ᠡᠷ᠎ᠡ ᠶᠢᠨ ᠭᠤᠷᠪᠠᠨ ᠨᠠᠭᠠᠳᠤᠮ ᠢᠶᠠᠨ ᠬᠦᠨᠳᠦᠳᠭᠡᠯᠳᠡᠢ
ᠨᠡᠶᠢᠲᠡᠯᠡᠭᠰᠡᠨ ᠴᠠᠭ᠄
2023/12/29
                ᠡᠷ᠎ᠡ ᠶᠢᠨ ᠭᠤᠷᠪᠠᠨ ᠨᠠᠭᠠᠳᠤᠮ ᠢᠶᠠᠨ ᠬᠦᠨᠳᠦᠳᠭᠡᠯᠳᠡᠢ      ᠡᠷᠲᠡ ᠳᠡᠭᠡᠳᠦ ᠶᠢᠨ ᠤᠯᠠᠮᠵᠢᠯᠠᠯ ᠲᠠᠢ ᠮᠣᠩᠭᠤᠯᠴᠤᠳ ᠤᠨ ᠡᠷ᠎ᠡ ᠶᠢᠨ ᠭᠤᠷᠪᠠᠨ ᠨᠠᠭᠠᠳᠤᠮ ᠨᠢ ᠰᠠᠷ᠎ᠠ ᠶᠢᠨ ᠰᠠᠶᠢᠬᠠᠨ ᠢ ᠰᠣᠩᠭᠤᠵᠤ ᠳᠡᠯᠭᠡᠷ ᠵᠤᠨ ᠤ ᠤᠯᠠᠷᠢᠯ ᠤᠨ ᠡᠬᠢᠨ ᠤ ᠰᠠᠷ᠎ᠠ ᠠᠴᠠ ᠣᠪᠣᠭ᠎ᠠ ᠪᠤᠯᠠᠭ ᠤᠨ ᠲᠠᠬᠢᠯᠭ᠎ᠠ ᠳᠠᠶᠢᠯᠠᠭ᠎ᠠ ᠪᠠᠷ ᠡᠷᠬᠢᠯᠡᠵᠦ ᠶᠠᠪᠤᠭᠳᠠᠭᠤᠯᠵᠤ ᠪᠠᠶᠢᠭᠰᠠᠨ ᠢᠶᠠᠨ ᠰᠡᠭᠦᠯ ᠤᠨ ᠵᠢᠯ ᠤᠳ ᠲᠤ ᠳᠦᠷᠪᠡᠨ ᠤᠯᠠᠷᠢᠯ ᠢᠶᠠᠷ ᠪᠠᠶᠢᠩᠭᠤ ᠨᠠᠶᠢᠷ ᠨᠠᠭᠠᠳᠤᠮ ᠤᠷᠤᠯᠳᠤᠭᠠᠨ ᠲᠡᠮᠡᠴᠡᠭᠡᠨ ᠦᠷᠭᠦᠯᠵᠢᠯᠡᠳᠡᠭ ᠪᠣᠯᠣᠯ᠎ᠠ᠃ ᠨᠠᠶᠢᠷ ᠨᠠᠭᠠᠳᠤᠮ ᠥᠨᠳᠥᠷᠯᠡᠬᠦ ᠪᠣᠯᠭᠠᠨ ᠸᠢᠴᠠᠲ ᠬᠤᠯᠪᠤᠭ᠎ᠠ ᠪᠠᠷ ᠪᠦᠬᠡ ᠮᠣᠷᠢᠨ ᠤ ᠲᠤᠬᠠᠢ ᠪᠥᠭᠡᠮ ᠬᠡᠯᠡ ᠠᠮᠠ ᠪᠣᠯᠵᠤ᠂ ᠮᠠᠨ ᠤ ᠲᠠᠨ ᠤ ᠭᠡᠵᠦ ᠨᠤᠲᠤᠭ ᠣᠷᠣᠨ ᠢᠶᠠᠷ ᠬᠤᠪᠢᠶᠠᠯᠴᠠᠵᠤ ᠬᠡᠷᠡᠭᠦᠯ ᠵᠥᠷᠢᠯᠳᠦᠭᠡᠨ ᠪᠣᠯᠣᠭᠰᠠᠭᠠᠷ ᠪᠠᠶᠢᠵᠤ ᠵᠠᠷᠢᠮ ᠲᠠᠭᠠᠨ ᠨᠠᠶᠢᠷ ᠨᠠᠭᠠᠳᠤᠮ ᠡᠷᠬᠢᠯᠡᠭᠴᠢᠳ ᠤᠨ ᠪᠤᠷᠤᠭᠤ ᠪᠣᠯᠵᠤ᠂ ᠡᠷ᠎ᠡ ᠶᠢᠨ ᠭᠤᠷᠪᠠᠨ ᠨᠠᠭᠠᠳᠤᠮ ᠢᠶᠠᠨ ᠴᠦ ᠡᠯᠳᠡᠪ ᠶᠠᠩᠵᠤ ᠪᠠᠷ ᠶᠠᠷᠢᠬᠤ ᠪᠣᠯᠤᠭᠰᠠᠨ ᠨᠢ ᠰᠦᠯᠵᠢᠶ᠎ᠡ ᠠᠰᠢᠭᠯᠠᠭᠴᠢᠳ ᠤᠨ ᠰᠣᠨᠢᠨ ᠵᠤᠷᠰᠢᠯ ᠪᠣᠯᠵᠠᠢ᠃ ᠮᠣᠩᠭᠤᠯ ᠦᠨᠳᠦᠰᠦᠲᠡᠨ ᠤ ᠪᠡᠶ᠎ᠡ ᠶᠢᠨ ᠲᠠᠮᠢᠷ ᠤᠨ ᠲᠦᠷᠦᠯ ᠪᠣᠯᠬᠤ ᠡᠷ᠎ᠡ ᠶᠢᠨ ᠭᠤᠷᠪᠠᠨ ᠨᠠᠭᠠᠳᠤᠮ ᠨᠢ ᠤᠯᠠᠨ ᠵᠠᠭᠤᠨ ᠵᠢᠯ ᠢᠶᠠᠷ ᠤᠯᠠᠮᠵᠢᠯᠠᠭᠳᠠᠵᠤ ᠢᠷᠡᠭᠰᠡᠨ ᠦᠨᠡᠲᠦ ᠰᠣᠶᠣᠯ ᠶᠤᠮ᠃ ᠮᠥᠨᠴᠦ ᠡᠨᠡᠬᠦ ᠡᠷᠬᠢᠮ ᠨᠠᠨᠳᠢᠨ ᠥᠪ ᠰᠣᠶᠣᠯ ᠢᠶᠠᠨ ᠤᠯᠠᠮᠵᠢᠯᠠᠨ ᠬᠥᠭᠵᠢᠭᠦᠯᠬᠦ ᠨᠢ ᠪᠢᠲᠠ ᠪᠦᠬᠦᠨ ᠤ ᠡᠭᠦᠷᠭᠡ ᠬᠠᠷᠢᠭᠤᠴᠠᠯᠭ᠎ᠠ᠃ ᠮᠣᠩᠭᠤᠯ ᠦᠨᠳᠦᠰᠦᠲᠡᠨ ᠤ ᠡᠷ᠎ᠡ ᠶᠢᠨ ᠭᠤᠷᠪᠠᠨ ᠨᠠᠭᠠᠳᠤᠮ ᠨᠢ ᠥᠭᠡᠷ᠎ᠡ ᠪᠤᠰᠤᠳ ᠤᠯᠤᠰ ᠦᠨᠳᠦᠰᠦᠲᠡᠨ ᠳᠤ ᠪᠠᠶᠢᠳᠠᠭ ᠦᠭᠡᠢ ᠥᠪᠡᠷᠮᠢᠴᠡ ᠣᠨᠴᠠᠯᠢᠭ ᠲᠠᠢ ᠠᠴᠠ ᠳᠡᠯᠡᠬᠡᠢ ᠨᠡᠶᠢᠭᠡᠮ ᠤᠨ ᠠᠩᠬᠠᠷᠤᠯ ᠢ ᠲᠠᠲᠠᠵᠤ ᠮᠠᠰᠢ ᠤᠯᠠᠨ ᠬᠥᠮᠥᠰ ᠰᠤᠷᠴᠤ ᠰᠤᠳᠤᠯᠵᠤ ᠪᠠᠶᠢᠭ᠎ᠠ ᠶᠤᠮ᠃ ᠡᠶᠢᠮᠦ ᠠᠴᠠ ᠪᠢᠲᠠ ᠥᠪᠡᠷ ᠤᠨ ᠰᠣᠶᠣᠯ ᠢᠶᠠᠨ ᠥᠪᠡᠷ ᠢᠶᠠᠨ ᠬᠦᠡᠲᠤᠳᠭᠡᠵᠤ ᠨᠡᠩ ᠴᠤ ᠡᠨᠡᠬᠦ ᠰᠣᠶᠣᠯ ᠢ ᠤᠯᠠᠮᠵᠢᠯᠠᠵᠤ᠂ ᠬᠥᠭᠵᠢᠭᠦᠯᠵᠦ᠂ ᠤᠷᠤᠯᠴᠠᠵᠤ ᠪᠠᠶᠢᠭ᠎ᠠ ᠬᠥᠮᠥᠰ ᠢᠶᠠᠨ ᠬᠦᠨᠳᠦᠳᠬᠡᠪᠡᠯ ᠵᠣᠬᠢᠯᠲᠠᠢ᠃ ᠣᠷᠴᠢᠮ ᠤᠨ ᠵᠢᠯ ᠠᠴᠠ ᠮᠣᠩᠭᠤᠯ ᠨᠠᠶᠢᠷ ᠨᠠᠭᠠᠳᠤᠮ ᠤᠨ ᠣᠯᠠᠰᠢᠷᠠᠬᠤ ᠶᠢ ᠳᠠᠭᠠᠯᠳᠤᠨ ᠱᠠᠩᠨᠠᠯ ᠤᠨ ᠶᠡᠬᠡᠳᠴᠦ ᠪᠠᠶᠢᠭ᠎ᠠ ᠨᠢ ᠨᠡᠶᠢᠭᠡᠮ ᠤᠨ ᠬᠥᠭᠵᠢᠯᠲᠡ ᠵᠢᠴᠢ ᠠᠷᠠᠳ ᠤᠨ ᠠᠮᠢᠳᠤᠷᠠᠯ ᠤᠨ ᠰᠠᠶᠢᠵᠢᠷᠠᠭᠰᠠᠨ ᠢ ᠬᠠᠷᠠᠭᠤᠯᠵᠤ ᠪᠠᠶᠢᠨ᠎ᠠ᠃ ᠤᠷᠤᠯᠳᠤᠭᠠᠨ ᠳᠤ ᠣᠷᠣᠯᠴᠠᠭᠰᠠᠳ ᠰᠠᠶᠢᠨ ᠬᠢᠷᠢ ᠪᠦᠲᠦᠮᠵᠢ ᠡᠭᠦᠳᠴᠦ᠂ ᠥᠨᠳᠥᠷ ᠱᠠᠩᠨᠠᠯ ᠲᠤᠰᠬᠤ ᠨᠢ ᠰᠠᠶᠢᠬᠠᠨ ᠪᠤᠯᠪᠠᠴᠤ ᠬᠡᠴᠢᠨᠡᠨ ᠵᠢᠯ ᠰᠠᠷ᠎ᠠ ᠶᠢᠨ ᠬᠦᠴᠦ ᠬᠦᠲᠡᠯᠮᠤᠷᠢ᠂ ᠰᠣᠷᠢᠶ᠎ᠠ ᠪᠣᠯᠪᠠᠰᠤᠷᠠᠯ᠂ ᠤᠷ᠎ᠠ ᠤᠬᠠᠭᠠᠨ᠂ ᠬᠦᠴᠦᠨ ᠴᠢᠳᠠᠯ᠂ ᠠᠪᠢᠶᠠᠰ ᠴᠢᠳᠠᠪᠤᠷᠢ ᠶᠢᠨ ᠬᠢᠨᠢ ᠦᠷ᠎ᠡ ᠦᠭᠬᠦᠭᠡᠵᠢ ᠶᠤᠮ᠃ ᠬᠠᠷᠢᠨ ᠪᠥᠬᠡᠴᠦᠳ᠂ ᠤᠶᠠᠭᠠᠴᠢᠳ᠂ ᠰᠤᠷ ᠬᠠᠷᠪᠤᠭᠠᠴᠢᠳ ᠢ ᠠᠮᠠᠷᠬᠠᠨ ᠵᠣᠭᠤᠰ ᠣᠯᠵᠤ ᠪᠠᠶᠢᠭ᠎ᠠ ᠨᠡᠩ ᠴᠦ ᠠᠰᠢᠭ ᠮᠥᠩᠭᠦᠨ ᠳᠤ ᠳᠤᠷᠠᠯᠠᠭᠰᠠᠨ ᠵᠡᠷᠭᠡ ᠪᠠᠷ ᠣᠶᠢᠯᠠᠭᠠᠪᠠᠯ ᠳᠠᠩᠴᠤ ᠥᠷᠥᠭᠡᠰᠦᠯ ᠶᠤᠮ᠃ ᠬᠥᠮᠥᠨ ᠤ ᠠᠮᠢᠳᠤᠷᠠᠯ ᠳᠤ ᠵᠣᠭᠤᠰ ᠮᠥᠩᠭᠦ ᠲᠤᠲᠠᠭᠳᠠᠵᠤ ᠪᠣᠯᠣᠰᠢ ᠦᠭᠡᠢ ᠨᠢ ᠦᠨᠡᠨ ᠪᠣᠯᠪᠠᠴᠤ ᠶᠠᠭᠤᠮ᠎ᠠ ᠪᠣᠯᠭᠠᠨ ᠢ ᠮᠥᠩᠭᠦ ᠪᠠᠷ ᠬᠡᠮᠵᠢᠵᠦ ᠪᠣᠯᠬᠤ ᠦᠭᠡᠢ᠃ ᠡᠭᠦᠨ ᠤ ᠴᠠᠭᠠᠨ᠎ᠠ ᠮᠠᠰᠢ ᠶᠡᠭᠡ ᠦᠨ᠎ᠡ ᠴᠠᠨ᠎ᠠ᠂ ᠤᠯᠠᠮᠵᠢᠯᠠᠯ ᠠᠭᠤᠯᠵᠤ ᠪᠠᠶᠢᠬᠤ ᠶᠢ ᠤᠬᠠᠮᠰᠠᠷᠯᠠᠬᠤ ᠬᠡᠷᠡᠭᠲᠡᠢ᠃ ᠢᠩᠭᠢᠪᠡᠯ ᠰᠠᠶ᠋ᠢ ᠡᠷ᠎ᠡ ᠶᠢᠨ ᠭᠤᠷᠪᠠᠨ ᠨᠠᠭᠠᠳᠤᠮ ᠪᠦᠷᠢᠨ ᠪᠦᠲᠦᠨ ᠤᠯᠠᠮᠵᠢᠯᠠᠯ ᠲᠠᠢ ᠢᠳᠡᠷᠡᠭᠦᠨ ᠬᠥᠭᠵᠢᠵᠦ ᠴᠢᠳᠠᠨ᠎ᠠ᠃ ᠨᠡᠶᠢᠭᠡᠮ ᠤᠨ ᠬᠥᠭᠵᠢᠯᠲᠡ ᠶᠢ ᠳᠠᠭᠠᠯᠳᠤᠨ ᠨᠡᠭᠦᠳᠡᠯ ᠮᠠᠯᠵᠢᠯ ᠤᠨ ᠰᠣᠶᠣᠯ ᠮᠠᠷᠲᠠᠭᠳᠠᠨ ᠣᠷᠬᠢᠭᠳᠠᠵᠤ᠂ ᠵᠠᠷᠢᠮ ᠨᠢ ᠨᠢᠭᠡᠨᠲᠡ ᠠᠯᠠᠭ᠎ᠠ ᠪᠣᠯᠵᠠᠢ᠃ ᠡᠭᠦᠨ ᠲᠠᠢ ᠠᠳᠠᠯᠢ ᠪᠠᠷ ᠡᠷ᠎ᠡ ᠶᠢᠨ ᠭᠤᠷᠪᠠᠨ ᠨᠠᠭᠠᠳᠤᠮ ᠢᠶᠠᠨ ᠡᠷᠬᠢᠯᠡᠨ ᠶᠠᠪᠤᠭᠳᠠᠭᠤᠯᠬᠤ ᠦᠭᠡᠢ᠂ ᠡᠷᠬᠢᠮᠯᠡᠨ ᠤᠯᠠᠮᠵᠢᠯᠠᠬᠤ ᠬᠥᠮᠥᠨ ᠦᠭᠡᠢ ᠪᠣᠯᠪᠠᠯ ᠣᠷᠬᠢᠭᠳᠠᠵᠤ ᠭᠡᠭᠡᠭᠳᠡᠬᠦ ᠨᠢ ᠳᠠᠮᠵᠢᠭ ᠦᠭᠡᠢ᠃ ︽ᠵᠢᠳᠬᠦᠭᠰᠡᠨ ᠦᠬᠡᠷ ᠤᠨ ᠵᠢᠷᠦᠬᠡ ᠶᠢ ᠰᠤᠭᠤᠯᠤᠨ᠎ᠠ︾ ᠭᠡᠳᠡᠭᠴᠢᠯᠡᠨ ᠡᠷ᠎ᠡ ᠶᠢᠨ ᠭᠤᠷᠪᠠᠨ ᠨᠠᠭᠠᠳᠤᠮ ᠢᠶᠠᠨ ᠤᠯᠠᠮᠵᠢᠯᠠᠨ ᠬᠥᠭᠵᠢᠭᠦᠯᠬᠦ ᠦᠢᠯᠡᠰ ᠲᠤ ᠬᠦᠴᠦᠨ ᠵᠢᠳᠬᠦᠯ ᠢᠶᠠᠨ ᠭᠠᠷᠭᠠᠵᠤ ᠶᠠᠪᠤᠭ᠎ᠠ ᠨᠡᠩ ᠣᠯᠠᠨ ᠬᠥᠮᠥᠰ ᠤᠨ ᠰᠡᠳᠬᠢᠯ ᠢ ᠮᠣᠬᠤᠭᠠᠵᠤ᠂ ᠢᠲᠡᠭᠡᠯ ᠢ ᠨᠢ ᠪᠠᠯᠠᠯᠪᠠᠯ ᠤᠯᠠᠮᠵᠢᠯᠠᠵᠤ ᠬᠥᠭᠵᠢᠭᠦᠯᠬᠦ ᠤᠷᠲᠤ ᠠᠶᠠᠨ ᠳᠤ ᠠᠰᠢᠭ ᠦᠭᠡᠢ ᠶᠤᠮ᠃
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号