᠢᠯ ᠤᠨ ᠵᠠᠷᠤᠳᠠᠯ ᠢ ᠭᠠᠷᠭᠠᠨ ᠥᠭᠴᠦ᠂ ᠮᠠᠨ ᠤ ᠬᠤᠰᠢᠭᠤᠨ ᠤ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠤᠨ ᠡᠭᠦᠷᠭᠡ ᠪᠠ ᠬᠤᠶᠢᠰᠢᠳᠠ ᠶᠢᠨ ᠪᠥᠬᠦ ᠬᠤᠰᠢᠭᠤᠨ ᠤ ᠬᠥᠯ ᠪᠥᠮᠪᠦᠭᠡ ᠶᠢᠨ ᠠᠵᠢᠯ ᠤᠨ ᠬᠡᠪ ᠤᠨ ᠥᠷᠨᠢᠯᠲᠡ ᠶᠢ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ᠂ ᠨᠡᠶᠢᠭᠡᠮ ᠤᠨ ᠬᠥᠯ ᠪᠥᠮᠪᠦᠭᠡ᠂ ᠤᠷᠤᠯᠳᠤᠭᠠᠨ ᠤ ᠬᠥᠯ ᠪᠥᠮᠪᠦᠭᠡ᠂ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠵᠡᠷᠭᠡ ᠳᠤ ᠭᠤᠣᠯᠳᠠᠯᠭ᠎ᠠ ᠲᠠᠢ ᠬᠡᠷᠡᠭᠯᠡᠨ᠎ᠡ᠃ ᠨᠡᠶᠢᠭᠡᠮ ᠤᠨ ᠬᠦᠴᠦᠨ ᠢ ᠥᠷᠭᠡᠨ ᠢᠶᠠᠷ ᠲᠠᠲᠠᠵᠤ ᠬᠥᠯ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠶᠢ ᠳᠡᠮᠵᠢᠭᠦᠯᠦᠨ᠎ᠡ᠃ ︵ᠲᠠᠪᠤ︶ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠶᠡᠷᠦᠩᠬᠡᠶᠢᠯᠡᠨ ᠦᠨᠡᠯᠡᠬᠦ ᠠᠵᠢᠯ ᠢ ᠰᠠᠶᠢᠲᠤᠷ ᠬᠢᠨ᠎ᠡ᠃ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠳᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠵᠦ᠂ ᠦᠨᠡᠯᠡᠨ ᠵᠢᠱᠢᠬᠦ ᠠᠭᠤᠯᠭ᠎ᠠ ᠳᠤ ᠲᠥᠯᠦᠪᠵᠢᠭᠦᠯᠭᠡ ᠳᠤ ᠣᠷᠣᠭᠤᠯᠬᠤ᠂ ᠵᠠᠷᠤᠳᠠᠯ ᠢ ᠭᠠᠷᠭᠠᠬᠤ᠂ ᠲᠠᠯᠠᠪᠤᠷ ᠭᠠᠵᠠᠷ ᠢ ᠪᠦᠲᠦᠭᠡᠨ ᠪᠠᠶᠢᠭᠤᠯᠬᠤ ᠵᠡᠷᠭᠡ ᠶᠢ ᠪᠠᠭᠲᠠᠭᠠᠵᠤ᠂ ᠦᠨᠡᠯᠡᠨ ᠵᠢᠱᠢᠭᠰᠡᠨ ᠦᠷ᠎ᠡ ᠳ᠋ᠦᠩ ᠢ ᠴᠠᠭ ᠲᠤᠬᠠᠢ ᠳᠤᠨᠢ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ︵ᠵᠢᠷᠭᠤᠭ᠎ᠠ︶ ᠲᠠᠯᠠᠪᠤᠷ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠣᠯᠠᠨ ᠨᠡᠶᠢᠲᠡ ᠶᠢᠨ ᠬᠥᠯ ᠪᠥᠮᠪᠦᠭᠡ ᠶᠢᠨ ᠲᠠᠯᠠᠪᠤᠷ ᠣᠷᠳᠣᠨ ᠢ ᠬᠢᠮᠳᠠ ᠦᠨ᠎ᠡ ᠪᠠᠷ ᠪᠤᠶᠤ ᠰᠦᠢᠳᠬᠡᠯ ᠬᠤᠷᠢᠶᠠᠬᠤ ᠦᠭᠡᠢ ᠪᠠᠷ ᠨᠡᠶᠢᠭᠡᠮ ᠳ᠋ᠦ‌ᠬᠠᠩᠭᠠᠨ᠎ᠠ᠃ ᠰᠤᠷᠭᠠᠭᠤᠯᠢ ᠶᠢᠨ ᠬᠥᠯ ᠪᠥᠮᠪᠦᠭᠡ ᠶᠢᠨ ᠲᠠᠯᠠᠪᠠᠶ ᠣᠷᠳᠣᠨ ᠤ ᠬᠡᠷᠡᠭᠴᠡᠭᠡ ᠶᠢ ᠬᠠᠮᠤᠭ ᠤᠨ ᠶᠡᠭᠡ ᠪᠣᠯᠭᠠᠵᠤ᠂ ᠡᠯ᠎ᠡ ᠰᠤᠷᠭᠠᠭᠤᠯᠢ ᠨᠤᠭᠤᠳ ᠠᠮᠠᠷᠠᠯᠲᠠ ᠶᠢᠨ ᠬᠤᠭᠤᠴᠠᠭ᠎ᠠ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠠᠵᠢᠯ ᠤᠨ ᠴᠢᠯᠦᠭᠡᠨ ᠤ ᠴᠠᠭ ᠤᠨ ᠬᠥᠯ ᠪᠥᠮᠪᠦᠭᠡ ᠶᠢᠨ ᠲᠠᠯᠠᠪᠠᠶ ᠣᠷᠳᠣᠨ ᠤ ᠭᠠᠳᠠᠭᠰᠢ ᠨᠡᠭᠡᠭᠡᠯᠲᠡ ᠬᠢᠬᠦ ᠶᠢ ᠪᠠᠲᠤᠯᠠᠬᠤ ᠬᠡᠷᠡᠭᠲᠡᠢ᠃ ᠨᠡᠶᠢᠭᠡᠮ ᠤᠨ ᠬᠥᠷᠥᠩᠭᠡ ᠶᠢᠨ ᠣᠯᠠᠨ ᠨᠡᠶᠢᠲᠡ ᠶᠢᠨ ᠬᠥᠯ ᠪᠥᠮᠪᠦᠭᠡ ᠶᠢᠨ ᠲᠠᠯᠠᠪᠤᠷ ᠭᠠᠵᠠᠷ ᠢ ᠥᠭᠡᠷᠡᠴᠢᠯᠡᠨ ᠪᠠᠶᠢᠭᠤᠯᠵᠤ ᠰᠢᠨ᠎ᠡ ᠪᠠᠷ ᠬᠥᠯ ᠪᠦᠮᠪᠦᠭᠡ ᠶᠢᠨ  ᠲᠠᠯᠠᠪᠠᠢ ᠪᠠᠶᠢᠭᠤᠯᠬᠤ ᠶᠢ ᠵᠤᠷᠢᠭᠵᠢᠭᠤᠯᠤᠨ᠎ᠠ ︵ᠳᠣᠯᠤᠭ᠎ᠠ︶ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠵᠢᠴᠢ ᠲᠡᠭᠦᠨ ᠠᠴᠠ ᠳᠡᠭᠡᠭᠰᠢᠬᠢ ᠤᠷᠤᠯᠳᠤᠭᠠᠨ ᠳᠤ ᠱᠠᠩᠨᠠᠯ ᠣᠯᠣᠭᠰᠠᠨ ᠪᠥᠮᠪᠥᠭᠡᠨ ᠠᠩᠭᠢ ᠶᠢᠨ ᠨᠢᠭᠡᠴᠢ᠂ ᠳᠠᠰᠬᠠᠯᠵᠢᠭᠤᠯᠤᠭᠴᠢ ᠶᠢᠨ ᠪᠦᠯᠬᠦᠮ᠂ ᠬᠢᠨᠠᠭᠴᠢ ᠵᠢᠴᠢ ᠬᠠᠮᠢᠶ᠎ᠠ ᠪᠦᠬᠦᠢ ᠬᠥᠮᠥᠰ ᠢ ᠵᠣᠬᠢᠬᠤ ᠬᠡᠮᠵᠢᠶ᠎ᠡ ᠪᠠᠷ ᠱᠠᠩᠨᠠᠨ᠎ᠠ ︵ᠨᠠᠢᠮᠠ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠰᠢᠨ᠎ᠡ ᠵᠠᠭᠤᠴᠢᠯᠠᠭᠤᠷ ᠰᠢᠨ᠎ᠡ ᠮᠡᠷᠭᠡᠵᠢᠯ ᠢ ᠥᠷᠭᠡᠨ ᠢᠶᠠᠷ ᠠᠰᠢᠭᠯᠠᠵᠤ᠂ ᠮᠠᠨ ᠤ ᠬᠤᠰᠢᠭᠤᠨ ᠤ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠢ ᠪᠣᠰᠤᠭ᠎ᠠ ᠴᠣᠭᠴᠠᠲᠤ᠂ ᠪᠥᠬᠦ ᠲᠠᠯ᠎ᠠ ᠪᠠᠷ᠂ ᠣᠯᠠᠨ ᠬᠠᠷᠠᠭᠠᠰᠤ ᠠᠴᠠ ᠤᠬᠠᠭᠤᠯᠤᠨ ᠮᠡᠳᠡᠭᠡᠯᠡᠵᠦ᠂ ᠬᠥᠯ ᠪᠥᠮᠪᠦᠭᠡ ᠶᠢᠨ ᠬᠥᠳᠡᠯᠭᠡᠭᠡᠨ ᠤ ᠮᠡᠳᠡᠯᠭᠡ ᠶᠢ ᠤᠯᠠᠮᠵᠢᠯᠠᠨ᠂ ᠡᠷᠡᠭᠦᠯ ᠴᠢᠭᠢᠷᠠᠭ ᠬᠥᠯ ᠪᠥᠮᠪᠦᠭᠡ ᠶᠢᠨ ᠰᠣᠶᠣᠯ ᠢ ᠤᠬᠠᠭᠤᠯᠵᠤ᠂ ᠣᠯᠠᠨ ᠨᠡᠶᠢᠲᠡ ᠶᠢᠨ ᠬᠥᠯ ᠪᠥᠮᠪᠦᠭᠡ ᠶᠢᠨ ᠳᠤᠷ᠎ᠠ ᠰᠣᠨᠢᠷᠬᠠᠯ ᠢ ᠬᠥᠮᠥᠵᠢᠭᠦᠯᠵᠦ᠂ ᠮᠠᠨ ᠤ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃                             ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2023 ᠣᠨ ᠤ 11
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号