ᠨᠠᠰᠤᠨ ᠳᠤ ᠦᠯᠦ ᠬᠦᠷᠦᠭᠰᠡᠳ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠢᠯᠤᠭᠤᠳᠴᠤ ᠠᠳᠡᠯ ᠭᠠᠷᠪᠠᠯ ᠲᠥᠯᠥᠪᠦᠷᠢ ᠶᠢᠨ ᠬᠠᠷᠢᠭᠤᠴᠠᠯᠭ᠎ᠠ ᠶᠢ ᠬᠡᠨ ᠡᠭᠦᠷᠭᠡᠯᠡᠬᠦ ᠪᠤᠶ︖
ᠨᠡᠶᠢᠲᠡᠯᠡᠭᠰᠡᠨ ᠴᠠᠭ᠄
2023/12/5
ᠨᠠᠰᠤᠨ ᠳᠤ ᠦᠯᠦ ᠬᠦᠷᠦᠭᠰᠡᠳ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠢᠯᠤᠭᠤᠳᠴᠤ ᠠᠳᠡᠯ ᠭᠠᠷᠪᠠᠯ ᠲᠥᠯᠥᠪᠦᠷᠢ ᠶᠢᠨ ᠬᠠᠷᠢᠭᠤᠴᠠᠯᠭ᠎ᠠ ᠶᠢ ᠬᠡᠨ ᠡᠭᠦᠷᠭᠡᠯᠡᠬᠦ ᠪᠤᠶ︖     ᠰᠢᠭᠦᠬᠦ ᠬᠤᠷᠢᠶ᠎ᠠ᠄ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠲᠠᠢ ᠬᠥᠮᠥᠨ ᠬᠡᠷᠪᠡ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠣᠯ ᠬᠢᠨᠠᠨ ᠬᠠᠮᠠᠭᠠᠯᠠᠭᠴᠢ ᠨᠢ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ      ᠠᠷᠠᠳ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠧᠶ ᠬᠦᠶ ᠴᠢᠮᠡᠭᠡᠯᠡᠭᠴᠢ ᠹᠠᠨ ᠹᠠᠨ︶ ᠨᠠᠰᠤᠨ ᠳᠤ ᠥᠯᠥ ᠭᠦᠷᠦᠭᠰᠡᠳ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠢᠯᠣᠭᠤᠳᠤᠨ ᠵᠠᠮ ᠳᠤ ᠭᠠᠷᠤᠭᠠᠳ ᠬᠡᠷᠪᠡ ᠵᠠᠮ ᠬᠠᠷᠢᠯᠴᠠᠭᠠᠨ ᠤ ᠠᠳᠡᠯ ᠭᠠᠷᠭᠠᠪᠠᠯ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢ ᠬᠡᠨ ᠡᠭᠦᠷᠭᠡᠯᠡᠬᠦ  ᠪᠣᠶ︖  ᠣᠶᠢᠷ᠎ᠠ ᠳᠤ ᠬᠤᠪᠧᠢ ᠮᠤᠵᠢ ᠶᠢᠨ ᠰᠦᠢᠵᠧᠦ ᠬᠤᠲᠠ ᠶᠢᠨ ᠽᠧᠩ ᠳ᠋ᠦ᠋  ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠮᠠᠰᠢᠨᠲᠤ ᠪᠤᠰᠤ ᠲᠡᠷᠭᠡᠨ ᠤ ᠵᠠᠮ ᠬᠠᠷᠢᠯᠴᠠᠭᠠᠨ ᠤ ᠠᠳᠡᠯ ᠤᠨ ᠬᠠᠷᠢᠭᠤᠴᠠᠯᠭ᠎ᠠ ᠶᠢᠨ ᠵᠢᠭᠤᠷᠠᠯᠳᠤᠭᠠᠨ ᠤ ᠬᠡᠷᠡᠭ ᠢ ᠰᠢᠭᠦᠨ  ᠰᠢᠢᠳᠪᠦᠷᠢᠯᠡᠵᠦ᠂ ᠵᠠᠭᠠᠯᠳᠤᠭᠳᠠᠭᠴᠢ ᠴᠧᠨ ᠣᠪᠣᠭᠲᠤ ᠶᠢᠨ ᠬᠢᠨᠠᠨ ᠬᠠᠮᠠᠭᠠᠯᠠᠭᠴᠢ ᠪᠠᠷ ᠵᠠᠮ ᠬᠠᠷᠢᠯᠴᠠᠭᠠᠨ ᠤ ᠠᠳᠡᠯ ᠠᠴᠠ ᠪᠣᠯᠤᠭᠰᠠᠨ ᠵᠠᠭᠠᠯᠳᠤᠭᠴᠢ ᠶᠢᠨ ᠬᠤᠬᠢᠷᠠᠯ ᠢ 1.2 ᠲᠦᠮᠡᠨ ᠲᠥᠭᠦᠷᠢᠭ ᠲᠥᠯᠥᠭᠦᠯᠬᠦ ᠪᠠᠷ ᠲᠡᠰᠦᠯᠵᠡᠶ᠃       ᠯᠧᠢ ᠣᠪᠣᠭᠲᠤ ᠪᠣᠯᠣᠨ ᠴᠧᠨ ᠣᠪᠣᠭᠲᠤ ᠪᠣᠯ ᠬᠠᠮᠲᠤ ᠰᠤᠷᠤᠯᠭᠠᠲᠠᠨ ᠮᠥᠨ᠃ 2022 ᠣᠨ ᠤ  7  ᠰᠠᠷ᠎ᠠ ᠶᠢᠨ29 ᠤ ᠡᠳᠦᠷ᠂ ᠰᠤᠷᠭᠠᠭᠤᠯᠢ  ᠲᠠᠷᠬᠠᠭᠰᠠᠨ ᠤ  ᠳᠠᠷᠠᠭ᠎ᠠ  ᠴᠧᠨ ᠣᠪᠣᠭᠲᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠢᠯᠣᠭᠤᠳᠤᠨ ᠯᠧᠢ ᠣᠪᠣᠭᠲᠤ ᠶᠢ ᠰᠤᠨᠳᠠᠯᠠᠭᠤᠯᠵᠤ ᠰᠦᠢᠵᠧᠦ ᠬᠤᠲᠠ ᠶᠢᠨ ᠶᠢᠩ ᠪᠢᠨ ᠶᠡᠭᠡ ᠵᠠᠮ ᠤᠨ  ᠪᠢᠨ ᠬᠤ᠋ ᠸᠠᠨ ᠤ ᠡᠮᠦᠨᠡᠭᠦᠷ ᠥᠩᠭᠡᠷᠡᠬᠦ ᠵᠠᠮ ᠤᠨ ᠬᠡᠰᠡᠭ ᠲᠤ ᠬᠦᠷᠬᠦ ᠳᠤ  ᠨᠥᠭᠦᠭᠡ  ᠨᠢᠭᠡ ᠴᠠᠬᠢᠯᠭᠠᠨ ᠬᠥᠳᠡᠯᠭᠡᠭᠦᠷᠲᠦ ᠳᠤᠭᠤᠢ  ᠲᠡᠷᠭᠡᠨ ᠤ ᠡᠵᠡᠨ ᠲᠠᠢ ᠮᠥᠷᠭᠦᠯᠳᠦᠵᠦ᠂ ᠯᠧᠢ ᠣᠪᠣᠭᠲᠤ ᠰᠢᠷᠬᠠᠲᠤᠭᠰᠠᠨ ᠪᠠ ᠬᠤᠶᠠᠷ ᠲᠡᠷᠭᠡ ᠬᠤᠬᠢᠷᠠᠭᠰᠠᠨ ᠵᠠᠮ  ᠬᠠᠷᠢᠯᠴᠠᠭᠠᠨ ᠤ ᠠᠳᠡᠯ ᠭᠠᠷᠭᠠᠵᠠᠢ᠃ ᠵᠠᠮ ᠬᠠᠷᠢᠯᠴᠠᠭᠠᠨ ᠤ ᠴᠠᠭᠳᠠᠭ᠎ᠠ ᠨᠠᠷ᠂ ᠴᠧᠨ ᠣᠪᠣᠭᠲᠤ ᠡᠨᠡ ᠤᠳᠠᠭᠠᠨ ᠤ ᠠᠳᠡᠯ ᠤᠨ ᠳᠡᠳ᠋ ᠬᠠᠷᠢᠭᠤᠴᠠᠯᠭ᠎ᠠ ᠶᠢ ᠡᠭᠦᠷᠭᠡᠯᠡᠨ᠎ᠡ᠂ ᠯᠧᠢ ᠣᠪᠣᠭᠲᠤ ᠬᠠᠷᠢᠭᠤᠴᠠᠯᠭ᠎ᠠ ᠡᠭᠦᠷᠭᠡᠯᠡᠬᠦ ᠦᠭᠡᠢ ᠭᠡᠵᠦ ᠮᠠᠭᠠᠳᠯᠠᠨ ᠲᠣᠭᠲᠠᠭᠠᠪᠠ᠃  ᠯᠧᠢ ᠣᠪᠣᠭᠲᠤ ᠡᠮᠨᠡᠯᠭᠡ ᠠᠴᠠ ᠭᠠᠷᠤᠭᠰᠠᠨ ᠤ ᠳᠠᠷᠠᠭ᠎ᠠ ᠴᠧᠨ ᠣᠪᠣᠭᠲᠤ ᠲᠠᠢ ᠵᠥᠪᠳᠡᠯᠴᠡᠨ ᠶᠠᠷᠢᠯᠴᠠᠭᠰᠠᠨ ᠪᠤᠯᠪᠠᠴᠤ ᠲᠥᠯᠥᠪᠦᠷᠢ  ᠥᠭᠭᠦᠭᠰᠡᠨ‌ᠦᠭᠡᠢ ᠪᠣᠯᠬᠤᠷ ᠴᠧᠨ ᠣᠪᠣᠭᠲᠤ ᠶᠢ ᠰᠢᠭᠦᠬᠦ ᠬᠤᠷᠢᠶ᠎ᠠ ᠳᠤ ᠵᠠᠭᠠᠯᠳᠤᠵᠤ᠂ ᠲᠡᠭᠦᠨ ᠤ ᠡᠯ᠎ᠡ ᠵᠦᠢᠯ ᠤᠨ ᠠᠵᠤ  ᠠᠬᠤᠢ ᠶᠢᠨ ᠬᠤᠬᠢᠷᠠᠯ ᠨᠡᠶᠢᠲᠡ 1.5 ᠲᠦᠮᠡ ᠭᠠᠷᠤᠢ ᠲᠥᠭᠦᠷᠢᠭ ᠲᠥᠯᠥᠭᠦᠯᠬᠦ ᠪᠠᠷ ᠱᠠᠭᠠᠷᠳᠠᠵᠠᠢ᠃      ᠰᠢᠭᠦᠬᠦ ᠬᠤᠷᠢᠶ᠎ᠠ ᠰᠢᠭᠦᠭᠰᠡᠨ ᠤ ᠲᠠᠷᠠᠭ᠎ᠠ᠂ ᠦᠢᠯᠠ ᠠᠵᠢᠯᠯᠠᠭᠠᠳᠠᠨ ᠤ ᠪᠤᠷᠤᠭᠤ ᠠᠴᠠ ᠪᠣᠯᠵᠤ ᠪᠤᠰᠤᠳ ᠤᠨ ᠢᠷᠭᠡᠨ ᠤ ᠬᠡᠷᠡᠭ ᠤᠨ ᠡᠷᠬᠡ ᠳᠤ ᠬᠠᠯᠳᠠᠭᠰᠠᠨ ᠪᠠᠶᠢᠪᠠᠯ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠵᠠᠭᠠᠯᠳᠤᠭᠳᠠᠭᠴᠢ ᠴᠧᠨ ᠣᠪᠣᠭᠲᠤ ᠬᠡᠳᠦᠶᠢᠪᠡᠷ ᠪᠦᠬᠦᠯᠢ 17 ᠨᠠᠰᠤ ᠬᠦᠷᠦᠭᠰᠡᠨ  ᠪᠣᠯᠪᠠᠴᠤ  ᠮᠥᠨ ᠯᠡ ᠨᠠᠰᠤᠨ ᠳᠤ ᠦᠯᠦ ᠬᠦᠷᠦᠭᠰᠡᠳ ᠪᠠᠶᠢᠭᠰᠠᠭᠠᠷ ᠲᠤᠯᠠ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠲᠠᠢ ᠬᠥᠮᠥᠨ ᠳᠤ ᠲᠣᠭᠠᠴᠠᠭᠳᠠᠨ᠎ᠠ᠂ ᠲᠡᠭᠦᠨ ᠤ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ  ᠶᠠᠪᠤᠳᠠᠯ ᠢ ᠬᠢᠨᠠᠨ ᠬᠠᠮᠠᠭᠠᠯᠠᠭᠴᠢ ᠨᠢ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ ᠭᠡᠵᠦ ᠦᠵᠡᠭᠡᠳ ᠰᠢᠭᠦᠬᠦ ᠬᠤᠷᠢᠶ᠎ᠠ ᠲᠡᠷᠡ ᠳᠣᠣᠷ᠎ᠠ ᠨᠢ ᠳᠡᠭᠡᠷᠡᠬᠢ ᠲᠠᠰᠤᠯᠤᠯᠲᠠ ᠶᠢ ᠭᠠᠷᠭᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号