ᠠᠩᠬᠠᠳᠤᠭᠠᠷ ᠬᠤᠭᠤᠴᠠᠭᠠᠨ ᠤ ᠮᠤᠩᠭᠤᠯ ᠮᠤᠷᠢᠨ ᠤ ᠬᠤᠯᠪᠤᠭᠠᠳᠣ ᠤᠷᠤᠯᠳᠣᠭᠠᠨ—ᠪᠠᠷᠠᠭᠤᠨ ᠦᠵᠦᠮᠦᠴᠢᠨ ᠬᠤᠰᠢᠭᠤᠨ ᠳᠠᠬᠢ ᠰᠢᠢᠳᠪᠦᠷᠢᠲᠦ ᠤᠷᠤᠯᠳᠤᠭᠠᠨ ᠡᠬᠢᠯᠠᠯ᠎ᠠ
ᠨᠡᠶᠢᠲᠡᠯᠡᠭᠰᠡᠨ ᠴᠠᠭ᠄
2023/12/28
                                                              12 ᠰᠠᠷ᠎ᠠ ᠶᠢᠨ 26 ᠤ ᠡᠳᠦᠷ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠣᠭᠤᠨ ᠰᠣᠶᠤᠯ ᠤᠨ ᠲᠦᠪ ᠰᠢᠯᠢ ᠶᠢᠨ ᠭᠤᠤᠯ ᠠᠶᠢᠮᠠᠭ ᠤᠨ ᠮᠣᠩᠭᠤᠯ ᠮᠣᠷᠢᠨ  ᠤ ᠬᠤᠯᠪᠣᠭᠠᠲᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠳᠠᠬᠢ ᠰᠢᠢᠳᠪᠦᠷᠢᠲᠦ ᠤᠷᠤᠯᠳᠤᠭᠠᠨ ᠤ ᠡᠬᠢᠯᠠᠯᠳᠠ  ᠶᠢᠨ ᠶᠤᠰᠣᠯᠠᠯ ᠦᠪᠡᠳᠡᠭᠰᠢ ᠶᠠᠪᠤᠭᠳᠠᠯ᠎ᠠ᠃
   ᠡᠬᠢᠯᠠᠯᠳᠠ ᠶᠢᠨ ᠶᠤᠰᠣᠯᠠᠯ ᠤᠨ ᠠᠬᠤᠢ ᠲᠠᠯᠠᠪᠡᠢ   ᠳᠤ 9 ᠴᠠᠭᠠᠨ  ᠮᠤᠷᠢᠳᠠᠨ ᠭᠠᠯ ᠪᠠᠮᠪᠠᠷ  ᠡᠷᠬᠦᠨ ᠲᠠᠯᠠᠪᠠᠢ ᠳᠤ ᠣᠷᠣᠵᠤ᠂ ᠲᠦᠳᠡᠭ ᠭᠠᠯ ᠢ ᠠᠰᠠᠭᠠᠵᠦ᠂ ᠦᠵᠦᠮᠦᠴᠢᠨ ᠨᠤᠲᠤᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠷᠢᠯᠴᠠᠭ᠎ᠠ ᠶᠠᠪᠤᠯᠴᠠᠭ᠎ᠠ ᠤᠯᠠᠮ ᠨᠢᠭᠳᠠᠷᠠᠨ᠂ ᠡᠯ᠎ᠡ ᠵᠦᠢᠯ ᠤᠨ ᠠᠵᠢᠯ ᠦᠢᠯᠡᠰ ᠥᠷᠨᠢᠩᠭᠦᠢ ᠬᠥᠭᠵᠢᠵᠦ᠂ ᠭᠠᠵᠠᠷ ᠪᠣᠯᠭᠠᠨ ᠳᠤ ᠵᠣᠯ ᠵᠢᠷᠭᠠᠯ ᠤᠨ ᠲᠠᠭᠤ ᠬᠠᠩᠬᠢᠨᠠᠵᠦ᠂ ᠪᠠᠶᠠᠷ ᠪᠠᠶᠠᠰᠤᠯ  ᠤᠨ ᠢᠨᠢᠶᠠᠳᠣ ᠬᠠᠯᠬᠢᠯᠠᠵᠦ ᠪᠠᠶᠢᠬᠤ ᠶᠢ ᠪᠡᠯᠬᠡᠳᠡᠭᠰᠠᠨ ᠪᠠᠶᠢᠨ᠎ᠠ᠃ ᠡᠬᠦᠨ ᠤ ᠲᠠᠷᠠᠭ᠎ᠠ ᠴᠠᠭᠠᠨ ᠠᠳᠣᠭᠤᠨ ᠤ ᠰᠠᠶᠢᠨ ᠲᠤᠷ᠎ᠠ ᠶᠢᠨ ᠦᠢᠯᠠᠴᠢᠯᠠᠬᠡᠨ ᠤ ᠠᠩᠬᠢ᠂ 99 ᠨᠤᠮᠧᠷᠳᠣ ᠰᠣᠯᠤᠩᠭᠠᠨ ᠵᠠᠮ ᠤᠨ ᠡᠩᠨᠡᠭᠡ᠂ ᠬᠡᠬᠡᠷᠯᠠᠨ ᠲᠠᠪᠬᠢᠬᠤ ᠲᠠᠷᠬᠡᠨ ᠤ ᠡᠩᠨᠡᠭᠡ᠂ ᠪᠦᠵᠢᠭ ᠤᠨ ᠡᠩᠨᠡᠭᠡ ᠵᠡᠷᠭᠡ ᠵᠢᠭᠰᠠᠭᠠᠯ ᠤᠨ ᠡᠩᠨᠡᠭᠡ ᠲᠠᠯᠠᠪᠠᠶ ᠳᠤ ᠣᠷᠣᠵᠤ᠂ ᠦᠵᠦᠮᠦᠴᠢᠨ ᠨᠤᠳᠤᠭ ᠤᠨ ᠰᠣᠶᠤᠯ ᠢᠷᠬᠡᠨᠰᠢᠯ᠂ ᠭᠦᠭᠵᠢᠯᠳᠠ ᠲᠠᠪᠰᠢᠯᠳᠠ ᠵᠢᠴᠢ ᠵᠢᠭᠤᠯᠴᠢᠯᠠᠯ ᠤᠨ ᠡᠬᠢ ᠪᠠᠶᠠᠯᠢᠭ ᠢ ᠨᠠᠭᠠᠳᠣᠮᠴᠢᠨ ᠤᠯᠠᠨ ᠳᠠᠭᠠᠨ ᠬᠠᠷᠠᠭᠤᠯᠵᠦ᠂  ᠬᠦᠯᠦᠭ ᠤᠨ ᠬᠤᠷᠳᠣ ᠰᠣᠶᠢᠭᠰᠠᠨ ᠨᠢᠵᠢᠬᠢᠷ ᠰᠠᠶᠢᠬᠠᠨ ᠬᠤᠯᠪᠤᠭᠠᠳᠣ ᠤᠷᠤᠯᠳᠣᠭᠠᠨ ᠤ ᠤᠳᠬ᠎ᠠ ᠠᠭᠤᠯᠭ᠎ᠠ ᠶᠢ ᠤᠯᠠᠮ ᠪᠢᠯᠬᠠᠮ᠎ᠠ ᠪᠤᠯᠭᠠᠭᠰᠠᠨ ᠪᠠᠶᠢᠨ᠎ᠠ᠃
    ᠲᠠᠷᠠ ᠶᠠᠷᠢᠶᠠᠨ ᠳᠠᠭᠠᠨ ᠪᠠᠷᠠᠭᠤᠨ ᠦᠵᠦᠮᠦᠴᠢᠨ ᠬᠤᠰᠢᠭᠤᠨ ᠤ ᠰᠢᠢᠳᠪᠦᠷᠢᠲᠦ ᠤᠷᠤᠯᠳᠤᠭᠠᠨ ᠨᠢ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠪᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠭᠦᠢᠴᠡᠳ ᠬᠠᠷᠠᠭᠤᠯᠵᠦ᠂ ᠡᠪᠦᠯ ᠤᠨ ᠤᠯᠠᠷᠢᠯ ᠤᠨ ᠦᠵᠦᠮᠦᠴᠢᠨ ᠨᠤᠳᠤᠭ ᠤᠨ ᠠᠮᠢᠯᠠᠯ ᠭᠦᠭᠵᠢᠯ ᠢ ᠤᠯᠠᠮ ᠪᠢᠯᠬᠠᠮ᠎ᠠ ᠪᠤᠯᠭᠠᠭᠰᠠᠨ ᠪᠠᠶᠢᠨ᠎ᠠ᠃ ᠬᠤᠶᠢᠰᠢᠳᠠ ᠪᠠᠷᠠᠭᠤᠨ ᠦᠵᠦᠮᠦᠴᠢᠨ ᠬᠤᠰᠢᠭᠤ ᠨᠢ ᠮᠤᠷᠢᠨ ᠤ ᠭᠤᠤᠯ ᠰᠡᠳᠦᠪᠲᠦ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠠᠳᠤᠭᠤᠨ ᠤ ᠰᠣᠶᠣᠯ ᠳᠤ ᠪᠠᠭ᠋ᠠᠲᠠᠢ ᠬᠥᠮᠥᠰ ᠲᠤ ᠨᠠᠩ ᠰᠠᠶᠢᠨ ᠲᠠᠪᠴᠠᠩ ᠬᠠᠩᠭᠠᠵᠦ᠂ ᠲᠠᠯ᠎ᠠ ᠨᠤᠲᠤᠭ ᠤᠨ 99 ᠨᠣᠮᠧᠷᠲᠤ ᠵᠠᠰᠠᠮᠠᠯ ᠵᠠᠮ ᠤᠨ ᠵᠢᠭᠤᠯᠴᠢᠯᠠᠯ ᠤᠨ ᠨᠠᠷᠠᠲᠤ ᠲᠡᠮᠳᠡᠭ ᠲᠠᠢ ᠤᠶᠠᠯᠳᠤᠭᠤᠯᠤᠨ᠂ ᠪᠥᠬᠦ ᠠᠶᠢᠮᠠᠭ ᠤᠨ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠢ ᠠᠵᠢᠯᠯᠠᠭ᠎ᠠ ᠶᠢ ᠢᠳᠠᠪᠬᠢᠳᠠᠢ ᠵᠤᠬᠢᠶᠠᠨ ᠪᠠᠶᠢᠭᠤᠯᠵᠦ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠠᠳᠤᠭᠤᠨ ᠤ ᠰᠣᠶᠣᠯ ᠬᠢᠭᠡᠳ ᠰᠣᠶᠣᠯ  ᠵᠢᠭᠤᠯᠴᠢᠯᠠᠯ  ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠵᠦ᠂ ᠳᠤᠮᠳᠠᠳᠤ ᠤᠯᠤᠰ ᠤᠨ ᠴᠠᠭᠠᠨ ᠠᠳᠣᠭᠤᠨ ᠤ ᠨᠤᠲᠤᠭ ᠤᠨ ᠨᠠᠷ᠎ᠠ ᠠᠯᠳᠠᠷᠰᠢᠯ ᠢ ᠤᠯᠠᠮ ᠲᠡᠬᠡᠭᠰᠢᠯᠠᠬᠦᠯᠦᠨ᠎ᠠ ᠬᠡᠵᠡᠢ᠃
    ᠲᠤᠰ ᠤᠳᠠᠭᠠᠨ ᠤ ᠠᠵᠢᠯᠯᠠᠭ᠎ᠠ ᠳᠤ ᠮᠤᠷᠢᠨ ᠤ ᠤᠷᠤᠯᠳᠤᠭᠠᠨ ᠠᠴᠠ ᠭᠠᠳᠠᠨ᠎ᠠ᠂ ᠭᠦᠴᠦᠳᠣ ᠪᠥᠬᠡ ᠶᠢᠨ ᠪᠠᠷᠢᠯᠳᠣᠭᠠᠨ᠂ ᠤᠯᠠᠮᠵᠢᠯᠠᠯᠲᠤ ᠰᠤᠷ ᠬᠠᠷᠪᠤᠯᠲᠠ ᠪᠠ ᠮᠣᠩᠭᠤᠯ ᠰᠢᠲᠠᠷ᠎ᠠ ᠵᠡᠷᠬᠡ ᠤᠷᠤᠯᠳᠤᠭᠠᠨ ᠮᠦᠷᠦᠶᠢᠴᠠᠬᠡᠨ ᠶᠠᠪᠤᠭᠳᠠᠭᠰᠠᠨ ᠤ ᠬᠠᠮᠲᠤ᠂ ᠣᠷᠣᠨ ᠨᠤᠲᠤᠭ ᠤᠨ ᠣᠨᠴᠠᠯᠢᠭ ᠲᠠᠢ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠂ ᠬᠡᠷᠡᠯ ᠵᠢᠷᠤᠭ ᠤᠨ ᠦᠵᠡᠭᠦᠯᠦᠯᠭᠡ ᠪᠤᠯᠤᠨ ᠦᠨᠳᠣᠰᠣᠳᠠᠨ ᠤ ᠤᠨᠴᠠᠯᠢᠭᠳᠣ  ᠢᠳᠠᠬᠡᠨ ᠤ ᠲᠤᠭᠤᠷᠢᠭ ᠢ ᠲᠤᠬᠢᠷᠠᠭᠤᠯᠤᠨ᠂ ᠤᠷᠤᠨ ᠨᠤᠳᠤᠭ ᠤᠨ ᠤᠨᠴᠠᠯᠢᠭᠳᠣ ᠰᠣᠶᠤᠯ ᠵᠤᠭᠠᠴᠠᠯ ᠤᠨ ᠰᠣᠳᠣᠨ ᠢ ᠬᠤᠷᠠᠭᠰᠠᠨ ᠤᠯᠠᠨ ᠳᠠᠭᠠᠨ  ᠲᠠᠯᠬᠡᠨ ᠦᠵᠡᠬᠦᠯᠦᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号