ᠪᠠᠷᠠᠭᠤᠨ ᠦᠵᠦᠮᠦᠴᠢᠨ ᠬᠤᠰᠢᠭᠤᠨ ᠤ ᠨᠤᠭᠤ ᠭᠠᠵᠠᠷ ᠢ ᠬᠠᠮᠠᠭᠠᠯᠠᠨ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2023/12/26
 ᠪᠠᠷᠠᠭᠤᠨ ᠦᠵᠦᠮᠦᠴᠢᠨ ᠬᠤᠰᠢᠭᠤᠨ ᠤ ᠨᠤᠭᠤ ᠭᠠᠵᠠᠷ ᠢ ᠬᠠᠮᠠᠭᠠᠯᠠᠨ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶   ᠨᠢᠭᠡᠳᠦᠭᠡᠷ ᠵᠦᠢᠯ ᠨᠤᠭᠤ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠨᠤᠭᠤ ᠭᠠᠵᠠᠷ ᠤᠨ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠵᠤ᠂ ᠨᠤᠭᠤ ᠭᠠᠵᠠᠷ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠠᠲᠤᠯᠠᠵᠤ᠂ ᠠᠵᠤ ᠠᠬᠤᠢ ᠨᠡᠶᠢᠭᠡᠮ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠬᠢᠭᠡᠳ ᠪᠠᠶᠢᠭᠠᠯᠢ ᠶᠢᠨ ᠣᠷᠴᠢᠨ ᠲᠣᠭᠤᠷᠢᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠢ ᠬᠠᠮᠠᠭᠠᠯᠠᠬᠤ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠪᠠ ︽ᠨᠤᠭᠤ ᠭᠠᠵᠠᠷ ᠢ ᠬᠠᠮᠠᠭᠠᠯᠠᠵᠤ ᠰᠡᠷᠭᠦᠭᠡᠬᠦ ᠳᠦᠷᠢᠮ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠢ ᠬᠠᠮᠠᠭᠠᠯᠠᠵᠤ ᠰᠡᠷᠭᠦᠭᠡᠬᠦ ᠳᠦᠷᠢᠮ ᠢ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃    ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠨᠤᠭᠤ ᠭᠠᠵᠠᠷ ᠭᠡᠳᠡᠭ ᠨᠢ ᠲᠣᠰ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ᠂ ᠪᠠᠶᠢᠩᠭᠤ ᠪᠤᠶᠤ ᠤᠯᠠᠷᠢᠯ ᠤᠨ ᠴᠢᠨᠠᠷᠲᠠᠢ ᠤᠰᠤ ᠬᠤᠷᠠᠵᠤ ᠰᠠᠭᠤᠭᠰᠠᠨ ᠣᠷᠣᠨ ᠪᠦᠰᠡ᠂ ᠤᠰᠤᠨ ᠣᠷᠣᠨ ᠢ ᠵᠢᠭᠠᠵᠤ ᠪᠣᠶ᠂ ᠡᠭᠦᠨ ᠳᠤ ᠨᠠᠮᠤᠭ ᠨᠤᠭᠤ ᠭᠠᠵᠠᠷ᠂ ᠨᠠᠭᠤᠷ ᠴᠥᠭᠦᠷᠥᠮ ᠨᠤᠭᠤ ᠭᠠᠵᠠᠷ᠂ ᠭᠤᠣᠯ ᠮᠥᠷᠡᠨ ᠨᠤᠭᠤ ᠭᠠᠵᠠᠷ᠂ ᠨᠠᠮᠤᠭ ᠡᠪᠡᠰᠦᠲᠦ ᠭᠠᠵᠠᠷ᠂ ᠳᠣᠲᠣᠭᠠᠳᠤ ᠬᠠᠭᠤᠷᠠᠢ ᠶᠢᠨ ᠲᠠᠩ ᠭᠠᠵᠠᠷ᠂ ᠨᠠᠭᠤᠷ ᠤᠰᠤᠨ ᠭᠠᠳᠠᠷᠭᠤ ᠵᠡᠷᠭᠡ ᠪᠠᠶᠢᠭᠠᠯᠢ ᠶᠢᠨ ᠨᠤᠭᠤ ᠭᠠᠵᠠᠷ ᠵᠢᠴᠢ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠭᠠᠵᠠᠷ ᠪᠤᠶᠤ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠤᠨ ᠠᠩᠬᠠᠨ ᠤ ᠭᠠᠵᠠᠷ ᠵᠡᠷᠭᠡ ᠵᠣᠬᠢᠶᠠᠮᠠᠯ ᠨᠤᠭᠤ ᠭᠠᠵᠠᠷ ᠪᠠᠭᠲᠠᠨ᠎ᠠ᠃   ᠭᠤᠷᠪᠠᠳᠤᠭᠠᠷ ᠵᠦᠢᠯ ᠪᠠᠷᠠᠭᠤᠨ ᠦᠵᠦᠮᠦᠴᠢᠨ ᠬᠤᠰᠢᠭᠤᠨ ᠤ ᠭᠠᠵᠠᠷ ᠵᠦᠢ ᠶᠢᠨ ᠣᠷᠴᠢᠨ ᠲᠣᠭᠤᠷᠢᠨ ᠪᠠ ᠠᠭᠤᠷ ᠠᠮᠢᠰᠬᠤᠯ ᠠᠴᠠ ᠪᠣᠯᠵᠤ ᠨᠠᠮᠤᠭ ᠭᠠᠵᠠᠷ ᠪᠠ ᠳᠣᠲᠣᠭᠠᠳᠤ ᠬᠠᠭᠤᠷᠠᠢ ᠶᠢᠨ ᠰᠠᠶᠢᠷᠭᠠᠯ ᠢᠶᠠᠷ ᠭᠤᠣᠯ ᠪᠤᠯᠤᠭᠰᠠᠨ ᠴᠢᠭᠢᠭᠯᠢᠭ ᠭᠠᠵᠠᠷ ᠪᠣᠶ ᠪᠣᠯᠵᠤ᠂ ᠪᠥᠬᠦ ᠬᠤᠰᠢᠭᠤᠨ ᠤ 7 ᠴᠢᠭᠢᠭᠯᠢᠭ ᠭᠠᠵᠠᠷ ᠤᠨ ᠲᠠᠯᠠᠪᠠᠢ ᠨᠢ ᠮᠠᠨ ᠤ ᠬᠤᠰᠢᠭᠤᠨ ᠤ ᠶᠡᠷᠦᠩᠬᠡᠢ ᠲᠠᠯᠠᠪᠠᠶ ᠶᠢᠨ 95.19% ᠶᠢ ᠡᠵᠡᠯᠡᠪᠡ᠃ ᠡᠭᠦᠨ ᠳᠤ᠂ ᠳᠣᠲᠣᠭᠠᠳᠤ ᠬᠠᠭᠤᠷᠠᠢ ᠶᠢᠨ ᠲᠠᠩ ᠭᠠᠵᠠᠷ ᠨᠢ ᠭᠤᠣᠯᠳᠠᠭᠤ ᠮᠠᠨ ᠤ ᠬᠤᠰᠢᠭᠤᠨ ᠤ ᠬᠤᠶᠢᠲᠤ ᠬᠡᠰᠡᠭ ᠤᠨ ᠡᠷᠢᠶᠡᠨ ᠨᠠᠭᠤᠷ᠂ ᠪᠦᠷᠢᠳᠦᠨ ᠨᠠᠭᠤᠷ᠂  ᠵᠢᠷ ᠤᠨ ᠭᠤᠣᠯ ᠪᠠᠯᠭᠠᠰᠤᠨ ᠤ ᠬᠤᠶᠢᠲᠤ ᠬᠡᠰᠡᠭ ᠵᠡᠷᠭᠡ ᠭᠠᠵᠠᠷ ᠢᠶᠠᠷ ᠲᠠᠷᠬᠠᠵᠤ ᠪᠣᠶ᠃ ᠨᠠᠮᠤᠭ ᠡᠪᠡᠰᠦᠲᠦ ᠭᠠᠵᠠᠷ  ᠨᠢ ᠭᠤᠣᠯᠳᠠᠭᠤ ᠮᠠᠨ ᠤ ᠬᠤᠰᠢᠭᠤᠨ ᠤ ᠬᠠᠷᠢᠶᠠᠲᠤ ᠣᠷᠣᠨ ᠤ ᠭᠤᠣᠯ ᠮᠥᠷᠡᠨ ᠤ ᠳᠠᠭᠠᠤ ᠣᠷᠣᠨ ᠢᠶᠠᠷ ᠲᠠᠷᠬᠠᠵᠤ᠂ ᠣᠷᠣᠨ ᠵᠠᠢ ᠶᠢᠨ ᠲᠠᠯ᠎ᠠ ᠪᠠᠷ ᠡᠮᠦᠨ᠎ᠡ ᠤᠮᠠᠷ᠎ᠠ ᠶᠢᠨ ᠴᠢᠭᠯᠡᠯ ᠤᠨ ᠵᠤᠷᠪᠤᠰ ᠪᠦᠰᠡᠯᠢᠭ ᠲᠠᠷᠬᠠᠯᠲᠠ ᠶᠢᠨ ᠣᠨᠴᠠᠯᠢᠭ ᠲᠠᠢ ᠪᠠᠶᠢᠳᠠᠭ᠃ ᠳᠥᠷᠪᠡᠳᠦᠭᠡᠷ ᠵᠦᠢᠯ   ᠶᠠᠮᠠᠷᠪᠠ ᠨᠢᠭᠡᠴᠡ ᠪᠤᠶᠤ ᠬᠤᠪᠢ ᠬᠥᠮᠥᠨ ᠴᠥᠮ ᠨᠤᠭᠤ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠪᠠ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠡᠭᠦᠷᠭᠡ ᠲᠠᠢ ᠪᠥᠭᠡᠳ ᠨᠤᠭᠤ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ᠂ ᠨᠤᠭᠤ ᠭᠠᠵᠠᠷ ᠤᠨ ᠡᠬᠢ ᠪᠠᠶᠠᠯᠢᠭ ᠢ ᠡᠪᠳᠡᠭᠰᠡᠨ ᠦᠶᠯᠡ ᠠᠵᠢᠯᠯᠠᠭ᠎ᠠ ᠶᠢ ᠬᠤᠷᠢᠭᠯᠠᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃ ᠲᠠᠪᠤᠳᠤᠭᠠᠷ ᠵᠦᠢᠯ ᠨᠤᠭᠤ ᠭᠠᠵᠠᠷ ᠢ ᠬᠠᠮᠠᠭᠠᠯᠠᠬᠤ ᠠᠵᠢᠯ ᠳᠤ ︽ᠪᠥᠬᠦ ᠲᠠᠯ᠎ᠠ ᠪᠠᠷ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ ᠰᠡᠷᠭᠦᠭᠡᠬᠦ᠂ ᠵᠦᠢ ᠵᠣᠬᠢᠰᠲᠠᠢ ᠠᠰᠢᠭᠯᠠᠬᠤ᠂ ᠦᠷᠭᠦᠯᠵᠢᠯᠡᠨ ᠬᠥᠭᠵᠢᠭᠦᠯᠬᠦ︾ ᠴᠢᠭᠯᠡᠯᠲᠡ ᠶᠢ ᠪᠠᠷᠢᠮᠲᠠᠯᠠᠵᠤ᠂ ᠨᠤᠭᠤ ᠭᠠᠵᠠᠷ ᠤᠨ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠤᠰᠤᠨ ᠤ ᠴᠢᠨᠠᠷ ᠢ ᠴᠡᠪᠡᠷᠰᠢᠭᠦᠯᠬᠦ᠂ ᠦᠶᠡᠷ ᠢ ᠬᠤᠷᠠᠮᠳᠤᠭᠤᠯᠤᠨ ᠭᠠᠩ ᠢ ᠰᠡᠷᠭᠡᠶᠢᠯᠡᠬᠦ᠂ ᠠᠭᠤᠷ ᠠᠮᠢᠰᠬᠤᠯ ᠢ ᠵᠣᠬᠢᠴᠠᠭᠤᠯᠬᠤ᠂ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠤᠨ ᠬᠦᠴᠢᠯᠲᠥ᠋ᠷᠥᠭᠴᠢ ᠶᠢ ᠢᠯᠭᠠᠷᠠᠭᠤᠯᠬᠤ᠂ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠴᠢᠳᠠᠮᠵᠢ ᠶᠢ ᠭᠦᠢᠴᠡᠳ ᠪᠠᠳᠠᠷᠠᠭᠤᠯᠤᠨ᠎ᠠ᠃ ᠵᠢᠷᠭᠤᠳᠤᠭᠠᠷ ᠵᠦᠢᠯ    ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠢᠴᠢ ᠬᠠᠮᠢᠶ᠎ᠠ ᠪᠦᠬᠦᠢ ᠨᠤᠭᠤ ᠭᠠᠵᠠᠷ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠨᠤᠭᠤ ᠭᠠᠵᠠᠷ ᠤᠨ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠢ ᠴᠢᠩᠭᠠᠳᠬᠠᠵᠤ᠂ ᠳᠡᠯᠡᠬᠡᠢ ᠶᠢᠨ ᠨᠤᠭᠤ ᠭᠠᠵᠠᠷ ᠤᠨ ᠡᠳᠦᠷ᠂ ᠳᠡᠯᠡᠬᠡᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ᠂ ᠰᠢᠪᠠᠭᠤ ᠪᠠᠨ ᠬᠠᠶᠢᠷᠠᠯᠠᠬᠤ ᠭᠠᠷᠠᠭ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠶᠢᠨ ᠰᠠᠷ᠎ᠠ ᠵᠡᠷᠭᠡ ᠲᠠᠢ ᠤᠶᠠᠯᠳᠤᠭᠤᠯᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠣᠯᠠᠨ ᠨᠡᠶᠢᠲᠡ ᠶᠢᠨ ᠨᠤᠭᠤ ᠭᠠᠵᠠᠷ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠳᠣᠯᠣᠳᠤᠭᠠᠷ ᠵᠦᠢᠯ ᠬᠤᠰᠢᠭᠤ ᠠᠷᠠᠳ ᠤᠨ ᠵᠠᠰᠠᠭ ᠤᠨ ᠣᠷᠳᠣᠨ ᠪᠣᠯ ᠲᠣᠰ ᠬᠠᠷᠢᠶᠠᠲᠤ ᠣᠷᠣᠨ ᠤ ᠨᠤᠭᠤ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭᠠᠲᠤ ᠨᠢᠭᠡᠴᠡ ᠪᠠᠶᠢᠵᠤ᠂ ᠡᠯ᠎ᠡ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠤᠭᠤ ᠭᠠᠵᠠᠷ ᠢ ᠬᠠᠮᠠᠭᠠᠯᠠᠬᠤ᠂ ᠰᠡᠷᠭᠦᠭᠡᠬᠦ ᠪᠠ ᠬᠠᠮᠢᠶᠠᠷᠬᠤ ᠠᠵᠢᠯ ᠢ ᠪᠣᠳᠠᠲᠠᠢ ᠬᠠᠷᠢᠭᠤᠴᠠᠨ᠎ᠠ᠃ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯ ᠨᠤᠭᠤ ᠭᠠᠵᠠᠷ ᠤᠨ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠶᠢᠵᠤ᠂ ᠨᠤᠭᠤ ᠭᠠᠵᠠᠷ ᠤᠨ ᠬᠠᠮᠠᠭᠠᠯᠠᠯᠲᠠ᠂ ᠠᠰᠢᠭᠯᠠᠯᠲᠠ ᠪᠠ ᠬᠠᠮᠢᠶᠠᠷᠤᠯᠲᠠ ᠶᠢ ᠬᠠᠷᠢᠭᠤᠴᠠᠵᠤ᠂ ᠲᠡᠭᠦᠨ ᠤ ᠬᠠᠷᠢᠶ᠎ᠠ ᠨᠤᠭᠤ ᠭᠠᠵᠠᠷ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠰ ᠠᠷᠭ᠎ᠠ ᠶᠢ ᠪᠣᠳᠠᠲᠠᠢ ᠬᠡᠷᠡᠭᠵᠢᠭᠦᠯᠬᠦ ᠶᠢ ᠬᠠᠷᠢᠭᠤᠴᠠᠨ᠎ᠠ᠃ ᠨᠠᠢᠮᠠᠳᠤᠭᠠᠷ ᠵᠦᠢᠯ ᠣᠶ ᠰᠢᠭᠤᠢ ᠡᠪᠡᠰᠦ ᠪᠡᠯᠴᠢᠭᠡᠷ᠂ ᠠᠮᠢ ᠠᠬᠤᠢ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ᠂ ᠲᠠᠷᠢᠶᠠᠯᠠᠩ ᠤᠨ ᠰᠢᠨᠵᠢᠯᠡᠬᠦ ᠤᠬᠠᠭᠠᠨ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠰᠣᠶᠣᠯ ᠵᠢᠭᠤᠯᠴᠢᠯᠠᠯ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠨᠤᠭᠤ ᠭᠠᠵᠠᠷ ᠢ ᠬᠠᠮᠠᠭᠠᠯᠠᠨ ᠬᠠᠮᠢᠶᠠᠷᠬᠤ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ ︵ᠨᠢᠭᠡ︶ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠲᠣᠰ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠳᠡᠭᠡᠷ᠎ᠡ ᠨᠢᠭᠡ ᠱᠠᠲᠤᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠦᠪᠵᠢᠭᠦᠯᠭᠡ ᠶᠢ ᠦᠨᠳᠦᠰᠦᠯᠡᠨ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂  ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠤᠭᠤ ᠭᠠᠵᠠᠷ ᠤᠨ ᠣᠷᠣᠨ ᠪᠦᠰᠡ ᠶᠢᠨ ᠳᠣᠲᠣᠷᠠᠬᠢ ᠣᠶᠢᠲᠤ ᠭᠠᠵᠠᠷ᠂ ᠨᠤᠲᠤᠭ ᠪᠡᠯᠴᠢᠭᠡᠷ᠂ ᠣᠶ ᠮᠣᠳᠣ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ᠂ ᠰᠡᠷᠭᠦᠭᠡᠬᠦ ᠪᠠ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ︔ ︵ᠬᠤᠶᠠᠷ︶ ᠬᠤᠰᠢᠭᠤ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠨᠢ ᠠᠭᠠᠷ ᠮᠠᠨᠳᠠᠯ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ᠂ ᠶᠠᠰᠤ ᠴᠢᠨᠠᠷ ᠤᠨ ᠦᠨᠡᠯᠡᠨ ᠵᠢᠱᠢᠯᠲᠡ ᠵᠡᠷᠭᠡ ᠠᠵᠢᠯ ᠢ ᠬᠠᠷᠢᠭᠤᠴᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠨᠤᠭᠤ ᠭᠠᠵᠠᠷ ᠤᠨ ᠠᠭᠠᠷ ᠮᠠᠨᠳᠠᠯ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢ ᠨᠡᠶᠢᠲᠡᠯᠡᠨ᠎ᠡ  ᠃ ︵ᠭᠤᠷᠪᠠ︶ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠨᠤᠭᠤ ᠭᠠᠵᠠᠷ ᠤᠨ ᠡᠬᠢ ᠪᠠᠶᠠᠯᠢᠭ ᠢ ᠪᠠᠶᠢᠴᠠᠭᠠᠨ ᠦᠨᠡᠯᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠤᠭᠤ ᠭᠠᠵᠠᠷ ᠤᠨ ᠲᠥᠷᠥᠯ ᠬᠡᠯᠪᠡᠷᠢ᠂ ᠲᠠᠷᠬᠠᠯᠲᠠ᠂ ᠲᠠᠯᠠᠪᠠᠶ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ᠂ ᠬᠠᠮᠠᠭᠠᠯᠠᠯᠲᠠ ᠪᠠ ᠠᠰᠢᠭᠯᠠᠯᠲᠠ ᠶᠢᠨ ᠪᠠᠶᠢᠳᠠᠯ ᠵᠡᠷᠭᠡ ᠳᠤ ᠪᠠᠶᠢᠴᠠᠭᠠᠯᠲᠠ ᠬᠢᠵᠦ᠂ ᠨᠢᠭᠡᠳᠦᠯᠲᠡᠢ ᠮᠡᠳᠡᠭᠡ ᠵᠠᠩᠭᠢ ᠨᠡᠶᠢᠲᠡᠯᠡᠬᠦ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢᠨ ᠬᠠᠷᠢᠶᠠᠯᠠᠯ ᠤᠨ ᠳᠠᠩᠰᠠᠯᠠᠯᠲᠠ ᠶᠢ ᠭᠦᠢᠴᠡᠳᠬᠡᠬᠦ ᠳᠤ ᠨᠤᠭᠤ ᠭᠠᠵᠠᠷ ᠲᠤ ᠬᠤᠯᠪᠣᠭᠳᠠᠭᠰᠠᠨ ᠪᠠᠶᠢᠪᠠᠯ᠂ ᠲᠣᠭᠲᠠᠭᠠᠯ ᠶᠣᠰᠣᠭᠠᠷ ᠨᠤᠭᠤ ᠭᠠᠵᠠᠷ ᠤᠨ ᠭᠠᠵᠠᠷ ᠵᠦᠢ ᠶᠢᠨ ᠪᠠᠶᠢᠷᠢᠰᠢᠯ᠂ ᠣᠷᠣᠨ ᠵᠠᠢ ᠶᠢᠨ ᠬᠡᠪᠴᠢᠶ᠎ᠡ᠂ ᠲᠥᠷᠥᠯ ᠬᠡᠯᠪᠡᠷᠢ᠂ ᠲᠠᠯᠠᠪᠠᠶ ᠵᠡᠷᠭᠡ ᠮᠡᠳᠡᠭᠡ ᠵᠠᠩᠭᠢ ᠶᠢ ᠲᠡᠮᠳᠡᠭᠯᠡᠬᠦ ᠬᠡᠷᠡᠭᠲᠡᠢ︔ ︵ᠲᠠᠪᠤ︶ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠤᠭᠤ ᠭᠠᠵᠠᠷ ᠤᠨ ᠮᠠᠯ ᠲᠡᠵᠢᠭᠡᠪᠦᠷᠢ ᠶᠢᠨ ᠲᠥᠷᠥᠯ ᠵᠦᠢᠯ᠂ ᠲᠤᠭ᠎ᠠ ᠬᠡᠮᠵᠢᠶ᠎ᠡ ᠵᠡᠷᠭᠡ ᠪᠠᠶᠢᠳᠠᠯ ᠢ ᠬᠢᠨᠠᠨ ᠬᠡᠮᠵᠢᠬᠦ ᠶᠢ ᠬᠠᠷᠢᠭᠤᠴᠠᠨ᠎ᠠ︔ ︵ᠵᠢᠷᠭᠤᠭ᠎ᠠ︶ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠤᠭᠤ ᠭᠠᠵᠠᠷ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠭᠤᠶᠤᠴᠢᠯᠠᠨ ᠮᠡᠳᠡᠭᠦᠯᠬᠦ ᠵᠡᠷᠭᠡ ᠠᠵᠢᠯ ᠢ ᠬᠠᠷᠢᠭᠤᠴᠠᠨ᠎ᠠ︔ ︵ᠳᠣᠯᠤᠭ᠎ᠠ︶ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠨᠤᠭᠤ ᠭᠠᠵᠠᠷ ᠢ ᠬᠠᠮᠠᠭᠠᠯᠠᠬᠤ᠂ ᠬᠠᠮᠢᠶᠠᠷᠬᠤ᠂ ᠲᠣᠭᠤᠷᠢᠨ ᠪᠠᠶᠢᠴᠠᠭᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠴᠢᠬᠤᠯᠠ ᠪᠦᠬᠦᠢ ᠨᠤᠭᠤ ᠭᠠᠵᠠᠷ ᠢ ᠬᠠᠮᠢᠶᠠᠷᠴᠤ ᠬᠠᠮᠠᠭᠠᠯᠠᠬᠤ ᠵᠠᠷᠤᠳᠠᠯ ᠢ ᠬᠠᠩᠭᠠᠬᠤ ᠶᠢ ᠬᠠᠷᠢᠭᠤᠴᠠᠨ᠎ᠠ︔ ︵ᠨᠠᠢᠮᠠ︶ ᠬᠤᠰᠢᠭᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠤᠭᠤ ᠭᠠᠵᠠᠷ ᠤᠨ ᠠᠮᠢ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠭᠰᠠᠨ ᠤᠷᠢᠲᠠᠯ ᠳᠣᠣᠷ᠎ᠠ᠂ ᠨᠤᠭᠤ ᠭᠠᠵᠠᠷ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠲᠠᠨᠢᠯᠴᠠᠭᠤᠯᠵᠤ᠂ ᠠᠮᠢ ᠠᠬᠤᠢ ᠶᠢᠨ ᠵᠢᠭᠤᠯᠴᠢᠯᠠᠯ ᠢ ᠥᠷᠨᠢᠭᠦᠯᠦᠨ᠎ᠡ᠃ ᠨᠤᠭᠤ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠵᠠᠯᠠᠭᠤᠴᠤᠳ ᠪᠠᠭᠠᠴᠤᠳ ᠲᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠰᠤᠷᠤᠭᠴᠢᠳ ᠤᠨ ᠨᠤᠭᠤ ᠭᠠᠵᠠᠷ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠶᠢᠰᠦᠳᠦᠭᠡᠷ ᠵᠦᠢᠯ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠪᠠᠲᠤᠯᠠᠭᠤᠯᠤᠭᠰᠠᠨ ᠤ ᠳᠠᠷᠠᠭ᠎ᠠ᠂ ᠨᠤᠭᠤ ᠭᠠᠵᠠᠷ ᠢ ᠬᠠᠮᠠᠭᠠᠯᠠᠬᠤ ᠲᠥᠷᠥᠯ ᠵᠦᠢᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠳᠤ ᠣᠷᠣᠭᠤᠯᠤᠨ᠎ᠠ᠃ ᠠᠷᠪᠠᠳᠤᠭᠠᠷ ᠵᠦᠢᠯ ᠬᠠᠤᠯᠢ ᠴᠠᠭᠠᠵᠠ ᠬᠠᠤᠯᠢ ᠲᠣᠭᠲᠠᠭᠠᠯ ᠳᠤ ᠣᠨᠴᠣᠭᠤᠢ ᠲᠣᠭᠲᠠᠭᠠᠯ ᠲᠠᠢ ᠶᠢ ᠭᠠᠷᠭᠠᠪᠠᠯ᠂ ᠨᠤᠭᠤ ᠭᠠᠵᠠᠷ ᠤᠨ ᠳᠣᠲᠣᠷ᠎ᠠ ᠳᠣᠣᠷᠠᠬᠢ ᠮᠡᠲᠦ ᠠᠵᠢᠯᠯᠠᠭ᠎ᠠ ᠬᠢᠬᠦ ᠶᠢ ᠴᠠᠭᠠᠵᠠᠯᠠᠨ᠎ᠠ᠄ ︵ᠨᠢᠭᠡ︶  ᠴᠢᠭᠢᠭᠯᠢᠭ ᠭᠠᠵᠠᠷ ᠢ ᠬᠠᠭᠠᠯᠪᠤᠷᠢᠯᠠᠬᠤ ︵ᠬᠦᠷᠢᠶᠡᠯᠡᠵᠦ︶᠂ ᠪᠤᠯᠠᠬᠤ ᠪᠤᠶᠤ ᠴᠢᠭᠢᠭᠯᠢᠭ ᠭᠠᠵᠠᠷ ᠢ ᠬᠠᠲᠠᠭᠠᠬᠤ᠃ ︵ᠬᠤᠶᠠᠷ︶ ᠨᠤᠭᠤ ᠭᠠᠵᠠᠷ ᠤᠨ ᠤᠰᠤᠨ ᠤ ᠡᠬᠢ ᠰᠤᠷᠪᠤᠯᠵᠢ ᠶᠢ ᠡᠭᠦᠷᠢᠳᠡ ᠶᠢᠨ ᠴᠢᠨᠠᠷᠲᠠᠢ ᠪᠠᠷ ᠲᠠᠰᠤᠯᠬᠤ︔ ︵ᠭᠤᠷᠪᠠ︶ ᠡᠯᠡᠰᠦ ᠮᠠᠯᠲᠠᠬᠤ᠂ ᠠᠭᠤᠷᠬᠠᠢ ᠮᠠᠯᠲᠠᠬᠤ ︵ᠨᠢᠭᠡᠨᠲᠡ ᠠᠭᠤᠷᠬᠠᠢ ᠮᠠᠯᠲᠠᠬᠤ ᠡᠷᠬᠡ ᠣᠯᠣᠭᠰᠠᠨ ᠪᠠᠶᠢᠪᠠᠯ ᠨᠤᠭᠤ ᠭᠠᠵᠠᠷ ᠢ ᠲᠠᠲᠠᠪᠤᠷᠢᠯᠠᠨ ᠡᠵᠡᠯᠡᠨ ᠬᠡᠷᠡᠭᠯᠡᠬᠦ ᠶᠢ ᠬᠢᠨᠠᠨ ᠬᠠᠷᠭᠤᠭᠤᠯᠬᠤ ᠭᠠᠷᠳᠠᠮ ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ︶︔ ︵ᠳᠥᠷᠪᠡ︶ ᠬᠤᠣᠷᠲᠠᠢ ᠬᠥᠨᠥᠭᠡᠯ ᠲᠠᠢ ᠪᠣᠳᠠᠰ᠂ ᠬᠠᠶᠠᠭᠳᠠᠮᠠᠯ ᠪᠣᠳᠠᠰ᠂ ᠬᠤᠭ ᠨᠣᠪᠰᠢ ᠶᠢ ᠴᠢᠳᠬᠤᠬᠤ᠃ (ᠲᠠᠪᠤ) ᠬᠡᠭᠡᠷ᠎ᠡ ᠶᠢᠨ ᠠᠮᠢᠳᠡᠠ ᠤ ᠣᠷᠣᠰᠢᠨ ᠠᠮᠢᠳᠤᠷᠠᠬᠤ ᠭᠠᠵᠠᠷ ᠪᠠ ᠨᠡᠭᠦᠳᠡᠯᠯᠡᠬᠦ ᠵᠡᠮ᠂ ᠵᠢᠭᠠᠰᠤᠨ ᠤ ᠲᠤᠶᠢᠷᠦᠯ ᠤᠨ ᠨᠡᠭᠦᠳᠡᠯᠯᠡᠬᠦ ᠵᠡᠮ ᠢ ᠡᠪᠳᠡᠵᠦ᠂ ᠬᠡᠭᠡᠷ᠎ᠡ ᠶᠢᠨ ᠠᠮᠢᠳᠡᠠ ᠤᠷᠭᠤᠮᠠᠯ ᠢ ᠳᠤᠷ᠎ᠠ ᠪᠠᠷ ᠢᠶᠠᠨ ᠲᠡᠭᠦᠵᠦ ᠠᠩᠨᠠᠬᠤ᠃(ᠵᠢᠷᠭᠤᠭ᠎ᠠ) ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠳᠦᠷᠦᠯ ᠢ ᠣᠷᠣᠭᠤᠯᠬᠤ᠃ (ᠲᠤᠯᠤᠭ᠎ᠠ) ᠠᠩᠨᠠᠵᠤ ᠱᠦᠭᠦᠬᠦ᠂ ᠰᠢᠷᠣᠢ ᠠᠪᠬᠤ᠂ ᠤᠰᠤ ᠠᠪᠬᠤ᠂ ᠪᠣᠬᠢᠷᠲᠤᠯ ᠢ ᠭᠠᠳᠠᠭᠰᠢᠯᠠᠭᠤᠯᠬᠤ᠂ ᠲᠠᠯᠪᠢᠵᠤ ᠭᠠᠷᠭᠠᠬᠤ᠃︵ᠨᠠᠢᠮᠠ︶ ᠨᠤᠭᠤ ᠭᠠᠵᠠᠷ ᠵᠢᠴᠢ ᠲᠡᠭᠦᠨ ᠤ ᠠᠮᠢ ᠠᠬᠤᠢ ᠶᠢᠨ ᠴᠢᠳᠠᠮᠵᠢ ᠶᠢ ᠡᠪᠳᠡᠬᠦ ᠪᠤᠰᠤᠳ ᠠᠵᠢᠯᠯᠠᠭ᠎ᠠ ᠨᠤᠭᠤᠳ ᠠᠷᠪᠠᠨ ᠨᠢᠭᠡᠳᠦᠭᠡᠷ ᠵᠦᠢᠯ ᠨᠤᠭᠤ ᠭᠠᠵᠠᠷ ᠢ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠭᠠᠵᠠᠷ ᠰᠣᠩᠭᠤᠬᠤ᠂ ᠱᠤᠭᠤᠮ ᠰᠣᠩᠭᠤᠬᠤ ᠳᠠᠭᠠᠨ ᠨᠤᠭᠤ ᠭᠠᠵᠠᠷ ᠲᠤ ᠵᠠᠮ ᠲᠠᠯᠪᠢᠵᠤ ᠥᠭᠬᠦ ᠬᠡᠷᠡᠭᠲᠡᠢ᠂ ᠵᠠᠮ ᠲᠠᠯᠪᠢᠵᠤ ᠥᠭᠬᠦ ᠶᠢᠨ ᠠᠷᠭ᠎ᠠ ᠦᠭᠡᠢ ᠪᠣᠯ ᠡᠵᠡᠯᠡᠨ ᠬᠡᠷᠡᠭᠯᠡᠬᠦ ᠶᠢ ᠠᠯᠢ ᠴᠢᠳᠠᠬᠤ ᠪᠠᠷ ᠪᠠᠭᠠᠰᠬᠠᠬᠤ ᠶᠢᠨ ᠬᠠᠮᠲᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶᠢᠭᠠᠳ ᠨᠤᠭᠤ ᠭᠠᠵᠠᠷ ᠤᠨ ᠠᠮᠢ ᠠᠬᠤᠢ ᠶᠢᠨ ᠴᠢᠳᠠᠮᠵᠢ ᠳᠤ ᠦᠵᠡᠭᠦᠯᠬᠦ ᠠᠰᠢᠭ ᠦᠭᠡᠢ ᠨᠥᠯᠥᠭᠡ ᠶᠢ ᠪᠠᠭᠠᠰᠬᠠᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠦᠪᠵᠢᠭᠦᠯᠭᠡ ᠶᠢᠨ ᠭᠠᠵᠠᠷ ᠰᠣᠩᠭᠤᠬᠤ᠂ ᠱᠤᠭᠤᠮ ᠰᠣᠩᠭᠤᠬᠤ ᠶᠢ ᠬᠢᠨᠠᠨ ᠵᠥᠪᠰᠢᠶᠡᠷᠡᠬᠦ ᠪᠤᠶᠤ ᠬᠢᠨᠠᠨ ᠵᠥᠪᠰᠢᠶᠡᠷᠡᠬᠦ ᠳᠡᠭᠡᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ᠶᠢᠨ ᠲᠣᠭᠲᠠᠭᠠᠯ ᠶᠣᠰᠣᠭᠠᠷ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠢ᠃ ᠠᠷᠪᠠᠨ ᠬᠤᠶᠠᠳᠤᠭᠠᠷ ᠵᠦᠢᠯ ᠠᠭᠤᠷᠬᠠᠢ ᠶᠢᠨ ᠪᠤᠯᠠᠭᠳᠠᠴᠠ ᠶᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠪᠠ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠴᠢᠬᠤᠯᠠ ᠨᠤᠭᠤ ᠭᠠᠵᠠᠷ ᠢ ᠡᠵᠡᠯᠡᠬᠦ ᠦᠭᠡᠢ ᠪᠤᠶᠤ ᠪᠠᠭ᠎ᠠ ᠡᠵᠡᠯᠡᠬᠦ ᠬᠡᠷᠡᠭᠲᠡᠢ᠂ ᠦᠨᠡᠨᠬᠦ ᠡᠵᠡᠯᠡᠨ ᠬᠡᠷᠡᠭᠯᠡᠬᠦ᠂ ᠲᠠᠲᠠᠪᠤᠷᠢᠯᠠᠬᠤ ᠪᠤᠶᠤ ᠲᠦᠷ ᠡᠵᠡᠯᠡᠨ ᠬᠡᠷᠡᠭᠯᠡᠬᠦ ᠴᠢᠬᠤᠯᠠ ᠲᠠᠢ ᠪᠣᠯ᠂ ᠲᠣᠰ ᠠᠷᠭ᠎ᠠ ᠶᠢ ᠵᠢᠷᠤᠮᠯᠠᠬᠤ ᠬᠡᠷᠡᠭᠲᠡᠢ᠃ ᠠᠷᠪᠠᠨ ᠭᠤᠷᠪᠠᠳᠤᠭᠠᠷ ᠵᠦᠢᠯ ᠴᠢᠭᠢᠭᠯᠢᠭ ᠭᠠᠵᠠᠷ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠠᠭᠠᠨ ᠴᠢᠭᠢᠭᠯᠢᠭ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠲᠥᠯᠦᠪᠵᠢᠭᠦᠯᠭᠡ ᠶᠢᠨ ᠶᠣᠰᠣᠭᠠᠷ ᠬᠢᠬᠦ ᠬᠡᠷᠡᠭᠲᠡᠢ᠂ ᠴᠢᠭᠢᠭᠯᠢᠭ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠦᠨᠳᠦᠰᠦᠨ ᠴᠢᠳᠠᠮᠵᠢ ᠶᠢ ᠬᠤᠪᠢᠷᠠᠭᠤᠯᠵᠤ ᠪᠣᠯᠬᠤ ᠦᠭᠡᠢ᠂ ᠡᠬᠢ ᠪᠠᠶᠠᠯᠢᠭ ᠤᠨ ᠲᠠᠬᠢᠨ ᠤᠷᠭᠤᠬᠤ ᠴᠢᠳᠠᠪᠤᠷᠢ ᠠᠴᠠ ᠳᠠᠪᠠᠭ᠋ᠤ ᠪᠤᠶᠤ ᠬᠡᠭᠡᠷ᠎ᠡ ᠶᠢᠨ ᠠᠮᠢᠳᠠᠨ ᠤᠷᠭᠤᠮᠠᠯ ᠤᠨ ᠳᠦᠷᠰᠦ ᠳᠤ ᠡᠭᠦᠷᠢᠳᠡ ᠶᠢᠨ ᠴᠢᠨᠠᠷᠲᠠᠢ ᠬᠤᠬᠢᠷᠠᠯ ᠤᠴᠠᠷᠠᠭᠤᠯᠵᠤ ᠪᠣᠯᠬᠤ ᠦᠭᠡᠢ᠂ ᠬᠡᠭᠡᠷ᠎ᠡ ᠶᠢᠨ ᠠᠮᠢᠳᠠᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠪᠠ ᠬᠡᠭᠡᠷ᠎ᠡ ᠶᠢᠨ ᠤᠷᠭᠤᠮᠠᠯ ᠤᠨ ᠤᠷᠭᠤᠯᠲᠠ ᠶᠢᠨ ᠣᠷᠴᠢᠨ ᠲᠣᠭᠤᠷᠢᠨ ᠢ ᠡᠪᠳᠡᠵᠦ ᠪᠣᠯᠬᠤ ᠦᠭᠡᠢ᠃ ᠠᠷᠪᠠᠨ ᠳᠥᠷᠪᠡᠳᠦᠭᠡᠷ ᠵᠦᠢᠯ ᠡᠩ ᠤᠨ ᠨᠤᠭᠤ ᠭᠠᠵᠠᠷ ᠢ ᠡᠵᠡᠯᠡᠨ ᠬᠡᠷᠡᠭᠯᠡᠬᠦ᠂ ᠲᠠᠲᠠᠪᠤᠷᠢᠯᠠᠬᠤ ᠪᠤᠶᠤ ᠲᠦᠷ ᠴᠠᠭ ᠡᠵᠡᠯᠡᠨ ᠬᠡᠷᠡᠭᠯᠡᠬᠦ ᠶᠢ ᠬᠢᠨᠠᠨ ᠬᠠᠷᠭᠤᠭᠤᠯᠬᠤ ᠲᠠᠰ ᠳᠠᠷᠠᠭᠠᠯᠠᠯ᠄ ︵ᠨᠢᠭᠡ︶ ᠭᠠᠵᠠᠷ ᠬᠡᠷᠡᠭᠯᠡᠬᠦ ᠨᠢᠭᠡᠴᠡ ᠠᠴᠠ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠨᠤᠭᠤ ᠭᠠᠵᠠᠷ ᠤᠨ ᠭᠠᠵᠠᠷ ᠬᠡᠷᠡᠭᠯᠡᠬᠦ ᠭᠤᠶᠤᠴᠢᠯᠠᠯ ᠢ ᠳᠤᠷᠠᠳᠴᠤ᠂ ︽ᠨᠤᠭᠤ ᠭᠠᠵᠠᠷ ᠢ ᠬᠡᠷᠡᠭᠯᠡᠬᠦ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠬᠤ ᠶᠢᠨ ᠬᠠᠮᠲᠤ ᠳᠣᠣᠷᠠᠬᠢ ᠮᠠᠲ᠋ᠧᠷᠢᠶᠠᠯ ᠤᠳ ᠢ ᠬᠠᠩᠭᠠᠨ᠎ᠠ᠄ 1. ᠭᠠᠵᠠᠷ ᠬᠡᠷᠡᠭᠯᠡᠬᠦ ᠨᠢᠭᠡᠴᠢ ᠶᠢᠨ ᠬᠠᠤᠯᠢ ᠶᠢᠨ ᠬᠥᠮᠥᠨ ᠤ ᠭᠡᠷᠡᠴᠢ᠃ 2. ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠃ 3. ᠨᠤᠭᠤ ᠭᠠᠵᠠᠷ ᠢ ᠡᠵᠡᠯᠡᠨ ᠬᠡᠷᠡᠭᠯᠡᠭᠰᠡᠨ᠂ ᠲᠠᠲᠠᠪᠤᠷᠢᠯᠠᠭᠰᠠᠨ ᠪᠤᠶᠤ ᠲᠦᠷ ᠴᠠᠭ ᠡᠵᠡᠯᠡᠨ ᠬᠡᠷᠡᠭᠯᠡᠭᠰᠡᠨ ᠡᠷᠬᠡ ᠶᠢᠨ ᠬᠠᠷᠢᠶᠠᠯᠠᠯ ᠤᠨ ᠭᠡᠷᠡᠴᠢ᠃ 4. ᠭᠠᠵᠠᠷ ᠬᠡᠷᠡᠭᠯᠡᠬᠦ ᠨᠢᠭᠡᠴᠢ ᠬᠢᠭᠡᠳ ᠴᠢᠭᠢᠭᠯᠢᠭ ᠭᠠᠵᠠᠷ ᠤᠨ ᠡᠷᠬᠡ ᠶᠢᠨ ᠬᠠᠷᠢᠶ᠎ᠠ ᠨᠢᠭᠡᠴᠢ ᠶᠢᠨ ᠲᠣᠭᠲᠠᠭᠠᠭᠰᠠᠨ ᠭᠠᠵᠠᠷ ᠬᠡᠷᠡᠭᠯᠡᠬᠦ ᠬᠡᠯᠡᠯᠴᠡᠭᠡᠷ᠃ 5. ᠢᠨᠵᠧᠨᠧᠷᠢᠩ ᠤᠨ ᠯᠠᠪᠯᠠᠯᠭ᠎ᠠ ᠥᠭᠬᠦ ᠬᠥᠬᠡᠭᠴᠢᠨ ᠳᠡᠰ ᠠᠴᠠ ᠳᠡᠭᠡᠭᠰᠢᠬᠢ ᠬᠢᠷᠢ ᠴᠢᠳᠠᠮᠵᠢ ᠲᠠᠢ ᠨᠢᠭᠡᠴᠡ ᠶᠢᠨ ᠨᠠᠶᠢᠷᠠᠭᠤᠯᠤᠨ ᠵᠣᠬᠢᠶᠠᠭᠰᠠᠨ ᠪᠣᠯᠣᠮᠵᠢᠲᠤ ᠴᠢᠨᠠᠷ ᠲᠠᠢ ᠮᠡᠳᠡᠭᠦᠯᠦᠯᠲᠡ᠃ 6. ᠨᠤᠭᠤ ᠭᠠᠵᠠᠷ ᠤᠨ ᠬᠠᠮᠢᠶᠠᠷᠤᠯᠲᠠ ᠶᠢᠨ ᠨᠢᠭᠡᠴᠡ ᠶᠢᠨ ᠬᠠᠮᠢᠶᠠᠷᠴᠤ ᠪᠠᠶᠢᠭ᠎ᠠ ᠴᠢᠬᠤᠯᠠ ᠨᠤᠭᠤ ᠭᠠᠵᠠᠷ ᠤᠨ ᠬᠡᠪᠴᠢᠶᠡᠨ ᠳᠤ ᠪᠠᠷᠢᠯᠭ᠎ᠠ ᠶᠢᠨ ᠲᠥᠬᠦᠭᠡᠷᠦᠮᠵᠢ ᠪᠠᠶᠢᠭᠤᠯᠵᠤ ᠴᠢᠬᠤᠯᠠ ᠨᠤᠭᠤ ᠭᠠᠵᠠᠷ ᠢ ᠡᠵᠡᠯᠡᠨ ᠬᠡᠷᠡᠭᠯᠡᠬᠦ ᠪᠠᠷ ᠭᠤᠶᠤᠴᠢᠯᠠᠪᠠᠯ᠂ 1᠂ 2᠂ 3᠂ 4᠂ 5 ᠵᠦᠢᠯ ᠤᠨ ᠲᠣᠭᠲᠠᠭᠠᠯ ᠤᠨ ᠮᠠᠲ᠋ᠧᠷᠢᠶᠠᠯ ᠢ ᠬᠠᠩᠭᠠᠵᠤ᠂ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠠᠷ ᠬᠢᠨᠠᠨ ᠪᠠᠶᠢᠴᠠᠭᠠᠯᠭᠠᠭᠰᠠᠨ ᠤ ᠳᠠᠷᠠᠭ᠎ᠠ ᠳᠡᠭᠡᠷ᠎ᠡ ᠨᠢᠭᠡ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠬᠠᠷᠭᠤᠭᠤᠯᠤᠨ᠎ᠠ᠃ ︵ᠬᠤᠶᠠᠷ︶ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠭᠠᠵᠠᠷ ᠬᠡᠷᠡᠭᠯᠡᠬᠦ ᠨᠢᠭᠡᠴᠡ ᠶᠢᠨ ᠲᠤᠰᠢᠶᠠᠭᠰᠠᠨ ᠭᠠᠵᠠᠷ ᠬᠡᠷᠡᠭᠯᠡᠬᠦ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ᠂ ᠬᠢᠷᠢ ᠬᠡᠮ ᠲᠠᠢ ᠲᠤᠰᠬᠠᠢ ᠮᠡᠷᠭᠡᠵᠢᠯ ᠤᠨ ᠠᠵᠢᠯᠲᠠᠨ ︵2 ᠬᠥᠮᠥᠨ ᠠᠴᠠ ᠳᠤᠲᠠᠭᠤ ᠦᠭᠡᠢ︶ ᠢ ᠲᠣᠮᠢᠯᠠᠨ ᠭᠠᠵᠠᠷ ᠬᠡᠷᠡᠭᠯᠡᠬᠦ ᠲᠤᠬᠠᠢ ᠶᠢᠨ ᠲᠠᠯᠠᠪᠤᠷ ᠤᠨ ᠪᠠᠶᠢᠴᠠᠭᠠᠨ ᠰᠢᠯᠭᠠᠯᠲᠠ ᠬᠢᠯᠭᠡᠵᠦ᠂ ︽ᠨᠤᠭᠤ ᠭᠠᠵᠠᠷ ᠢ ᠬᠡᠷᠡᠭᠯᠡᠬᠦ ᠲᠤᠬᠠᠢ ᠶᠢᠨ ᠲᠠᠯᠠᠪᠤᠷ ᠤᠨ ᠪᠠᠶᠢᠴᠠᠭᠠᠨ ᠰᠢᠯᠭᠠᠯᠲᠠ ᠶᠢᠨ ᠬᠦᠰᠦᠨᠦᠭᠲᠦ︾ ︵ᠲᠦᠮᠡᠨ ᠬᠤᠪᠢ ᠶᠢᠨ ᠨᠢᠭᠡ ᠶᠢᠨ ᠭᠠᠵᠠᠷ ᠤᠨ ᠪᠠᠶᠢᠴᠠ ᠶᠢᠨ ᠵᠢᠷᠤᠭ ᠢ ᠳᠠᠭᠠᠯᠳᠤᠭᠤᠯᠤᠨ᠎ᠠ︶ ᠶᠢ ᠲᠠᠭᠯᠠᠬᠤ ᠶᠢᠨ ᠬᠠᠮᠲᠤ᠂ ︽ᠨᠤᠭᠤ ᠭᠠᠵᠠᠷ ᠢ ᠬᠡᠷᠡᠭᠯᠡᠬᠦ ᠭᠤᠶᠤᠴᠢᠯᠠᠯ ᠤᠨ ᠬᠦᠰᠦᠨᠦᠭᠲᠦ︾ ᠳᠤ ᠠᠩᠬ᠎ᠠ ᠠᠯᠬᠤᠮ ᠤᠨ ᠬᠢᠨᠠᠨ ᠪᠠᠶᠢᠴᠠᠭᠠᠭᠰᠠᠨ ᠰᠠᠨᠠᠯ ᠳᠤ ᠭᠠᠷ ᠤᠨ ᠥᠰᠥᠭ ᠵᠢᠷᠤᠨ᠎ᠠ᠃ ᠠᠩᠬ᠎ᠠ ᠠᠯᠬᠤᠮ ᠬᠢᠨᠠᠨ ᠪᠠᠶᠢᠴᠠᠭᠠᠭᠠᠳ ᠵᠥᠪᠰᠢᠶᠡᠷᠡᠭᠰᠡᠨ ᠨᠢ 10 ᠠᠵᠢᠯᠯᠠᠬᠤ ᠡᠳᠦᠷ ᠤᠨ ᠳᠣᠲᠣᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠭᠤᠯᠬᠤ ᠬᠡᠷᠡᠭᠲᠡᠢ᠃ ︵ᠭᠤᠷᠪᠠ︶ ᠬᠤᠰᠢᠭᠤ ᠠᠷᠠᠳ ᠤᠨ ᠵᠠᠰᠠᠭ ᠤᠨ ᠣᠷᠳᠣᠨ   ᠠᠴᠠ ᠬᠠᠮᠢᠶ᠎ᠠ ᠪᠦᠬᠦᠢ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠲᠣᠭᠲᠠᠭᠠᠯ ᠶᠣᠰᠣᠭᠠᠷ 20 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠤᠨ᠎ᠠ᠃ ᠬᠢᠨᠠᠨ ᠬᠠᠷᠭᠤᠭᠤᠯᠤᠭᠠᠳ ᠵᠥᠪᠰᠢᠶᠡᠷᠡᠭᠰᠡᠨ ᠪᠠᠶᠢᠪᠠᠯ ᠭᠠᠵᠠᠷ ᠬᠡᠷᠡᠭᠯᠡᠬᠦ ᠨᠢᠭᠡᠴᠡ ᠳᠤ ︽ᠴᠢᠭᠢᠭᠯᠢᠭ ᠭᠠᠵᠠᠷ ᠢ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ︾ ᠢ ᠣᠯᠭᠤᠬᠤ ᠬᠡᠷᠡᠭᠲᠡᠢ᠃ ᠠᠷᠪᠠᠨ ᠲᠠᠪᠤᠳᠤᠭᠠᠷ ᠵᠦᠢᠯ ᠴᠢᠭᠢᠭᠯᠢᠭ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠳᠤ ᠬᠦᠷᠪᠡᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠯᠠᠢ ᠶᠢᠨ ᠣᠷᠣᠨ ᠢ ᠬᠡᠷᠡᠭᠯᠡᠬᠦ ᠬᠠᠮᠢᠶᠠᠷᠤᠯᠲᠠ ᠶᠢᠨ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ ᠴᠢᠭᠢᠭᠯᠢᠭ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠶᠢ ᠡᠩ ᠤᠨ ᠪᠠᠶᠢᠳᠠᠯ ᠳᠤ ᠬᠤᠶᠠᠷ ᠵᠢᠯ ᠠᠴᠠ ᠬᠡᠲᠦᠷᠡᠭᠦᠯᠵᠦ ᠪᠣᠯᠬᠤ ᠦᠭᠡᠢ ᠪᠥᠭᠡᠳ ᠲᠦᠷ ᠴᠠᠭ ᠡᠵᠡᠯᠡᠨ ᠬᠡᠷᠡᠭᠯᠡᠭᠰᠡᠨ ᠴᠢᠭᠢᠭᠯᠢᠭ ᠭᠠᠵᠠᠷ ᠳᠡᠭᠡᠷ᠎ᠡ ᠡᠭᠦᠷᠢᠳᠡ ᠶᠢᠨ ᠴᠢᠨᠠᠷᠲᠠᠢ ᠪᠠᠷᠢᠯᠭ᠎ᠠ ᠪᠠᠷᠢᠵᠤ ᠪᠣᠯᠬᠤ ᠦᠭᠡᠢ᠃ ᠴᠢᠭᠢᠭᠯᠢᠭ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠨᠢᠭᠡ ᠵᠢᠯ ᠤᠨ ᠳᠣᠲᠣᠷ᠎ᠠ᠂ ᠭᠠᠵᠠᠷ ᠬᠡᠷᠡᠭᠯᠡᠬᠦ ᠨᠢᠭᠡᠴᠡ ᠪᠤᠶᠤ ᠬᠤᠪᠢ ᠬᠥᠮᠥᠨ ᠠᠮᠢ ᠠᠬᠤᠢ ᠶᠢ ᠰᠡᠷᠭᠦᠭᠡᠬᠦ ᠠᠷᠭ᠎ᠠ ᠬᠡᠮᠵᠢᠶ᠎ᠡ ᠠᠪᠴᠤ ᠪᠠᠶᠢᠭᠠᠳ ᠴᠢᠭᠢᠭᠯᠢᠭ ᠭᠠᠵᠠᠷ ᠤᠨ ᠲᠠᠯᠠᠪᠠᠶ ᠪᠠ ᠠᠮᠢ ᠠᠬᠤᠢ ᠶᠢᠨ ᠨᠥᠬᠦᠴᠡᠯ ᠢ ᠰᠡᠷᠭᠦᠭᠡᠬᠦ ᠬᠡᠷᠡᠭᠲᠡᠢ᠃ ᠠᠷᠪᠠᠨ ᠵᠢᠷᠭᠤᠳᠤᠭᠠᠷ ᠵᠦᠢᠯ   ᠬᠤᠰᠢᠭᠤ ᠠᠷᠠᠳ ᠤᠨ ᠵᠠᠰᠠᠭ ᠤᠨ ᠣᠷᠳᠣᠨ ᠭᠠᠵᠠᠷ ᠬᠡᠷᠡᠭᠯᠡᠬᠦ ᠨᠢᠭᠡᠴᠡ ᠶᠢᠨ ᠳᠤᠷᠠᠳᠤᠭᠰᠠᠨ ᠭᠤᠶᠤᠴᠢᠯᠠᠯ ᠢ ᠬᠢᠨᠠᠨ ᠬᠠᠷᠭᠤᠭᠤᠯᠤᠭᠠᠳ ᠵᠥᠪᠰᠢᠶᠡᠷᠡᠬᠦ ᠦᠭᠡᠢ ᠪᠣᠯ᠂ ︽ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠦᠭᠡᠢ ᠲᠣᠭᠲᠠᠭᠠᠯ ᠤᠨ ᠪᠢᠴᠢᠭ︾ ᠲᠤ ᠵᠥᠪᠰᠢᠶᠡᠷᠡᠬᠦ ᠦᠭᠡᠢ ᠰᠢᠯᠲᠠᠭᠠᠨ ᠢᠶᠠᠨ ᠲᠣᠳᠣᠷᠬᠠᠢ ᠲᠡᠮᠳᠡᠭᠯᠡᠬᠦ ᠶᠢᠨ ᠬᠠᠮᠲᠤ᠂ ᠭᠤᠶᠤᠴᠢᠯᠠᠭᠰᠠᠨ ᠮᠠᠲ᠋ᠧᠷᠢᠶᠠᠯ ᠢ ᠭᠠᠵᠠᠷ ᠬᠡᠷᠡᠭᠯᠡᠬᠦ ᠪᠠᠷ ᠭᠤᠶᠤᠴᠢᠯᠠᠭᠰᠠᠨ ᠨᠢᠭᠡᠴᠡ ᠳᠤ ᠪᠤᠴᠠᠭᠠᠨ ᠥᠭᠬᠦ ᠬᠡᠷᠡᠭᠲᠡᠢ᠃ ᠠᠷᠪᠠᠨ ᠳᠣᠯᠣᠳᠤᠭᠠᠷ ᠵᠦᠢᠯ ᠭᠠᠵᠠᠷ ᠬᠡᠷᠡᠭᠯᠡᠬᠦ ᠨᠢᠭᠡᠴᠡ ᠨᠢ ︽ᠴᠢᠭᠢᠭᠯᠢᠭ ᠭᠠᠵᠠᠷ ᠢ ᠬᠡᠷᠡᠭᠯᠡᠬᠦ ᠶᠢ ᠬᠢᠨᠠᠨ ᠬᠠᠷᠭᠤᠭᠤᠯᠵᠤ ᠵᠥᠪᠰᠢᠶᠡᠷᠡᠭᠰᠡᠨ ᠪᠢᠴᠢᠭ︾ ᠢ ᠣᠯᠣᠭᠰᠠᠨ ᠤ ᠳᠠᠷᠠᠭ᠎ᠠ᠂ ᠬᠠᠤᠯᠢ ᠶᠣᠰᠣᠭᠠᠷ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠬᠢᠬᠦ ᠶᠢᠨ ᠬᠠᠮᠲᠤ᠂ ᠬᠤᠯᠪᠣᠭᠳᠠᠯ ᠪᠦᠬᠦᠢ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠢ᠃ ᠠᠷᠪᠠᠨ ᠨᠠᠢᠮᠠᠳᠤᠭᠠᠷ ᠵᠦᠢᠯ ᠭᠠᠵᠠᠷ ᠬᠡᠷᠡᠭᠯᠡᠬᠦ ᠨᠢᠭᠡᠴᠡ ᠨᠦᠭᠦᠳ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠭᠠᠵᠠᠷ ᠣᠷᠣᠨ᠂ ᠲᠠᠯᠠᠪᠠᠶ᠂ ᠬᠡᠷᠡᠭᠴᠡᠭᠡ ᠵᠡᠷᠭᠡ ᠶᠢ ᠴᠢᠩᠭ᠎ᠠ ᠵᠢᠷᠤᠮᠯᠠᠨ ᠨᠤᠭᠤ ᠭᠠᠵᠠᠷ ᠢ ᠬᠡᠷᠡᠭᠯᠡᠬᠦ ᠬᠡᠷᠡᠭᠲᠡᠢ᠂ ᠳᠤᠷ᠎ᠠ ᠪᠠᠷ ᠢᠶᠠᠨ ᠲᠠᠯᠠᠪᠠᠶ ᠶᠢ ᠥᠷᠭᠡᠳᠬᠡᠬᠦ ᠪᠤᠶᠤ ᠬᠡᠷᠡᠭᠯᠡᠬᠦ ᠬᠡᠷᠡᠭᠴᠡᠭᠡ ᠶᠢ ᠬᠤᠪᠢᠷᠠᠭᠤᠯᠵᠤ ᠪᠣᠯᠬᠤ ᠦᠭᠡᠢ᠂ ᠦᠨᠡᠨᠬᠦ ᠲᠠᠯᠠᠪᠠᠶ ᠶᠢ ᠥᠷᠭᠡᠳᠬᠡᠬᠦ ᠪᠤᠶᠤ ᠬᠡᠷᠡᠭᠯᠡᠬᠦ ᠬᠡᠷᠡᠭᠴᠡᠭᠡ ᠶᠢ ᠬᠤᠪᠢᠷᠠᠭᠤᠯᠬᠤ ᠴᠢᠬᠤᠯᠠ ᠲᠠᠢ ᠪᠣᠯ᠂ ᠲᠣᠰ ᠠᠷᠭ᠎ᠠ ᠶᠢᠨ ᠶᠣᠰᠣᠭᠠᠷ ᠳᠠᠭᠢᠵᠤ ᠭᠤᠶᠤᠴᠢᠯᠠᠯ ᠢᠶᠠᠨ ᠲᠤᠰᠢᠶᠠᠬᠤ ᠬᠡᠷᠡᠭᠲᠡᠢ᠃ ᠠᠷᠪᠠ ᠶᠢᠰᠦᠳᠦᠭᠡᠷ ᠵᠦᠢᠯ  ᠦᠶᠡᠷ ᠢ ᠰᠡᠷᠭᠡᠶᠢᠯᠡᠬᠦ᠂ ᠤᠰᠤᠨ ᠠᠶᠠᠯᠠᠯ ᠤᠨ ᠵᠠᠮ᠂ ᠭᠠᠷᠠᠮ ᠪᠤᠶᠤ ᠪᠤᠰᠤᠳ ᠤᠰᠤᠨ ᠠᠰᠢᠭᠯᠠᠯᠲᠠ ᠶᠢᠨ ᠢᠨᠵᠧᠨᠧᠷᠢᠩ ᠤᠨ ᠡᠵᠡᠯᠡᠨ ᠬᠡᠷᠡᠭᠯᠡᠭᠰᠡᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠵᠢᠴᠢ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠳᠣᠲᠣᠷᠠᠬᠢ ᠴᠢᠭᠢᠭᠯᠢᠭ ᠭᠠᠵᠠᠷ ᠢ ᠭᠠᠷᠭᠠᠪᠠᠯ᠂ ᠬᠠᠤᠯᠢ ᠶᠣᠰᠣᠭᠠᠷ ᠵᠥᠪᠰᠢᠶᠡᠷᠡᠭᠦᠯᠦᠭᠡᠳ ᠴᠢᠬᠤᠯᠠ ᠴᠢᠭᠢᠭᠯᠢᠭ ᠭᠠᠵᠠᠷ ᠢ ᠡᠵᠡᠯᠡᠨ ᠬᠡᠷᠡᠭᠯᠡᠭᠰᠡᠨ ᠨᠢᠭᠡᠴᠢ ᠲᠤᠬᠠᠢ ᠶᠢᠨ ᠭᠠᠵᠠᠷ ᠤᠨ ᠪᠠᠶᠢᠭᠠᠯᠢ ᠶᠢᠨ ᠨᠥᠬᠦᠴᠡᠯ ᠢ ᠦᠨᠳᠦᠰᠦᠯᠡᠨ ᠡᠵᠡᠯᠡᠨ ᠬᠡᠷᠡᠭᠯᠡᠭᠰᠡᠨ ᠴᠢᠭᠢᠭᠯᠢᠭ ᠭᠠᠵᠠᠷ ᠤᠨ ᠲᠠᠯᠠᠪᠠᠢ ᠪᠠ ᠶᠠᠰᠤ ᠴᠢᠨᠠᠷ ᠲᠠᠢ ᠠᠳᠠᠯᠢᠪᠲᠤᠷ ᠴᠢᠭᠢᠭᠯᠢᠭ ᠭᠠᠵᠠᠷ ᠢ ᠰᠡᠷᠭᠦᠭᠡᠬᠦ ᠪᠤᠶᠤ ᠲᠠᠬᠢᠨ ᠪᠠᠶᠢᠭᠤᠯᠬᠤ ᠬᠡᠷᠡᠭᠲᠡᠢ᠃ ᠰᠡᠷᠭᠦᠭᠡᠬᠦ᠂ ᠳᠠᠬᠢᠨ ᠪᠠᠶᠢᠭᠤᠯᠬᠤ ᠨᠥᠬᠦᠴᠡᠯ ᠦᠭᠡᠢ ᠪᠣᠯ᠂ ᠴᠢᠭᠢᠭᠯᠢᠭ ᠭᠠᠵᠠᠷ ᠢ ᠰᠡᠷᠭᠦᠭᠡᠬᠦ ᠰᠦᠢᠳᠬᠡᠯ ᠲᠤᠰᠢᠶᠠᠬᠤ ᠬᠡᠷᠡᠭᠲᠡᠢ᠃ ᠴᠢᠭᠢᠭᠯᠢᠭ ᠭᠠᠵᠠᠷ ᠢ ᠰᠡᠷᠭᠦᠭᠡᠬᠦ ᠵᠠᠷᠤᠳᠠᠯ ᠲᠤᠰᠢᠶᠠᠭᠰᠠᠨ ᠪᠠᠶᠢᠪᠠᠯ᠂ ᠪᠤᠰᠤᠳ ᠠᠳᠠᠯᠢ ᠰᠢᠨᠵᠢ ᠴᠢᠨᠠᠷ ᠲᠠᠢ ᠰᠡᠷᠭᠦᠭᠡᠬᠦ ᠵᠠᠷᠤᠳᠠᠯ ᠢ ᠳᠠᠭᠢᠵᠤ ᠲᠤᠰᠢᠶᠠᠬᠤ ᠦᠭᠡᠢ᠃ ᠤᠯᠤᠰ ᠤᠨ ︽ᠨᠤᠭᠤ ᠭᠠᠵᠠᠷ ᠢ ᠰᠡᠷᠭᠦᠭᠡᠬᠦ ᠰᠦᠢᠳᠬᠡᠯ ᠢ ᠲᠤᠰᠢᠶᠠᠬᠤ ᠪᠠ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠬᠦ ᠠᠴᠠ ᠡᠮᠦᠨ᠎ᠡ ︽ᠢᠯᠡᠭᠦᠦ ᠶᠢ ᠨᠢ ᠪᠤᠴᠠᠭᠠᠵᠤ ᠳᠤᠲᠠᠭᠤ ᠶᠢ ᠨᠢ ᠨᠥᠬᠦᠪᠦᠷᠢᠯᠡᠬᠦ᠂ ᠥᠨᠳᠥᠷ ᠢ ᠨᠢ ᠪᠠᠭᠤᠷᠠᠭᠤᠯᠬᠤ ᠶᠢ ᠨᠢ ᠥᠯᠥ ᠵᠥᠪᠰᠢᠶᠡᠷᠡᠬᠦ︾ ᠵᠠᠷᠴᠢᠮ ᠤᠨ ᠶᠣᠰᠣᠭᠠᠷ᠂ ︽ᠣᠶ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠬᠠᠮᠤᠭ ᠤᠨ ᠥᠨᠳᠥᠷ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠬᠤᠷᠢᠶᠠᠨ᠎ᠠ᠃ ᠨᠤᠭᠤ ᠭᠠᠵᠠᠷ ᠢ ᠰᠡᠷᠭᠦᠭᠡᠬᠦ ᠰᠦᠢᠳᠬᠡᠯ ᠢ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ   ᠠᠴᠠ ᠬᠠᠷᠢᠭᠤᠴᠠᠨ ᠬᠤᠷᠢᠶᠠᠵᠤ᠂ ᠲᠣᠰ ᠱᠠᠲᠤᠨ ᠤ ᠡᠳ᠋ ᠤᠨ ᠵᠠᠰᠠᠭ ᠤᠨ ᠲᠣᠭᠲᠠᠭᠠᠭᠰᠠᠨ ᠲᠠᠩᠰᠠᠨ ᠡᠷᠦᠬᠡ ᠳᠤ ᠲᠤᠰᠢᠶᠠᠵᠤ᠂ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠭᠠᠳᠠᠨᠠᠬᠢ ᠪᠡᠯᠡ ᠮᠥᠩᠭᠦ ᠶᠢᠨ ᠬᠠᠮᠢᠶᠠᠷᠤᠯᠲᠠ ᠳᠤ ᠣᠷᠣᠭᠤᠯᠤᠨ᠎ᠠ᠃ ᠬᠤᠷᠢᠳᠤᠭᠠᠷ ᠵᠦᠢᠯ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠨᠤᠭᠤ ᠭᠠᠵᠠᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠵᠤ᠂ ᠵᠣᠬᠢᠶᠠᠨ ᠪᠠᠶᠢᠭᠤᠯᠵᠤ᠂ ᠥᠷᠨᠢᠭᠦᠯᠬᠦ ᠬᠡᠷᠡᠭᠲᠡᠢ᠃ ᠴᠢᠭᠢᠭᠯᠢᠭ ᠭᠠᠵᠠᠷ ᠢ ᠬᠠᠮᠠᠭᠠᠯᠠᠨ ᠬᠠᠮᠢᠶᠠᠷᠬᠤ ᠪᠠᠶᠢᠭᠤᠯᠤᠮᠵᠢ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠭᠢᠭᠯᠢᠭ ᠭᠠᠵᠠᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠪᠣᠳᠠᠲᠠᠢ ᠠᠵᠢᠯ ᠢ ᠡᠭᠦᠷᠭᠡᠯᠡᠬᠦ ᠬᠡᠷᠡᠭᠲᠡᠢ᠃ ᠬᠤᠷᠢᠨ ᠨᠢᠭᠡᠳᠦᠭᠡᠷ ᠵᠦᠢᠯ   ᠲᠣᠰ ᠠᠷᠭ᠎ᠠ ᠪᠣᠯᠣᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ᠶᠢ ᠦᠨᠳᠦᠰᠦᠯᠡᠨ ᠰᠢᠳᠬᠡᠨ ᠲᠣᠷᠭᠠᠨ᠎ᠠ᠃ ᠬᠤᠷᠢᠨ ᠬᠤᠶᠠᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ  ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号