ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 76 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/28
 ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 76 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ                                                                   12 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ 76 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠰᠢ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠬᠦᠢᠲᠡᠨ ᠠᠭᠤᠷ ᠠᠮᠢᠰᠬᠤᠯ ᠵᠢᠴᠢ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃   ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠭᠤᠸᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠠᠵᠤ ᠦᠢᠯᠡᠰ ᠢ ᠬᠦᠴᠦᠷᠬᠡᠭᠵᠢᠭᠦᠯᠬᠦ ᠠᠵᠢᠯ ᠢ ᠯᠠᠪᠳᠠᠭᠤᠨ ᠪᠠᠲᠤᠲᠠᠢ  ᠬᠢᠵᠦ᠂ ᠰᠠᠨᠠᠭᠠᠴᠢᠯᠠᠭ᠎ᠠ ᠠᠴᠠ ᠪᠠᠨ ᠢᠳᠡᠪᠬᠢᠲᠡᠢ  ᠲᠠᠢ ᠪᠠᠷ ᠪᠣᠰᠣᠳ ᠭᠠᠵᠠᠷ ᠣᠷᠣᠨ ᠲᠠᠢ ᠣᠶᠢᠯᠠᠭᠠᠯᠴᠠᠨ ᠬᠠᠮᠲᠤᠷᠠᠯᠴᠠᠵᠤ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠠᠵᠤ ᠦᠢᠯᠡᠰ ᠤᠨ ᠰᠢᠰᠲ᠋ᠧᠮ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠨᠠᠮ ᠤᠨ ᠦᠨᠳᠦᠰᠦᠲᠡᠨ ᠤ ᠠᠵᠢᠯ ᠪᠠ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠭᠠᠨ᠂ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠦᠨᠳᠦᠰᠦᠲᠡᠨ ᠤ ᠪᠦᠯᠬᠦᠮᠳᠡᠯ ᠢ ᠠᠵᠤ ᠦᠢᠯᠡᠰ ᠤᠨ ᠬᠥᠭᠵᠢᠯᠲᠡ᠂ ᠵᠢᠭᠤᠯᠴᠢᠯᠠᠯ ᠤᠨ ᠰᠣᠶᠣᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠵᠦᠢᠯ ᠤᠨ ᠠᠵᠢᠯ ᠳᠤ ᠠᠭᠤᠰᠤᠯᠴᠠᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ ᠠᠷᠠᠳ ᠤᠯᠠᠨ ᠤ ᠰᠠᠨᠠᠭᠠᠰᠢᠷᠠᠨ ᠠᠩᠬᠠᠷᠴᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠲᠠᠶᠢᠴᠤᠳ ᠤᠨ ᠠᠰᠠᠷᠠᠮᠵᠢ᠂ ᠬᠡᠦᠬᠡᠳ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ᠃   ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠬᠦ ᠠᠵᠢᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ︽ᠴᠠᠭ ᠢᠮᠠᠭᠲᠠ ᠰᠡᠷᠡᠮᠵᠢᠯᠡᠨ ᠪᠣᠯᠭᠤᠮᠵᠢᠯᠠᠬᠤ︾ ᠰᠡᠳᠬᠢᠯᠭᠡ ᠪᠠᠷ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠵᠤ᠂ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠡᠷᠴᠢᠮ ᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠮᠡᠳᠡᠭᠡᠯᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠨ᠂ ᠴᠠᠬᠢᠯᠭᠠᠨ᠂ ᠤᠰᠤ᠂ ᠬᠡᠢ᠂ ᠳᠤᠯᠠᠭᠠᠯᠠᠭ᠎ᠠ ᠶᠢᠨ ᠬᠠᠩᠭᠠᠯᠭ᠎ᠠ ᠶᠢ ᠪᠠᠲᠤᠯᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠳᠤ ᠡᠭᠦᠰᠦᠭᠰᠡᠨ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠣᠯᠠᠨ ᠢ ᠵᠦᠢᠴᠢᠯᠡᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠡᠷᠡᠰ ᠪᠠᠶᠢᠴᠠᠭᠠᠨ ᠴᠡᠭᠴᠡᠯᠡᠨ ᠵᠠᠰᠠᠵᠤ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠬᠡᠢ ᠪᠠᠶᠢᠳᠠᠯ ᠤᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠡᠢ᠃   ᠬᠤᠷᠠᠯ ᠳᠤ ᠵᠢᠭᠠᠵᠤ ᠭᠠᠷᠭᠠᠭᠰᠠᠨ ᠨᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠢ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠨᠳᠦᠰᠦᠨ ᠬᠠᠤᠯᠢ ᠠᠴᠠ ᠣᠯᠭᠤᠭᠰᠠᠨ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠡᠭᠦᠷᠭᠡᠯᠡᠵᠦ᠂ ︽ᠨᠢᠭᠡ ᠵᠠᠰᠠᠭ ᠤᠨ ᠣᠷᠳᠣᠨ ᠨᠢᠭᠡ  ᠵᠥᠪᠯᠡᠯ ᠬᠤᠶᠠᠷ ᠬᠤᠷᠢᠶ᠎ᠠ︾ ᠶᠢᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠴᠢᠬᠤᠯᠠ ᠶᠡᠭᠡ ᠶᠠᠪᠤᠳᠠᠯ ᠢ ᠲᠣᠭᠲᠠᠭᠠᠬᠤ ᠵᠢᠴᠢ ᠠᠵᠢᠯᠲᠠᠨ ᠢ ᠲᠣᠮᠢᠯᠠᠵᠤ ᠪᠠᠭᠤᠯᠭᠠᠬᠤ ᠠᠵᠢᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ  ᠠᠴᠠ ᠪᠢᠯᠧᠲ ᠥᠭᠴᠦ ᠲᠣᠭᠲᠠᠭᠠᠬᠤ ᠳᠦᠷᠢᠮ ᠤᠨ ᠪᠣᠳᠠᠲᠠᠢ ᠠᠵᠢᠯ ᠢ ᠯᠠᠪᠳᠠᠭᠤᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠠᠷᠠᠳ ᠤᠯᠠᠨ ᠤ ᠬᠠᠷᠢᠯᠴᠠᠭ᠎ᠠ ᠶᠢ ᠲᠠᠰᠤᠷᠠᠯᠳᠠ ᠦᠭᠡᠢ ᠨᠢᠭᠲᠠᠷᠠᠭᠤᠯᠬᠤ ᠬᠡᠷᠡᠭᠲᠡᠢ᠃ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠴᠢᠬᠤᠯᠠ ᠮᠠᠭᠠᠳᠯᠠᠯᠲᠠ ᠪᠠ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠂ ᠰᠡᠳᠬᠢᠮᠵᠢ ᠪᠣᠯᠣᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠭᠠᠳᠠᠭᠰᠢ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠨ᠂ ᠬᠡᠯᠬᠢᠶᠡᠰᠦ ᠶᠢ ᠤᠷᠲᠤᠳᠬᠠᠨ  ᠨᠥᠬᠦᠪᠦᠷᠢᠯᠡᠵᠦ ᠴᠢᠩᠭᠠᠳᠬᠠᠬᠤ ᠡᠷᠴᠢᠮ ᠢ ᠴᠢᠩᠭᠠᠷᠠᠭᠤᠯᠵᠤ᠂ ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠭᠤᠣᠯᠳᠠᠯᠭ᠎ᠠ ᠲᠠᠢ ᠲᠥᠷᠥᠯ ᠵᠦᠢᠯ ᠤᠨ ᠢᠷᠡᠬᠦ ᠵᠢᠯ ᠳᠤ ᠲᠦᠪᠯᠡᠷᠡᠩᠭᠦᠢ ᠪᠠᠷ ᠠᠵᠢᠯ ᠡᠬᠢᠯᠡᠭᠦᠯᠬᠦ ᠳᠤ ᠡᠮᠦᠨᠡᠬᠢ ᠬᠤᠭᠤᠴᠠᠭᠠᠨ ᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠨᠢ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠭᠤᠣᠯᠳᠠᠯᠭ᠎ᠠ ᠲᠠᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠤᠨ ᠲᠣᠭᠤᠷᠢᠨ ᠳᠤ ᠤᠯᠤᠰ ᠲᠥᠷᠥ  ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠤᠷᠢ ᠪᠠᠨ ᠬᠢᠨᠠᠮᠠᠭᠠᠢ ᠰᠠᠶᠢᠲᠤᠷ ᠭᠦᠢᠴᠡᠳᠬᠡᠵᠦ᠂ ᠤᠯᠤᠰ ᠲᠥᠷᠥ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠰᠢᠨ᠂ ᠢᠳᠡᠪᠬᠢ ᠬᠦᠴᠦᠨ ᠵᠦᠢᠯ ᠪᠦᠬᠦᠨ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠭᠦᠯᠬᠦ ᠬᠡᠷᠡᠭᠲᠡᠢ ᠭᠡᠵᠡᠢ᠃ ᠬᠤᠷᠠᠯ ᠳᠤ ᠪᠠᠰᠠ ᠪᠤᠰᠤᠳ ᠵᠦᠢᠯ ᠢ ᠵᠦᠪᠳᠡᠯᠴᠡᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号