ᠬᠡᠦᠬᠡᠳ ᠨᠢᠳᠦ ᠪᠠᠷ ᠢᠶᠠᠨ ᠭᠡᠷ ᠪᠦᠯᠢ ᠶᠢᠨ ᠬᠦᠴᠦᠷᠬᠡᠭᠯᠡᠯ ᠢ ᠦᠵᠡᠬᠦ ᠨᠢ ᠪᠠᠰᠠ ᠭᠡᠷ ᠪᠦᠯᠢ ᠶᠢᠨ | ᠬᠦᠴᠦᠷᠬᠡᠭᠯᠡᠯ ᠤᠨ ᠬᠤᠬᠢᠷᠠᠯ ᠢ ᠠᠮᠰᠠᠵᠤ ᠪᠠᠶᠢᠭ᠎ᠠ ᠶᠠᠪᠤᠳᠠᠯ ᠮᠥᠨ︕ | | | ᠨᠠᠰᠤᠨ ᠳᠤ ᠤᠶᠢᠯᠦ ᠬᠦᠷᠦᠭᠰᠡᠦᠠ ᠢ ᠬᠠᠮᠠᠭᠠᠯᠠᠬᠤ ᠬᠠᠤᠯᠢ ᠶᠢᠨ ᠬᠤᠷᠢᠨ ᠳᠥᠷᠪᠡᠳᠦᠭᠡᠷ ᠵᠦᠢᠯ ᠳᠤ᠂ | ᠨᠠᠰᠤᠨ ᠳᠤ ᠤᠶᠢᠯᠦ ᠬᠦᠷᠦᠭᠰᠡᠦᠠ ᠢ ᠪᠤᠯᠢᠶᠠᠯᠴᠠᠬᠤ ᠪᠤᠶᠤ ᠨᠢᠭᠤᠨ ᠳᠠᠯᠳᠠᠯᠠᠬᠤ ᠵᠡᠷᠭᠡ ᠠᠷᠭ᠎ᠠ ᠮᠠᠶ᠋ᠢᠭ ᠢᠶᠠᠷ ᠠᠰᠠᠷᠠᠨ | ᠲᠡᠵᠢᠭᠡᠬᠦ ᠡᠷᠬᠡ ᠶᠢ ᠪᠤᠯᠢᠶᠠᠯᠳᠤᠵᠤ ᠪᠣᠯᠬᠤ ᠤᠶᠢᠭᠡᠢ᠃ ᠨᠠᠰᠤᠨ ᠳᠤ ᠬᠦᠷᠦᠭᠡᠳᠦᠢ ᠦᠷ᠎ᠡ ᠬᠡᠦᠬᠡᠳ ᠢᠶᠠᠨ | ᠪᠤᠯᠢᠶᠠᠯᠴᠠᠬᠤ᠂ ᠨᠢᠭᠤᠨ ᠳᠠᠯᠳᠠᠯᠠᠬᠤ ᠠᠵᠢᠯᠯᠠᠭ᠎ᠠ ᠨᠢ ᠡᠴᠢᠭᠡ ᠡᠬᠡ ᠶᠢᠨ ᠬᠢᠨᠢ ᠨᠦᠬᠦᠭᠡ ᠡᠲᠡᠭᠡᠳ ᠤᠨ ᠦᠷ᠎ᠡ | ᠬᠡᠦᠬᠡᠳ ᠢᠶᠠᠨ ᠬᠠᠤᠯᠢ ᠶᠣᠰᠣᠭᠠᠷ ᠠᠰᠠᠷᠠᠨ ᠲᠡᠵᠢᠭᠡᠬᠦ᠂ ᠰᠤᠷᠭᠠᠨ ᠬᠥᠮᠥᠵᠢᠭᠦᠯᠬᠦ᠂ ᠬᠠᠮᠠᠭᠠᠯᠠᠬᠤ ᠡᠷᠬᠡ ᠶᠢ | ᠬᠤᠬᠢᠷᠠᠭᠤᠯᠬᠤ ᠪᠠᠷ ᠪᠠᠷᠠᠬᠤ ᠤᠶᠢᠭᠡᠢ᠂ ᠪᠠᠰᠠ ᠨᠠᠰᠤᠨ ᠳᠤ ᠬᠦᠷᠦᠭᠡᠳᠦᠢ ᠦᠷ᠎ᠡ ᠬᠡᠦᠬᠡᠳ ᠤᠨ ᠪᠡᠶ᠎ᠡ ᠰᠡᠳᠬᠢᠯ ᠤᠨ | ᠡᠷᠡᠭᠦᠯ ᠮᠡᠡᠳᠦ ᠶᠢ ᠬᠦᠨᠳᠦ ᠬᠡᠴᠡᠭᠦᠦ ᠬᠤᠬᠢᠷᠠᠭᠤᠯᠬᠤ ᠪᠣᠯᠬᠤᠷ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ | ᠲᠣᠳᠣᠷᠬᠠᠢ ᠲᠣᠭᠲᠠᠭᠠᠵᠠᠢ᠃ ᠨᠠᠰᠤᠨ ᠳᠤ ᠥᠯᠥ ᠭᠦᠷᠦᠭᠰᠡᠳ ᠭᠡᠷ ᠪᠦᠯᠢ ᠶᠢᠨ ᠬᠦᠴᠦᠷᠬᠡᠭᠯᠡᠯ ᠢᠯᠠᠩᠭᠤᠶ᠎ᠠ | ᠪᠡᠶ᠎ᠡ ᠮᠠᠬᠠᠪᠤᠳ ᠤᠨ ᠬᠦᠴᠦᠷᠬᠡᠭᠯᠡᠯ ᠢ ᠨᠢᠳᠦ ᠪᠠᠷ ᠢᠶᠠᠨ ᠦᠵᠡᠪᠡᠯ᠂ ᠲᠡᠭᠦᠨ ᠤ ᠰᠡᠳᠬᠢᠴᠡ ᠳᠤ ᠯᠤᠲᠤ ᠶᠡᠭᠡ | ᠳᠠᠭᠠᠷᠢᠯᠲᠠ ᠤᠴᠠᠷᠠᠭᠤᠯᠬᠤ ᠪᠠᠷ ᠪᠠᠷᠠᠬᠤ ᠦᠭᠡᠢ᠂ ᠪᠠᠰᠠ ᠪᠤᠰᠤᠳ ᠤᠨ ᠠᠭᠤᠷ ᠬᠢᠯᠢᠩ ᠢᠶᠠᠨ ᠭᠠᠷᠭᠠᠬᠤ᠂ | ᠬᠠᠷᠢᠶᠠᠯᠴᠠᠵᠤ ᠵᠣᠳᠣᠯᠴᠠᠬᠤ ᠵᠡᠷᠭᠡ ᠰᠢᠯᠲᠠᠭᠠᠨ ᠠᠴᠠ ᠪᠣᠯᠵᠤ ᠪᠡᠶ᠎ᠡ ᠰᠡᠳᠬᠢᠯ ᠳᠤᠨᠢ ᠰᠢᠷᠬ᠎ᠠ ᠰᠣᠷᠪᠢ ᠰᠠᠭᠤᠯᠭᠠᠵᠤ | ᠮᠡᠳᠡᠨ᠎ᠡ᠂ ᠦᠷᠬᠦᠯᠵᠢ ᠡᠶᠢᠮᠦ ᠣᠷᠴᠢᠨ ᠳᠤ ᠪᠠᠶᠢᠭᠠᠳ ᠪᠠᠶᠢᠪᠠᠯ ᠴᠢᠨᠠᠭᠰᠢᠯᠠᠨ ︽ᠬᠦᠴᠦᠷᠬᠡᠭᠯᠡᠯ ᠢᠶᠠᠷ ᠠᠯᠢᠪᠠ ᠶᠢ | ᠰᠢᠢᠳᠪᠦᠷᠢᠯᠡᠬᠦ︾ ᠪᠤᠷᠤᠭᠤ ᠦᠵᠡᠯᠲᠡ ᠲᠠᠢ ᠪᠣᠯᠵᠤ᠂ ᠲᠡᠭᠦᠨ ᠤ ᠦᠰᠦᠨ ᠪᠤᠶᠢᠵᠢᠯᠲᠠ ᠳᠤ ᠣᠮᠲᠣᠭᠠᠶᠢᠯᠠᠵᠤ ᠪᠣᠯᠣᠰᠢ | ᠦᠭᠡᠢ ᠨᠠᠵᠠᠭᠠᠢ ᠨᠥᠯᠥᠭᠡ ᠦᠵᠡᠭᠦᠯᠵᠦ ᠮᠡᠳᠡᠨ᠎ᠡ᠃ ᠡᠴᠢᠭᠡ ᠡᠬᠡ ᠪᠣᠯ ᠬᠡᠦᠬᠡᠳ ᠤᠨ ᠠᠩᠬᠠᠨ ᠤ ᠪᠠᠭᠰᠢ | ᠮᠥᠨ᠂ ᠬᠡᠦᠬᠡᠳ ᠢ ᠬᠥᠲᠥᠯᠥᠨ ᠵᠢᠯᠤᠭᠤᠳᠴᠤ ᠪᠠᠶᠢᠠᠭᠳ ᠮᠡᠳᠡᠯᠭᠡ ᠡᠵᠡᠮᠰᠢᠭᠦᠯᠵᠦ ᠡᠷᠳᠡᠮ ᠴᠢᠳᠠᠪᠤᠷᠢ ᠶᠢ ᠨᠢ | ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠨᠠᠩ ᠴᠤ ᠬᠡᠦᠬᠡᠳ ᠢ ᠬᠠᠪᠰᠤᠷᠤᠨ ᠰᠠᠶᠢᠨ ᠰᠠᠶᠢᠬᠠᠨ ᠵᠠᠩ ᠮᠣᠷᠠᠯ ᠪᠠ ᠦᠢᠯᠡ | ᠠᠵᠢᠯᠯᠠᠭᠠᠨ ᠤ ᠳᠠᠳᠬᠠᠯ ᠲᠠᠢ ᠪᠣᠯᠭᠠᠬᠤ ᠬᠡᠷᠡᠭᠲᠡᠢ᠃ ᠭᠡᠪᠡᠴᠦ ᠪᠣᠳᠠᠲᠤ ᠠᠮᠢᠳᠤᠷᠠᠯ ᠳᠤᠮᠳᠠ᠂ ᠵᠠᠷᠢᠮ ᠡᠴᠢᠭᠡ ᠡᠬᠡ ᠨᠢ | ᠰᠤᠷᠤᠯᠭ᠎ᠠ ᠶᠢᠨ ᠬᠢᠷᠢ ᠪᠦᠲᠦᠮᠵᠢ ᠪᠠᠷ ᠴᠣᠷ ᠤᠨ ᠭᠠᠭᠴᠠ ᠵᠣᠷᠢᠯᠭ᠎ᠠ ᠪᠣᠯᠭᠠᠵᠤ᠂ ᠬᠡᠦᠬᠡᠳ ᠤᠨ ᠡᠷᠡᠭᠦᠯ ᠴᠢᠭᠢᠷᠠᠭ | ᠪᠡᠶ᠎ᠡ ᠮᠠᠬᠠᠪᠤᠳ ᠤᠨ ᠰᠡᠳᠬᠢᠴᠡ ᠶᠢᠨ ᠪᠤᠶᠢᠵᠢᠯᠲᠠ ᠶᠢᠨ ᠵᠢᠮ᠎ᠡ ᠶᠣᠰᠣ ᠶᠢ ᠣᠮᠲᠣᠭᠠᠶᠢᠯᠠᠳᠠᠭ︔ ᠵᠠᠷᠢᠮ ᠡᠴᠢᠭᠡ ᠡᠬᠡ | ᠨᠢ ︽ᠬᠠᠶᠢᠷ᠎ᠠ ᠶᠢᠨ ᠭᠦᠨ ᠤᠳᠬ᠎ᠠ ᠠᠭᠤᠯᠭ᠎ᠠ᠂ ᠬᠠᠷᠢᠭᠤᠴᠠᠯᠭ᠎ᠠ ᠶᠢᠨ ᠲᠤᠯᠭᠠᠮ᠎ᠠ ᠱᠠᠭᠠᠷᠳᠠᠯᠭ᠎ᠠ︾ ᠶᠢ | ᠥᠷᠥᠭᠡᠰᠦᠭᠡᠯ ᠢᠶᠠᠷ ᠣᠶᠢᠯᠠᠭᠠᠵᠤ᠂ ᠬᠠᠯᠲᠤᠰᠬᠢᠪᠡᠯ ᠵᠣᠳᠣᠵᠤ ᠬᠠᠷᠢᠶᠠᠬᠤ ᠬᠡᠯᠪᠡᠷᠢ ᠪᠠᠷ ᠬᠡᠦᠬᠡᠳ ᠢ ᠬᠠᠮᠢᠶᠠᠷᠴᠤ | ᠰᠤᠷᠭᠠᠳᠠᠭ︔ ᠵᠠᠷᠢᠮ ᠡᠴᠢᠭᠡ ᠡᠬᠡ ᠨᠢ ᠬᠡᠦᠬᠡᠳ ᠤᠨ ᠢᠶᠠᠨ ᠦᠨᠡᠨ ᠪᠣᠳᠠᠲᠠᠢ ᠬᠦᠰᠡᠯ ᠰᠠᠨᠠᠭ᠎ᠠ ᠶᠢ ᠪᠣᠳᠣᠯᠬᠢᠯᠠᠬᠤ | ᠦᠭᠡᠢ ᠪᠠᠷ ᠥᠪᠡᠷ ᠤᠨ ᠰᠤᠷᠭᠠᠨ ᠬᠥᠮᠥᠵᠢᠭᠦᠯᠬᠦ ᠣᠶᠢᠯᠠᠭᠠᠭᠳᠠᠬᠤᠨ ᠪᠠ ᠰᠤᠷᠭᠠᠨ ᠬᠥᠮᠥᠵᠢᠭᠦᠯᠬᠦ ᠠᠷᠭ᠎ᠠ | ᠮᠠᠶ᠋ᠢᠭ ᠢᠶᠠᠨ ᠠᠯᠪᠠ ᠪᠠᠷ ᠬᠡᠷᠡᠭᠵᠢᠭᠦᠯᠵᠦ ᠪᠠᠶᠢᠳᠠᠭ︔ ᠪᠠᠰᠠ ᠵᠠᠷᠢᠮ ᠡᠴᠢᠭᠡ ᠡᠬᠡ ᠨᠢ ᠠᠵᠢᠯ ᠠᠮᠢᠳᠤᠷᠠᠯ ᠤᠨ ᠳᠤᠮᠳᠠ | ᠬᠤᠷᠠᠮᠳᠤᠭᠰᠠᠨ ᠳᠠᠷᠤᠯᠲᠠ ᠪᠠ ᠨᠠᠵᠠᠭᠠᠢ ᠰᠡᠳᠬᠢᠯᠭᠡ ᠪᠠᠨ ᠥᠪᠡᠷ ᠤᠨ ᠡᠷᠬᠡ ᠦᠭᠡᠢ ᠬᠡᠦᠬᠡᠳ ᠤᠨ ᠢᠶᠠᠨ ᠪᠡᠶ᠎ᠡ | ᠳᠡᠭᠡᠷ᠎ᠡ ᠭᠠᠷᠭᠠᠳᠠᠭ᠃ ᠡᠲᠡᠭᠡᠷ ᠪᠡᠶ᠎ᠡ ᠮᠠᠬᠠᠪᠤᠳ ᠣᠶᠤᠨ ᠰᠠᠨᠠᠭᠠᠨ ᠤ ᠬᠠᠯᠳᠠᠯᠭ᠎ᠠ ᠶᠢᠨ ᠠᠵᠢᠯᠯᠠᠭ᠎ᠠ ᠨᠢ ᠨᠠᠰᠤᠨ ᠳᠤ | ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠦᠨᠳᠦ ᠬᠡᠴᠡᠭᠦᠦ ᠨᠥᠯᠥᠭᠡᠯᠡᠵᠦ ᠪᠠᠶᠢᠨ᠎ᠠ᠃ |