ᠠᠪᠤᠷᠭᠤ ᠪᠥᠬᠡᠴᠢᠨ ᠤ ᠠᠯᠳᠠᠷ ᠢᠶᠠᠷ ᠮᠢᠯᠢᠶᠠᠯᠭᠠᠵᠤ ᠶᠠᠪᠤᠭ᠎ᠠ ᠡᠭᠡᠴᠢ ᠳᠡᠭᠦᠦ ᠬᠤᠶᠠᠷ
ᠨᠡᠶᠢᠲᠡᠯᠡᠭᠰᠡᠨ ᠴᠠᠭ᠄
2023/12/29
ᠠᠪᠤᠷᠭᠤ ᠪᠥᠬᠡᠴᠢᠨ ᠤ ᠠᠯᠳᠠᠷ ᠢᠶᠠᠷ ᠮᠢᠯᠢᠶᠠᠯᠭᠠᠵᠤ ᠶᠠᠪᠤᠭ᠎ᠠ ᠡᠭᠡᠴᠢ ᠳᠡᠭᠦᠦ ᠬᠤᠶᠠᠷ     ᠴᠢᠨᠳᠠᠭᠠᠨᠴᠠᠭᠠᠨ᠂ ᠭᠠᠩᠰᠦᠬᠡ ᠡᠭᠡᠴᠢ ᠳᠡᠭᠦᠦ ᠬᠤᠶᠠᠭᠤᠯᠠ ᠪᠣᠯ ᠠᠪᠤᠷᠭᠤ ᠪᠥᠬᠡᠴᠢᠨ ᠤ ᠠᠯᠳᠠᠷ ᠢ ᠡᠷᠭᠦᠨ ᠪᠦᠬᠡ ᠶᠢᠨ ᠦᠢᠯᠡᠰ ᠲᠤ ᠦᠯᠡᠮᠵᠢ ᠶᠢᠨ ᠵᠢᠳᠬᠦᠯ ᠢᠶᠠᠨ ᠦᠵᠡᠭᠦᠯᠵᠦ ᠶᠠᠪᠤᠭ᠎ᠠ ᠵᠠᠯᠠᠭᠤ ᠰᠣᠳᠣᠨ ᠪᠥᠬᠡᠴᠢᠨ ᠪᠣᠯᠣᠨ᠎ᠠ ᠃ ᠡᠭᠡᠴᠢ ᠳᠡᠭᠦᠦ ᠬᠤᠶᠠᠭᠤᠯᠠ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠨᠢᠭᠡᠨ ᠪᠥᠬᠡᠴᠢᠨ ᠤ ᠭᠡᠷ ᠲᠤ ᠲᠥᠷᠥᠵᠡᠢ᠃ ᠠᠪᠤ ᠨᠢ ᠰᠡᠴᠡᠨᠪᠠᠶᠠᠷ ᠪᠣᠯ ᠲᠤᠬᠠᠢ ᠶᠢᠨ ᠭᠠᠵᠠᠷ ᠤᠨ ᠠᠯᠳᠠᠷᠲᠤ ᠪᠥᠬᠡᠴᠢᠨ᠂ ᠵᠡᠭᠦᠨ ᠦᠵᠦᠮᠦᠴᠢᠨ ᠬᠤᠰᠢᠭᠤᠨ ᠤ ᠮᠢᠩᠭᠠᠨ ᠪᠥᠬᠡ ᠶᠢᠨ ᠤᠷᠤᠯᠳᠤᠭᠠᠨ ᠤ ᠳᠡᠳ᠋᠂ ᠳᠤᠮᠳᠠᠳᠤ ᠤᠯᠤᠰ ᠤᠨ ᠮᠠᠶ᠋ᠢᠭ ᠤᠨ ᠪᠥᠬᠡ ᠶᠢᠨ ᠤᠯᠤᠰ ᠤᠨ ᠠᠪᠤᠷᠭᠤ ᠬᠡᠮᠡᠭᠳᠡᠭᠰᠡᠨ ᠪᠢᠯᠡ᠃ ᠠᠪᠤ ᠶᠢᠨ ᠢᠶᠠᠨ ᠨᠥᠯᠥᠭᠡ ᠪᠠᠷ ᠲᠡᠳᠡ ᠬᠠᠷᠠᠬᠠᠨ ᠪᠠᠭ᠎ᠠ ᠠᠴᠠ ᠪᠠᠨ ᠪᠦᠭᠡ ᠳᠤ ᠣᠨᠴᠠ ᠶᠢᠨ ᠪᠠᠭ᠋ᠠᠲᠠᠢ ᠪᠠᠶᠢᠵᠤ᠂ ᠨᠠᠷᠡᠳᠦ ᠪᠥᠬᠡᠴᠢᠨ ᠪᠤᠯᠬᠤ ᠬᠦᠰᠡᠯᠡᠩ ᠳᠡᠭᠡᠨ ᠬᠥᠲᠥᠯᠥᠭᠳᠡᠵᠦ᠂ ᠬᠤᠰᠢᠭᠤᠨ ᠤ ᠪᠠᠨ ᠡᠯ᠎ᠡ ᠶᠡᠭᠡ ᠨᠠᠭᠠᠳᠤᠮ ᠴᠤᠭᠯᠠᠭᠠᠨ ᠳᠤ ᠣᠯᠠᠨᠲᠠ ᠬᠤᠰᠢᠭᠤᠷᠠᠨ ᠮᠠᠩᠯᠠᠶᠢᠯᠠᠵᠤ ᠶᠠᠪᠤᠭᠰᠠᠨ ᠤᠳᠠᠭ᠎ᠠ ᠲᠠᠢ᠃ ᠴᠢᠨᠳᠠᠭᠠᠨᠴᠠᠭᠠᠨ 2009 ᠣᠨ ᠳᠤ ᠥᠪᠥᠷ ᠮᠣᠩᠭᠤᠯ ᠤᠨ ᠡᠮᠡᠭᠲᠡᠢ ᠶᠢᠨ ᠪᠥᠬᠡ ᠶᠢᠨ ᠠᠩᠭᠢ ᠳᠤ ᠰᠣᠩᠭᠤᠭᠳᠠᠨ ᠣᠷᠣᠵᠤ᠂ ᠠᠷᠪᠠᠨ ᠬᠡᠳᠦᠨ ᠵᠢᠯ ᠤᠨ ᠪᠥᠬᠡ ᠶᠢᠨ ᠠᠮᠢᠳᠤᠷᠠᠯ ᠳᠤ ᠳᠠᠪᠲᠠᠭᠳᠠᠨ ᠪᠣᠯᠪᠠᠰᠤᠷᠠᠵᠤ᠂ ᠤᠷᠢᠳ ᠬᠤᠵᠢᠳ ᠳᠡᠯᠡᠬᠡᠢ ᠶᠢᠨ ᠬᠤᠨᠳᠠᠭᠠᠲᠤ ᠡᠮᠡᠭᠲᠡᠢ ᠶᠢᠨ ᠴᠢᠯᠦᠭᠡᠲᠦ ᠪᠥᠬᠡ ᠶᠢᠨ ᠤᠷᠤᠯᠳᠤᠭᠠᠨ ᠤ ᠮᠥᠩᠭᠦᠨ ᠮᠧᠳᠠᠯ ᠢ ᠭᠠᠷᠳᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠮᠡᠭᠲᠡᠢ ᠶᠢᠨ ᠴᠢᠯᠦᠭᠡᠲᠦ ᠮᠠᠶ᠋ᠢᠭ ᠤᠨ 76 ᠺᠢᠯᠣᠭ᠍ᠷᠠᠮ ᠤᠨ ᠲᠡᠰ ᠤᠨ ᠮᠠᠩᠯᠠᠢ ᠳᠤ ᠰᠢᠯᠭᠠᠷᠠᠭᠰᠠᠨ ᠲᠡᠦᠬᠡ ᠲᠠᠢ᠃ 2014 ᠣᠨ ᠤ ᠪᠦᠬᠦ ᠤᠯᠤᠰ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠴᠢᠯᠦᠭᠡᠲᠦ ᠪᠥᠬᠡ ᠶᠢᠨ 75 ᠺᠢᠯᠣᠭ᠍ᠷᠠᠮ ᠤᠨ ᠤᠷᠤᠯᠳᠤᠭᠠᠨ ᠤ ᠵᠦᠢᠯ ᠳᠤ ᠬᠤᠶᠠᠳᠤᠭᠠᠷ ᠲᠤ ᠣᠷᠣᠭᠰᠠᠨ ᠰᠠᠶᠢᠨ ᠬᠢᠷᠢ ᠪᠦᠲᠦᠮᠵᠢ ᠶᠢ ᠣᠯᠵᠠᠢ᠃ ᠲᠤᠬᠠᠢ ᠶᠢᠨ ᠭᠠᠵᠠᠷ ᠤᠨ ᠴᠠᠭ ᠢᠶᠠᠷ 2022 ᠣᠨ ᠤ 7 ᠰᠠᠷ᠎ᠠ ᠶᠢᠨ 23 ᠤ ᠡᠳᠦᠷ᠂ 2022 ᠣᠨ ᠤ ᠣᠯᠠᠨ ᠤᠯᠤᠰ ᠤᠨ ᠪᠥᠬᠡ ᠶᠢᠨ A ᠲᠡᠰ ᠤᠨ ᠰᠢᠷᠢᠰ ᠤᠷᠤᠯᠳᠤᠭᠠᠨ ᠤ ᠫᠤᠯᠠᠨᠳ᠋ ᠥᠷᠲᠡᠭᠡ ᠶᠢᠨ ᠤᠷᠤᠯᠳᠤᠭᠠᠨ ᠳᠤ ᠡᠮᠡᠭᠲᠡᠢ ᠶᠢᠨ ᠴᠢᠯᠦᠭᠡᠲᠦ ᠪᠥᠬᠡ ᠶᠢᠨ 76 ᠺᠢᠯᠣᠭ᠍ᠷᠠᠮ ᠤᠨ ᠲᠡᠰ ᠤᠨ ᠲᠥᠷᠥᠯ ᠵᠦᠢᠯ ᠳᠤ ᠬᠦᠷᠡᠯ ᠮᠧᠳᠠᠯ ᠭᠠᠷᠳᠠᠪᠠ᠃      ᠴᠢᠨᠳᠠᠭᠠᠨᠴᠠᠭᠠᠨ ᠰᠣᠷᠪᠤᠯᠵᠢᠯᠠᠭ᠎ᠠ ᠬᠦᠯᠢᠶᠡᠬᠦ ᠳᠡᠭᠡᠨ᠄ ︽ᠣᠯᠠᠩᠬᠢ ᠬᠥᠮᠥᠰ ᠥᠪᠥᠷ ᠮᠣᠩᠭᠤᠯᠴᠤᠳ ᠢ ᠪᠦ᠋ᠭᠡ ᠶᠢᠨ ᠲᠠᠯ᠎ᠠ ᠪᠠᠷ ᠠᠶᠠᠨᠳᠠᠭᠠᠨ ᠤ ᠳᠠᠪᠠᠭᠤᠯᠢᠭ ᠲᠠᠢ ᠭᠡᠵᠦ ᠦᠵᠡᠳᠡᠭ᠂ ᠦᠨᠡᠨ ᠳᠡᠭᠡᠨ ᠪᠢᠳᠡᠨ ᠤ ᠪᠡᠶ᠎ᠡ ᠮᠠᠬᠠᠪᠤᠳ ᠤᠨ ᠬᠡᠪ ᠴᠢᠨᠠᠷ ᠰᠠᠶᠢᠨ ᠪᠠᠶᠢᠬᠤ ᠠᠴᠠ ᠭᠠᠳᠠᠨ᠎ᠠ᠂ ᠴᠢᠷᠮᠠᠶᠢᠯᠭ᠎ᠠ ᠪᠠ ᠪᠠᠷᠢᠮᠲᠠᠯᠠᠯ ᠴᠢᠬᠤᠯᠠ ᠶᠤᠮ᠂ ᠢᠯᠠᠩᠭᠤᠶ᠎ᠠ ᠲᠤᠰᠬᠠᠢ ᠮᠡᠷᠭᠡᠵᠢᠯ ᠤᠨ ᠪᠥᠬᠡ ᠶᠢᠨ ᠬᠦᠷᠢᠶᠡᠨ ᠳᠤ ᠰᠢᠰᠲ᠋ᠧᠮ ᠲᠠᠢ ᠰᠢᠨᠵᠢᠯᠡᠬᠦ ᠤᠬᠠᠭᠠᠨᠴᠢ ᠪᠣᠯᠪᠠᠰᠤᠷᠠᠯ ᠬᠢᠬᠦ ᠨᠢ ᠨᠠᠩ ᠴᠢᠬᠤᠯᠠ ᠶᠤᠮ︾ ᠭᠡᠵᠦ ᠶᠠᠷᠢᠵᠤ ᠪᠠᠶᠢᠯ᠎ᠠ᠃      ᠴᠢᠨᠳᠠᠭᠠᠨᠴᠠᠭᠠᠨ ᠤ ᠳᠡᠭᠦᠦ ᠭᠠᠩᠰᠦᠬᠡ 2017 ᠣᠨ ᠳᠤ ᠥᠪᠥᠷ ᠮᠣᠩᠭᠤᠯ ᠤᠨ ᠡᠷᠡᠭᠲᠡᠢ ᠶᠢᠨ ᠪᠥᠬᠡ ᠶᠢᠨ ᠠᠩᠭᠢ ᠳᠤ ᠰᠣᠩᠭᠤᠭᠳᠠᠵᠤ᠂ 2018 ᠣᠨ ᠤ ᠪᠥᠬᠦ ᠤᠯᠤᠰ ᠤᠨ ᠵᠠᠯᠠᠭᠤᠴᠤᠳ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠠᠯᠲᠠᠨ ᠮᠧᠳᠠᠯ ᠭᠠᠳᠠᠵᠤ᠂ 2019 ᠣᠨ ᠤ U23 ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠮᠥᠩᠭᠦᠨ ᠮᠧᠳᠠᠯ ᠳᠤᠰᠤᠭᠰᠠᠨ ᠪᠢᠯᠡ᠃ ︽ᠴᠢᠷᠮᠠᠶᠢᠯᠭ᠎ᠠ ᠬᠥᠮᠥᠨ ᠢ ᠭᠤᠮᠣᠳᠠᠭᠠᠬᠤ ᠦᠭᠡᠢ︾ ᠭᠡᠳᠡᠭ ᠢᠶᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠳᠤ᠂ ᠡᠭᠡᠴᠢ ᠳᠡᠭᠦᠦ ᠬᠤᠶᠠᠭᠤᠯᠠ ᠲᠤᠰ ᠲᠤᠰ ᠪᠥᠬᠡ ᠶᠢᠨ ᠲᠥᠷᠥᠯ ᠤᠨ ᠡᠮᠡᠭᠲᠡᠢ ᠶᠢᠨ ᠴᠢᠯᠦᠭᠡᠲᠦ ᠮᠠᠶ᠋ᠢᠭ ᠤᠨ 76 ᠺᠢᠯᠣᠭ᠍ᠷᠠᠮ ᠤᠨ ᠲᠡᠰ ᠤᠨ ᠮᠠᠩᠯᠠᠢ᠂ ᠪᠥᠬᠡ ᠶᠢᠨ ᠲᠥᠷᠥᠯ ᠤᠨ ᠡᠷᠡᠭᠲᠡᠢ ᠶᠢᠨ ᠴᠢᠯᠦᠭᠡᠲᠦ ᠮᠠᠶ᠋ᠢᠭ ᠤᠨ 86 ᠺᠢᠯᠣᠭ᠍ᠷᠠᠮ ᠤᠨ ᠲᠡᠰ ᠤᠨ ᠮᠥᠩᠭᠦᠨ ᠮᠧᠳᠠᠯ ᠭᠠᠷᠳᠠᠵᠦ᠂ ᠨᠤᠲᠤᠭ ᠤᠰᠤᠨ ᠳᠤ ᠪᠠᠨ ᠭᠡᠷᠡᠯ ᠭᠢᠯᠪᠠᠭ᠎ᠠ ᠨᠡᠮᠡᠷᠢᠯᠡᠵᠡᠢ᠃      2022 ᠣᠨ ᠤ 12 ᠰᠠᠷ᠎ᠠ ᠶᠢᠨ 10 ᠤ ᠡᠳᠦᠷ ᠠᠴᠠ 12 ᠤᠨ ᠡᠳᠦᠷ ᠪᠣᠯᠲᠠᠯ᠎ᠠ᠂ ᠳᠡᠯᠡᠬᠡᠢ ᠶᠢᠨ ᠬᠤᠨᠳᠠᠭᠠᠲᠤ ᠣᠯᠠᠨ ᠤᠯᠤᠰ ᠤᠨ ᠮᠠᠶ᠋ᠢᠭ ᠤᠨ ᠪᠥᠬᠡ ᠶᠢᠨ ᠡᠮᠡᠭᠲᠡᠢ ᠶᠢᠨ ᠴᠢᠯᠦᠭᠡᠲᠦ ᠪᠥᠬᠡ ᠶᠢᠨ ᠤᠷᠤᠯᠳᠤᠭᠠᠨ ᠠᠮᠧᠷᠢᠺᠠ ᠳᠤ ᠶᠠᠪᠤᠭᠳᠠᠵᠤ᠂ ᠶᠠᠫᠤᠨ᠂ ᠮᠣᠩᠭᠤᠯ᠂ ᠦᠺᠷᠠᠶᠢᠨ᠂ ᠠᠮᠧᠷᠢᠺᠠ᠂ ᠳᠤᠮᠳᠠᠳᠤ ᠤᠯᠤᠰ ᠵᠡᠷᠭᠡ 5 ᠤᠯᠤᠰ ᠪᠠ ᠳᠡᠯᠡᠬᠡᠢ ᠶᠢᠨ ᠬᠤᠯᠪᠣᠭᠠᠲᠤ ᠠᠩᠭᠢ ᠤᠷᠤᠯᠳᠤᠭᠠᠨ ᠳᠤ ᠣᠷᠣᠯᠴᠠᠵᠦ᠂ ᠳᠤᠮᠳᠠᠳᠤ ᠤᠯᠤᠰ ᠤᠨ ᠲᠥᠯᠥᠭᠡᠯᠡᠭᠴᠢᠳ ᠤᠨ ᠠᠩᠭᠢ 13 ᠲᠠᠮᠢᠷᠴᠢᠨ ᠲᠣᠮᠢᠯᠠᠨ ᠡᠮᠡᠭᠲᠡᠢ ᠶᠢᠨ ᠴᠢᠯᠦᠭᠡᠲᠦ ᠪᠦᠬᠡ ᠶᠢᠨ 10 ᠲᠡᠰ ᠤᠨ ᠤᠷᠤᠯᠳᠤᠭᠠᠨ ᠳᠤ ᠣᠷᠣᠯᠴᠠᠭᠤᠯᠪᠠ᠃ ᠡᠭᠦᠨ ᠳᠤ ᠴᠢᠨᠳᠠᠭᠠᠨᠴᠠᠭᠠᠨ ᠳᠤᠮᠳᠠᠳᠤ ᠤᠯᠤᠰ ᠤᠨ ᠠᠩᠭᠢ ᠶᠢ ᠲᠥ᠋ᠯᠥᠭᠡᠯᠡᠨ 72 ᠺᠢᠯᠣᠭ᠍ᠷᠠᠮ ᠤᠨ ᠲᠡᠰ ᠤᠨ ᠪᠦᠯᠬᠦᠮ ᠤᠨ ᠤᠷᠤᠯᠳᠤᠭᠠᠨ ᠳᠤ ᠣᠷᠣᠯᠴᠠᠨ᠂ ᠰᠢᠢᠳᠪᠦᠷᠢᠲᠦ ᠤᠷᠤᠯᠳᠤᠭᠠᠨ ᠳᠤ ᠪᠦᠯᠬᠦᠮ ᠤᠨ ᠮᠥᠩᠭᠦᠨ ᠮᠧᠳᠠᠯ ᠭᠥᠷᠳᠡᠭᠰᠡᠨ ᠪᠢᠯᠡ᠃ ︽ᠵᠣᠷᠢᠭ ᠪᠠᠶᠢᠪᠠᠯ ᠵᠣᠷᠢᠭᠰᠠᠨ ᠳᠠᠭᠠᠨ︾᠃ ᠡᠭᠡᠴᠢ ᠳᠡᠭᠦᠦ ᠬᠤᠶᠠᠭᠤᠯᠠ ᠡᠯ᠎ᠡ ᠶᠡᠭᠡ ᠪᠦᠭᠡ ᠶᠢᠨ ᠤᠷᠤᠯᠲᠤᠭᠠᠨ ᠢᠶᠠᠷ ᠥᠨᠳᠥᠷ ᠠᠮᠵᠢᠯᠲᠠ ᠣᠯᠵᠤ᠂ ᠳᠤᠷ᠎ᠠ ᠲᠠᠢ ᠪᠠᠬ᠎ᠠ ᠲᠠᠢ ᠪᠦᠬᠡ ᠶᠢᠨ ᠦᠢᠯᠡᠰ ᠲᠡᠭᠡᠨ ᠥᠪᠡᠷ ᠤᠨ ᠤᠶᠤᠨ ᠤᠬᠠᠭᠠᠨ ᠬᠦᠴᠦᠨ ᠴᠢᠳᠠᠯ ᠢᠶᠠᠨ ᠭᠤᠶᠠᠴᠢ ᠦᠭᠡᠢ ᠵᠣᠷᠢᠭᠤᠯᠵᠤ ᠶᠠᠪᠤᠨ᠎ᠠ᠃ ᠲᠡᠳᠡᠨ ᠤ ᠵᠣᠷᠢᠭᠰᠠᠨ ᠦᠢᠯᠡᠰ ᠪᠦᠲᠦᠮᠵᠢ ᠪᠠᠷ ᠳᠦᠭᠦᠷᠡᠩ ᠪᠠᠶᠢᠵᠤ ᠨᠡᠩ ᠥᠨᠳᠥᠷ ᠠᠮᠵᠢᠯᠲᠠ ᠣᠯᠬᠤ ᠶᠢ ᠬᠦᠰᠡᠨ ᠵᠥᠩᠨᠡᠶ᠎ᠡ᠃
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号