ᠪᠠᠷᠠᠭᠤᠨ ᠦᠵᠦᠮᠦᠴᠢᠨ ᠬᠤᠰᠢᠭᠤᠨ ᠤ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠬᠡᠷᠡᠭᠵᠢᠭᠦᠯᠬᠦ ᠠᠷᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/4
ᠪᠠᠷᠠᠭᠤᠨ ᠦᠵᠦᠮᠦᠴᠢᠨ ᠬᠤᠰᠢᠭᠤᠨ ᠤ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠬᠡᠷᠡᠭᠵᠢᠭᠦᠯᠬᠦ ᠠᠷᠭ᠎ᠠ ᠶᠢᠨ ᠲᠠᠶᠢᠯᠤᠮᠵᠢ   ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠵᠢᠯ ᠤᠨ ᠡᠷᠴᠢᠮ ᠢ ᠦᠷᠭᠦᠯᠵᠢᠯᠡᠨ ᠲᠦᠯᠬᠢᠨ ᠠᠬᠢᠭᠤᠯᠬᠤ ᠶᠢᠨ ᠲᠥᠯᠥᠭᠡ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ ᠠᠵᠢᠯᠴᠢᠨ ︵ᠲᠠᠪᠤ ᠲᠤᠯᠤᠭᠠᠨ ᠠᠵᠢᠯᠴᠢᠨ ᠤ ᠠᠵᠢᠯᠴᠢᠨ ᠪᠠᠭᠲᠠᠨ᠎ᠠ︶ ᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠠᠵᠢᠯ ᠢ ᠰᠠᠶᠢᠲᠤᠷ ᠬᠢᠨ᠎ᠡ᠃ ᠨᠥᠬᠦᠪᠦᠷᠢ ᠣᠯᠭᠤᠬᠤ ᠡᠲᠡᠭᠡᠳ ᠨᠢ᠄ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠬᠦᠷᠲᠡᠯ᠎ᠡ 10 ᠵᠢᠯ ᠬᠦᠷᠬᠦ ᠦᠭᠡᠢ ᠪᠠᠶᠢᠭ᠎ᠠ ᠪᠠᠷᠠᠭᠤᠨ ᠦᠵᠦᠮᠦᠴᠢᠨ ᠬᠤᠰᠢᠭᠤᠨ ᠤ ᠤᠤᠯ ᠤᠨ ᠤᠯᠤᠰ ᠤᠨ ᠥᠮᠴᠢᠯᠡᠯᠲᠦ᠂ ᠬᠠᠮᠲᠤ ᠶᠢᠨ ᠠᠵᠤ ᠠᠬᠤᠶᠢᠯᠠᠯ ᠤᠨ ᠠᠵᠢᠯ ᠤᠨ ᠪᠠᠶᠢᠷᠢ  ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ ᠠᠵᠢᠯᠴᠢᠨ ︵ᠲᠠᠪᠤ ᠲᠤᠯᠤᠭᠠᠨ ᠠᠵᠢᠯᠴᠢᠨ ᠤ ᠲᠤᠭ᠎ᠠ ᠪᠠᠭᠲᠠᠨ᠎ᠠ ︶ ᠳᠤ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ ᠤᠨ ᠨᠥᠬᠦᠪᠦᠷᠢ ᠣᠯᠭᠤᠨ᠎ᠠ᠃   ᠨᠢᠭᠡ ᠳᠤ᠂  ᠬᠡᠷᠡᠭᠵᠢᠭᠦᠯᠬᠦ ᠠᠷᠭ᠎ᠠ ᠳᠤ ᠳᠤᠷᠠᠳᠤᠭᠰᠠᠨ ︽ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ ᠠᠵᠢᠯᠴᠢᠨ︾ ᠭᠡᠳᠡᠭ ᠨᠢ ᠪᠠᠷᠠᠭᠤᠨ ᠦᠵᠦᠮᠦᠴᠢᠨ ᠬᠤᠰᠢᠭᠤᠨ ᠤ ᠤᠤᠯ ᠤᠨ ᠤᠯᠤᠰ ᠤᠨ ᠥᠮᠴᠢᠯᠡᠯᠲᠦ᠂ ᠬᠠᠮᠲᠤ ᠶᠢᠨ ᠠᠵᠤ ᠠᠬᠤᠶᠢᠯᠠᠯ ᠤᠨ ᠪᠠᠶᠢᠭᠤᠯᠤᠯ ᠢᠶᠠᠨ ᠬᠤᠪᠢᠷᠠᠭᠤᠯᠵᠤ ᠳᠠᠬᠢᠨ ᠵᠣᠬᠢᠶᠠᠨ ᠪᠠᠶᠢᠭᠤᠯᠤᠭᠰᠠᠨ ᠪᠤᠶᠤ ᠳᠠᠮᠫᠤᠷᠠᠭᠰᠠᠨ ᠤ ᠳᠠᠷᠠᠭᠠᠬᠢ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ ᠠᠵᠢᠯᠴᠢᠨ ᠪᠠ ᠤᠤᠯ ᠤᠨ ᠤᠯᠤᠰ ᠤᠨ ᠮᠠᠯ ᠠᠵᠤ ᠠᠬᠤᠢ ︵ᠣᠶ ᠰᠢᠭᠤᠢ︶ ᠶᠢᠨ ᠲᠠᠯᠠᠪᠠᠶ ᠶᠢᠨ ᠪᠠᠶᠢᠭᠤᠯᠤᠯ ᠢᠶᠠᠨ ᠬᠤᠪᠢᠷᠠᠭᠤᠯᠤᠭᠰᠠᠨ ᠤ ᠳᠠᠷᠠᠭᠠᠬᠢ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ ᠠᠵᠢᠯᠴᠢᠨ ᠢ ᠵᠢᠭᠠᠵᠤ ᠪᠣᠶ︔ ︽ᠲᠠᠪᠤ ᠲᠤᠯᠤᠭᠠᠨ ᠠᠵᠢᠯᠴᠢᠨ︾ ᠭᠡᠳᠡᠭ ᠨᠢ 2015 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠰᠢᠨ᠎ᠡ ᠪᠠᠷ ᠮᠠᠭᠠᠳᠯᠠᠨ ᠲᠣᠭᠲᠠᠭᠠᠭᠰᠠᠨ ︽ᠲᠠᠪᠤ ᠲᠤᠯᠤᠭᠠᠨ ᠠᠵᠢᠯᠴᠢᠨ︾ ᠤ ᠪᠡᠶ᠎ᠡ ᠶᠢᠨ ᠭᠠᠷᠤᠯ ᠲᠠᠢ ᠪᠥᠭᠡᠳ ᠬᠤᠰᠢᠭᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠲᠤ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠲᠠᠢ ᠠᠵᠢᠯᠲᠠᠨ ᠢ ᠵᠢᠭᠠᠵᠤ ᠪᠣᠶ᠃   ᠬᠤᠶᠠᠷ ᠲᠤ᠂ ᠠᠷᠭ᠎ᠠ ᠳᠤ ᠳᠤᠷᠠᠳᠤᠭᠰᠠᠨ ︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠬᠦᠷᠲᠡᠯ᠎ᠡ 10 ᠵᠢᠯ ᠬᠦᠷᠬᠦ ᠦᠭᠡᠢ︾ ᠭᠡᠳᠡᠭ ᠨᠢ᠄ ᠨᠡᠶᠢᠭᠡᠮ ᠤᠨ ᠳᠠᠭᠠᠳᠬᠠᠯ ᠤᠨ ᠨᠥᠬᠦᠪᠦᠷᠢ ᠭᠤᠶᠤᠴᠢᠯᠠᠭᠰᠠᠳ ᠨᠥᠬᠦᠪᠦᠷᠢ ᠠᠪᠬᠤ ᠪᠠᠷ ᠭᠤᠶᠤᠴᠢᠯᠠᠭᠰᠠᠨ ᠲᠤᠬᠠᠢ ᠶᠢᠨ ᠵᠢᠯ ᠳᠤ᠂ ᠡᠷᠡᠭᠲᠡᠢ ᠨᠢ ᠪᠦᠬᠦᠯᠢ 51 ᠨᠠᠰᠤ᠂ ᠡᠮᠡᠭᠲᠡᠢ ᠨᠢ ᠪᠦᠬᠦᠯᠢ 41 ᠨᠠᠰᠤ ᠬᠦᠷᠴᠦ᠂ ᠠᠵᠢᠯ ᠠᠴᠠ ᠪᠠᠨ ᠪᠠᠭᠤᠵᠤ ᠠᠮᠠᠷᠠᠬᠤ ᠨᠠᠰᠤ ︵ᠲᠠᠩᠰᠠ ᠡᠪᠬᠡᠮᠡᠯ ᠤᠨ ᠳᠤᠮᠳᠠᠴᠢ ᠨᠠᠰᠤ︶ ᠭᠦᠷᠦᠭᠰᠡᠨ ᠦᠭᠡᠢ ᠪᠠᠶᠢᠬᠤ ᠶᠢ ᠵᠢᠭᠠᠵᠤ ᠪᠣᠶ᠃  ᠭᠤᠷᠪᠠ ᠳᠤ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠭᠤᠶᠤᠴᠢᠯᠠᠭᠰᠠᠳ ᠪᠠᠷᠠᠭᠤᠨ ᠦᠵᠦᠮᠦᠴᠢᠨ ᠬᠤᠰᠢᠭᠤᠨ ᠳᠤ ᠨᠡᠶᠢᠭᠡᠮ ᠤᠨ ᠳᠠᠭᠠᠳᠬᠠᠯ ᠢᠶᠠᠨ ᠲᠤᠰᠢᠶᠠᠬᠤ ᠬᠡᠷᠡᠭᠲᠡᠢ ᠮᠥᠷᠲᠡᠭᠡᠨ ᠪᠠᠷᠠᠭᠤᠨ ᠦᠵᠦᠮᠦᠴᠢᠨ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ  ᠂ ︽ᠨᠡᠶᠢᠭᠡᠮ ᠤᠨ ᠳᠠᠭᠠᠳᠬᠠᠯ ᠤᠨ ᠨᠥᠬᠦᠪᠦᠷᠢ︾ ᠳᠤ ᠵᠥᠪᠬᠡᠨ ᠨᠠᠰᠤᠵᠢᠯ ᠤᠨ ᠳᠠᠭᠠᠳᠬᠠᠯ ᠪᠠ ᠡᠮᠴᠢᠯᠡᠭᠡᠨ ᠤ ᠳᠠᠭᠠᠳᠬᠠᠯ᠂ ᠨᠠᠰᠤᠵᠢᠯ ᠤᠨ ᠳᠠᠭᠠᠳᠬᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠪᠠᠭᠲᠠᠭᠠᠨ᠎ᠠ᠄ ᠣᠷᠣᠨ ᠤ ᠱᠠᠲᠤᠨ ᠤ ᠨᠡᠶᠢᠭᠡᠮ ᠤᠨ ᠳᠠᠭᠠᠳᠬᠠᠯ ᠤᠨ ᠪᠠᠶᠢᠭᠤᠯᠤᠮᠵᠢ ᠶᠢᠨ ᠨᠡᠶᠢᠲᠡᠯᠡᠭᠰᠡᠨ ᠨᠡᠶᠢᠭᠡᠮ ᠤᠨ ᠡᠩ ᠤᠨ ᠴᠠᠯᠢᠩ ᠤᠨ 60% ᠪᠠᠷ ᠰᠠᠭᠤᠷᠢ ᠲᠤᠭ᠎ᠠ ᠪᠣᠯᠭᠠᠵᠤ᠂ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠷᠢᠮᠵᠢᠶ᠎ᠠ ᠶᠢ ᠲᠥᠰᠥᠭᠡᠯᠡᠨ ᠪᠤᠳᠤᠨ᠎ᠠ︔ ᠡᠮ ᠡᠮᠨᠡᠯᠭᠡ ᠶᠢᠨ ᠳᠠᠭᠠᠳᠬᠠᠯ ᠤᠨ ᠨᠥᠬᠦᠪᠦᠷᠢ ᠶᠢᠨ ᠪᠠᠷᠢᠮᠵᠢᠶ᠎ᠠ᠄ ᠠᠶᠢᠮᠠᠭ ᠤᠨ ᠱᠠᠲᠤᠨ ᠤ ᠨᠡᠶᠢᠭᠡᠮ ᠤᠨ ᠳᠠᠭᠠᠳᠬᠠᠯ ᠤᠨ ᠪᠠᠶᠢᠭᠤᠯᠤᠮᠵᠢ ᠶᠢᠨ ᠨᠡᠶᠢᠲᠡᠯᠡᠭᠰᠡᠨ ᠨᠡᠶᠢᠭᠡᠮ ᠤᠨ ᠡᠩ ᠤᠨ ᠴᠠᠯᠢᠩ ᠤᠨ 60% ᠪᠠᠷ ᠰᠠᠭᠤᠷᠢ ᠲᠤᠭ᠎ᠠ ᠪᠣᠯᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠷᠢᠮᠵᠢᠶ᠎ᠠ ᠶᠢ ᠲᠥᠰᠥᠭᠡᠯᠡᠨ ᠪᠤᠳᠤᠬᠤ ᠶᠢᠨ ᠬᠠᠮᠲᠤ ᠲᠣᠰ ᠪᠠᠷᠢᠮᠵᠢᠶ᠎ᠠ ᠶᠢᠨ 2/3 ᠪᠠᠷ ᠲᠣᠰ ᠲᠣᠰ ᠨᠥᠬᠦᠪᠦᠷᠢ ᠥᠭᠴᠦ᠂ ᠬᠡᠲᠦᠷᠡᠭᠰᠡᠨ ᠬᠡᠰᠡᠭ ᠲᠤᠨᠢ ᠨᠥᠬᠦᠪᠦᠷᠢ ᠥᠭᠬᠦ ᠦᠭᠡᠢ᠃    ᠠᠰᠠᠭᠤᠯᠲᠠ᠄ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠰᠢᠨ᠎ᠡ ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠵᠢᠭᠡᠯᠡᠯᠭᠡ ᠶᠢᠨ ᠲᠤᠭ᠎ᠠ ᠬᠡᠮᠵᠢᠶ᠎ᠡ ᠪᠠ ᠬᠤᠭᠤᠴᠠᠭ᠎ᠠ ᠨᠢ ᠲᠣᠰ ᠲᠣᠰ ᠬᠡᠳᠦᠢ ᠪᠣᠶ︖ ᠬᠤᠪᠢ ᠬᠥᠮᠥᠨ ᠤ ᠵᠢᠵᠢᠭ ᠪᠢᠴᠢᠯ ᠠᠵᠤ ᠠᠬᠤᠶᠢᠯᠠᠯ ᠨᠢ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠦᠦ ᠶᠢᠨ ᠲᠥᠷᠥ ᠶᠢᠨ ᠪᠣᠳᠣᠯᠭ᠎ᠠ ᠶᠢ ᠬᠠᠮᠤᠭ ᠤᠨ ᠣᠯᠠᠨ ᠳᠠᠭᠠᠨ ᠬᠡᠲᠦ ᠤᠳᠠᠭ᠎ᠠ ᠭᠥᠷᠳᠡᠵᠦ ᠪᠣᠯᠬᠤ ᠪᠣᠶ︖   ᠬᠠᠷᠢᠭᠤᠯᠲᠠ᠄ ᠵᠣᠭᠤᠰ ᠪᠤᠴᠠᠭᠠᠬᠤ ᠨᠢ ᠢᠳᠡᠪᠬᠢᠲᠡᠢ᠂ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢᠶᠠᠷ ᠰᠠᠶᠢᠨ ᠵᠢᠭᠡᠯᠡᠯᠭᠡ ᠵᠢᠭᠡᠯᠡᠭᠰᠡᠨ ᠬᠤᠪᠢ ᠬᠥᠮᠥᠨ ᠪᠤᠶᠤ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠦᠷᠭᠦᠯᠵᠢᠯᠡᠨ ᠵᠢᠭᠡᠯᠡᠯᠭᠡ ᠭᠤᠶᠤᠴᠢᠯᠠᠬᠤ ᠪᠠ ᠳᠠᠮ ᠬᠦᠦ ᠶᠢᠨ ᠳᠡᠮᠵᠢᠯᠭᠡ ᠦᠵᠡᠭᠦᠯᠵᠦ ᠪᠣᠯᠣᠨ᠎ᠠ᠂ ᠨᠡᠶᠢᠲᠡ 3 ᠤᠳᠠᠭ᠎ᠠ ᠠᠴᠠ ᠬᠡᠲᠦᠷᠡᠵᠦ ᠪᠣᠯᠬᠤ ᠦᠭᠡᠢ᠃  ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 20 ᠲᠦᠮᠡ ᠠᠴᠠ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠠᠮᠤᠭ ᠤᠨ ᠣᠷᠳᠣ ᠳᠠᠭᠠᠨ ᠵᠢᠭᠡᠯᠡᠯᠭᠡ ᠶᠢᠨ ᠬᠤᠭᠤᠴᠠᠭ᠎ᠠ ᠶᠢ 3 ᠵᠢᠯ ᠠᠴᠠ ᠬᠡᠲᠦᠷᠡᠭᠦᠯᠬᠦ ᠦᠭᠡᠢ᠃ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠪᠠᠶᠢᠭᠰᠠᠨ ᠠᠴᠠ ᠬᠠᠮᠤᠭ ᠤᠨ ᠥᠨᠳᠥᠷ ᠲᠡᠭᠡᠨ 400 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠠᠮᠤᠭ ᠤᠨ ᠣᠷᠳᠣ ᠳᠠᠭᠠᠨ ᠵᠢᠭᠡᠯᠡᠯᠭᠡ ᠶᠢᠨ ᠬᠤᠭᠤᠴᠠᠭ᠎ᠠ ᠬᠢᠵᠠᠭᠠᠷ  ᠶᠢ 2 ᠵᠢᠯ ᠠᠴᠠ ᠬᠡᠲᠦᠷᠡᠭᠦᠯᠬᠦ ᠦᠭᠡᠢ᠃   ᠠᠰᠠᠭᠤᠯᠲᠠ᠄ ︽ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ ᠠᠵᠢᠯᠴᠢᠨ ︵ᠲᠠᠪᠤ ᠲᠤᠯᠤᠭᠠᠨ ᠠᠵᠢᠯᠴᠢᠨ ᠪᠠᠭᠲᠠᠨ᠎ᠠ︶ ᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠬᠡᠷᠡᠭᠵᠢᠭᠦᠯᠬᠦ ᠠᠷᠭ᠎ᠠ︾ ᠶᠢ ᠳᠤᠷᠠᠳᠤᠭᠰᠠᠨ ᠪᠠᠶᠢᠨ᠎ᠠ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ ᠠᠵᠢᠯᠴᠢᠨ ︵ᠲᠠᠪᠤ ᠲᠤᠯᠤᠭᠠᠨ ᠠᠵᠢᠯᠴᠢᠨ ᠪᠠᠭᠲᠠᠨ᠎ᠠ︶ ᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠭᠤᠶᠤᠴᠢᠯᠠᠬᠤ ᠳᠤ ᠶᠠᠮᠠᠷ ᠠᠩᠬᠠᠷᠬᠤ ᠵᠦᠢᠯ ᠪᠠᠶᠢᠬᠤ ᠶᠢ ᠪᠣᠳᠠᠲᠠᠢ ᠪᠠᠷ ᠲᠠᠨᠢᠯᠴᠠᠭᠤᠯᠵᠤ ᠪᠣᠯᠣᠨ᠎ᠠ  ᠤᠤ︖    ᠬᠠᠷᠢᠭᠤᠯᠲᠠ᠄ ᠲᠣᠰ ᠲᠥᠷᠥ ᠶᠢᠨ ᠪᠣᠳᠣᠯᠭ᠎ᠠ ᠪᠣᠯ ᠬᠤᠰᠢᠭᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠢᠭᠡ ᠪᠣᠯᠣᠨ᠎ᠠ᠂  ᠬᠤᠰᠢᠭᠤ ᠡᠳ᠋ ᠤᠨ ᠵᠠᠰᠠᠭ ᠠᠴᠠ ᠵᠢᠯ ᠪᠦᠷᠢ 1300 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠤᠨ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠠᠵᠢᠯᠲᠠᠨ ︵ᠲᠠᠪᠤ ᠲᠤᠯᠤᠭᠠᠨ ᠠᠵᠢᠯᠴᠢᠨ ᠪᠠᠭᠲᠠᠨ᠎ᠠ︶ ᠳᠤ ᠨᠥᠬᠦᠪᠦᠷᠢ ᠥᠭᠬᠦ ᠳᠤ ᠬᠡᠷᠡᠭᠯᠡᠵᠦ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠭᠤᠶᠤᠴᠢᠯᠠᠭᠰᠠᠳ ᠪᠠᠷᠠᠭᠤᠨ ᠦᠵᠦᠮᠦᠴᠢᠨ ᠬᠤᠰᠢᠭᠤᠨ ᠳᠤ ᠨᠡᠶᠢᠭᠡᠮ ᠤᠨ ᠳᠠᠭᠠᠳᠬᠠᠯ ᠲᠤᠰᠢᠶᠠᠬᠤ ᠬᠡᠷᠡᠭᠲᠡᠢ ᠮᠥᠷᠲᠡᠭᠡᠨ ᠪᠠᠷᠠᠭᠤᠨ ᠦᠵᠦᠮᠦᠴᠢᠨ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ  ᠪᠠᠶᠢᠬᠤ ᠬᠡᠷᠡᠭᠲᠡᠢ᠃ ︽ᠨᠡᠶᠢᠭᠡᠮ ᠤᠨ ᠳᠠᠭᠠᠳᠬᠠᠯ ᠤᠨ ᠨᠥᠬᠦᠪᠦᠷᠢ︾ ᠳᠤ ᠵᠥᠪᠬᠡᠨ ᠨᠠᠰᠤᠵᠢᠯ ᠤᠨ ᠳᠠᠭᠠᠳᠬᠠᠯ ᠪᠠ ᠡᠮ ᠡᠮᠨᠡᠯᠭᠡ ᠶᠢᠨ ᠳᠠᠭᠠᠳᠬᠠᠯ ᠢ ᠪᠠᠭᠲᠠᠭᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号