︽ᠡᠷᠳᠡᠨᠢᠪᠠᠶᠠᠷ︾ ᠬᠤᠨᠳᠠᠭᠠᠳᠤ ᠬᠦᠴᠦᠳᠦ ᠪᠦᠭᠡ ᠶᠢᠨ ᠪᠠᠷᠢᠯᠳᠤᠭᠠᠨ ᠳᠤ ᠰᠠᠶᠢᠨᠴᠠᠭ ᠲᠡᠷᠢᠭᠦᠯᠡᠪᠡ
ᠨᠡᠶᠢᠲᠡᠯᠡᠭᠰᠡᠨ ᠴᠠᠭ᠄
2023/12/28
         ︽ᠡᠷᠳᠡᠨᠢᠪᠠᠶᠠᠷ︾ ᠬᠤᠨᠳᠠᠭᠠᠳᠤ ᠬᠦᠴᠦᠳᠦ ᠪᠦᠭᠡ ᠶᠢᠨ ᠪᠠᠷᠢᠯᠳᠤᠭᠠᠨ ᠳᠤ ᠰᠠᠶᠢᠨᠴᠠᠭ ᠲᠡᠷᠢᠭᠦᠯᠡᠪᠡ                                                                                      12 ᠰᠠᠷ᠎ᠠ ᠶᠢᠨ 26 ᠤ ᠡᠳᠦᠷ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠰᠢᠢᠳᠪᠦᠷᠢᠲᠦ ᠤᠷᠤᠯᠳᠤᠭᠠᠨ ᠤ ᠲᠦᠷᠦᠯ ᠤᠨ ᠨᠢᠭᠡ ᠪᠤᠯᠬᠤ ᠠᠷᠪᠠᠨ ᠳᠥᠷᠪᠡᠳᠦᠭᠡᠷ ᠤᠳᠠᠭᠠᠨ ᠤ ︽ᠡᠷᠳᠡᠨᠢᠪᠠᠶᠠᠷ︾ ᠬᠤᠨᠳᠠᠭᠠᠲᠤ ᠪᠥᠬᠡ ᠶᠢᠨ ᠪᠠᠷᠢᠯᠳᠤᠭᠠᠨ ᠬᠤᠰᠢᠭᠤᠨ ᠤ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠪᠠ᠃  ᠲᠤᠰ ᠤᠳᠠᠭᠠᠨ ᠤ ᠪᠥᠬᠡ ᠶᠢᠨ ᠪᠠᠷᠢᠯᠳᠤᠭᠠᠨ ᠨᠢ ᠬᠤᠶᠠᠷ ᠡᠳᠦᠷ ᠤᠨ ᠬᠤᠭᠤᠴᠠᠭᠠᠨ ᠳᠤ ᠨᠢᠭᠡᠴᠡ ᠶᠢᠨ ᠤᠷᠤᠯᠳᠤᠭᠠᠨ ᠪᠠ 128 ᠪᠥᠬᠡ ᠶᠢᠨ ᠪᠠᠷᠢᠯᠳᠤᠭᠠᠨ ᠬᠤᠪᠢᠶᠠᠨ ᠶᠠᠪᠤᠭᠳᠠᠭᠤᠯᠬᠤ ᠪᠤᠯᠤᠨ᠎ᠠ᠃   26 ᠤ ᠡᠳᠦᠷ 128 ᠬᠦᠴᠦᠳᠦ ᠪᠥᠬᠡ ᠶᠢᠨ ᠪᠠᠷᠢᠯᠳᠤᠭᠠᠨ ᠶᠠᠪᠤᠠᠠᠳᠠᠵᠦ᠂ ᠪᠠᠷᠠᠭᠤᠨ ᠦᠵᠦᠮᠦᠴᠢᠨ ᠬᠤᠰᠢᠭᠤᠨ  ᠠᠴᠠ ᠭᠠᠳᠠᠨ᠎ᠠ᠂ ᠵᠡᠭᠦᠨ ᠦᠵᠦᠮᠦᠴᠢᠨ ᠬᠤᠰᠢᠭᠤ᠂ ᠪᠠᠭᠠᠷᠢᠨ ᠪᠠᠷᠠᠭᠤᠨ ᠬᠤᠰᠢᠭᠤ ᠵᠡᠷᠭᠡ ᠭᠠᠵᠠᠷ ᠤᠨ ᠪᠦᠬᠡᠴᠢᠳ ᠵᠤᠳᠤᠠᠠᠯᠠᠨ ᠤᠷ᠎ᠠ ᠮᠡᠷᠭᠡᠵᠢᠯ᠂ ᠡᠷᠴᠢ ᠬᠦᠴᠦ ᠪᠠᠨ ᠰᠢᠯᠭᠠᠯᠴᠠᠪᠠ᠃ ᠪᠠᠷᠢᠯᠳᠤᠭᠠᠨ ᠤ ᠳ᠋ᠦᠩ ᠳᠤ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠰᠠᠶᠢᠨᠴᠠᠭ ᠲᠡᠷᠢᠭᠦᠯᠡᠵᠦ᠂ ᠪᠠᠶᠠᠨᠬᠤᠸᠠ ᠪᠠᠯᠭᠠᠰᠤᠨ ᠤ ᠰᠠᠨᠢᠴᠠᠷ ᠲᠡᠳ᠋ᠯᠡᠨ᠂ ᠪᠠᠶᠠᠨᠬᠤᠸᠠ ᠪᠠᠯᠭᠠᠰᠤᠨ ᠤ ᠭᠠᠯᠰᠠᠩᠷᠠᠰᠢ᠂ ᠵᠡᠭᠦᠨ ᠦᠵᠦᠮᠦᠴᠢᠨ ᠬᠤᠰᠢᠭᠤᠨ ᠤ ᠥᠯᠵᠡᠶᠢᠪᠠᠭᠠᠲᠤᠷ ᠲᠣᠰ ᠲᠣᠰ ᠭᠤᠷᠪᠠ ᠳᠥᠷᠪᠡᠳᠦᠭᠡᠷ ᠲᠤ ᠤᠷᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号