ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/12/4
     ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠤᠬᠠᠢ ᠲᠠᠶᠢᠯᠤᠮᠵᠢ ⒈ᠶᠠᠮᠠᠷ ᠶᠠᠮᠠᠷ ᠪᠠᠶᠢᠭᠤᠯᠭ᠎ᠠ ᠨᠢᠭᠡᠴᠡ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠬᠤ ᠬᠡᠷᠡᠭᠲᠡᠢ ᠪᠤᠶ  ︖ ᠬᠠᠷᠢᠭᠤᠯᠲᠠ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷᠠᠬᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ᠂ ᠰᠠᠭᠤᠷᠢ ᠮᠥᠩᠭᠦᠨ ᠤ ᠨᠡᠶᠢᠭᠡᠮᠯᠢᠭ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠵᠣᠬᠢᠶᠠᠨ ᠪᠠᠶᠢᠭᠤᠯᠤᠯᠲᠠ ᠪᠠ ᠠᠵᠢᠯᠴᠢᠨ ᠬᠥᠯᠥᠰᠦᠯᠡᠵᠦ ᠪᠠᠶᠢᠭ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠵᠤ᠂ ᠲᠤᠰ ᠨᠢᠭᠡᠴᠡ ᠶᠢᠨ ᠪᠦᠬᠦ ᠠᠵᠢᠯᠲᠠᠨ ᠠᠵᠢᠯᠴᠢᠨ ᠪᠤᠶᠤ ᠬᠥᠯᠥᠰᠦᠨ ᠠᠵᠢᠯᠴᠢᠨ ᠳᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠢ ᠲᠤᠰᠢᠶᠠᠵᠤ ᠥᠭᠬᠦ ᠬᠡᠷᠡᠭᠲᠡᠢ᠃ ᠲᠦᠷᠦ ᠶᠢᠨ ᠪᠠᠶᠢᠭᠤᠯᠭ᠎ᠠ᠂ ᠠᠯᠪᠠᠳᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠡ ᠵᠢᠴᠢ ᠲᠡᠭᠦᠨ ᠤ ᠠᠵᠢᠯᠲᠠᠨ ᠠᠵᠢᠯᠴᠢᠨ ᠲᠣᠭᠲᠠᠭᠠᠯ ᠶᠣᠰᠣᠭᠠᠷ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠨ᠎ᠠ᠃ 2. ᠠᠵᠢᠯᠲᠠᠨ ᠠᠵᠢᠯᠴᠢᠨ ᠬᠤᠪᠢ ᠬᠥᠮᠥᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ   ᠢ ᠲᠤᠰᠢᠶᠠᠬᠤ ᠴᠢᠬᠤᠯᠠ  ᠲᠠᠢ ᠤᠤ  ︖᡼ ᠬᠠᠷᠢᠭᠤᠯᠲᠠ᠄ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠢ ᠬᠥᠮᠥᠨ ᠬᠡᠷᠡᠭᠯᠡᠬᠦ ᠨᠢᠭᠡᠴᠡ ᠲᠤᠰᠢᠶᠠᠨ᠎ᠠ᠂ ᠠᠵᠢᠯᠲᠠᠨ ᠠᠵᠢᠯᠴᠢᠨ ᠬᠤᠪᠢ ᠬᠥᠮᠥᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠢ ᠲᠤᠰᠢᠶᠠᠬᠤ ᠴᠢᠬᠤᠯᠠ ᠦᠭᠡᠢ  ᠃3. ᠠᠵᠢᠯᠲᠠᠨ ᠠᠵᠢᠯᠴᠢᠨ ᠬᠤᠶᠠᠷ ᠪᠤᠶᠤ ᠬᠤᠶᠠᠷ ᠠᠴᠠ ᠳᠡᠭᠡᠭᠰᠢ ᠨᠢᠭᠡᠴᠡ ᠳᠤ ᠵᠡᠷᠭᠡ ᠪᠠᠷ ᠠᠵᠢᠯᠯᠠᠵᠤ ᠪᠠᠶᠢᠪᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠬᠡᠷᠬᠢᠨ ᠣᠷᠣᠯᠴᠠᠬᠤ ᠪᠤᠶ︖ ᡼ ᠬᠠᠷᠢᠭᠤᠯᠲᠠ᠄ ᠠᠵᠢᠯᠲᠠᠨ ᠠᠵᠢᠯᠴᠢᠨ ᠬᠤᠶᠠᠷ ᠪᠤᠶᠤ ᠬᠤᠶᠠᠷ ᠠᠴᠠ ᠳᠡᠭᠡᠭᠰᠢ ᠨᠢᠭᠡᠴᠡ ᠳᠤ ᠵᠡᠷᠭᠡ ᠪᠠᠷ ᠠᠵᠢᠯ ᠣᠯᠣᠭᠰᠠᠨ ᠪᠠᠶᠢᠪᠠᠯ᠂ ᠡᠯ᠎ᠡ ᠬᠥᠮᠥᠨ ᠬᠡᠷᠡᠭᠯᠡᠬᠦ ᠨᠢᠭᠡᠴᠡ ᠨᠢ ᠠᠵᠢᠯᠲᠠᠨ ᠠᠵᠢᠯᠴᠢᠨ ᠳᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠢ ᠲᠤᠰ ᠲᠤᠰ ᠲᠤᠰᠢᠶᠠᠵᠤ ᠥᠭᠬᠦ ᠬᠡᠷᠡᠭᠲᠡᠢ᠃ ᠠᠵᠢᠯᠲᠠᠨ ᠠᠵᠢᠯᠴᠢᠨ ᠠᠵᠢᠯ ᠠᠴᠠ ᠪᠣᠯᠵᠤ ᠭᠡᠮᠲᠦᠭᠰᠡᠨ ᠪᠠᠶᠢᠪᠠᠯ᠂ ᠠᠵᠢᠯᠲᠠᠨ ᠠᠵᠢᠯᠴᠢᠨ ᠭᠡᠮᠲᠦᠵᠦ ᠰᠢᠷᠬᠠᠲᠤᠭᠰᠠᠨ ᠦᠶ᠎ᠡ ᠳᠤ ᠲᠡᠭᠦᠨ ᠤ ᠠᠵᠢᠯᠯᠠᠵᠤ ᠪᠠᠶᠢᠭᠰᠠᠨ ᠨᠢᠭᠡᠴᠡ ᠨᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠨ᠎ᠡ᠃ 4. ᠬᠥᠮᠥᠨ ᠬᠡᠷᠡᠭᠯᠡᠬᠦ ᠨᠢᠭᠡᠴᠡ   ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ   ᠢ ᠲᠤᠰᠢᠶᠠᠬᠤ ᠵᠠᠷᠤᠳᠠᠯ ᠤᠨ ᠨᠣᠷᠮ᠎ᠠ ᠨᠢ ᠬᠡᠳᠦᠢ︖ ᠬᠠᠷᠢᠭᠤᠯᠲᠠ᠄ ᠬᠥᠮᠥᠨ ᠬᠡᠷᠡᠭᠯᠡᠬᠦ ᠨᠢᠭᠡᠴᠡ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠲᠤᠰᠢᠶᠠᠬᠤ ᠰᠦᠢᠳᠬᠡᠯ ᠤᠨ ᠨᠣᠷᠮ᠎ᠠ ᠶᠢ ᠭᠠᠷᠳᠠᠨ ᠬᠢᠬᠦ ᠪᠠᠶᠢᠭᠤᠯᠤᠮᠵᠢ ᠠᠴᠠ ᠬᠥᠮᠥᠨ ᠬᠡᠷᠡᠭᠯᠡᠬᠦ ᠨᠢᠭᠡᠴᠡ ᠶᠢᠨ ︽ᠠᠵᠤ ᠠᠬᠤᠶᠢᠯᠠᠯ ᠬᠠᠤᠯᠢ ᠶᠢᠨ ᠬᠥᠮᠥᠨ ᠤ ᠡᠵᠡᠩᠨᠡᠯᠲᠡ ᠶᠢᠨ ᠦᠨᠡᠮᠯᠡᠯ︾ ᠪᠤᠶᠤ ︽ᠡᠵᠡᠩᠨᠡᠯᠲᠡ ᠶᠢᠨ ᠦᠨᠡᠮᠯᠡᠯ︾ ᠤᠨ ᠳᠠᠩᠰᠠᠯᠠᠭᠤᠯᠤᠭᠰᠠᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢ ᠦᠨᠳᠦᠰᠦᠯᠡᠨ᠂ ᠠᠳᠠᠯᠢ ᠪᠤᠰᠤ ᠠᠵᠢᠯ ᠲᠥᠷᠥᠯ ᠤᠨ ᠦᠨᠳᠦᠰᠦᠨ ᠪᠠᠷᠢᠮᠵᠢᠶᠠᠲᠤ ᠰᠦᠢᠳᠬᠡᠯ ᠤᠨ ᠨᠣᠷᠮ᠎ᠠ ᠶᠢ ᠦᠨᠳᠦᠰᠦᠯᠡᠨ ᠲᠣᠭᠲᠠᠭᠠᠨ᠎ᠠ᠃ 5. ᠶᠠᠮᠠᠷ ᠪᠠᠶᠢᠳᠠᠯ ᠳᠤ ᠰᠢᠷᠬᠠᠲᠤᠭᠰᠠᠨ ᠢ ᠠᠵᠢᠯ ᠠᠴᠠ ᠪᠣᠯᠤᠭᠰᠠᠨ ᠭᠡᠮᠲᠦᠯ ᠢᠶᠠᠷ ᠮᠠᠭᠠᠳᠯᠠᠨ ᠲᠣᠭᠲᠠᠭᠠᠵᠤ ᠪᠣᠯᠬᠤ ᠪᠤᠶ  ︖᡼ ᠬᠠᠷᠢᠭᠤᠯᠲᠠ᠄ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠠᠵᠢᠯ ᠠᠴᠠ ᠪᠣᠯᠤᠭᠰᠠᠨ ᠭᠡᠮᠲᠦᠯ ᠢᠶᠠᠷ ᠮᠠᠭᠠᠳᠯᠠᠨ ᠲᠣᠭᠲᠠᠭᠠᠬᠤ ᠬᠡᠷᠡᠭᠲᠡᠢ᠄ ︵1︶ ᠠᠵᠢᠯᠯᠠᠬᠤ ᠴᠠᠭ ᠪᠠ ᠠᠵᠢᠯᠯᠠᠬᠤ ᠲᠠᠯᠠᠪᠤᠷ ᠲᠤ ᠠᠵᠢᠯ ᠤᠨ ᠰᠢᠯᠲᠠᠭᠠᠨ ᠠᠴᠠ ᠪᠣᠯᠵᠤ ᠠᠳᠡᠭᠳᠡᠯ ᠳᠤ ᠤᠴᠠᠷᠠᠨ ᠭᠡᠮᠲᠦᠭᠰᠡᠨ᠃ ︵2︶ ᠠᠵᠢᠯᠯᠠᠬᠤ ᠴᠠᠭ ᠤᠨ ᠤᠷᠢᠳ ᠬᠤᠵᠢᠳ ᠢᠶᠠᠷ ᠠᠵᠢᠯᠯᠠᠬᠤ ᠲᠠᠯᠠᠪᠤᠷ ᠲᠤ ᠠᠵᠢᠯ ᠲᠠᠢ ᠬᠤᠯᠪᠣᠭᠳᠠᠬᠤ ᠪᠡᠯᠡᠳᠬᠡᠯ ᠤᠨ ᠴᠢᠨᠠᠷᠲᠠᠢ ᠪᠤᠶᠤ ᠰᠡᠬᠦᠯ ᠬᠤᠷᠢᠶᠠᠬᠤ ᠴᠢᠨᠠᠷᠲᠠᠢ ᠠᠵᠢᠯ ᠢ ᠬᠢᠭᠡᠳ ᠡ᠊ᠨᠳᠡᠯ ᠳᠤ ᠤᠴᠠᠷᠠᠵᠤ ᠭᠡᠮᠲᠦᠭᠰᠡᠨ᠃ ︵3︶ ᠠᠵᠢᠯ ᠤᠨ ᠴᠠᠭ ᠪᠠ ᠠᠵᠢᠯ ᠤᠨ ᠲᠠᠯᠠᠪᠤᠷ ᠲᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠴᠠ ᠪᠣᠯᠵᠤ ᠬᠦᠴᠦᠷᠬᠡᠭᠯᠡᠯ ᠵᠡᠷᠭᠡ ᠰᠠᠨᠠᠭᠠᠨ ᠳᠤ ᠦᠭᠡᠢ ᠭᠡᠮᠲᠦᠯ ᠳᠤ ᠤᠴᠠᠷᠠᠭᠰᠠᠨ᠃ ︵4︶ ᠠᠵᠢᠯ ᠤᠨ ᠨᠥᠯᠥᠭᠡᠨ ᠤ ᠡᠪᠡᠳᠴᠢᠨ ᠣᠯᠣᠭᠰᠠᠨ᠃ ︵5︶ ᠠᠵᠢᠯ ᠢᠶᠠᠷ ᠭᠠᠳᠠᠭᠰᠢ ᠭᠠᠷᠤᠭᠰᠠᠨ ᠬᠤᠭᠤᠴᠠᠭᠠᠨ ᠳᠤ ᠠᠵᠢᠯ ᠤᠨ ᠰᠢᠯᠲᠠᠭᠠᠨ ᠠᠴᠠ ᠪᠣᠯᠵᠤ ᠭᠡᠮᠲᠦᠭᠰᠡᠨ ᠪᠤᠶᠤ ᠡ᠊ᠨᠳᠡᠯ ᠭᠠᠷᠴᠤ ᠮᠥᠷ ᠰᠤᠷᠠᠭ ᠦᠭᠡᠢ ᠪᠣᠯᠤᠭᠰᠠᠨ᠃ ︵6︶ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠵᠠᠮ ᠳᠠᠭᠠᠨ ᠮᠠᠰᠢᠨᠲᠤ ᠲᠡᠷᠭᠡᠨ ᠤ ᠡ᠊ᠨᠳᠡᠯ ᠠᠴᠠ ᠪᠣᠯᠵᠤ ᠭᠡᠮᠲᠦᠭᠰᠡᠨ᠃ ︵7︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠠᠵᠢᠯ ᠠᠴᠠ ᠪᠣᠯᠤᠭᠰᠠᠨ ᠭᠡᠮᠲᠦᠯ ᠢᠶᠠᠷ ᠮᠠᠭᠠᠳᠯᠠᠨ ᠲᠣᠭᠲᠠᠭᠠᠬᠤ ᠶᠣᠰᠣᠲᠠᠢ ᠪᠤᠰᠤᠳ ᠪᠠᠶᠢᠳᠠᠯ ᠤᠳ᠃ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠠᠵᠢᠯ ᠠᠴᠠ ᠪᠣᠯᠤᠭᠰᠠᠨ ᠭᠡᠮᠲᠦᠯ ᠲᠠᠢ ᠠᠳᠠᠯᠢ ᠪᠠᠷ ᠦᠵᠡᠨ᠎ᠡ᠃ ︵1︶ ᠠᠵᠢᠯᠯᠠᠬᠤ ᠴᠠᠭ ᠪᠠ ᠠᠵᠢᠯ ᠤᠨ ᠪᠠᠶᠢᠷᠢᠨ ᠳᠤ ᠭᠡᠨᠡᠳᠲᠡ ᠶᠢᠨ ᠡᠪᠡᠳᠴᠢᠨ ᠢᠶᠠᠷ ᠦᠩᠭᠡᠷᠡᠭᠰᠡᠨ ᠪᠤᠶᠤ 48 ᠴᠠᠭ ᠤᠨ ᠳᠣᠲᠣᠷ᠎ᠠ ᠲᠦᠷᠭᠡᠨ ᠠᠪᠤᠷᠠᠭᠠᠳ ᠲᠤᠰᠠ ᠪᠣᠯᠤᠭᠰᠠᠨ ᠦᠭᠡᠢ ᠦᠩᠭᠡᠷᠡᠭᠰᠡᠨ᠃ ︵2︶ ᠠᠶᠤᠯ ᠭᠠᠮᠰᠢᠭ ᠠᠴᠠ ᠠᠪᠤᠷᠠᠬᠤ ᠵᠡᠷᠭᠡ ᠤᠯᠤᠰ ᠣᠷᠣᠨ ᠤ ᠠᠰᠢᠭ ᠲᠤᠰᠠ᠂ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠠᠵᠢᠯᠯᠠᠭ᠎ᠠ ᠶᠢᠨ ᠳᠤᠮᠳᠠ ᠭᠡᠮᠲᠦᠭᠰᠡᠨ᠃ ︵3︶ ᠠᠵᠢᠯᠲᠠᠨ ᠠᠵᠢᠯᠴᠢᠨ ᠤᠤᠯ ᠨᠢ ᠴᠡᠷᠢᠭ ᠠᠩᠭᠢ ᠳᠤ ᠠᠯᠪᠠ ᠬᠠᠭᠠᠵᠤ ᠪᠠᠶᠢᠬᠤ ᠳᠠᠭᠠᠨ ᠲᠠᠶᠢᠨ᠂ ᠠᠯᠪᠠᠨ ᠶᠠᠪᠤᠳᠠᠯ ᠢᠶᠠᠷ ᠰᠢᠷᠬᠠᠲᠤᠭᠠᠳ ᠵᠡᠮᠳᠡᠭ ᠪᠣᠯᠵᠤ᠂ ᠨᠢᠭᠡᠨᠲᠡ ᠬᠤᠪᠢᠰᠬᠠᠯᠲᠤ ᠵᠡᠮᠳᠡᠭ ᠴᠡᠷᠢᠭ ᠤᠨ ᠦᠨᠡᠮᠯᠡᠯ ᠢ ᠣᠯᠵᠤ᠂ ᠬᠥᠮᠥᠨ ᠬᠡᠷᠡᠭᠯᠡᠬᠦ ᠨᠢᠭᠡᠴᠡ ᠳᠤ ᠬᠦᠷᠦᠭᠰᠡᠨ ᠤ ᠲᠠᠷᠠᠭ᠎ᠠ ᠬᠠᠭᠤᠴᠢᠨ ᠰᠢᠷᠬ᠎ᠠ ᠨᠢ ᠳᠠᠬᠢᠭᠰᠠᠨ᠃ 6. ᠠᠵᠢᠯᠲᠠᠨ ᠠᠵᠢᠯᠴᠢᠨ ᠰᠢᠷᠬᠠᠲᠤᠭᠰᠠᠨ ᠤ ᠳᠠᠷᠠᠭ᠎ᠠ᠂ ᠠᠵᠢᠯ ᠠᠴᠠ ᠪᠣᠯᠤᠭᠰᠠᠨ ᠭᠡᠮᠲᠦᠯ ᠢ ᠨᠤᠲᠠᠯᠠᠬᠤ ᠭᠤᠶᠤᠴᠢᠯᠠᠯ ᠢ ᠬᠡᠨ ᠳᠤᠷᠠᠳᠬᠤ ᠪᠤᠶ︖ ᡼ ᠬᠠᠷᠢᠭᠤᠯᠲᠠ᠄ ᠠᠵᠢᠯᠲᠠᠨ ᠠᠵᠢᠯᠴᠢᠨ ᠠᠳᠡᠭᠳᠡᠯ ᠭᠠᠷᠴᠤ ᠭᠡᠮᠲᠦᠭᠰᠡᠨ ᠪᠤᠶᠤ ᠠᠵᠢᠯ ᠤᠨ ᠨᠥᠯᠥᠭᠡᠨ ᠤ ᠡᠪᠡᠳᠴᠢᠨ ᠣᠯᠣᠭᠰᠠᠨ ᠪᠠᠶᠢᠪᠠᠯ᠂ ᠠᠵᠢᠯᠲᠠᠨ ᠠᠵᠢᠯᠴᠢᠨ ᠤ ᠪᠠᠶᠢᠭ᠎ᠠ ᠨᠢᠭᠡᠴᠡ᠂ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠪᠤᠶᠤ ᠲᠡᠭᠦᠨ ᠤ ᠲᠥᠷᠥᠯ ᠰᠠᠳᠤᠨ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠢ ᠪᠦᠷ ᠨᠢᠭᠡᠴᠡ ᠶᠢᠨ ᠪᠠᠶᠢᠭ᠎ᠠ ᠲᠣᠭᠤᠷᠢᠭ ᠰᠢᠶᠠᠨ ᠤ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠯᠭᠠᠬᠤ ᠭᠤᠶᠤᠴᠢᠯᠠᠯ ᠭᠠᠷᠭᠠᠵᠤ ᠪᠣᠯᠣᠨ᠎ᠠ᠃ ᠭᠡᠪᠡᠴᠦ ᠠᠵᠢᠯᠲᠠᠨ ᠠᠵᠢᠯᠴᠢᠨ ᠤ ᠪᠠᠶᠢᠭ᠎ᠠ ᠨᠢᠭᠡᠴᠡ ᠨᠢ ᠡ᠊ᠨᠳᠡᠯ ᠭᠠᠷᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠦᠭᠡᠢ ᠪᠠᠶᠢᠪᠠᠯ᠂ ᠵᠣᠬᠢᠬᠤ ᠬᠠᠷᠢᠭᠤᠴᠠᠯᠭ᠎ᠠ ᠡᠭᠦᠷᠭᠡᠯᠡᠬᠦ ᠪᠣᠯᠣᠨ᠎ᠠ᠃ 7. ᠠᠵᠢᠯ ᠠᠴᠠ ᠪᠣᠯᠤᠭᠰᠠᠨ ᠭᠡᠮᠲᠦᠯ   ᠢ ᠨᠤᠲᠠᠯᠠᠬᠤ ᠭᠤᠶᠤᠴᠢᠯᠠᠯ ᠳᠤ ᠴᠠᠭ ᠤᠨ ᠬᠢᠵᠠᠭᠠᠷ ᠤᠨ ᠱᠠᠭᠠᠷᠳᠠᠯᠭ᠎ᠠ ᠲᠠᠢ ᠤᠤ  ︖᡼ ᠬᠠᠷᠢᠭᠤᠯᠲᠠ᠄ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠯᠭᠠᠬᠤ ᠪᠠᠷ ᠭᠤᠶᠤᠴᠢᠯᠠᠬᠤ ᠴᠠᠭ ᠤᠨ ᠬᠢᠵᠠᠭᠠᠷ ᠨᠢ ᠨᠢᠭᠡ ᠵᠢᠯ ᠪᠣᠯᠣᠨ᠎ᠠ᠃ 1 ᠵᠢᠯ ᠤᠨ ᠬᠤᠭᠤᠴᠠᠭ᠎ᠠ ᠠᠴᠠ ᠬᠡᠲᠦᠷᠡᠭᠰᠡᠨ ᠪᠠᠶᠢᠪᠠᠯ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠬᠢᠵᠦ ᠬᠦᠯᠢᠶᠡᠨ ᠠᠪᠴᠤ ᠰᠢᠢᠳᠪᠦᠷᠢᠯᠡᠬᠦ ᠦᠭᠡᠢ᠃ 8. ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠬᠡᠵᠢᠶ᠎ᠡ ᠬᠥᠳᠡᠯᠮᠦᠷᠢ ᠶᠢᠨ ᠴᠢᠳᠠᠪᠤᠷᠢ   ᠶᠢᠨ ᠬᠢᠨᠠᠨ ᠲᠣᠭᠲᠠᠭᠠᠯᠲᠠ ᠬᠢᠬᠦ ᠪᠤᠶ︖ ᡼ ᠬᠠᠷᠢᠭᠤᠯᠲᠠ᠄ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠠᠵᠢᠯ ᠠᠴᠠ ᠪᠣᠯᠤᠭᠰᠠᠨ ᠭᠡᠮᠲᠦᠯ ᠭᠠᠷᠤᠭᠰᠠᠨ ᠤ ᠳᠠᠷᠠᠭ᠎ᠠ᠂ ᠠᠵᠢᠯ ᠢ ᠨᠢ ᠵᠣᠭᠰᠣᠭᠠᠵᠤ ᠴᠠᠯᠢᠩ ᠢ ᠨᠢ ᠦᠯᠡᠳᠡᠭᠡᠬᠦ ᠬᠤᠭᠤᠴᠠᠭ᠎ᠠ ᠨᠢ ᠳᠦᠭᠦᠷᠦᠭᠰᠡᠨ ᠦᠭᠡᠢ ᠪᠤᠶᠤ ᠬᠡᠳᠦᠶᠢᠪᠡᠷ ᠠᠵᠢᠯ ᠢ ᠨᠢ ᠵᠣᠭᠰᠣᠭᠠᠵᠤ ᠴᠠᠯᠢᠩ ᠢ ᠨᠢ ᠦᠯᠡᠳᠡᠭᠡᠬᠦ ᠬᠤᠭᠤᠴᠠᠭ᠎ᠠ ᠨᠢ ᠳᠦᠭᠦᠷᠦᠭᠰᠡᠨ ᠦᠭᠡᠢ ᠪᠣᠯᠪᠠᠴᠤ ᠡᠮᠴᠢᠯᠡᠭᠡ ᠪᠠᠷ ᠳᠡᠮᠵᠢᠨ ᠰᠢᠷᠬ᠎ᠠ ᠶᠢᠨ ᠪᠠᠶᠢᠳᠠᠯ ᠨᠢ ᠬᠠᠷᠢᠴᠠᠩᠭᠤᠢ ᠲᠣᠭᠲᠠᠪᠤᠷᠢᠲᠠᠢ ᠪᠣᠯᠤᠭᠰᠠᠨ ᠤ ᠳᠠᠷᠠᠭ᠎ᠠ ᠬᠥᠳᠡᠯᠮᠦᠷᠢ ᠶᠢᠨ ᠴᠢᠳᠠᠪᠤᠷᠢ ᠶᠢᠨ ᠬᠢᠨᠠᠨ ᠲᠣᠭᠲᠠᠭᠠᠯᠲᠠ ᠬᠢᠵᠦ᠂ ᠵᠡᠮᠳᠡᠭ ᠤᠨ ᠳᠡᠰ ᠢ ᠬᠢᠨᠠᠨ ᠲᠣᠭᠲᠠᠭᠠᠨ᠎ᠠ 9. ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠨᠢᠭᠡᠨᠲᠡ ᠬᠥᠳᠡᠯᠮᠦᠷᠢ ᠶᠢᠨ ᠴᠢᠳᠠᠪᠤᠷᠢ   ᠶᠢᠨ ᠬᠢᠨᠠᠨ ᠲᠣᠭᠲᠠᠭᠠᠯᠲᠠ ᠪᠠ ᠵᠡᠮᠳᠡᠭ ᠤᠨ ᠳᠡᠰ ᠢ ᠬᠢᠨᠠᠨ ᠲᠣᠭᠲᠠᠭᠠᠵᠤ ᠥᠩᠭᠡᠷᠡᠭᠰᠡᠨ ᠲᠣᠬᠢᠶᠠᠯᠳᠤᠯ ᠳᠤ ᠬᠤᠪᠢ ᠬᠥᠮᠥᠨ ᠤ ᠦᠵᠡᠬᠦ ᠪᠠᠷ ᠰᠢᠷᠬ᠎ᠠ ᠶᠢᠨ ᠪᠠᠶᠢᠳᠠᠯ ᠤᠨ ᠬᠥᠭᠵᠢᠯᠲᠡ   ᠶᠢ ᠬᠡᠷᠬᠢᠨ ᠰᠢᠢᠳᠪᠦᠷᠢᠯᠡᠬᠦ ᠪᠤᠶ︖ ᡼ ᠬᠠᠷᠢᠭᠤᠯᠲᠠ᠄ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠭᠡᠮᠲᠦᠯ ᠵᠡᠮᠳᠡᠭᠷᠡᠯ ᠤᠨ ᠪᠠᠶᠢᠳᠠᠯ ᠳᠤ ᠬᠤᠪᠢᠷᠠᠯᠲᠠ ᠭᠠᠷᠤᠭᠰᠠᠨ ᠭᠡᠵᠦ ᠦᠵᠡᠪᠡᠯ᠂ ᠳᠡᠭᠡᠷ᠎ᠡ ᠤᠳᠠᠭᠠᠨ ᠤ ᠬᠥᠳᠡᠯᠮᠦᠷᠢ   ᠶᠢᠨ ᠴᠢᠳᠠᠪᠤᠷᠢ  ᠶᠢ ᠬᠢᠨᠠᠨ ᠲᠣᠭᠲᠠᠭᠠᠭᠰᠠᠨ ᠳ᠋ᠦᠩᠨᠡᠯᠲᠡ ᠭᠠᠷᠭᠠᠭᠰᠠᠨ ᠡᠳᠦᠷ ᠠᠴᠠ ᠨᠢᠭᠡ ᠵᠢᠯ ᠤᠨ ᠳᠠᠷᠠᠭ᠎ᠠ᠂ ᠬᠥᠳᠡᠯᠮᠦᠷᠢ ᠶᠢᠨ ᠴᠢᠳᠠᠪᠤᠷᠢ ᠶᠢ ᠳᠠᠬᠢᠨ ᠪᠠᠶᠢᠴᠠᠭᠠᠵᠤ ᠬᠢᠨᠠᠨ ᠲᠣᠭᠲᠠᠭᠠᠯᠭᠠᠬᠤ  ᠪᠠᠷ ᠭᠤᠶᠤᠴᠢᠯᠠᠵᠤ ᠪᠣᠯᠣᠨ᠎ᠠ᠃ 10.ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠠᠮᠢᠳᠤᠷᠠᠯ᠂ ᠠᠵᠢᠯ ᠤᠨ ᠬᠡᠷᠡᠭᠴᠡᠭᠡ ᠠᠴᠠ ᠪᠠᠨ ᠪᠣᠯᠵᠤ ᠡᠷᠡᠭᠦᠯᠵᠢᠭᠦᠯᠬᠦ ᠳᠤ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠵᠤ ᠪᠣᠯᠬᠤ ᠤᠤ  ︖ ᠬᠠᠷᠢᠭᠤᠯᠲᠠ᠄ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠠᠮᠢᠳᠤᠷᠠᠯ ᠤᠨ ᠬᠡᠷᠡᠭᠴᠡᠭᠡ ᠠᠴᠠ ᠪᠣᠯᠵᠤ᠂ ᠬᠥᠳᠡᠯᠮᠦᠷᠢ ᠶᠢᠨ ᠬᠢᠨᠠᠨ ᠲᠣᠭᠲᠠᠭᠠᠬᠤ ᠺᠣᠮᠢᠰ ᠢᠶᠠᠷ ᠨᠤᠲᠠᠯᠠᠭᠤᠯᠤᠭᠠᠳ ᠬᠢᠮᠡᠯ ᠮᠥᠴᠢ᠂ ᠵᠠᠯᠠᠷᠠᠭᠤᠯᠬᠤ ᠪᠠᠭᠠᠵᠢ᠂ ᠬᠢᠮᠡᠯ ᠨᠢᠳᠦ᠂ ᠬᠢᠮᠡᠯ ᠰᠢᠳᠦ ᠲᠠᠭᠠᠷᠠᠭᠤᠯᠬᠤ ᠪᠠ ᠬᠦᠷᠳᠦᠲᠦ ᠰᠠᠨᠳᠠᠯᠢ ᠵᠡᠷᠭᠡ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠵᠤ ᠪᠣᠯᠣᠨ᠎ᠠ᠃ ᠤᠭᠰᠠᠷᠠᠬᠤ ᠵᠠᠷᠤᠳᠠᠯ ᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠨᠣᠰᠢᠯᠠᠨ ᠡᠮᠨᠡᠬᠦ ᠲᠥᠷᠥᠯ ᠵᠦᠢᠯ ᠤᠨ ᠪᠠᠷᠢᠮᠵᠢᠶ᠎ᠠ ᠶᠣᠰᠣᠭᠠᠷ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠶᠠᠪᠤᠳᠠᠯ ᠢ ᠡᠷᠬᠢᠯᠡᠨ ᠭᠦᠢᠴᠡᠳᠬᠡᠬᠦ ᠪᠠᠶᠢᠭᠤᠯᠤᠮᠵᠢ ᠠᠴᠠ ᠲᠠᠩᠰᠠ ᠲᠠᠶᠢᠯᠤᠨ᠎ᠠ᠃  11.ᠠᠵᠢᠯ ᠤᠨ ᠬᠠᠷᠠᠭ᠎ᠠ ᠪᠠᠷ ᠠᠳᠡᠭᠰᠡᠨ ᠠᠵᠢᠯᠲᠠᠨ ᠠᠵᠢᠯᠴᠢᠨ ᠠᠮᠢᠳᠤ ᠪᠠᠶᠢᠬᠤ ᠳᠠᠭᠠᠨ ᠣᠯᠠᠨ ᠲᠥᠷᠥᠯ ᠰᠠᠳᠤᠨ ᠢᠶᠠᠨ ᠠᠰᠠᠷᠠᠨ ᠲᠡᠵᠢᠭᠡᠵᠦ ᠪᠠᠶᠢᠭᠰᠠᠨ ᠪᠣᠯ ᠲᠥᠷᠥᠯ ᠰᠠᠳᠤᠨ ᠢᠶᠠᠨ ᠠᠰᠠᠷᠠᠨ ᠲᠡᠵᠢᠭᠡᠬᠦ ᠠᠰᠠᠷᠠᠮᠵᠢ ᠶᠢᠨ ᠮᠥᠩᠭᠦ ᠶᠢ ᠬᠡᠷᠬᠢᠨ ᠠᠪᠬᠤ ᠪᠣᠢ︖ ᠬᠠᠷᠢᠭᠤᠯᠲᠠ᠄ ᠲᠡᠵᠢᠭᠡᠯᠭᠡᠵᠦ ᠪᠠᠶᠢᠭᠰᠠᠨ ᠲᠥᠷᠥᠯ ᠰᠠᠳᠤᠨ ᠤ ᠠᠰᠠᠷᠠᠮᠵᠢ ᠶᠢᠨ ᠮᠥᠩᠭᠦ ᠶᠢ ᠠᠵᠢᠯᠲᠠᠨ ᠠᠵᠢᠯᠴᠢᠨ ᠤ ᠲᠤᠰ ᠬᠥᠮᠥᠨ ᠤ ᠴᠠᠯᠢᠩ ᠤᠨ ᠵᠣᠬᠢᠬᠤ ᠬᠠᠷᠢᠴᠠᠯ ᠢᠶᠠᠷ ᠠᠵᠢᠯ ᠠᠴᠠ ᠪᠣᠯᠵᠤ ᠦᠩᠭᠡᠷᠡᠭᠰᠡᠨ ᠠᠵᠢᠯᠲᠠᠨ ᠠᠵᠢᠯᠴᠢᠨ ᠤ ᠠᠮᠢᠳᠤ ᠪᠠᠶᠢᠬᠤ ᠳᠠᠭᠠᠨ ᠠᠮᠢᠳᠤᠷᠠᠯ ᠤᠨ ᠭᠤᠣᠯ ᠢᠷᠡᠯᠲᠡ ᠶᠢ ᠬᠠᠩᠭᠠᠵᠤ ᠪᠠᠶᠢᠭᠰᠠᠨ᠂ ᠬᠥᠳᠡᠯᠮᠦᠷᠢᠯᠡᠬᠦ ᠴᠢᠳᠠᠪᠤᠷᠢ ᠦᠭᠡᠢ ᠲᠥᠷᠥᠯ ᠰᠠᠳᠤᠨ ᠳᠤ ᠥᠭᠭᠦᠨ᠎ᠡ᠃ ᠪᠠᠷᠢᠮᠵᠢᠶ᠎ᠠ᠄  ᠬᠠᠨᠢ ᠢᠵᠢᠯᠢ ᠨᠢ ᠰᠠᠷ᠎ᠠ ᠪᠦᠷᠢ 40%᠂ ᠪᠤᠰᠤᠳ ᠲᠦᠷᠦᠯ ᠰᠠᠳᠤᠨ ᠨᠢ ᠰᠠᠷ᠎ᠠ ᠪᠦᠷᠢ 30%᠂ ᠭᠤᠣᠨᠢ ᠪᠡᠶ᠎ᠡ ᠨᠠᠰᠤᠲᠠᠨ ᠪᠤᠶᠤ ᠥᠨᠥᠴᠢᠨ ᠬᠡᠦᠬᠡᠳ ᠨᠢ ᠰᠠᠷ᠎ᠠ ᠪᠦᠷᠢ ᠳᠡᠭᠡᠷ᠎ᠡ ᠳᠤᠷᠠᠳᠤᠭᠰᠠᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 10% ᠪᠠᠷ ᠨᠡᠮᠡᠭᠳᠡᠨ᠎ᠡ᠃ ᠬᠢᠨᠠᠨ ᠲᠣᠭᠲᠠᠭᠠᠭᠰᠠᠨ ᠡᠯ᠎ᠡ ᠲᠡᠵᠢᠭᠡᠯᠭᠡᠵᠦ ᠪᠠᠶᠢᠭᠰᠠᠨ ᠲᠦᠷᠦᠯ ᠰᠠᠳᠤᠨ ᠤ ᠠᠰᠠᠷᠠᠮᠵᠢ ᠶᠢᠨ ᠮᠥᠩᠭᠦ ᠶᠢᠨ ᠨᠡᠶᠢᠯᠡᠪᠦᠷᠢ ᠨᠢ ᠠᠵᠢᠯ ᠤᠨ ᠬᠠᠷᠠᠭ᠎ᠠ ᠪᠠᠷ ᠥᠩᠭᠡᠷᠡᠭᠰᠡᠨ ᠠᠵᠢᠯᠲᠠᠨ ᠠᠵᠢᠯᠴᠢᠨ ᠤ ᠠᠮᠢᠳᠤ ᠪᠠᠶᠢᠬᠤ ᠦᠶ᠎ᠡ ᠶᠢᠨ ᠴᠠᠯᠢᠩ ᠠᠴᠠ ᠥᠨᠳᠥᠷ ᠪᠠᠶᠢᠵᠤ ᠪᠣᠯᠬᠤ ᠦᠭᠡᠢ᠃ 12.ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠬᠠᠭᠤᠴᠢᠨ ᠰᠢᠷᠬ᠎ᠠ ᠨᠢ ᠳᠠᠬᠢᠨ ᠬᠥᠳᠡᠯᠦᠭᠰᠡᠨ ᠤ ᠳᠠᠷᠠᠭ᠎ᠠ ᠵᠡᠮᠳᠡᠭ ᠤᠨ ᠳᠡᠰ ᠲᠤ ᠬᠤᠪᠢᠷᠠᠯᠲᠠ ᠭᠠᠷᠪᠠᠯ᠂ ᠨᠢᠭᠡ ᠯᠡ ᠤᠳᠠᠭ᠎ᠠ ᠶᠢᠨ ᠴᠢᠨᠠᠷᠲᠠᠢ ᠵᠡᠮᠳᠡᠭ ᠤᠨ ᠨᠥᠬᠦᠪᠦᠷᠢ ᠮᠥᠩᠭᠦ ᠶᠢ ᠳᠠᠬᠢᠨ ᠰᠢᠨ᠎ᠡ ᠪᠠᠷ ᠬᠢᠨᠠᠨ ᠲᠣᠭᠲᠠᠭᠠᠬᠤ ᠬᠡᠷᠡᠭᠲᠡᠢ ᠤᠤ︖ ᠬᠠᠷᠢᠭᠤᠯᠲᠠ᠄ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠬᠠᠭᠤᠴᠢᠨ ᠰᠢᠷᠬ᠎ᠠ ᠨᠢ ᠳᠠᠬᠢᠨ ᠬᠥᠳᠡᠯᠦᠭᠰᠡᠨ ᠤ ᠳᠠᠷᠠᠭ᠎ᠠ ᠭᠡᠮᠲᠦᠯ ᠵᠡᠮᠳᠡᠭᠷᠡᠯ ᠤᠨ ᠳᠡᠰ ᠲᠤ ᠬᠤᠪᠢᠷᠠᠯᠲᠠ ᠭᠠᠷᠪᠠᠯ᠂ ᠨᠢᠭᠡ ᠯᠡ ᠤᠳᠠᠭ᠎ᠠ   ᠶᠢᠨ ᠴᠢᠨᠠᠷᠲᠠᠢ ᠭᠡᠮᠲᠦᠯ ᠵᠡᠮᠳᠡᠭᠷᠡᠯ ᠤᠨ ᠨᠥᠬᠦᠪᠦᠷᠢ ᠮᠥᠩᠭᠦ   ᠶᠢ ᠳᠠᠭᠢᠵᠤ ᠬᠢᠨᠠᠨ ᠲᠣᠭᠲᠠᠭᠠᠬᠤ ᠪᠠ ᠨᠥᠬᠦᠵᠦ ᠣᠯᠭᠤᠬᠤ ᠦᠭᠡᠢ᠃ 13. ᠦᠨᠳᠦᠰᠦᠨ ᠱᠠᠲᠤᠨ ᠤ ᠲᠦᠷᠭᠡᠨ ᠬᠦᠷᠭᠡᠯᠲᠡ ᠶᠢᠨ ᠲᠣᠣᠷ ᠴᠡᠭ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠤᠷᠢᠳ ᠢᠶᠠᠷ ᠣᠷᠣᠯᠴᠠᠬᠤ ᠰᠦᠢᠳᠬᠡᠯ ᠲᠤᠰᠢᠶᠠᠬᠤ ᠰᠠᠭᠤᠷᠢ ᠲᠤᠭ᠎ᠠ ᠪᠠ ᠰᠦᠢᠳᠬᠡᠯ ᠤᠨ ᠨᠣᠷᠮ᠎ᠠ ᠶᠢ ᠬᠡᠷᠬᠢᠨ ᠲᠣᠭᠲᠠᠭᠠᠬᠤ ᠪᠤᠶ  ︖ ᠬᠠᠷᠢᠭᠤᠯᠲᠠ᠄ ᠪᠥᠬᠦ ᠣᠷᠣᠨ ᠤ ᠳᠡᠭᠡᠷ᠎ᠡ ᠵᠢᠯ ᠤᠨ ᠪᠥᠬᠦ ᠰᠢᠰᠲ᠋ᠧᠮ ᠤᠨ ᠬᠤᠲᠠ ᠪᠠᠯᠭᠠᠰᠤᠨ ᠤ ᠨᠢᠭᠡᠴᠡ ᠶᠢᠨ ᠠᠵᠢᠯ ᠣᠯᠣᠭᠰᠠᠳ ᠤᠨ ᠰᠠᠷ᠎ᠠ ᠶᠢᠨ ᠳᠤᠮᠳᠠᠴᠢ ᠴᠠᠯᠢᠩ ᠪᠠ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠪᠠᠷ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠢ ᠪᠤᠳᠤᠵᠤ ᠲᠤᠰᠢᠶᠠᠨ᠎ᠠ᠂ ᠬᠤᠪᠢ ᠬᠥᠮᠥᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠢ ᠲᠤᠰᠢᠶᠠᠬᠤ ᠦᠭᠡᠢ᠂ ᠰᠦᠢᠳᠬᠡᠯ ᠲᠤᠰᠢᠶᠠᠬᠤ ᠣᠨ ᠢ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠣᠨ ᠤ ᠳᠦᠷᠢᠮ ᠶᠣᠰᠣᠭᠠᠷ ᠬᠡᠷᠡᠭᠵᠢᠭᠦᠯᠦᠨ᠎ᠡ᠃ ᠵᠠᠷᠤᠳᠠᠯ ᠲᠤᠰᠢᠶᠠᠬᠤ ᠰᠦᠢᠳᠬᠡᠯ ᠤᠨ ᠨᠣᠷᠮ᠎ᠠ ᠶᠢ ᠠᠵᠢᠯ ᠲᠥᠷᠥᠯ ᠤᠨ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠲᠦᠭᠰᠢᠭᠦᠷᠢ ᠶᠢᠨ ᠲᠥᠷᠥᠯ ᠢᠯᠭᠠᠯ ᠤᠨ ᠲᠠᠪᠤᠳᠤᠭᠠᠷ ᠲᠥᠷᠥᠯ ᠤᠨ ᠰᠠᠭᠤᠷᠢ ᠰᠦᠢᠳᠬᠡᠯ ᠤᠨ ᠨᠣᠷᠮ᠎ᠠ ᠪᠠᠷ ᠨᠢᠭᠡᠳᠦᠯᠲᠡᠢ ᠬᠡᠷᠡᠭᠵᠢᠭᠦᠯᠬᠦ ᠶᠢᠨ ᠬᠠᠮᠲᠤ ︽ᠵᠠᠷᠤᠯᠭ᠎ᠠ ᠪᠠᠷ ᠣᠷᠣᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ︾ ᠵᠠᠷᠴᠢᠮ ᠢ ᠦᠨᠳᠦᠰᠦᠯᠡᠨ ᠴᠠᠭ ᠲᠤᠨᠢ ᠲᠣᠬᠢᠷᠠᠭᠤᠯᠤᠨ ᠲᠣᠬᠢᠷᠠᠭᠤᠯᠤᠯᠲᠠ ᠬᠢᠨ᠎ᠡ᠃ 14. ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠨᠤᠷᠮ᠎ᠠ ᠶᠢ ᠱᠠᠲᠤ ᠦᠶᠡᠴᠢ ᠴᠢᠨᠠᠷᠲᠠᠢ ᠪᠠᠷ ᠪᠠᠭᠤᠷᠠᠭᠤᠯᠬᠤ ᠶᠢ ᠬᠡᠷᠡᠭᠵᠢᠭᠦᠯᠬᠦ ᠬᠡᠪᠴᠢᠶ᠎ᠡ᠂ ᠬᠡᠷᠡᠭᠵᠢᠭᠦᠯᠬᠦ ᠬᠤᠭᠤᠴᠠᠭ᠎ᠠ ᠪᠠ ᠭᠤᠶᠤᠴᠢᠯᠠᠬᠤ ᠵᠢᠷᠤᠮ ᠨᠢ ᠶᠠᠭᠤ ᠪᠤᠢ︖ᠬᠠᠷᠢᠭᠤᠯᠲᠠ᠄ ᠬᠡᠷᠡᠭᠵᠢᠭᠦᠯᠬᠦ ᠬᠡᠪᠴᠢᠶ᠎ᠡ᠄ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠡᠯ᠎ᠡ ᠬᠤᠯᠪᠣᠭᠳᠠᠯ ᠪᠦᠬᠦᠢ ᠨᠢᠭᠡᠴᠡ ︵ᠨᠢᠭᠡᠳᠦᠭᠡᠷ ᠲᠥᠷᠥᠯ ᠤᠨ ᠠᠵᠢᠯ ᠲᠥᠷᠥᠯ ᠤᠨ ᠨᠢᠭᠡᠴᠡ ᠪᠠᠭᠲᠠᠬᠤ ᠦᠭᠡᠢ︶ ᠃ ᠬᠡᠷᠡᠭᠵᠢᠭᠦᠯᠬᠦ ᠬᠤᠭᠤᠴᠠᠭ᠎ᠠ ᠬᠢᠵᠠᠭᠠᠷ᠄ 2022 ᠣᠨ ᠤ 5 ᠰᠠᠷ᠎ᠠ ᠶᠢᠨ 1 ᠤ ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ᠃ ᠭᠤᠶᠤᠴᠢᠯᠠᠬᠤ ᠠᠯᠬᠤᠮ ᠳᠠᠷᠠᠭ᠎ᠠ᠄ ᠭᠤᠶᠤᠴᠢᠯᠠᠬᠤ ᠴᠢᠬᠤᠯᠠ ᠦᠭᠡᠢ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠠᠴᠠ ᠰᠦᠢᠳᠬᠡᠯ ᠲᠤᠰᠢᠶᠠᠬᠤ ᠰᠢᠰᠲ᠋ᠧᠮ ᠳᠤ ᠨᠢᠭᠡᠳᠦᠯᠲᠡᠢ ᠲᠣᠬᠢᠷᠠᠭᠤᠯᠤᠯᠲᠠ ᠬᠢᠵᠦ ᠬᠡᠷᠡᠭᠵᠢᠭᠦᠯᠦᠨ᠎ᠡ᠃ ᠣᠳᠣᠬᠠᠨ ᠳᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ   ᠶᠢ ᠱᠠᠲᠤ ᠦᠶ᠎ᠡ   ᠶᠢᠨ ᠴᠢᠨᠠᠷᠲᠠᠢ ᠪᠠᠭᠤᠷᠠᠭᠤᠯᠬᠤ ᠠᠵᠢᠯ ᠨᠢᠭᠡᠨᠳᠡ ᠨᠠᠶᠢᠳᠠᠪᠤᠷᠢᠵᠢᠭᠤᠯᠤᠭᠳᠠᠭᠰᠠᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号