ᠠᠮᠲᠠᠲᠤ ᠲᠥᠮᠥᠰᠥ ᠶᠢ ᠢᠩᠭᠢᠵᠦ ᠢᠳᠡᠪᠡᠯ ᠪᠡᠶ᠎ᠡ ᠳᠤ ᠪᠦᠷ ᠰᠠᠶᠢᠨ | | ᠠᠮᠲᠠᠲᠤ ᠲᠥᠮᠥᠰᠥ ᠢᠳᠡᠬᠦ ᠳᠤᠷᠠᠲᠠᠢ ᠬᠥᠮᠥᠰ ᠲᠤ ᠰᠠᠨᠠᠭᠤᠯᠬᠤ ᠨᠢ᠂ ᠠᠮᠲᠠᠲᠤ ᠲᠥᠮᠥᠰᠥ ᠨᠢ ᠬᠥᠮᠥᠨ | ᠪᠣᠯᠭᠠᠨ ᠳᠤ ᠲᠣᠬᠢᠷᠠᠬᠤ ᠢᠳᠡᠭᠡᠨ ᠪᠢᠰᠢ ᠰᠢᠦ ᠳ᠋ᠠ ᠵᠠᠷᠢᠮ ᠬᠥᠮᠥᠨ ᠤ ᠬᠤᠳᠣᠭᠤᠳᠤ ᠭᠡᠳᠡᠰᠦ ᠪᠠ ᠤᠨᠲᠠᠯᠭ᠎ᠠ ᠶᠢ | ᠴᠢᠨᠢ ᠨᠥᠯᠥᠭᠡᠯᠡᠵᠦ ᠮᠡᠳᠡᠨ᠎ᠡ᠃ ᠠᠮᠲᠠᠲᠤ ᠲᠥᠮᠥᠰᠥ ᠶᠢ ᠰᠢᠷᠠᠭᠰᠠᠨ ᠴᠤ ᠲᠡᠷᠡ᠂ ᠵᠢᠩᠨᠡᠵᠦ ᠴᠢᠨᠠᠭᠰᠠᠨ ᠴᠤ ᠲᠡᠷᠡ᠂ | ᠢᠳᠡᠬᠦ ᠦᠶ᠎ᠡ ᠳᠤ ᠪᠠᠰᠠ ᠬᠡᠳᠦᠨ ᠵᠦᠢᠯ ᠢ ᠠᠩᠬᠠᠷᠬᠤ ᠬᠡᠷᠡᠭᠲᠡᠢ᠄ ① ᠳᠡᠯᠢᠭᠦᠦ ᠬᠤᠳᠣᠭᠤᠳᠤ ᠮᠠᠭᠤ ᠪᠣᠯ ᠪᠠᠭ᠎ᠠ | ᠢᠳᠡᠬᠦ ᠪᠤᠶᠤ ᠢᠳᠡᠬᠦ ᠦᠭᠡᠢ ᠪᠠᠶᠢᠪᠠᠯ ᠵᠣᠬᠢᠨ᠎ᠠ᠂ ᠡᠶᠢᠮᠦ ᠪᠠᠶᠢᠳᠠᠯ ᠳᠤ ᠢᠳᠡᠪᠡᠯ ᠬᠤᠳᠣᠭᠤᠳᠤᠨ ᠤ ᠳᠠᠷᠤᠯᠲᠠ ᠶᠢ | ᠠᠮᠠᠷᠬᠠᠨ ᠨᠡᠮᠡᠭᠳᠡᠭᠦᠯᠵᠦ᠂ ᠬᠤᠳᠣᠭᠤᠳᠤ ᠶᠢ ᠡᠪ ᠦᠭᠡᠢ ᠪᠣᠯᠭᠠᠨ᠎ᠠ᠃ ② ᠤᠨᠲᠠᠬᠤ ᠠᠴᠠ ᠪᠠᠨ ᠡᠮᠦᠨ᠎ᠡ ᠢᠳᠡᠬᠦ | ᠦᠭᠡᠢ ᠪᠠᠶᠢᠪᠠᠯ ᠵᠣᠬᠢᠨ᠎ᠠ᠂ ᠬᠡᠷᠪᠡ ᠤᠨᠲᠠᠬᠤ ᠠᠴᠠ ᠪᠠᠨ ᠡᠮᠦᠨ᠎ᠡ ᠢᠳᠡᠪᠡᠯ ᠭᠡᠳᠡᠰᠦ ᠬᠥᠭᠡᠭᠡᠵᠦ᠂ ᠢᠰᠬᠦᠯᠡᠩ | ᠠᠮᠲᠠᠭᠳᠠᠨ᠂ ᠬᠡᠪ ᠤᠨ ᠤᠨᠲᠠᠯᠭ᠎ᠠ ᠶᠢ ᠬᠠᠷᠰᠢᠯᠠᠨ᠎ᠠ᠃ ③ ᠰᠢᠬᠢᠷᠯᠢᠭ ᠢᠳᠡᠭᠡᠨ ᠲᠠᠢ ᠬᠠᠮᠲᠤ ᠢᠳᠡᠵᠦ ᠪᠣᠯᠬᠤ ᠦᠭᠡᠢ᠂ | ᠢᠩᠭᠢᠪᠡᠯ ᠬᠤᠳᠣᠭᠤᠳᠤ ᠤᠯᠠᠭᠠᠨ ᠬᠤᠭᠤᠯᠠᠢ ᠳᠤ ᠰᠡᠳᠦᠯᠲᠡ ᠥᠭᠴᠦ ᠤᠯᠠᠮ ᠢᠶᠠᠷ ᠣᠭᠰᠢᠭᠤᠯᠬᠤ ᠪᠣᠯᠣᠨ᠎ᠠ᠃ |