ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠡᠲᠡᠭᠡᠷ ᠲᠥᠷᠥ ᠶᠢᠨ ᠪᠣᠳᠣᠯᠭ᠎ᠠ ᠶᠢ ᠶᠠᠪᠤᠭᠳᠠᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2023/12/4
ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠡᠲᠡᠭᠡᠷ ᠲᠥᠷᠥ ᠶᠢᠨ ᠪᠣᠳᠣᠯᠭ᠎ᠠ ᠶᠢ ᠶᠠᠪᠤᠭᠳᠠᠭᠤᠯᠵᠣ ᠪᠠᠶᠢᠨ᠎ᠠ     ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠣᠯᠠᠨ ᠲᠦᠮᠡᠨ ᠢ ᠬᠠᠪᠰᠤᠷᠤᠨ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠬᠦ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠬᠢᠨ ︽ᠪᠠᠷᠠᠭᠤᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠳᠤ ᠳᠠᠮ ᠬᠦᠦ ᠲᠠᠢ ᠵᠢᠭᠡᠯᠡᠯᠭᠡ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ ︶︾ ᠪᠠ ︽ᠪᠠᠷᠠᠭᠤᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠮᠠᠯᠵᠢᠬᠤ ᠣᠷᠣᠨ ᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠨᠥᠬᠦᠪᠦᠷᠢ ᠶᠢ ᠰᠢᠩᠭᠡᠬᠡᠨ ᠠᠪᠬᠤ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠵᠦ᠂ ᠠᠵᠢᠯ ᠣᠯᠭᠤᠬᠤ ᠦᠢᠯᠡᠴᠢᠯᠡᠭᠡ ᠶᠢ ᠴᠢᠷᠮᠠᠶᠢᠨ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠪᠡ᠃  1. ᠪᠠᠷᠠᠭᠤᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢᠨ ᠬᠦᠦ ᠲᠠᠢ ᠵᠢᠭᠡᠯᠡᠯᠭᠡ ᠶᠢᠨ ᠬᠡᠷᠡᠭᠵᠢᠭᠦᠯᠬᠦ ᠠᠷᠭ᠎ᠠ ᠶᠢ  ᠨᠡᠶᠢᠲᠡᠯᠡᠪᠡ ︵ᠲᠤᠷᠰᠢᠨ ᠬᠡᠷᠡᠭᠵᠢᠭᠦᠯᠬᠦ︶    ᠬᠤᠲᠠ ᠬᠥᠳᠡᠭᠡ ᠶᠢᠨ ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠬᠤ ᠠᠵᠢᠯ ᠢ ᠳᠠᠶᠢᠴᠢᠯᠠᠬᠤ ᠶᠢ ᠵᠣᠷᠢᠭᠵᠢᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ ᠲᠣᠭᠲᠠᠭᠠᠭᠰᠠᠨ ᠲᠥᠷᠥ ᠶᠢᠨ ᠪᠣᠳᠣᠯᠭ᠎ᠠ ᠪᠣᠯᠣᠨ᠎ᠠ᠃ ︵1︶ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢᠨ  ᠬᠦᠦ ᠲᠠᠢ ᠵᠢᠭᠡᠯᠡᠯᠭᠡ ᠡᠷᠡᠮᠵᠢᠯᠡᠭᠴᠢ᠄ ᠬᠤᠲᠠ ᠪᠠᠯᠭᠠᠰᠣᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ︵ᠵᠡᠮᠳᠡᠭᠴᠦᠳ ᠪᠠᠭᠲᠠᠨ᠎ᠠ︶᠂ ᠴᠡᠷᠢᠭ ᠠᠴᠠ ᠬᠠᠯᠠᠭᠳᠠᠭᠰᠠᠳ᠂ ᠳᠡᠭᠡᠳᠦ ᠰᠤᠷᠭᠠᠭᠤᠯᠢ ᠲᠡᠭᠦᠰᠦᠭᠰᠡᠳ ︵ᠣᠶᠤᠲᠠᠨ ᠲᠣᠰᠬᠤᠨ ᠤ ᠳᠠᠷᠤᠭ᠎ᠠ ᠪᠠ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠨ ᠰᠣᠷᠣᠭᠴᠢ ᠪᠠᠭᠲᠠᠨ᠎ᠠ︶᠂ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠰᠢᠢᠳᠪᠦᠷᠢᠯᠡᠬᠦ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠬᠥᠯᠥᠰᠦᠨ ᠠᠵᠢᠯᠴᠢᠨ᠂ ᠰᠦᠯᠵᠢᠶᠡᠨ ᠤ ᠬᠤᠳᠠᠯᠳᠤᠭᠠᠴᠢᠨ ᠡᠷᠦᠬᠡ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠬᠥᠳᠡᠭᠡ ᠲᠣᠰᠬᠤᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ ᠲᠠᠷᠢᠶᠠᠴᠢᠨ ᠪᠠᠭᠲᠠᠨ᠎ᠠ︔ ᠡᠭᠦᠨ ᠤ ᠬᠠᠮᠲᠤ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠣᠷᠣᠨ ᠰᠠᠭᠤᠴᠠ ᠶᠢᠨ ᠵᠢᠭᠡᠯᠡᠯᠭᠡ᠂ ᠮᠠᠰᠢᠨ ᠲᠡᠷᠭᠡ ᠬᠤᠳᠠᠯᠳᠤᠨ ᠠᠪᠬᠤ ᠵᠢᠭᠡᠯᠡᠯᠭᠡ᠂ 5 ᠲᠦᠮᠡᠨ ᠲᠥᠭᠦᠷᠢᠭ ᠠᠴᠠ ᠳᠣᠷᠣᠭᠰᠢᠬᠢ ᠪᠠᠭ᠎ᠠ ᠲᠣᠭᠠᠨ ᠤ ᠬᠡᠷᠡᠭᠯᠡᠭᠡᠨ ᠤ ᠵᠢᠭᠡᠯᠡᠯᠭᠡ ︵ᠢᠲᠡᠭᠡᠮᠵᠢ ᠶᠢᠨ ᠺᠠᠷᠲ ᠤᠨ ᠬᠡᠷᠡᠭᠯᠡᠭᠡ ᠪᠠᠭᠲᠠᠨ᠎ᠠ︶ ᠶᠢ ᠭᠠᠷᠭᠠᠪᠠᠯ᠂ ᠭᠤᠶᠤᠴᠢᠯᠠᠭᠴᠢ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠭᠤᠶᠤᠴᠢᠯᠠᠯ ᠢᠶᠠᠨ ᠲᠤᠰᠢᠶᠠᠬᠤ ᠦᠶ᠎ᠡ ᠳᠤ᠂ ᠲᠣᠰ ᠬᠥᠮᠥᠨ ᠵᠢᠴᠢ ᠲᠡᠭᠦᠨ ᠤ ᠬᠤᠯᠪᠣᠰᠤ ᠳᠤ ᠪᠤᠰᠤᠳ ᠵᠢᠭᠡᠯᠡᠯᠭᠡ ᠪᠠᠶᠢᠬᠤ ᠦᠭᠡᠢ᠃ ︵2︶ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠲᠡᠳᠬᠦᠬᠦ ᠡᠲᠡᠭᠡᠳ᠄ ᠣᠲᠣ ᠶᠢᠨ ᠬᠡᠷᠡᠭᠵᠢᠭᠦᠯᠵᠦ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠬᠤᠪᠢᠶᠠᠬᠤ ᠪᠠᠷᠢᠮᠵᠢᠶ᠎ᠠ ᠳᠤ ᠲᠣᠭᠲᠠᠭᠠᠭᠰᠠᠨ ᠵᠢᠵᠢᠭ ᠬᠡᠯᠪᠡᠷᠢ ᠶᠢᠨ᠂ ᠪᠢᠴᠢᠯ ᠬᠡᠯᠪᠡᠷᠢ ᠶᠢᠨ ᠠᠵᠤ ᠠᠬᠤᠶᠢᠯᠠᠯ ᠳᠤ ᠬᠠᠷᠢᠶᠠᠯᠠᠭᠳᠠᠨ᠎ᠠ︔ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠠᠴᠠ 1 ᠵᠢᠯ ᠤᠨ ᠡᠮᠦᠨ᠎ᠡ ᠰᠢᠨ᠎ᠡ ᠪᠠᠷ ᠡᠯᠰᠡᠨ ᠬᠡᠷᠡᠭᠯᠡᠭᠰᠡᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠬᠥᠮᠥᠨ ᠤ ᠲᠤᠭ᠎ᠠ ᠨᠢ ᠠᠵᠤ ᠠᠬᠤᠶᠢᠯᠠᠯ ᠤᠨ ᠣᠲᠣ ᠶᠢᠨ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠲᠤᠭ᠎ᠠ ᠶᠢᠨ 10% ᠳᠤ ᠬᠦᠷᠬᠦ ︵100 ᠬᠥᠮᠥᠨ ᠠᠴᠠ ᠳᠠᠪᠠᠭᠰᠠᠨ ᠠᠵᠤ ᠠᠬᠤᠶᠢᠯᠠᠯ 5% ᠳᠤ ᠬᠦᠷᠬᠦ︶ ᠪᠥᠭᠡᠳ ᠲᠡᠭᠦᠨ ᠯᠦᠭᠡ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠨ᠎ᠠ︔ ᠠᠵᠢᠯᠲᠠᠨ ᠠᠵᠢᠯᠴᠢᠨ ᠤ ᠴᠠᠯᠢᠩ ᠢ ᠥᠷᠢᠲᠦᠭᠰᠡᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠭᠠᠳᠤᠢ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠢᠲᠡᠭᠡᠮᠵᠢ ᠶᠢᠨ ᠲᠡᠮᠳᠡᠭᠯᠡᠯ ᠲᠠᠢ ᠵᠢᠵᠢᠭ  ᠪᠢᠴᠢᠯ ᠬᠡᠯᠪᠡᠷᠢ ᠶᠢᠨ ᠠᠵᠤ ᠠᠬᠤᠶᠢᠯᠠᠯ ᠪᠠᠶᠢᠬᠤ ᠦᠭᠡᠢ᠃ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠲᠤᠭ᠎ᠠ ᠬᠡᠮᠵᠢᠶ᠎ᠡ ᠨᠢ᠄ ︵1︶ ᠨᠥᠬᠦᠴᠡᠯ ᠳᠤ ᠨᠡᠶᠢᠴᠡᠬᠦ ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠭᠤᠶᠤᠴᠢᠯᠠᠵᠤ ᠪᠣᠯᠣᠨ᠎ᠠ᠂ ᠵᠢᠭᠡᠯᠡᠯᠭᠡ ᠶᠢᠨ ᠬᠤᠭᠤᠴᠠᠭ᠎ᠠ ᠶᠢ ᠬᠠᠮᠤᠭ ᠤᠨ ᠣᠷᠳᠣ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠢ᠃ ︵2︶ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢ ᠬᠠᠮᠤᠭ ᠤᠨ ᠥᠨᠳᠥᠷ ᠲᠡᠭᠡᠨ 400 ᠲᠦᠮᠡᠨ ᠲᠥᠭᠦᠷᠢᠭ᠂ ᠵᠢᠭᠡᠯᠡᠯᠭᠡ ᠶᠢᠨ ᠬᠤᠭᠤᠴᠠᠭ᠎ᠠ ᠶᠢ ᠬᠠᠮᠤᠭ ᠤᠨ ᠣᠷᠳᠣ ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠦᠭᠡᠢ᠃ ︵2023 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠰᠢᠨ᠎ᠡ ᠪᠠᠷ ᠲᠠᠷᠬᠠᠭᠠᠭᠰᠠᠨ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠬᠦᠦ ᠮᠥᠩᠭᠦ᠄ ᠵᠠᠰᠠᠭ ᠤᠨ ᠣᠷᠳᠣᠨ ᠤ ᠳᠠᠮ ᠬᠦᠦ 50% ᠳᠤ ᠬᠦᠷᠴᠦ᠂ ᠠᠵᠤ ᠠᠬᠤᠶᠢᠯᠠᠯ 50% ᠶᠢᠨ ᠬᠦᠦ ᠮᠥᠩᠭᠦ ᠶᠢ ᠡᠭᠦᠷᠭᠡᠯᠡᠬᠦ ᠬᠡᠷᠡᠭᠲᠡᠢ︶᠃2. ᠪᠠᠷᠠᠭᠤᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ ᠮᠠᠯᠵᠢᠬᠤ ᠣᠷᠣᠨ ᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠨᠥᠬᠦᠪᠦᠷᠢ ᠶᠢ ᠰᠢᠩᠭᠡᠬᠡᠨ ᠠᠪᠬᠤ ᠶᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶     ᠮᠠᠨ ᠤ ᠬᠤᠰᠢᠭᠤᠨ ᠤ ᠬᠠᠷᠢᠶᠠᠲᠤ ᠣᠷᠣᠨ ᠤ ᠬᠥᠮᠥᠨ ᠬᠡᠷᠡᠭᠯᠡᠬᠦ ᠨᠢᠭᠡᠴᠡ ᠶᠢᠨ ᠮᠠᠯᠵᠢᠬᠤ ᠣᠷᠣᠨ ᠤ ᠦᠯᠡᠭᠦᠦ ᠬᠥᠳᠡᠯᠮᠦᠷᠢ ᠬᠦᠴᠦᠨ ᠢ ᠣᠷᠣᠭᠤᠯᠤᠨ ᠠᠵᠢᠯ ᠣᠯᠭᠤᠬᠤ ᠶᠢ ᠵᠣᠷᠢᠭᠵᠢᠭᠤᠯᠬᠤ ᠶᠢᠨ ᠲᠥᠯᠥᠭᠡ  ᠂ ᠨᠥᠬᠦᠪᠦᠷᠢ ᠣᠯᠭᠤᠬᠤ ᠡᠲᠡᠭᠡᠳ ᠨᠢ᠄ ᠮᠠᠨ ᠤ ᠬᠤᠰᠢᠭᠤᠨ ᠤ ᠮᠠᠯᠵᠢᠬᠤ ᠣᠷᠣᠨ ᠤ ᠦᠯᠡᠭᠦᠦ ᠬᠥᠳᠡᠯᠮᠦᠷᠢ ᠬᠦᠴᠦᠨ ᠢ ᠰᠢᠩᠭᠡᠬᠡᠨ ᠠᠪᠴᠤ ᠠᠵᠢᠯ ᠣᠯᠭᠤᠭᠰᠠᠨ ᠬᠤᠰᠢᠭᠤᠨ ᠳᠣᠲᠣᠷᠠᠬᠢ ᠡᠯ᠎ᠡ ᠲᠥᠷᠥᠯ ᠤᠨ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠪᠣᠯᠣᠨ᠎ᠠ᠃ ᠭᠤᠶᠤᠴᠢᠯᠠᠬᠤ ᠨᠥᠬᠦᠴᠡᠯ᠄ ᠬᠥᠮᠥᠨ ᠬᠡᠷᠡᠭᠯᠡᠬᠦ ᠨᠢᠭᠡᠴᠡ ᠬᠢᠭᠡᠳ ᠮᠠᠯᠵᠢᠬᠤ ᠣᠷᠣᠨ ᠤ ᠦᠯᠡᠭᠦᠦ ᠬᠥᠳᠡᠯᠮᠦᠷᠢ ᠬᠦᠴᠦᠨ ︵ᠡᠷᠡᠭᠲᠡᠢ᠄ ᠪᠦᠬᠦᠯᠢ 16 ᠨᠠᠰᠤᠨ ᠠᠴᠠ ᠪᠦᠬᠦᠯᠢ 60 ᠨᠠᠰᠤ᠂ ᠡᠮᠡᠭᠲᠡᠢ᠄ ᠪᠦᠬᠦᠯᠢ 16 ᠨᠠᠰᠤᠨ ᠠᠴᠠ ᠪᠦᠬᠦᠯᠢ 50 ᠨᠠᠰᠤ︶ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠬᠠᠤᠯᠢ ᠶᠣᠰᠣᠭᠠᠷ ᠲᠡᠭᠦᠨ ᠳᠤ ᠨᠡᠶᠢᠭᠡᠮ ᠤᠨ ᠳᠠᠭᠠᠳᠬᠠᠯ ᠤᠨ ᠰᠦᠢᠳᠬᠡᠯ ︵2022 ᠣᠨ ᠤ 1 ᠰᠠᠷ᠎ᠠ ᠠᠴᠠ ᠡᠬᠢᠯᠡᠨ ᠰᠢᠨ᠎ᠡ ᠪᠠᠷ ᠨᠡᠮᠡᠭᠳᠡᠭᠰᠡᠨ ᠬᠥᠮᠥᠨ︶ ᠲᠤᠰᠢᠶᠠᠵᠤ᠂ ᠴᠠᠯᠢᠩ ᠤᠨ ᠣᠯᠭᠤᠮᠵᠢ ᠨᠢ ᠮᠠᠨ ᠤ ᠬᠤᠰᠢᠭᠤᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠦᠭᠡᠢ ᠪᠣᠯ ᠮᠠᠯᠵᠢᠬᠤ ᠣᠷᠣᠨ ᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠨᠥᠬᠦᠪᠦᠷᠢ ᠶᠢ ᠭᠥᠷᠳᠡᠵᠦ ᠪᠣᠯᠣᠨ᠎ᠠ᠃ ᠨᠥᠬᠦᠪᠦᠷᠢ ᠶᠢᠨ ᠪᠠᠷᠢᠮᠵᠢᠶ᠎ᠠ᠄ ᠬᠥᠮᠥᠨ ᠬᠡᠷᠡᠭᠯᠡᠬᠦ ᠨᠢᠭᠡᠴᠡ ᠮᠠᠯᠵᠢᠬᠤ ᠣᠷᠣᠨ ᠤ 1 ᠦᠯᠡᠭᠦᠦ ᠬᠥᠳᠡᠯᠮᠦᠷᠢ ᠬᠦᠴᠦᠨ ᠢ ᠰᠢᠩᠭᠡᠬᠡᠨ ᠠᠪᠴᠤ ᠠᠵᠢᠯ ᠣᠯᠭᠤᠬᠤ ︵ᠶᠠᠳᠠᠭᠤ ᠠᠴᠠ ᠠᠩᠭᠢᠵᠢᠷᠠᠭᠤᠯᠬᠤ ᠡᠷᠦᠬᠡ᠂ ᠬᠥᠳᠡᠯᠦᠩᠭᠦᠢ ᠬᠢᠨᠠᠨ ᠬᠡᠮᠵᠢᠬᠦ ᠡᠷᠦᠬᠡ ᠶᠢᠨ ᠬᠥᠳᠡᠯᠮᠦᠷᠢ ᠬᠦᠴᠦᠨ ᠢ ᠡᠩ ᠲᠡᠷᠢᠭᠦᠨ ᠳᠤ︶ ᠬᠥᠮᠥᠨ ᠪᠦᠷᠢ ᠳᠤ 2000 ᠲᠥᠭᠦᠷᠢᠭ ᠤᠨ ᠪᠠᠷᠢᠮᠵᠢᠶ᠎ᠠ ᠶᠣᠰᠣᠭᠠᠷ᠂ ᠨᠢᠭᠡ ᠤᠳᠠᠭ᠎ᠠ ᠶᠢᠨ ᠴᠢᠨᠠᠷᠲᠠᠢ ᠪᠠᠷ ᠰᠢᠩᠭᠡᠬᠡᠨ ᠠᠪᠴᠤ ᠠᠵᠢᠯ ᠣᠯᠭᠤᠬᠤ ᠨᠥᠬᠦᠪᠦᠷᠢ ᠣᠯᠭᠤᠨ᠎ᠠ᠃ ᠣᠷᠣᠨ ᠨᠤᠲᠤᠭ ᠤᠨ ᠡᠳ᠋ ᠤᠨ ᠵᠠᠰᠠᠭ ᠨᠢ ᠵᠢᠯ ᠪᠦᠷᠢ 20 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠲᠣᠬᠢᠷᠠᠭᠤᠯᠵᠤ᠂ ᠬᠥᠮᠥᠨ ᠬᠡᠷᠡᠭᠯᠡᠬᠦ ᠨᠢᠭᠡᠴᠡ ᠶᠢᠨ ᠮᠠᠯᠵᠢᠬᠤ ᠣᠷᠣᠨ ᠤ 100 ᠨᠡᠷᠡᠰ ᠦᠯᠡᠭᠦᠦ ᠬᠥᠳᠡᠯᠮᠦᠷᠢ ᠬᠦᠴᠦᠨ ᠢ ᠰᠢᠩᠭᠡᠬᠡᠨ ᠠᠪᠴᠤ ᠲᠣᠭᠲᠠᠭᠤᠨ ᠢᠶᠠᠷ ᠠᠵᠢᠯ ᠣᠯᠭᠤᠬᠤ ᠶᠢ ᠳᠡᠮᠵᠢᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号