ᠨᠣᠮ ᠪᠢᠴᠢᠭ ᠪᠣᠯ ᠪᠢᠳᠡᠨ ᠤ ᠬᠠᠮᠤᠭ ᠤᠨ ᠰᠠᠶᠢᠨ ᠪᠠᠭᠰᠢ ᠮᠥᠨ | | ᠡᠷᠲᠡ ᠤᠷᠢᠳᠤ ᠠᠴᠠ ᠠᠪᠤᠭᠠᠳ ᠥᠩᠭᠡᠷᠡᠭᠰᠡᠨ ᠤ ᠲᠡᠦᠬᠡᠨ ᠬᠡᠷᠡᠭ ᠤᠴᠢᠷ᠂ ᠥᠨᠥ ᠰᠢᠨ᠎ᠡ ᠴᠠᠭ ᠦᠶ᠎ᠡ ᠶᠢᠨ | ᠬᠥᠭᠵᠢᠯᠲᠡ ᠬᠤᠪᠢᠷᠠᠯᠲᠠ᠂ ᠰᠣᠶᠣᠯ ᠰᠢᠨᠵᠢᠯᠡᠬᠦ ᠤᠬᠠᠭᠠᠨ ᠤ ᠮᠡᠳᠡᠯᠭᠡ ᠴᠢᠳᠠᠪᠤᠷᠢ ᠶᠢ ᠪᠢᠳᠡ ᠪᠦᠷ ᠨᠣᠮ ᠪᠢᠴᠢᠭ | ᠳᠡᠭᠡᠷ᠎ᠡ ᠠᠴᠠ ᠦᠵᠡᠵᠦ ᠣᠶᠢᠯᠠᠭᠠᠨ ᠡᠵᠡᠮᠰᠢᠵᠦ ᠴᠢᠳᠠᠳᠠᠭ᠃ ᠬᠥᠮᠥᠨ ᠲᠥᠷᠥᠯᠬᠢᠲᠡᠨ ᠤ ᠨᠡᠶᠢᠭᠡᠮ ᠤᠨ ᠤᠷᠲᠤ | ᠤᠳᠠᠭᠠᠨ ᠲᠡᠦᠬᠡ ᠶᠢᠨ ᠶᠠᠪᠤᠴᠠ ᠳᠤ ᠨᠣᠮ ᠪᠢᠴᠢᠭ ᠨᠢ ᠥᠪᠡᠷ ᠤᠨ ᠴᠢᠬᠤᠯᠠ ᠦᠢᠯᠡᠳᠦᠯ ᠢᠶᠠᠨ ᠦᠵᠡᠭᠦᠯᠦᠭᠰᠡᠭᠡᠷ | ᠢᠷᠡᠭᠰᠡᠨ ᠪᠥᠭᠡᠳ ᠲᠡᠷᠡ ᠨᠢ ᠬᠥᠮᠥᠨ ᠲᠥᠷᠥᠯᠬᠢᠲᠡᠨ ᠤ ᠬᠠᠮᠤᠭ ᠤᠨ ᠰᠠᠶᠢᠨ ᠪᠠᠭᠰᠢ ᠶᠤᠮ᠃ ᠬᠥᠮᠥᠰ ᠮᠡᠳᠡᠬᠦ | ᠦᠭᠡᠢ ᠴᠢᠳᠠᠬᠤ ᠦᠭᠡᠢ ᠵᠦᠢᠯ ᠢᠶᠠᠨ ᠨᠣᠮ ᠪᠢᠴᠢᠭ ᠠᠴᠠ ᠰᠤᠷᠤᠨ᠎ᠠ᠃ ᠦᠵᠡᠭᠡ ᠦᠭᠡᠢ ᠰᠣᠨᠣᠰᠤᠭ᠎ᠠ ᠦᠭᠡᠢ | ᠰᠣᠨᠢᠨ ᠰᠠᠶᠢᠬᠠᠨ ᠪᠦᠬᠦᠨ ᠢ ᠨᠣᠮ ᠪᠢᠴᠢᠭ ᠬᠠᠮᠤᠭ ᠲᠡᠷᠢᠭᠦᠨ ᠳᠤ ᠨᠢ ᠬᠥᠮᠥᠰ ᠲᠤ ᠮᠡᠳᠡᠭᠦᠯᠵᠦ ᠥᠭᠭᠦᠨ᠎ᠡ᠃ | ᠲᠡᠭᠡᠭᠡᠳ ᠬᠥᠮᠥᠰ ᠨᠣᠮ ᠪᠢᠴᠢᠭ ᠢ ᠦᠵᠡᠵᠦ ᠰᠤᠷᠤᠯᠴᠠᠨ᠂ ᠥᠪᠡᠷ ᠤᠨ ᠮᠡᠳᠡᠯᠭᠡ ᠴᠢᠳᠠᠪᠤᠷᠢ ᠪᠠᠨ ᠳᠡᠭᠡᠭᠰᠢᠯᠡᠭᠦᠯᠵᠦ | ᠪᠠᠶᠢᠳᠠᠭ᠃ ︽ᠨᠣᠮ ᠪᠣᠯᠪᠠᠰᠤ ᠡᠮ ᠪᠣᠯᠠᠢ᠂ ᠬᠢᠨᠠᠮᠠᠭᠠᠢ ᠤᠩᠰᠢᠪᠠᠰᠤ ᠮᠤᠩᠬᠠᠭ ᠢ ᠵᠠᠰᠠᠮᠤᠢ︾ ᠭᠡᠰᠡᠨ ᠰᠠᠶᠢᠬᠠᠨ ᠦᠭᠡ | ᠪᠠᠶᠢᠳᠠᠭ᠃ ᠮᠡᠳᠡᠯᠭᠡ ᠴᠢᠳᠠᠪᠤᠷᠢ ᠬᠤᠮᠰᠠ ᠪᠣᠯᠪᠠᠰᠤ ᠮᠤᠩᠬᠠᠭ ᠲᠤ ᠲᠣᠭᠠᠴᠠᠭᠳᠠᠨ᠎ᠠ᠃ ᠮᠤᠩᠬᠠᠭ ᠠᠴᠠ ᠠᠩᠭᠢᠵᠢᠷᠠᠶ᠎ᠠ | ᠭᠡᠪᠡᠯ ᠨᠣᠮ ᠪᠢᠴᠢᠭ ᠢ ᠴᠠᠭ ᠢ ᠠᠮᠵᠢᠨ ᠢᠯᠡᠭᠦᠬᠡᠨ ᠤᠩᠰᠢᠬᠤ ᠬᠡᠷᠡᠭᠲᠡᠢ᠃ ︽ᠨᠣᠮ ᠪᠣᠯ ᠶᠢᠷᠲᠢᠨᠴᠦ ᠶᠢ | ᠬᠠᠷᠠᠬᠤ ᠴᠣᠩᠬᠤ ᠮᠥᠨ︾ ᠭᠡᠳᠡᠭ᠃ ᠨᠣᠮ ᠪᠢᠴᠢᠭ ᠠᠴᠠ ᠰᠠᠯᠪᠠᠯ ᠬᠥᠮᠥᠰ ᠶᠢᠷᠲᠢᠨᠴᠦ ᠶᠢ ᠬᠠᠷᠠᠬᠤ | ᠪᠠᠶᠢᠲᠤᠭᠠᠢ᠂ ᠥᠪᠡᠷ ᠤᠨ ᠪᠡᠶ᠎ᠡ ᠪᠠᠨ ᠴᠤ ᠲᠣᠳᠣᠷᠬᠠᠢ ᠬᠠᠷᠠᠵᠤ ᠳᠡᠶᠢᠯᠬᠦ ᠦᠭᠡᠢ ᠬᠡᠮᠵᠢᠶᠡᠨ ᠳᠤ ᠬᠦᠷᠦᠨ᠎ᠡ᠃ ᠬᠥᠮᠥᠰ | ︽ᠨᠣᠮ ᠪᠢᠴᠢᠭ︾ ᠭᠡᠳᠡᠭ ᠬᠠᠮᠤᠭ ᠤᠨ ᠶᠡᠭᠡ ᠮᠡᠳᠡᠯᠭᠡ ᠴᠢᠳᠠᠪᠤᠷᠢ ᠲᠠᠢ᠂ ᠬᠠᠮᠤᠭ ᠤᠨ ᠦᠨᠡᠨᠴᠢ ᠰᠢᠳᠤᠷᠭᠤ | ᠪᠠᠭᠰᠢ ᠠᠴᠠ ᠪᠠᠨ ᠰᠠᠯᠪᠠᠯ ᠨᠢᠳᠦ ᠰᠣᠬᠤᠷ ᠴᠢᠬᠢ ᠳᠦᠯᠡᠢ ᠪᠣᠯᠵᠤ᠂ ᠠᠳᠤᠭᠤᠰᠤ ᠠᠮᠢᠲᠠᠨ ᠮᠡᠲᠦ ᠠᠮᠢᠳᠤ | ᠪᠣᠳᠠᠰ ᠤᠨ ᠣᠷᠤᠨᠴᠠᠭ ᠲᠡᠳᠦᠢ ᠪᠣᠯᠣᠨ᠎ᠠ᠃ ᠶᠡᠭᠡ ᠵᠣᠬᠢᠶᠠᠯᠴᠢ ᠳ᠋᠊ · ᠨᠠᠴᠤᠭᠳᠣᠷᠵᠢ ︽ᠬᠠᠭᠤᠴᠢᠨ ᠬᠦᠦ︾ ᠭᠡᠬᠦ | ᠠᠯᠳᠠᠷᠲᠤ ᠵᠣᠬᠢᠶᠠᠯ ᠳᠤ ᠪᠠᠨ᠄ ︽᠁ ᠥᠲᠡᠭᠦᠰ ᠬᠠᠭᠤᠴᠢᠳ ᠡᠨᠡ ᠬᠤᠶᠠᠷ ᠤᠨ ᠦᠭᠡᠨ ᠠᠴᠠ ᠪᠤᠰᠤ ᠦᠨᠡᠨ | ᠶᠠᠭᠤᠮ᠎ᠠ ᠦᠭᠡᠢ᠂ ᠡᠪᠦᠯᠵᠢᠶ᠎ᠡ ᠵᠤᠰᠠᠯᠠᠩ ᠬᠠᠪᠤᠷᠵᠢᠶ᠎ᠠ ᠨᠠᠮᠤᠷᠵᠢᠶ᠎ᠠ ᠡᠨᠡ ᠳᠥᠷᠪᠡ ᠠᠴᠠ ᠥᠭᠡᠷ᠎ᠡ ᠶᠠᠪᠤᠬᠤ ᠭᠠᠵᠠᠷ | ᠦᠭᠡᠢ᠂ ᠲᠡᠷᠲᠡᠭᠡ ᠠᠭᠤᠯᠠ ᠶᠢ ᠥᠩᠭᠡᠷᠡᠪᠡᠯ ᠠᠶᠢᠯ ᠦᠭᠡᠢ ᠭᠡᠵᠦ ᠪᠣᠳᠤᠵᠤ᠂ ᠲᠡᠭᠷᠢ ᠶᠢᠨ ᠬᠠᠶᠠᠭᠠᠨ ᠠᠴᠠ ᠴᠢᠨᠠᠭᠰᠢ | ᠭᠠᠵᠠᠷ ᠦᠭᠡᠢ ᠭᠡᠵᠦ ᠰᠡᠳᠬᠢᠭᠰᠡᠭᠡᠷ ᠁︾ ᠭᠡᠬᠦ ᠵᠡᠷᠭᠡ ᠪᠠᠷ ᠪᠢᠴᠢᠭ ᠰᠣᠶᠣᠯ ᠦᠭᠡᠢ᠂ ᠲᠦᠭᠵᠢᠮᠡᠯ ᠪᠠᠶᠢᠳᠠᠯ ᠢ | ᠨᠢᠳᠦᠨ ᠳᠤ ᠦᠵᠡᠭᠳᠡᠮ᠎ᠡ ᠰᠠᠶᠢᠬᠠᠨ ᠳᠦᠷᠰᠦᠯᠡᠭᠰᠡᠨ ᠪᠠᠶᠢᠳᠠᠭ᠃ ᠡᠶᠢᠮᠦᠷᠬᠦᠦ ᠪᠠᠶᠢᠳᠠᠯ ᠨᠢ ᠬᠡᠳᠦᠶᠢᠴᠢᠨᠡᠭᠡᠨ ᠭᠤᠨᠢᠭ | ᠭᠤᠲᠤᠷᠠᠯᠲᠠᠢ ᠪᠢᠯᠡ︖ ᠶᠠᠮᠠᠷᠪᠠ ᠶᠡᠭᠡ ᠡᠷᠳᠡᠮᠲᠡᠨ ᠮᠡᠷᠭᠡᠵᠢᠯᠲᠡᠨ ᠤ ᠮᠡᠳᠡᠯᠭᠡ ᠴᠢᠳᠠᠪᠤᠷᠢ ᠶᠢ ᠠᠯᠢ ᠣᠯᠠᠨ | ᠬᠥᠮᠥᠨ ᠳᠤ ᠤᠯᠠᠮᠵᠢᠯᠠᠨ ᠥᠭᠬᠦ ᠳᠤ ᠨᠣᠮ ᠪᠢᠴᠢᠭ ᠨᠢ ᠬᠠᠮᠤᠭ ᠤᠨ ᠰᠠᠶᠢᠨ ᠤᠯᠠᠮᠵᠢᠯᠠᠭᠴᠢ᠂ ᠪᠠᠭᠰᠢᠯᠠᠭᠴᠢ ᠪᠣᠯᠬᠤ | ᠶᠤᠮ᠃ ᠪᠢᠳᠡ ᠨᠣᠮ ᠪᠢᠴᠢᠭ ᠢ ᠠᠷᠪᠢᠨ ᠤᠩᠰᠢᠪᠠᠯ ᠨᠣᠮ ᠪᠢᠴᠢᠭ ᠪᠢᠳᠡᠨ ᠤ ᠡᠮᠦᠨ᠎ᠡ ᠶᠢᠷᠲᠢᠨᠴᠦ ᠶᠢᠨ ᠰᠣᠨᠢᠨ | ᠰᠡᠪᠡᠭᠦᠨ ᠢ ᠳᠡᠯᠭᠡᠵᠦ ᠥᠭᠭᠦᠨ᠎ᠡ᠃ ᠪᠢᠳᠡᠨ ᠢ ᠳᠠᠭᠠᠭᠤᠯᠤᠨ ᠦᠵᠡᠮᠵᠢᠲᠦ ᠰᠠᠶᠢᠬᠠᠨ ᠠᠭᠤᠯᠠ ᠤᠰᠤ ᠪᠠᠷ | ᠲᠣᠭᠤᠷᠢᠭᠤᠯᠵᠤ᠂ ᠴᠢᠨᠠᠭᠰᠢᠯᠠᠪᠠᠯ ᠣᠷᠴᠢᠯᠠᠩ ᠰᠠᠨᠰᠠᠷ ᠢᠶᠠᠷ ᠨᠢᠰᠤᠨ ᠲᠣᠭᠤᠷᠢᠬᠤ ᠶᠤᠮ᠃ ︽ᠰᠤᠷᠤᠯᠴᠠᠬᠤ ᠪᠣᠯ | ᠥᠪᠡᠷ ᠢ ᠪᠠᠨ ᠲᠡᠭᠦᠯᠳᠡᠷᠵᠢᠭᠦᠯᠬᠦ ᠶᠠᠪᠤᠳᠠᠯ ᠮᠥᠨ︾᠃ ᠮᠠᠬᠠᠪᠤᠳ ᠤᠨ ᠥᠰᠦᠯᠲᠡ ᠶᠢ ᠳᠠᠭᠠᠯᠳᠤᠨ ᠬᠥᠮᠥᠨ ᠨᠢ | ᠥᠪᠡᠷ ᠤᠨ ᠣᠷᠣᠰᠢᠨ ᠲᠣᠭᠲᠠᠨᠢᠵᠤ ᠪᠠᠶᠢᠭ᠎ᠠ ᠣᠷᠴᠢᠨ ᠲᠣᠭᠤᠷᠢᠨ ᠠᠴᠠ ᠪᠠᠨ ᠠᠷᠪᠢᠨ ᠶᠠᠭᠤᠮ᠎ᠠ ᠶᠢ ᠤᠬᠠᠮᠰᠠᠷ | ᠦᠭᠡᠢ ᠪᠠᠷ ᠬᠦᠯᠢᠶᠡᠨ ᠠᠪᠴᠤ ᠥᠪᠡᠷ ᠢ ᠪᠠᠨ ᠠᠭᠠᠵᠢᠮ ᠢᠶᠠᠷ ᠲᠡᠭᠦᠯᠳᠡᠷᠵᠢᠭᠦᠯᠬᠦ ᠪᠥᠭᠡᠳ ᠰᠡᠭᠦᠯᠳᠡᠵᠦ ᠢᠷᠡᠭᠡᠳ | ᠤᠬᠠᠮᠰᠠᠷ ᠲᠠᠢ ᠪᠠᠷ ᠰᠤᠷᠤᠯᠴᠠᠵᠤ᠂ ᠮᠡᠳᠡᠯᠭᠡᠵᠢᠭᠡᠳ ᠳᠤᠲᠠᠭᠤ ᠳᠣᠷᠭᠤᠨ ᠢᠶᠠᠨ ᠨᠥᠬᠦᠪᠦᠷᠢᠯᠡᠳᠡᠭ ᠶᠤᠮ᠃ ᠨᠣᠮ | ᠪᠢᠴᠢᠭ ᠪᠣᠯ ᠪᠢᠳᠡᠨ ᠤ ᠰᠠᠶᠢᠨ ᠪᠠᠭᠰᠢ ᠮᠥᠨ᠃ ᠡᠳᠦᠷ ᠲᠣᠳᠤᠮ ᠤᠨ ᠠᠮᠢᠳᠤᠷᠠᠯ ᠳᠤᠮᠳᠠ ᠬᠥᠮᠥᠰ ᠲᠤ ᠣᠯᠠᠨ | ᠠᠷᠪᠢᠨ ᠪᠠᠭᠰᠢ ᠲᠣᠬᠢᠶᠠᠯᠳᠤᠳᠠᠭ ᠪᠣᠯᠪᠠᠴᠦ ᠬᠠᠮᠤᠭ ᠤᠨ ᠥᠷᠭᠡᠨ ᠳᠡᠯᠭᠡᠷ ᠮᠡᠳᠡᠯᠭᠡ ᠲᠠᠢ᠂ ᠭᠤᠶᠠᠴᠢ ᠦᠭᠡᠢ ᠪᠠᠷ | ᠵᠢᠳᠬᠦᠳᠡᠭ ᠦᠨᠡᠨᠴᠢ ᠰᠢᠳᠤᠷᠭᠤ ᠪᠠᠭᠰᠢ ᠪᠣᠯ ᠬᠠᠰᠢ ᠯᠠ ᠨᠣᠮ ᠪᠢᠴᠢᠭ ᠮᠥᠨ᠃ ᠲᠡᠷᠡ ᠨᠢ ᠳᠠᠮ ᠪᠤᠶᠤ | ᠰᠢᠭᠤᠳ ᠢᠶᠠᠷ ᠬᠥᠮᠥᠰ ᠲᠤ ᠪᠠᠭᠰᠢᠯᠠᠨ ᠬᠥᠮᠥᠰ ᠤᠨ ᠬᠠᠷᠠᠭ᠎ᠠ ᠶᠢ ᠨᠡᠭᠡᠭᠡᠵᠦ ᠥᠷᠭᠡᠵᠢᠭᠦᠯᠦᠭᠡᠳ ᠬᠥᠮᠥᠨ ᠢ | ᠥᠷᠭᠡᠨ ᠳᠡᠯᠭᠡᠷ ᠮᠡᠳᠡᠯᠭᠡ ᠲᠠᠢ ᠪᠣᠯᠭᠠᠭᠠᠳ ᠲᠡᠭᠦᠯᠳᠡᠷᠵᠢᠭᠦᠯᠵᠦ ᠪᠠᠶᠢᠳᠠᠭ᠃ ᠬᠡᠷᠪᠡ ᠪᠢᠳᠡ ᠡᠨᠡ ᠬᠦ ᠰᠠᠶᠢᠨ | ᠪᠠᠭᠰᠢ ᠠᠴᠠ ᠪᠠᠨ ᠰᠠᠯᠪᠠᠯ ᠵᠡᠮᠳᠡᠭ᠂ ᠮᠤᠩᠬᠠᠭ ᠪᠣᠯᠣᠨ᠎ᠠ᠃ ᠣᠳᠣ ᠦᠶ᠎ᠡ ᠶᠢᠨ ᠰᠢᠨᠵᠢᠯᠡᠬᠦ ᠤᠬᠠᠭᠠᠨ ᠤ ᠨᠢᠭᠡ ᠪᠣᠯᠬᠤ | ᠰᠣᠶᠣᠯ ᠬᠥᠮᠥᠨ ᠲᠥᠷᠥᠯᠬᠢᠲᠡᠨ ᠤ ᠣᠶᠣᠨ ᠤᠬᠠᠭᠠᠨ ᠳᠤ ︽ᠬᠥᠮᠥᠨ ᠤ ᠰᠡᠳᠬᠢᠬᠦᠢ ᠪᠠ ᠮᠡᠳᠡᠯᠭᠡ ᠶᠢᠨ ᠵᠠᠭᠪᠤᠷ ᠨᠢ | ︵ᠬᠥᠮᠥᠨ﹀ ᠭᠡᠬᠦ ᠦᠭᠡ ᠶᠢᠨ ᠪᠦᠷᠢᠨ ᠪᠦᠲᠦᠨ ᠳᠤ ᠲᠤᠩ ᠴᠢᠬᠤᠯᠠ ᠦᠢᠯᠡᠳᠦᠯ ᠦᠵᠡᠭᠦᠯᠦᠨ᠎ᠡ︾ ᠭᠡᠵᠦ ᠬᠡᠯᠡᠭᠰᠡᠨ | ᠪᠠᠶᠢᠳᠠᠭ᠃ ᠴᠠᠭ ᠢᠮᠠᠭᠲᠠ ᠴᠢᠨᠦ ᠬᠠᠵᠠᠭᠤ ᠳᠤ ᠮᠡᠳᠡᠯᠭᠡ ᠤᠯᠠᠮᠵᠢᠯᠠᠬᠤ ᠪᠠᠷ ᠪᠡᠯᠡᠬᠡᠨ ᠪᠠᠶᠢᠭ᠎ᠠ ᠬᠠᠮᠤᠭ ᠤᠨ | ᠰᠠᠶᠢᠨ ᠪᠠᠭᠰᠢ ᠪᠣᠯ ᠨᠣᠮ ᠪᠢᠴᠢᠭ ᠮᠥᠨ᠃ ᠪᠢᠳᠡ ᠨᠣᠮ ᠪᠢᠴᠢᠭ ᠢ ᠰᠠᠶᠢᠲᠤᠷ ᠤᠩᠰᠢᠨ ᠪᠣᠳᠤᠵᠤ ᠲᠤᠩᠭᠠᠬᠤ | ᠬᠡᠷᠡᠭᠲᠡᠢ᠃ ᠭᠡᠲᠡᠯ᠎ᠡ ᠡᠨᠡ ᠨᠢ ᠵᠦᠪᠬᠡᠨ ᠨᠣᠮ ᠪᠢᠴᠢᠭ ᠢ ᠯᠡ ᠦᠬᠦᠨ ᠰᠢᠲᠦᠭᠡᠳ ᠪᠤᠰᠤᠳ ᠶᠠᠭᠤᠮ᠎ᠠ ᠶᠢ ᠬᠠᠮᠢᠶᠠᠷᠬᠤ | ᠦᠭᠡᠢ ᠪᠠᠶᠢᠬᠤ ᠨᠣᠮᠯᠠᠯ ᠤᠨ ᠦᠵᠡᠯ ᠢ ᠤᠬᠠᠭᠤᠯᠵᠤ ᠪᠠᠶᠢᠭ᠎ᠠ ᠪᠢᠰᠢ ᠶᠤᠮ᠃ ᠡᠶᠢᠮᠦ ᠠᠴᠠ ᠵᠠᠯᠠᠭᠤ ᠪᠠᠭᠠᠴᠤᠳ ᠢ | ᠬᠦᠰᠡᠬᠦ ᠨᠢ᠂ ᠬᠠᠷᠠᠬᠠᠨ ᠪᠠᠭ᠎ᠠ ᠠᠴᠠ ᠪᠠᠨ ᠨᠣᠮ ᠪᠢᠴᠢᠭ ᠢᠯᠡᠭᠦᠦ ᠤᠩᠰᠢᠵᠤ᠂ ᠬᠢᠴᠢᠶᠡᠯ ᠰᠤᠷᠤᠯᠭ᠎ᠠ ᠳᠤ ᠪᠠᠨ | ᠴᠢᠷᠮᠠᠶᠢᠵᠤ᠂ ᠡᠷᠳᠡᠮ ᠮᠡᠳᠡᠯᠭᠡ ᠪᠠᠷ ᠣᠶᠣᠨ ᠤᠬᠠᠭᠠᠨ ᠢᠶᠠᠨ ᠵᠡᠪᠰᠡᠭᠯᠡᠵᠦ᠂ ᠡᠬᠡ ᠤᠯᠤᠰ ᠠᠷᠠᠳ ᠲᠦᠮᠡᠨ ᠳᠤ ᠪᠠᠨ | ᠬᠡᠷᠡᠭᠴᠡᠭᠡ ᠲᠠᠢ ᠬᠥᠮᠥᠨ ᠪᠣᠯᠵᠤ ᠶᠠᠪᠤᠭᠠᠷᠠᠢ︕ |