ᠠᠪᠤᠷᠭᠤ ᠪᠥᠬᠡᠴᠢᠨ ᠤ ᠠᠯᠳᠠᠷ ᠢᠶᠠᠷ ᠮᠢᠯᠢᠶᠠᠯᠭᠠᠵᠤ ᠶᠠᠪᠤᠭ᠎ᠠ ᠡᠭᠡᠴᠢ ᠳᠡᠭᠦᠦ ᠬᠤᠶᠠᠷ | | ᠴᠢᠨᠳᠠᠭᠠᠨᠴᠠᠭᠠᠨ᠂ ᠭᠠᠩᠰᠦᠬᠡ ᠡᠭᠡᠴᠢ ᠳᠡᠭᠦᠦ ᠬᠤᠶᠠᠭᠤᠯᠠ ᠪᠣᠯ ᠠᠪᠤᠷᠭᠤ ᠪᠥᠬᠡᠴᠢᠨ ᠤ ᠠᠯᠳᠠᠷ ᠢ ᠡᠷᠭᠦᠨ | ᠪᠦᠬᠡ ᠶᠢᠨ ᠦᠢᠯᠡᠰ ᠲᠤ ᠦᠯᠡᠮᠵᠢ ᠶᠢᠨ ᠵᠢᠳᠬᠦᠯ ᠢᠶᠠᠨ ᠦᠵᠡᠭᠦᠯᠵᠦ ᠶᠠᠪᠤᠭ᠎ᠠ ᠵᠠᠯᠠᠭᠤ ᠰᠣᠳᠣᠨ ᠪᠥᠬᠡᠴᠢᠨ ᠪᠣᠯᠣᠨ᠎ᠠ | ᠃ ᠡᠭᠡᠴᠢ ᠳᠡᠭᠦᠦ ᠬᠤᠶᠠᠭᠤᠯᠠ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠨᠢᠭᠡᠨ | ᠪᠥᠬᠡᠴᠢᠨ ᠤ ᠭᠡᠷ ᠲᠤ ᠲᠥᠷᠥᠵᠡᠢ᠃ ᠠᠪᠤ ᠨᠢ ᠰᠡᠴᠡᠨᠪᠠᠶᠠᠷ ᠪᠣᠯ ᠲᠤᠬᠠᠢ ᠶᠢᠨ ᠭᠠᠵᠠᠷ ᠤᠨ ᠠᠯᠳᠠᠷᠲᠤ ᠪᠥᠬᠡᠴᠢᠨ᠂ | ᠵᠡᠭᠦᠨ ᠦᠵᠦᠮᠦᠴᠢᠨ ᠬᠤᠰᠢᠭᠤᠨ ᠤ ᠮᠢᠩᠭᠠᠨ ᠪᠥᠬᠡ ᠶᠢᠨ ᠤᠷᠤᠯᠳᠤᠭᠠᠨ ᠤ ᠳᠡᠳ᠋᠂ ᠳᠤᠮᠳᠠᠳᠤ ᠤᠯᠤᠰ ᠤᠨ | ᠮᠠᠶ᠋ᠢᠭ ᠤᠨ ᠪᠥᠬᠡ ᠶᠢᠨ ᠤᠯᠤᠰ ᠤᠨ ᠠᠪᠤᠷᠭᠤ ᠬᠡᠮᠡᠭᠳᠡᠭᠰᠡᠨ ᠪᠢᠯᠡ᠃ ᠠᠪᠤ ᠶᠢᠨ ᠢᠶᠠᠨ ᠨᠥᠯᠥᠭᠡ ᠪᠠᠷ ᠲᠡᠳᠡ ᠬᠠᠷᠠᠬᠠᠨ | ᠪᠠᠭ᠎ᠠ ᠠᠴᠠ ᠪᠠᠨ ᠪᠦᠭᠡ ᠳᠤ ᠣᠨᠴᠠ ᠶᠢᠨ ᠪᠠᠭ᠋ᠠᠲᠠᠢ ᠪᠠᠶᠢᠵᠤ᠂ ᠨᠠᠷᠡᠳᠦ ᠪᠥᠬᠡᠴᠢᠨ ᠪᠤᠯᠬᠤ ᠬᠦᠰᠡᠯᠡᠩ ᠳᠡᠭᠡᠨ | ᠬᠥᠲᠥᠯᠥᠭᠳᠡᠵᠦ᠂ ᠬᠤᠰᠢᠭᠤᠨ ᠤ ᠪᠠᠨ ᠡᠯ᠎ᠡ ᠶᠡᠭᠡ ᠨᠠᠭᠠᠳᠤᠮ ᠴᠤᠭᠯᠠᠭᠠᠨ ᠳᠤ ᠣᠯᠠᠨᠲᠠ ᠬᠤᠰᠢᠭᠤᠷᠠᠨ ᠮᠠᠩᠯᠠᠶᠢᠯᠠᠵᠤ | ᠶᠠᠪᠤᠭᠰᠠᠨ ᠤᠳᠠᠭ᠎ᠠ ᠲᠠᠢ᠃ ᠴᠢᠨᠳᠠᠭᠠᠨᠴᠠᠭᠠᠨ 2009 ᠣᠨ ᠳᠤ ᠥᠪᠥᠷ ᠮᠣᠩᠭᠤᠯ ᠤᠨ ᠡᠮᠡᠭᠲᠡᠢ ᠶᠢᠨ ᠪᠥᠬᠡ ᠶᠢᠨ | ᠠᠩᠭᠢ ᠳᠤ ᠰᠣᠩᠭᠤᠭᠳᠠᠨ ᠣᠷᠣᠵᠤ᠂ ᠠᠷᠪᠠᠨ ᠬᠡᠳᠦᠨ ᠵᠢᠯ ᠤᠨ ᠪᠥᠬᠡ ᠶᠢᠨ ᠠᠮᠢᠳᠤᠷᠠᠯ ᠳᠤ ᠳᠠᠪᠲᠠᠭᠳᠠᠨ | ᠪᠣᠯᠪᠠᠰᠤᠷᠠᠵᠤ᠂ ᠤᠷᠢᠳ ᠬᠤᠵᠢᠳ ᠳᠡᠯᠡᠬᠡᠢ ᠶᠢᠨ ᠬᠤᠨᠳᠠᠭᠠᠲᠤ ᠡᠮᠡᠭᠲᠡᠢ ᠶᠢᠨ ᠴᠢᠯᠦᠭᠡᠲᠦ ᠪᠥᠬᠡ ᠶᠢᠨ | ᠤᠷᠤᠯᠳᠤᠭᠠᠨ ᠤ ᠮᠥᠩᠭᠦᠨ ᠮᠧᠳᠠᠯ ᠢ ᠭᠠᠷᠳᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠪᠡᠶ᠎ᠡ ᠶᠢᠨ ᠲᠠᠮᠢᠷ ᠤᠨ ᠴᠤᠭᠯᠠᠭᠠᠨ ᠤ ᠡᠮᠡᠭᠲᠡᠢ ᠶᠢᠨ ᠴᠢᠯᠦᠭᠡᠲᠦ ᠮᠠᠶ᠋ᠢᠭ ᠤᠨ 76 ᠺᠢᠯᠣᠭ᠍ᠷᠠᠮ ᠤᠨ ᠲᠡᠰ ᠤᠨ | ᠮᠠᠩᠯᠠᠢ ᠳᠤ ᠰᠢᠯᠭᠠᠷᠠᠭᠰᠠᠨ ᠲᠡᠦᠬᠡ ᠲᠠᠢ᠃ 2014 ᠣᠨ ᠤ ᠪᠦᠬᠦ ᠤᠯᠤᠰ ᠤᠨ ᠮᠠᠩᠯᠠᠢ ᠰᠢᠯᠭᠠᠷᠠᠭᠤᠯᠬᠤ | ᠤᠷᠤᠯᠳᠤᠭᠠᠨ ᠳᠤ ᠴᠢᠯᠦᠭᠡᠲᠦ ᠪᠥᠬᠡ ᠶᠢᠨ 75 ᠺᠢᠯᠣᠭ᠍ᠷᠠᠮ ᠤᠨ ᠤᠷᠤᠯᠳᠤᠭᠠᠨ ᠤ ᠵᠦᠢᠯ ᠳᠤ ᠬᠤᠶᠠᠳᠤᠭᠠᠷ ᠲᠤ | ᠣᠷᠣᠭᠰᠠᠨ ᠰᠠᠶᠢᠨ ᠬᠢᠷᠢ ᠪᠦᠲᠦᠮᠵᠢ ᠶᠢ ᠣᠯᠵᠠᠢ᠃ ᠲᠤᠬᠠᠢ ᠶᠢᠨ ᠭᠠᠵᠠᠷ ᠤᠨ ᠴᠠᠭ ᠢᠶᠠᠷ 2022 ᠣᠨ ᠤ 7 | ᠰᠠᠷ᠎ᠠ ᠶᠢᠨ 23 ᠤ ᠡᠳᠦᠷ᠂ 2022 ᠣᠨ ᠤ ᠣᠯᠠᠨ ᠤᠯᠤᠰ ᠤᠨ ᠪᠥᠬᠡ ᠶᠢᠨ A ᠲᠡᠰ ᠤᠨ ᠰᠢᠷᠢᠰ | ᠤᠷᠤᠯᠳᠤᠭᠠᠨ ᠤ ᠫᠤᠯᠠᠨᠳ᠋ ᠥᠷᠲᠡᠭᠡ ᠶᠢᠨ ᠤᠷᠤᠯᠳᠤᠭᠠᠨ ᠳᠤ ᠡᠮᠡᠭᠲᠡᠢ ᠶᠢᠨ ᠴᠢᠯᠦᠭᠡᠲᠦ ᠪᠥᠬᠡ ᠶᠢᠨ 76 | ᠺᠢᠯᠣᠭ᠍ᠷᠠᠮ ᠤᠨ ᠲᠡᠰ ᠤᠨ ᠲᠥᠷᠥᠯ ᠵᠦᠢᠯ ᠳᠤ ᠬᠦᠷᠡᠯ ᠮᠧᠳᠠᠯ ᠭᠠᠷᠳᠠᠪᠠ᠃ ᠴᠢᠨᠳᠠᠭᠠᠨᠴᠠᠭᠠᠨ ᠰᠣᠷᠪᠤᠯᠵᠢᠯᠠᠭ᠎ᠠ | ᠬᠦᠯᠢᠶᠡᠬᠦ ᠳᠡᠭᠡᠨ᠄ ︽ᠣᠯᠠᠩᠬᠢ ᠬᠥᠮᠥᠰ ᠥᠪᠥᠷ ᠮᠣᠩᠭᠤᠯᠴᠤᠳ ᠢ ᠪᠦ᠋ᠭᠡ ᠶᠢᠨ ᠲᠠᠯ᠎ᠠ ᠪᠠᠷ ᠠᠶᠠᠨᠳᠠᠭᠠᠨ ᠤ | ᠳᠠᠪᠠᠭᠤᠯᠢᠭ ᠲᠠᠢ ᠭᠡᠵᠦ ᠦᠵᠡᠳᠡᠭ᠂ ᠦᠨᠡᠨ ᠳᠡᠭᠡᠨ ᠪᠢᠳᠡᠨ ᠤ ᠪᠡᠶ᠎ᠡ ᠮᠠᠬᠠᠪᠤᠳ ᠤᠨ ᠬᠡᠪ ᠴᠢᠨᠠᠷ ᠰᠠᠶᠢᠨ | ᠪᠠᠶᠢᠬᠤ ᠠᠴᠠ ᠭᠠᠳᠠᠨ᠎ᠠ᠂ ᠴᠢᠷᠮᠠᠶᠢᠯᠭ᠎ᠠ ᠪᠠ ᠪᠠᠷᠢᠮᠲᠠᠯᠠᠯ ᠴᠢᠬᠤᠯᠠ ᠶᠤᠮ᠂ ᠢᠯᠠᠩᠭᠤᠶ᠎ᠠ ᠲᠤᠰᠬᠠᠢ ᠮᠡᠷᠭᠡᠵᠢᠯ ᠤᠨ | ᠪᠥᠬᠡ ᠶᠢᠨ ᠬᠦᠷᠢᠶᠡᠨ ᠳᠤ ᠰᠢᠰᠲ᠋ᠧᠮ ᠲᠠᠢ ᠰᠢᠨᠵᠢᠯᠡᠬᠦ ᠤᠬᠠᠭᠠᠨᠴᠢ ᠪᠣᠯᠪᠠᠰᠤᠷᠠᠯ ᠬᠢᠬᠦ ᠨᠢ ᠨᠠᠩ ᠴᠢᠬᠤᠯᠠ ᠶᠤᠮ︾ | ᠭᠡᠵᠦ ᠶᠠᠷᠢᠵᠤ ᠪᠠᠶᠢᠯ᠎ᠠ᠃ ᠴᠢᠨᠳᠠᠭᠠᠨᠴᠠᠭᠠᠨ ᠤ ᠳᠡᠭᠦᠦ ᠭᠠᠩᠰᠦᠬᠡ 2017 ᠣᠨ ᠳᠤ ᠥᠪᠥᠷ ᠮᠣᠩᠭᠤᠯ ᠤᠨ | ᠡᠷᠡᠭᠲᠡᠢ ᠶᠢᠨ ᠪᠥᠬᠡ ᠶᠢᠨ ᠠᠩᠭᠢ ᠳᠤ ᠰᠣᠩᠭᠤᠭᠳᠠᠵᠤ᠂ 2018 ᠣᠨ ᠤ ᠪᠥᠬᠦ ᠤᠯᠤᠰ ᠤᠨ ᠵᠠᠯᠠᠭᠤᠴᠤᠳ ᠤᠨ | ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠠᠯᠲᠠᠨ ᠮᠧᠳᠠᠯ ᠭᠠᠳᠠᠵᠤ᠂ 2019 ᠣᠨ ᠤ U23 ᠶᠢᠨ ᠮᠠᠩᠯᠠᠢ | ᠰᠢᠯᠭᠠᠷᠠᠭᠤᠯᠬᠤ ᠤᠷᠤᠯᠳᠤᠭᠠᠨ ᠳᠤ ᠮᠥᠩᠭᠦᠨ ᠮᠧᠳᠠᠯ ᠳᠤᠰᠤᠭᠰᠠᠨ ᠪᠢᠯᠡ᠃ ︽ᠴᠢᠷᠮᠠᠶᠢᠯᠭ᠎ᠠ ᠬᠥᠮᠥᠨ ᠢ | ᠭᠤᠮᠣᠳᠠᠭᠠᠬᠤ ᠦᠭᠡᠢ︾ ᠭᠡᠳᠡᠭ ᠢᠶᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ | ᠴᠤᠭᠯᠠᠭᠠᠨ ᠳᠤ᠂ ᠡᠭᠡᠴᠢ ᠳᠡᠭᠦᠦ ᠬᠤᠶᠠᠭᠤᠯᠠ ᠲᠤᠰ ᠲᠤᠰ ᠪᠥᠬᠡ ᠶᠢᠨ ᠲᠥᠷᠥᠯ ᠤᠨ ᠡᠮᠡᠭᠲᠡᠢ ᠶᠢᠨ ᠴᠢᠯᠦᠭᠡᠲᠦ | ᠮᠠᠶ᠋ᠢᠭ ᠤᠨ 76 ᠺᠢᠯᠣᠭ᠍ᠷᠠᠮ ᠤᠨ ᠲᠡᠰ ᠤᠨ ᠮᠠᠩᠯᠠᠢ᠂ ᠪᠥᠬᠡ ᠶᠢᠨ ᠲᠥᠷᠥᠯ ᠤᠨ ᠡᠷᠡᠭᠲᠡᠢ ᠶᠢᠨ ᠴᠢᠯᠦᠭᠡᠲᠦ ᠮᠠᠶ᠋ᠢᠭ ᠤᠨ | 86 ᠺᠢᠯᠣᠭ᠍ᠷᠠᠮ ᠤᠨ ᠲᠡᠰ ᠤᠨ ᠮᠥᠩᠭᠦᠨ ᠮᠧᠳᠠᠯ ᠭᠠᠷᠳᠠᠵᠦ᠂ ᠨᠤᠲᠤᠭ ᠤᠰᠤᠨ ᠳᠤ ᠪᠠᠨ ᠭᠡᠷᠡᠯ ᠭᠢᠯᠪᠠᠭ᠎ᠠ | ᠨᠡᠮᠡᠷᠢᠯᠡᠵᠡᠢ᠃ 2022 ᠣᠨ ᠤ 12 ᠰᠠᠷ᠎ᠠ ᠶᠢᠨ 10 ᠤ ᠡᠳᠦᠷ ᠠᠴᠠ 12 ᠤᠨ ᠡᠳᠦᠷ ᠪᠣᠯᠲᠠᠯ᠎ᠠ᠂ | ᠳᠡᠯᠡᠬᠡᠢ ᠶᠢᠨ ᠬᠤᠨᠳᠠᠭᠠᠲᠤ ᠣᠯᠠᠨ ᠤᠯᠤᠰ ᠤᠨ ᠮᠠᠶ᠋ᠢᠭ ᠤᠨ ᠪᠥᠬᠡ ᠶᠢᠨ ᠡᠮᠡᠭᠲᠡᠢ ᠶᠢᠨ ᠴᠢᠯᠦᠭᠡᠲᠦ ᠪᠥᠬᠡ ᠶᠢᠨ | ᠤᠷᠤᠯᠳᠤᠭᠠᠨ ᠠᠮᠧᠷᠢᠺᠠ ᠳᠤ ᠶᠠᠪᠤᠭᠳᠠᠵᠤ᠂ ᠶᠠᠫᠤᠨ᠂ ᠮᠣᠩᠭᠤᠯ᠂ ᠦᠺᠷᠠᠶᠢᠨ᠂ ᠠᠮᠧᠷᠢᠺᠠ᠂ ᠳᠤᠮᠳᠠᠳᠤ ᠤᠯᠤᠰ ᠵᠡᠷᠭᠡ 5 | ᠤᠯᠤᠰ ᠪᠠ ᠳᠡᠯᠡᠬᠡᠢ ᠶᠢᠨ ᠬᠤᠯᠪᠣᠭᠠᠲᠤ ᠠᠩᠭᠢ ᠤᠷᠤᠯᠳᠤᠭᠠᠨ ᠳᠤ ᠣᠷᠣᠯᠴᠠᠵᠦ᠂ ᠳᠤᠮᠳᠠᠳᠤ ᠤᠯᠤᠰ ᠤᠨ | ᠲᠥᠯᠥᠭᠡᠯᠡᠭᠴᠢᠳ ᠤᠨ ᠠᠩᠭᠢ 13 ᠲᠠᠮᠢᠷᠴᠢᠨ ᠲᠣᠮᠢᠯᠠᠨ ᠡᠮᠡᠭᠲᠡᠢ ᠶᠢᠨ ᠴᠢᠯᠦᠭᠡᠲᠦ ᠪᠦᠬᠡ ᠶᠢᠨ 10 ᠲᠡᠰ ᠤᠨ | ᠤᠷᠤᠯᠳᠤᠭᠠᠨ ᠳᠤ ᠣᠷᠣᠯᠴᠠᠭᠤᠯᠪᠠ᠃ ᠡᠭᠦᠨ ᠳᠤ ᠴᠢᠨᠳᠠᠭᠠᠨᠴᠠᠭᠠᠨ ᠳᠤᠮᠳᠠᠳᠤ ᠤᠯᠤᠰ ᠤᠨ ᠠᠩᠭᠢ ᠶᠢ ᠲᠥ᠋ᠯᠥᠭᠡᠯᠡᠨ | 72 ᠺᠢᠯᠣᠭ᠍ᠷᠠᠮ ᠤᠨ ᠲᠡᠰ ᠤᠨ ᠪᠦᠯᠬᠦᠮ ᠤᠨ ᠤᠷᠤᠯᠳᠤᠭᠠᠨ ᠳᠤ ᠣᠷᠣᠯᠴᠠᠨ᠂ ᠰᠢᠢᠳᠪᠦᠷᠢᠲᠦ ᠤᠷᠤᠯᠳᠤᠭᠠᠨ ᠳᠤ | ᠪᠦᠯᠬᠦᠮ ᠤᠨ ᠮᠥᠩᠭᠦᠨ ᠮᠧᠳᠠᠯ ᠭᠥᠷᠳᠡᠭᠰᠡᠨ ᠪᠢᠯᠡ᠃ ︽ᠵᠣᠷᠢᠭ ᠪᠠᠶᠢᠪᠠᠯ ᠵᠣᠷᠢᠭᠰᠠᠨ ᠳᠠᠭᠠᠨ︾᠃ ᠡᠭᠡᠴᠢ ᠳᠡᠭᠦᠦ | ᠬᠤᠶᠠᠭᠤᠯᠠ ᠡᠯ᠎ᠡ ᠶᠡᠭᠡ ᠪᠦᠭᠡ ᠶᠢᠨ ᠤᠷᠤᠯᠲᠤᠭᠠᠨ ᠢᠶᠠᠷ ᠥᠨᠳᠥᠷ ᠠᠮᠵᠢᠯᠲᠠ ᠣᠯᠵᠤ᠂ ᠳᠤᠷ᠎ᠠ ᠲᠠᠢ ᠪᠠᠬ᠎ᠠ ᠲᠠᠢ | ᠪᠦᠬᠡ ᠶᠢᠨ ᠦᠢᠯᠡᠰ ᠲᠡᠭᠡᠨ ᠥᠪᠡᠷ ᠤᠨ ᠤᠶᠤᠨ ᠤᠬᠠᠭᠠᠨ ᠬᠦᠴᠦᠨ ᠴᠢᠳᠠᠯ ᠢᠶᠠᠨ ᠭᠤᠶᠠᠴᠢ ᠦᠭᠡᠢ ᠵᠣᠷᠢᠭᠤᠯᠵᠤ | ᠶᠠᠪᠤᠨ᠎ᠠ᠃ ᠲᠡᠳᠡᠨ ᠤ ᠵᠣᠷᠢᠭᠰᠠᠨ ᠦᠢᠯᠡᠰ ᠪᠦᠲᠦᠮᠵᠢ ᠪᠠᠷ ᠳᠦᠭᠦᠷᠡᠩ ᠪᠠᠶᠢᠵᠤ ᠨᠡᠩ ᠥᠨᠳᠥᠷ ᠠᠮᠵᠢᠯᠲᠠ | ᠣᠯᠬᠤ ᠶᠢ ᠬᠦᠰᠡᠨ ᠵᠥᠩᠨᠡᠶ᠎ᠡ᠃ | | |