ᠪᠠᠷᠠᠭᠤᠨ ᠦᠵᠦᠮᠦᠴᠢᠨ ᠬᠤᠰᠢᠭᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠳᠡᠮᠵᠢᠬᠦ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/4
  ᠪᠠᠷᠠᠭᠤᠨ ᠦᠵᠦᠮᠦᠴᠢᠨ ᠬᠤᠰᠢᠭᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠳᠡᠮᠵᠢᠬᠦ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠶ︖                                  2023 ᠣᠨ ᠳᠤ᠂ ᠮᠠᠨ ᠤ ᠬᠤᠰᠢᠭᠤᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠢᠮᠠᠭᠲᠠ ︽ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ︾ ᠶᠢ ᠲᠡᠷᠢᠭᠦᠨ ᠴᠢᠬᠤᠯᠠ ᠠᠵᠢᠯ ᠤᠨ ᠡᠭᠦᠷᠭᠡ ᠪᠠᠨ ᠪᠣᠯᠭᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢ ᠲᠦᠷᠭᠡᠳᠬᠡᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠤᠨ ᠨᠠᠩ ᠴᠢᠨᠠᠷ ᠰᠠᠶᠢᠲᠠᠢ  ᠂ ᠨᠠᠩ ᠭᠦᠢᠴᠡᠳ ᠠᠵᠢᠯ ᠣᠯᠬᠤ ᠶᠢ ᠴᠢᠷᠮᠠᠶᠢᠨ ᠠᠬᠢᠭᠤᠯᠵᠤ᠂ ᠪᠥᠬᠦ ᠬᠤᠰᠢᠭᠤᠨ ᠤ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ  ᠪᠠᠲᠣᠯᠠᠵᠣ ᠪᠠᠶᠢᠨ᠎ᠠ  ᠃     ᠣᠶᠢᠯᠠᠭᠠᠭᠰᠠᠨ ᠢᠶᠠᠷ᠂ ᠣᠲᠣ ᠪᠣᠯᠲᠠᠯ᠎ᠠ 3168 ᠠᠵᠢᠯ ᠤᠨ ᠪᠠᠶᠢᠷᠢ ᠡᠯᠰᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ ᠢ 2 ᠲᠠᠯᠠᠪᠤᠷ ᠡᠷᠭᠢᠯᠡᠵᠦ᠂ ᠬᠤᠲᠠ ᠪᠠᠯᠭᠠᠰᠤᠨ ᠳᠤ 1485 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠡᠭᠦᠷᠭᠡ ᠪᠠᠨ 123.7% ᠪᠠᠷ ᠪᠡᠶᠡᠯᠡᠭᠦᠯᠦᠨ᠂ 624 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠡᠭᠦᠷᠭᠡ ᠪᠠᠨ 104% ᠪᠠᠷ ᠪᠡᠶᠡᠯᠡᠭᠦᠯᠵᠦ᠂ ᠠᠵᠢᠯ ᠣᠯᠬᠤ ᠳᠤ ᠬᠦᠴᠢᠷᠲᠡᠢ 261 ᠬᠥᠮᠥᠨ ᠳᠤ ᠠᠵᠢᠯ ᠣᠯᠭᠤᠵᠤ᠂ ᠡᠭᠦᠷᠭᠡ ᠪᠠᠨ 108.7% ᠪᠠᠷ ᠪᠡᠶᠡᠯᠡᠭᠦᠯᠵᠦ᠂ ᠲᠣᠰ ᠵᠢᠯ ᠳᠤ ᠮᠠᠯᠵᠢᠬᠤ ᠣᠷᠣᠨ ᠳᠤ ᠰᠢᠯᠵᠢᠵᠦ ᠠᠵᠢᠯ ᠣᠯᠣᠭᠰᠠᠨ ᠬᠥᠮᠥᠨ 4002 ᠪᠠᠶᠢᠵᠤ᠂ 100% ᠪᠠᠷ ᠡᠭᠦᠷᠭᠡ ᠪᠠᠨ ᠪᠡᠶᠡᠯᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 1.51% ᠪᠠᠷ ᠨᠡᠮᠡᠭᠳᠡᠵᠡᠢ᠃       ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠡᠲᠡᠭᠡᠷ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠪᠣᠶ       ᠨᠢᠭᠡ᠂ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠤᠯᠲᠠ ᠶᠢ ᠠᠬᠢᠭᠤᠯᠤᠨ᠎ᠠ       1. ᠠᠵᠢᠯ ᠡᠷᠢᠬᠦ ᠪᠠ ᠠᠳᠠᠯ ᠦᠢᠯᠡᠰ ᠴᠣᠭᠴᠠᠯᠠᠬᠤ ᠨᠥᠬᠦᠪᠦᠷᠢ       ᠰᠤᠷᠤᠯᠭ᠎ᠠ ᠲᠡᠭᠦᠰᠬᠦ ᠰᠤᠷᠤᠯᠭ᠎ᠠ ᠶᠢᠨ ᠣᠨ ᠳᠤ ᠠᠵᠢᠯ ᠡᠷᠢᠵᠦ ᠠᠳᠠᠯ ᠦᠢᠯᠡᠰ ᠴᠣᠭᠴᠠᠯᠠᠬᠤ ᠬᠦᠰᠡᠯ ᠲᠠᠢ ᠪᠥᠭᠡᠳ ᠢᠳᠡᠪᠬᠢᠲᠡᠢ ᠪᠠᠷ ᠠᠵᠢᠯ ᠡᠷᠢᠵᠦ ᠠᠳᠠᠯ ᠦᠢᠯᠡᠰ ᠴᠣᠭᠴᠠᠯᠠᠭᠰᠠᠨ  ᠳᠣᠣᠷ᠎ᠠ ᠪᠠᠲᠣᠯᠭᠠᠲᠣ ᠭᠡᠷ ᠪᠦᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠲᠠᠨ᠎ᠠ︶᠂ ᠵᠡᠮᠳᠡᠭ ᠵᠢᠴᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠣᠯᠣᠭᠰᠠᠨ ᠳᠡᠭᠡᠳᠦ ᠰᠤᠷᠭᠠᠭᠤᠯᠢ ᠲᠡᠭᠦᠰᠦᠭᠰᠡᠳ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠲᠠᠨ᠎ᠠ︶ ᠵᠡᠷᠭᠡ ᠠᠵᠢᠯ ᠡᠷᠢᠬᠦ ᠪᠠ ᠠᠳᠠᠯ ᠦᠢᠯᠡᠰ ᠴᠣᠭᠴᠠᠯᠠᠬᠤ ᠨᠥᠬᠦᠪᠦᠷᠢ ᠨᠢ ᠬᠥᠮᠥᠨ ᠪᠦᠷᠢ ᠳᠤ 1500 ᠲᠥᠭᠦᠷᠢᠭ ᠪᠠᠶᠢᠵᠤ᠂ ᠨᠢᠭᠡ ᠯᠡ ᠤᠳᠠᠭ᠎ᠠ ᠭᠥᠷᠳᠡᠵᠦ ᠪᠣᠯᠣᠨ᠎ᠠ᠃      2. ᠨᠢᠭᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ     ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠡᠭᠦᠳᠦᠨ ᠪᠠᠶᠢᠭᠤᠯᠤᠭᠰᠠᠨ ᠪᠤᠶᠤ ᠬᠤᠪᠢ ᠶᠢᠨ ᠡᠵᠡᠩᠨᠡᠯᠲᠡ ᠬᠢᠵᠦ ᠪᠠᠶᠢᠭ᠎ᠠ ᠰᠤᠷᠭᠠᠭᠤᠯᠢ ᠲᠡᠭᠦᠰᠦᠭᠡᠳ 2 ᠵᠢᠯ ᠤᠨ ᠳᠣᠲᠣᠷ᠎ᠠ ᠳᠡᠭᠡᠳᠦ ᠰᠤᠷᠭᠠᠭᠤᠯᠢ ᠲᠡᠭᠦᠰᠦᠭᠰᠡᠳ ᠪᠤᠶᠤ ᠠᠵᠢᠯ ᠣᠯᠬᠤ ᠳᠤ ᠬᠦᠴᠢᠷᠲᠡᠢ ᠭᠡᠵᠦ ᠮᠠᠭᠠᠳᠯᠠᠭᠳᠠᠭᠰᠠᠨ ᠳᠡᠭᠡᠳᠦ ᠰᠤᠷᠭᠠᠭᠤᠯᠢ ᠲᠡᠭᠦᠰᠦᠭᠰᠡᠳ᠂ ᠲᠡᠷᠡᠴᠢᠯᠡᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠪᠤᠶᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠪᠦᠷᠢᠳᠬᠡᠨ ᠳᠠᠩᠰᠠᠯᠠᠭᠤᠯᠤᠭᠰᠠᠨ ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ ᠡᠵᠡᠩᠨᠡᠯᠲᠡ ᠲᠠᠢ ᠬᠥᠮᠥᠰ ᠲᠤ 5000 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ ᠣᠯᠭᠤᠨ᠎ᠠ᠃    3. ᠰᠤᠷᠭᠠᠭᠤᠯᠢ ᠲᠡᠭᠦᠰᠦᠭᠡᠳ 2 ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ     ︽ᠠᠵᠢᠯ ᠣᠯᠵᠤ ᠠᠵᠢᠯ ᠠᠯᠳᠠᠭᠰᠠᠨ ᠳᠠᠩᠰᠠᠯᠠᠭᠤᠯᠤᠭᠰᠠᠨ ᠦᠨᠡᠮᠯᠡᠯ︾ ᠪᠤᠶᠤ ︽ᠠᠵᠢᠯ ᠣᠯᠵᠤ ᠠᠳᠠᠯ ᠦᠢᠯᠡᠰ ᠪᠣᠰᠬᠠᠬᠤ ᠦᠨᠡᠮᠯᠡᠯ︾ ᠲᠠᠢ ᠪᠥᠭᠡᠳ ᠠᠮᠢᠳᠤᠯᠢᠭ ᠢᠶᠠᠷ ᠠᠵᠢᠯ ᠣᠯᠬᠤ ᠶᠢ ᠪᠡᠶᠡᠯᠡᠭᠦᠯᠦᠭᠰᠡᠨ ᠮᠥᠷᠲᠡᠭᠡᠨ ᠨᠡᠶᠢᠭᠡᠮ ᠲᠣᠭᠤᠷᠢᠭ ᠯᠤᠭ᠎ᠠ ︽ᠨᠡᠶᠢᠭᠡᠮ ᠲᠣᠭᠤᠷᠢᠭ ᠤᠨ ᠠᠵᠢᠯ ᠣᠯᠭᠤᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠵᠥᠪᠯᠡᠯᠴᠡᠭᠡᠷ︾ ᠲᠣᠭᠲᠠᠭᠰᠠᠨ ᠲᠡᠭᠦᠰᠬᠦ ᠣᠨ   ᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠪᠣᠳᠠᠲᠠᠢ ᠲᠤᠰᠢᠶᠠᠭᠰᠠᠨ ᠬᠤᠲᠠ  ᠪᠠᠯᠭᠠᠰᠣᠨ ᠤ ᠠᠵᠢᠯᠲᠠᠨ ᠠᠵᠢᠯᠴᠢᠨ   ᠤ ᠨᠡᠶᠢᠭᠡᠮ ᠤᠨ ᠳᠠᠭᠠᠳᠬᠠᠯ ᠤᠨ ᠵᠠᠷᠤᠳᠠᠯ ᠤᠨ 2/3   ᠤᠨ ᠶᠣᠰᠣᠭᠠᠷ ᠨᠥᠬᠦᠪᠦᠷᠢ ᠣᠯᠭᠤᠨ᠎ᠠ᠃ ᠨᠥᠬᠦᠪᠦᠷᠢ ᠥᠭᠬᠦ ᠬᠤᠭᠤᠴᠠᠭ᠎ᠠ ᠶᠢ ᠬᠠᠮᠤᠭ ᠤᠨ ᠤᠷᠳᠦ ᠳᠠᠭᠠᠨ 2 ᠵᠢᠯ ᠪᠠᠶᠢᠯᠭᠠᠨ᠎ᠠ᠃ᠬᠤᠶᠠᠷ᠂ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ ᠨᠡᠮᠡᠭᠳᠡᠭᠦᠯᠦᠨ᠎ᠡ1. ᠠᠵᠢᠯ ᠣᠯᠭᠤᠯᠲᠠ ᠶᠢᠨ ᠳᠠᠳᠤᠯᠭ᠎ᠠ ᠳᠤ ᠨᠥᠬᠦᠪᠦᠷᠢ ᠣᠯᠭᠤᠨ᠎ᠠᠰᠤᠷᠭᠠᠭᠤᠯᠢ ᠲᠡᠭᠦᠰᠦᠭᠡᠳ 2 ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠪᠠ 16 ︱ 24 ᠨᠠᠰᠤᠨ ᠤ ᠠᠵᠢᠯ ᠠᠯᠳᠠᠭᠰᠠᠨ ᠵᠠᠯᠠᠭᠤᠴᠤᠳ ᠲᠤ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠤᠨ ᠪᠠᠶᠢᠷᠢ ᠬᠠᠩᠭᠠᠵᠤ᠂ ᠠᠵᠢᠯ ᠣᠯᠭᠤᠯᠲᠠ ᠶᠢᠨ ᠳᠠᠳᠤᠯᠭ᠎ᠠ ᠶᠢᠨ ᠨᠥᠬᠦᠪᠦᠷᠢ ᠣᠯᠭᠤᠨ᠎ᠠ᠃ ᠨᠢᠭᠡᠳᠦᠭᠡᠷ ᠲᠥᠷᠥᠯ ᠤᠨ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢᠨ 50% ᠪᠠᠷ ᠬᠡᠷᠡᠭᠵᠢᠭᠦᠯᠵᠦ᠂ ᠳᠠᠭᠠᠵᠤ ᠰᠤᠷᠬᠤ ᠬᠥᠮᠥᠰ ᠤᠨ ᠳᠠᠭᠠᠵᠤ ᠰᠤᠷᠬᠤ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠦᠯᠡᠳᠡᠭᠡᠨ ᠬᠡᠷᠡᠭᠯᠡᠬᠦ ᠨᠣᠷᠮ᠎ᠠ ᠶᠢ 50% ᠠᠴᠠ ᠳᠡᠭᠡᠭᠰᠢᠬᠢ ᠨᠢᠭᠡᠴᠡ ᠳᠤ ᠬᠦᠷᠦᠭᠦᠯᠵᠦ᠂ ᠨᠥᠬᠦᠪᠦᠷᠢ ᠶᠢᠨ ᠪᠠᠷᠢᠮᠵᠢᠶ᠎ᠠ ᠶᠢ 60% ᠳᠤ ᠬᠦᠷᠲᠡᠯ᠎ᠡ ᠳᠡᠭᠡᠭᠰᠢᠯᠡᠭᠦᠯᠦᠨ᠎ᠡ᠃     2.  ᠨᠥᠭᠡᠴᠡ ᠴᠢᠳᠠᠪᠤᠷᠢᠲᠠᠨ ᠤ ᠠᠮᠢᠳᠤᠷᠠᠯ ᠤᠨ ᠨᠥᠬᠦᠪᠦᠷᠢ       ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ  ᠪᠠᠲᠣᠯᠠᠭᠳᠠᠭᠰᠠᠨ ᠰᠢᠯᠢ ᠶᠢᠨ ᠭᠤᠣᠯ ᠠᠶᠢᠮᠠᠭ ᠤᠨ ᠬᠡᠪᠴᠢᠶᠡᠨ ᠳᠤ ᠳᠠᠩᠰᠠᠯᠠᠭᠤᠯᠤᠭᠰᠠᠨ ᠳᠤᠮᠳᠠ ᠵᠢᠵᠢᠭ ᠠᠵᠤ ᠠᠬᠤᠶᠢᠯᠠᠯ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠳ ᠨᠥᠬᠦᠴᠡᠯ ᠳᠤ ᠨᠡᠶᠢᠴᠡᠬᠦ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠬᠦ ᠦᠶ᠎ᠡ ᠳᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠪᠠᠶᠢᠭ᠎ᠠ ᠨᠥᠭᠡᠴᠡᠯᠡᠵᠦ ᠪᠠᠶᠢᠭ᠎ᠠ ᠨᠢᠭᠡᠴᠡ ᠶᠢᠨ ᠠᠳᠠᠯᠢ ᠲᠥᠷᠥᠯ ᠤᠨ ᠬᠥᠮᠥᠰ ᠯᠦᠭᠡ ᠠᠳᠠᠯᠢ ᠲᠠᠰ ᠤᠨ ᠴᠠᠯᠢᠩ ᠳᠠᠭᠠᠳᠬᠠᠯ ᠠᠰᠠᠷᠠᠮᠵᠢ ᠶᠢᠨ ᠣᠯᠭᠤᠮᠵᠢ ᠬᠦᠷᠲᠡᠭᠡᠨ᠎ᠡ᠃ ᠵᠠᠰᠠᠭ ᠤᠨ ᠣᠷᠳᠣᠨ ᠠᠴᠠ ᠠᠵᠢᠯ ᠤᠨ ᠪᠠᠶᠢᠷᠢᠨ ᠳᠤ ᠪᠠᠶᠢᠭ᠎ᠠ ᠨᠥᠭᠡᠴᠡ ᠴᠢᠳᠠᠪᠤᠷᠢᠲᠠᠨ ᠳᠤ ᠬᠥᠮᠥᠨ ᠪᠦᠷᠢ ᠳᠤ ᠰᠠᠷ᠎ᠠ ᠪᠦᠷᠢ 700 ᠲᠥᠭᠦᠷᠢᠭ ᠠᠴᠠ ᠳᠣᠣᠷ᠎ᠠ ᠦᠭᠡᠢ ᠠᠮᠢᠳᠤᠷᠠᠯ ᠤᠨ ᠨᠥᠬᠦᠪᠦᠷᠢ ᠣᠯᠭᠤᠵᠤ᠂ ᠰᠢᠨ᠎ᠡ ᠪᠠᠷ ᠡᠯᠰᠡᠭᠰᠡᠨ ᠬᠥᠮᠥᠰ ᠲᠤ ᠨᠢᠭᠡ ᠤᠳᠠᠭ᠎ᠠ ᠶᠢᠨ ᠴᠢᠨᠠᠷᠲᠠᠢ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ ᠤᠨ ᠨᠥᠬᠦᠪᠦᠷᠢ ᠣᠯᠭᠤᠨ᠎ᠠ᠂ ᠨᠥᠬᠦᠪᠦᠷᠢ ᠶᠢᠨ ᠪᠠᠷᠢᠮᠵᠢᠶ᠎ᠠ ᠨᠢ ᠬᠥᠮᠥᠨ ᠪᠦᠷᠢ ᠳᠤ 200 ᠲᠥᠭᠦᠷᠢᠭ ᠪᠠᠶᠢᠵᠤ᠂ ᠭᠥᠷᠳᠡᠬᠦ ᠬᠤᠭᠤᠴᠠᠭᠠᠨ ᠤ ᠬᠢᠵᠠᠭᠠᠷ ᠨᠢ 2 ᠵᠢᠯ ᠪᠣᠯᠣᠨ᠎ᠠ᠃    3. ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠣᠷᠠᠯ ᠳᠤ ᠣᠷᠣᠯᠴᠠᠪᠠᠯ ᠨᠥᠬᠦᠪᠦᠷᠢ ᠣᠯᠭᠤᠨ᠎ᠠ      ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠣᠷᠠᠯ  ᠳᠤ ᠣᠷᠣᠯᠴᠠᠭᠰᠠᠨ ᠬᠥᠮᠥᠰ᠂  ᠪᠣᠯᠪᠠᠰᠣᠷᠠᠯ ᠤᠨ ᠲᠠᠷᠠᠭ᠎ᠠ ᠡᠷᠬᠢᠯᠡᠭᠰᠡᠨ ᠠᠵᠢᠯ ᠤᠨ ᠬᠢᠷᠢ ᠬᠡᠮ   ᠤᠨ ᠦᠨᠡᠮᠯᠡᠯ ᠣᠯᠣᠭᠰᠠᠨ ︵ᠡᠰᠡᠬᠦᠯ᠎ᠡ ᠡᠷᠬᠢᠯᠡᠭᠰᠡᠨ ᠠᠵᠢᠯ   ᠤᠨ ᠮᠡᠷᠭᠡᠵᠢᠯ   ᠤᠨ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ᠂ ᠲᠤᠰᠬᠠᠢ ᠵᠦᠢᠯ   ᠤᠨ ᠡᠷᠬᠢᠯᠡᠭᠰᠡᠨ ᠠᠵᠢᠯ ᠤᠨ ᠴᠢᠳᠠᠪᠤᠷᠢ ᠶᠢᠨ ᠦᠨᠡᠮᠯᠡᠯ᠂  ᠪᠣᠯᠪᠠᠰᠣᠷᠠᠯ ᠳᠤ ᠬᠢᠷᠢ ᠲᠡᠩᠴᠡᠭᠰᠡᠨ ᠦᠨᠡᠮᠯᠡᠯ︶   ᠳᠤ ᠲᠣᠭᠲᠠᠭᠠᠯ ᠶᠣᠰᠣᠭᠠᠷ ᠡᠷᠬᠢᠯᠡᠭᠰᠡᠨ ᠠᠵᠢᠯ ᠤᠨ  ᠪᠤᠯᠪᠠᠰᠣᠷᠠᠯ   ᠤᠨ ᠨᠥᠬᠦᠪᠦᠷᠢ ᠣᠯᠭᠤᠬᠤ ᠬᠡᠷᠡᠭᠲᠡᠢ᠃  4. ᠡᠯ᠎ᠡ ᠲᠥᠷᠥᠯ ᠤᠨ ᠤᠷᠢᠨ ᠬᠡᠷᠡᠭᠯᠡᠬᠦ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ   ᠤᠷᠢᠬᠤ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠪᠣᠯᠣᠨ  ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠠᠵᠢᠯ ᠡᠷᠢᠬᠦ ᠬᠡᠷᠡᠭᠴᠡᠭᠡ ᠱᠠᠭᠠᠷᠳᠠᠯᠭ᠎ᠠ ᠲᠠᠢ ᠬᠤᠪᠢ ᠬᠥᠮᠥᠨ ᠳᠤ ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠤᠷᠢᠬᠤ᠂ ᠮᠡᠳᠡᠭᠡ ᠵᠠᠩᠭᠢ ᠨᠡᠶᠢᠲᠡᠯᠡᠵᠦ᠂ ᠠᠵᠢᠯ ᠣᠯᠬᠤ ᠵᠢᠯᠣᠭᠤᠳᠤᠯᠭ᠎ᠠ᠂ ᠠᠳᠠᠯ ᠦᠢᠯᠡᠰ ᠴᠣᠭᠴᠠᠯᠠᠬᠤ ᠵᠢᠯᠣᠭᠤᠳᠤᠯᠭ᠎ᠠ ᠶᠢ ᠰᠦᠢᠳᠬᠡᠯ ᠬᠤᠷᠢᠶᠠᠬᠤ ᠦᠭᠡᠢ ᠪᠠᠷ ᠶᠠᠪᠤᠭᠳᠠᠭᠤᠯᠤᠨ᠎ᠠ᠃ ᠠᠵᠢᠯᠲᠠᠨ ᠡᠯᠰᠡᠬᠦ ᠪᠣᠳᠠᠲᠠᠢ ᠠᠵᠢᠯᠯᠠᠭ᠎ᠠ ᠳᠤ ︽ᠪᠠᠷᠠᠭᠤᠨ ᠦᠵᠦᠮᠦᠴᠢᠨ ᠤ ᠠᠵᠢᠯ ᠣᠯᠭᠤᠯᠲᠠ︾ ᠭᠡᠬᠦ ᠸᠢᠴᠠᠲ ᠤᠨ ᠨᠡᠶᠢᠲᠡ ᠶᠢᠨ ᠳ᠋ᠤᠭᠠᠷ ᠢ ᠠᠩᠬᠠᠷᠤᠯ ᠳᠠᠭᠠᠨ ᠠᠪᠤᠭᠠᠷᠠᠢ᠃ᠭᠤᠷᠪᠠ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ1. ᠦᠨᠡᠨ ᠨᠡᠷ᠎ᠡ ᠪᠠᠷ ᠳᠠᠩᠰᠠᠯᠠᠭᠤᠯᠬᠤ     ᠰᠤᠷᠪᠤᠯᠵᠢᠯᠠᠵᠤ ᠪᠠᠶᠢᠴᠠᠭᠠᠨ ᠵᠢᠭᠰᠠᠭᠠᠬᠤ᠂ ᠲᠤᠭ᠎ᠠ ᠪᠠᠷᠢᠮᠲᠠ ᠶᠢ ᠬᠠᠷᠢᠴᠠᠭᠤᠯᠬᠤ᠂ ᠤᠲᠠᠰᠤ ᠪᠠᠷ ᠬᠠᠷᠢᠯᠴᠠᠬᠤ ᠪᠠᠷ ᠳᠠᠮᠵᠢᠭᠤᠯᠤᠨ᠂ ᠲᠡᠭᠦᠰᠬᠦ ᠰᠤᠷᠤᠭᠴᠢᠳ ᠤᠨ ᠠᠵᠢᠯ ᠣᠯᠵᠤ ᠠᠵᠢᠯ ᠠᠯᠳᠠᠭᠰᠠᠨ ᠪᠠᠶᠢᠳᠠᠯ᠂ ᠰᠤᠷᠤᠯᠭ᠎ᠠ ᠶᠢᠨ ᠨᠠᠮᠲᠠᠷ ᠤᠨ ᠲᠤᠰᠬᠠᠢ ᠮᠡᠷᠭᠡᠵᠢᠯ᠂ ᠠᠵᠢᠯ ᠡᠷᠢᠬᠦ ᠰᠠᠨᠠᠮᠵᠢ᠂ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠵᠡᠷᠭᠡ ᠮᠡᠳᠡᠭᠡ ᠵᠠᠩᠭᠢ ᠶᠢ ᠲᠣᠳᠣᠷᠬᠠᠢ ᠣᠶᠢᠯᠠᠭᠠᠵᠤ᠂ ᠰᠡᠭᠦᠯᠴᠢ ᠶᠢᠨ ᠬᠤᠭᠤᠴᠠᠭᠠᠨ ᠤ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠬᠦ ᠳᠤ ᠰᠠᠭᠤᠷᠢ ᠲᠠᠯᠪᠢᠬᠤ ᠬᠡᠷᠡᠭᠲᠡᠢ᠃2. ︽1131︾ ᠶᠢᠨ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠴᠢᠯᠡᠭᠡᠨ ᠤ ᠠᠷᠭ᠎ᠠ ᠬᠡᠮᠵᠢᠶ᠎ᠡ   ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠠᠵᠢᠯᠲᠠᠳ ᠤᠲᠠᠰᠤ ᠪᠠᠷ ᠠᠰᠠᠭᠤᠨ ᠯᠠᠪᠯᠠᠬᠤ᠂ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ ᠪᠠᠷ ᠳᠡᠮᠵᠢᠨ ᠠᠵᠢᠯ ᠣᠯᠣᠭᠠᠳᠤᠢ ᠲᠡᠭᠦᠰᠦᠭᠰᠡᠳ ᠲᠤ ᠨᠢᠭᠡ ᠤᠳᠠᠭ᠎ᠠ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠨᠢᠯᠴᠠᠭᠤᠯᠬᠤ᠂ ᠨᠢᠭᠡ ᠤᠳᠠᠭ᠎ᠠ ᠠᠵᠢᠯ ᠮᠡᠷᠭᠡᠵᠢᠯ ᠤᠨ ᠵᠢᠯᠣᠭᠤᠳᠤᠯᠭ᠎ᠠ ᠬᠢᠬᠦ᠂ ᠭᠤᠷᠪᠠ ᠤᠳᠠᠭ᠎ᠠ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠬᠢᠬᠦ᠂ ᠨᠢᠭᠡ ᠤᠳᠠᠭ᠎ᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠢᠬᠦ ᠪᠤᠶᠤ ᠠᠵᠢᠯ ᠣᠯᠬᠤ ᠳᠠᠳᠤᠯᠭ᠎ᠠ ᠶᠢᠨ ᠲᠣᠬᠢᠶᠠᠯ ᠣᠯᠭᠤᠬᠤ ᠵᠡᠷᠭᠡ ᠦᠢᠯᠡᠴᠢᠯᠡᠭᠡ ᠬᠠᠩᠭᠠᠨ᠎ᠠ᠃3. ᠬᠦᠴᠢᠷᠳᠡᠯ ᠲᠠᠢ ᠲᠡᠭᠦᠰᠦᠭᠰᠡᠨ ᠰᠤᠷᠤᠭᠴᠢᠳ ᠢ ︽ᠨᠢᠭᠡ ᠳᠤ ᠨᠢᠭᠡ ᠪᠠᠷ︾ ᠬᠠᠪᠰᠤᠷᠤᠨ ᠲᠡᠳᠬᠦᠨ᠎ᠡ     ᠠᠵᠢᠯ ᠣᠯᠭᠤᠬᠤ ᠦᠢᠯᠡᠴᠢᠯᠡᠭᠡᠨ ᠤ ᠲᠥᠪ ᠨᠢ ᠬᠦᠴᠢᠷᠳᠡᠯᠲᠡᠢ ᠰᠤᠷᠭᠠᠭᠤᠯᠢ ᠲᠡᠭᠦᠰᠦᠭᠰᠡᠳ ᠲᠤ ︽ᠨᠢᠭᠡ ᠬᠥᠮᠥᠨ ᠲᠤ ᠨᠢᠭᠡ ᠪᠣᠳᠣᠯᠭ᠎ᠠ ᠣᠯᠭᠤᠬᠤ︾ ᠬᠠᠪᠰᠤᠷᠤᠨ ᠲᠡᠳᠬᠦᠬᠦ ᠲᠥᠯᠥᠪᠯᠡᠭᠡ ᠲᠣᠭᠲᠠᠭᠠᠨ᠂ ᠪᠣᠳᠠᠲᠠᠢ ᠪᠠᠶᠢᠳᠠᠯ  ᠶᠢ ᠨᠢ ᠦᠨᠳᠦᠰᠦᠯᠡᠨ ᠴᠢᠭᠯᠡᠭᠦᠯᠬᠦ ᠴᠢᠨᠠᠷᠲᠠᠢ  ᠦᠢᠯᠡᠴᠢᠯᠡᠭᠡ ᠪᠠ ᠬᠠᠪᠰᠤᠷᠤᠨ  ᠳᠡᠳᠬᠦᠬᠦ  ᠠᠵᠢᠯ ᠤᠨ ᠪᠠᠶᠢᠷᠢ   ᠶᠢ ᠡᠩ ᠲᠡᠷᠢᠭᠦᠨ ᠲᠤ ᠲᠠᠨᠢᠯᠴᠠᠭᠤᠯᠵᠤ᠂ ᠲᠦᠷᠦ   ᠶᠢᠨ ᠪᠣᠳᠣᠯᠭ᠎ᠠ   ᠶᠢ ᠡᠩ ᠲᠡᠷᠢᠭᠦᠨ ᠲᠤ ᠨᠠᠶᠢᠳᠠᠪᠤᠷᠢᠵᠢᠭᠤᠯᠤᠨ᠂  ᠪᠣᠯᠪᠠᠰᠣᠷᠠᠯ ᠪᠠ ᠳᠠᠳᠤᠯᠭ᠎ᠠ ᠬᠢᠬᠦ ᠶᠢ ᠡᠩ ᠲᠡᠷᠢᠭᠦᠨ ᠲᠤ ᠵᠣᠬᠢᠶᠠᠨ ᠪᠠᠶᠢᠭᠤᠯᠵᠤ᠂ ᠲᠤᠰᠬᠠᠶᠢᠵᠢᠭᠰᠠᠨ ᠠᠵᠢᠯ ᠮᠡᠷᠭᠡᠵᠢᠯ   ᠤᠨ ᠵᠢᠯᠣᠭᠤᠳᠤᠯᠭ᠎ᠠ   ᠶᠢᠨ ᠦᠢᠯᠡᠴᠢᠯᠡᠭᠡ ᠶᠢ ᠴᠠᠭ ᠲᠤᠬᠠᠢ ᠲᠤᠨᠢ ᠬᠠᠩᠭᠠᠵᠤ᠂ ᠬᠦᠴᠢᠷᠳᠡᠯᠲᠡᠢ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠨᠤᠷᠮ᠎ᠠ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠋ᠢᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号