ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠰᠠᠯᠠᠭ᠎ᠠ ᠮᠥᠴᠢᠷ ᠬᠠᠮᠲᠤᠷᠠᠨ ︽  ᠤᠯᠤᠰ ᠤᠨ ᠦᠳᠡᠯᠦᠭᠡ ᠨᠠᠰᠤᠨ ᠤ ᠪᠠᠭᠰᠢ ᠨᠠᠷ ᠤᠨ ᠠᠵᠢᠯᠯᠠᠭ᠎ᠠ ᠶᠢᠨ  ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/12/5
ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠰᠠᠯᠠᠭ᠎ᠠ ᠮᠥᠴᠢᠷ ᠬᠠᠮᠲᠤᠷᠠᠨ ︽ ᠤᠯᠤᠰ ᠤᠨ ᠦᠳᠡᠯᠦᠭᠡ ᠨᠠᠰᠤᠨ ᠤ ᠪᠠᠭᠰᠢ ᠨᠠᠷ ᠤᠨ ᠠᠵᠢᠯᠯᠠᠭ᠎ᠠ ᠶᠢᠨ  ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠪᠠ       ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ  ᠵᠡᠷᠭᠡ ᠠᠷᠪᠠᠨ ᠰᠠᠯᠠᠭ᠎ᠠ  ᠮᠥᠴᠢᠷ ᠬᠠᠮᠲᠤᠷᠠᠨ ︽ᠤᠯᠤᠰ ᠤᠨ ᠦᠳᠡᠯᠦᠭᠡ ᠨᠠᠰᠤᠨ ᠤ ᠪᠠᠭᠰᠢ ᠨᠠᠷ ᠤᠨ ᠠᠵᠢᠯᠯᠠᠭ᠎ᠠ ᠶᠢᠨ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ᠂ ᠤᠯᠤᠰ ᠤᠨ  ᠲᠠᠯ᠎ᠠ‌ ᠠᠴᠠ ᠥᠲᠡᠯᠦᠭᠰᠡᠨ ᠪᠣᠯᠪᠠᠴᠤ ᠶᠠᠭᠤᠮ᠎ᠠ ᠬᠢᠬᠦ ᠲᠠᠪᠴᠠᠩ ᠢ ᠪᠠᠶᠢᠭᠤᠯᠵᠤ᠂ ᠠᠵᠢᠯ ᠠᠴᠠ ᠪᠠᠨ ᠠᠮᠠᠷᠠᠭᠰᠠᠨ ᠳᠠᠯᠳᠠ ᠬᠦᠴᠦᠨ ᠢ ᠠᠭᠤᠳᠠᠯᠤᠨ ᠪᠠᠭᠰᠢ ᠶᠢᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠲᠡᠭᠦᠨ ᠤ ᠠᠰᠢᠭᠲᠠᠢ ᠪᠠᠷ ᠨᠥᠬᠦᠪᠦᠷᠢᠯᠡᠬᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠥᠬᠦ  ᠠᠷᠠᠳ ᠢᠶᠠᠷ ᠢᠶᠠᠨ ᠨᠠᠰᠤᠨ ᠲᠤᠷᠰᠢᠲᠠ ᠰᠤᠷᠤᠯᠴᠠᠬᠤ ᠰᠤᠷᠤᠯᠴᠠᠬᠤ ᠬᠡᠯᠪᠡᠷᠢ ᠶᠢᠨ ᠨᠡᠶᠢᠭᠡᠮ᠂ ᠰᠤᠷᠤᠯᠴᠠᠬᠤ ᠬᠡᠯᠪᠡᠷᠢ ᠶᠢᠨ ᠲᠣᠮᠣ ᠤᠯᠤᠰ ᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠪᠠᠷ ᠪᠠᠶᠢᠨ᠎ᠠ᠃     ︽ᠲᠥᠯᠥᠪᠯᠡᠭᠡ︾ ᠨᠢ ︽ᠳᠤᠮᠳᠠᠳᠤ ᠪᠠᠭ᠎ᠠ ᠰᠤᠷᠭᠠᠭᠤᠯᠢ ᠶᠢᠨ ᠦᠳᠡᠯᠦᠭᠡ  ᠨᠠᠰᠤᠨ ᠤ ᠪᠠᠭᠰᠢ ᠨᠠᠷ ᠤᠨ ᠬᠢᠴᠢᠶᠡᠯ ᠣᠷᠣᠬᠤ ᠲᠥᠯᠥᠪᠯᠡᠭᠡ︾᠂ ︽ᠶᠡᠭᠡ ᠳᠡᠭᠡᠳᠦ ᠰᠤᠷᠭᠠᠭᠤᠯᠢ ᠶᠢᠨ ᠦᠳᠡᠯᠦᠭᠡ ᠨᠠᠰᠤᠨ ᠤ ᠪᠠᠭᠰᠢ ᠨᠠᠷ ᠤᠨ ᠪᠠᠷᠠᠭᠤᠨ  ᠣᠷᠣᠨ ᠢ ᠲᠤᠰᠠᠯᠠᠬᠤ ᠲᠥᠯᠥᠪᠯᠡᠭᠡ︾ ᠶᠢᠨ ᠲᠤᠷᠰᠢᠯᠲᠠ ᠶᠢᠨ ᠴᠢᠭ᠋ ᠤᠨ ᠲᠤᠷᠰᠢᠯᠭ᠎ᠠ ᠶᠢ ᠳ᠋ᠦᠩᠨᠡᠵᠦ᠂ ᠰᠢᠨ᠎ᠡ ᠪᠠᠶᠢᠳᠠᠯ ᠰᠢᠨ᠎ᠡ ᠡᠭᠦᠷᠭᠡ ᠪᠠᠷ ᠪᠠᠷᠢᠮᠵᠢᠶᠠᠯᠠᠵᠤ᠂ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠲᠥᠯᠥᠪᠯᠡᠭᠡ ᠶᠢ ᠴᠢᠩᠭᠠᠳᠬᠠᠪᠠ᠃   ᠤᠯᠤᠰ ᠤᠨ ᠦᠳᠡᠯᠦᠭᠡ ᠨᠠᠰᠤᠨ ᠤ ᠪᠠᠭᠰᠢ ᠨᠠᠷ ᠤᠨ ᠠᠵᠢᠯᠯᠠᠭ᠎ᠠ ᠶᠢᠨ ᠲᠥᠯᠥᠪᠯᠡᠭᠡ ᠳᠤ ᠲᠠᠪᠤᠨ  ᠶᠡᠭᠡ  ᠠᠵᠢᠯᠯᠠᠭ᠎ᠠ ᠪᠠᠭᠲᠠᠨ᠎ᠠ᠃        ᠡᠭᠦᠨ ᠳᠤ᠂ ᠦᠳᠡᠯᠦᠭᠡ ᠨᠠᠰᠤᠨ ᠤ ᠪᠠᠭᠰᠢ ᠨᠠᠷ ᠤᠨ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠨᠢ ᠤᠯᠤᠰ ᠤᠨ  ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠦᠢᠯᠡᠴᠢᠯᠡᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠳᠠᠯᠳᠠ ᠬᠦᠴᠦᠨ ᠲᠠᠢ᠂ ᠳᠠᠪᠠᠭᠤᠯᠢᠭ  ᠣᠨᠴᠠᠯᠢᠭᠲᠤ  ᠬᠢᠴᠢᠶᠡᠯ ᠲᠥᠷᠥᠯ ᠲᠠᠢ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠪᠠ  ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢᠨ ᠲᠦᠪᠰᠢᠨ ᠢᠶᠠᠨ ᠳᠡᠭᠡᠭᠰᠢᠯᠡᠭᠦᠯᠬᠦ ᠪᠠᠷ ᠪᠠᠴᠢᠮ ᠱᠠᠭᠠᠷᠳᠠᠵᠤ ᠪᠠᠶᠢᠭ᠎ᠠ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢ ᠭᠤᠣᠯᠳᠠᠯᠭ᠎ᠠ ᠲᠠᠢ ᠳᠡᠮᠵᠢᠨ᠎ᠡ᠃     ᠦᠳᠡᠯᠦᠭᠡ ᠨᠠᠰᠤᠨ ᠤ ᠪᠠᠭᠰᠢ ᠨᠠᠷ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠨᠢ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠤᠨ ᠠᠵᠤ ᠦᠢᠯᠡᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠲᠠᠢ᠂ ᠰᠤᠷᠭᠠᠭᠤᠯᠢ ᠡᠷᠭᠢᠯᠡᠬᠦ ᠨᠥᠬᠦᠴᠡᠯ ᠲᠠᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃     ᠦᠳᠡᠯᠦᠭᠡ ᠨᠠᠰᠤᠨ ᠤ ᠪᠠᠭᠰᠢ ᠨᠠᠷ ᠤᠨ ᠰᠠᠭᠤᠷᠢ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠨᠢ ᠰᠠᠭᠤᠷᠢ ᠰᠤᠷᠭᠠᠨ‌ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠶᠢᠨ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠦᠳᠡᠯᠦᠭᠡ ᠨᠠᠰᠤᠨ ᠤ ᠪᠠᠭᠰᠢ ᠨᠠᠷ ᠤᠨ ᠬᠢᠴᠢᠶᠡᠯ ᠣᠷᠣᠬᠤ ᠲᠥᠯᠥᠪᠯᠡᠭᠡ ᠶᠢᠨ ᠰᠠᠭᠤᠷᠢᠨ ᠳᠡᠭᠡᠷ᠎ᠡ ᠰᠢᠯᠢᠳᠡᠭᠵᠢᠭᠦᠯᠦᠨ ᠲᠠᠰ ᠳᠡᠪᠰᠢᠭᠦᠯᠦᠨ᠎ᠡ᠃        ᠦᠳᠡᠯᠦᠭᠡ ᠨᠠᠰᠤᠨ ᠤ ᠪᠠᠭᠰᠢ ᠨᠠᠷ ᠤᠨ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ  ᠨᠢ ᠪᠠᠭᠰᠢ ᠶᠢᠨ ᠡᠩᠨᠡᠭᠡ ᠶᠢ ᠪᠠᠶᠢᠭᠤᠯᠤᠨ  ᠬᠦᠴᠦᠷᠬᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠱᠠᠲᠤᠨ ᠤ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠪᠠᠶᠢᠭᠤᠯᠤᠮᠵᠢ᠂ ᠨᠡᠶᠢᠭᠡᠮ  ᠲᠣᠭᠤᠷᠢᠭ ᠤᠨ ᠰᠤᠷᠭᠠᠨ ᠬᠥᠮᠦᠵᠢᠯ ᠤᠨ ᠪᠠᠶᠢᠭᠤᠯᠤᠮᠵᠢ᠂ ᠨᠡᠭᠡᠭᠡᠯᠲᠡᠲᠤ ᠰᠤᠷᠭᠠᠨ ᠬᠥᠮᠦᠵᠢᠯ ᠤᠨ  ᠪᠠᠶᠢᠭᠤᠯᠤᠮᠵᠢ ᠶᠢᠨ ᠬᠥᠭᠵᠢᠯᠲᠡ ᠶᠢᠨ ᠲᠦᠪᠰᠢᠨ ᠢᠶᠠᠨ ᠳᠡᠭᠡᠭᠰᠢᠯᠡᠭᠦᠯᠬᠦ ᠶᠢ ᠳᠡᠮᠵᠢᠨ᠎ᠡ᠃         ᠦᠳᠡᠯᠦᠭᠡ ᠨᠠᠰᠤᠨ ᠤ ᠪᠠᠭᠰᠢ ᠨᠠᠷ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠨᠢ ᠡᠯ᠎ᠡ ᠱᠠᠲᠤᠨ ᠤ ᠡᠯ᠎ᠡ ᠲᠥᠷᠥᠯ ᠤᠨ  ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠴᠢᠮ ᠬᠡᠷᠡᠭᠰᠡᠬᠦ ᠥᠨᠳᠥᠷ ᠬᠡᠪ ᠪᠣᠯᠪᠠᠰᠤᠷᠠᠯ ᠪᠦᠬᠦᠢ ᠪᠠᠭᠰᠢ  ᠶᠢᠨ ᠪᠠᠭᠰᠢᠯᠠᠬᠤ ᠠᠷᠠᠳ ᠠᠴᠠ ᠡᠷᠭᠢᠯᠡᠭᠰᠡᠨ ᠡᠩ ᠤᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ  ᠰᠤᠷᠭᠠᠭᠤᠯᠢ ᠶᠢ ᠭᠤᠣᠯᠳᠠᠯᠭ᠎ᠠ ᠲᠠᠢ ᠳᠡᠮᠵᠢᠨ᠎ᠡ᠃    ︽ᠲᠥᠯᠥᠪᠯᠡᠭᠡ︾ ᠳᠤ᠂ ᠭᠤᠷᠪᠠᠨ ᠵᠢᠯ ᠣᠷᠴᠢᠮ ᠤᠨ ᠬᠤᠭᠤᠴᠠᠭ᠎ᠠ ᠶᠢ  ᠥᠩᠭᠡᠷᠡᠭᠡᠪᠡᠯ᠂ ᠦᠳᠡᠯᠦᠭᠡ ᠨᠠᠰᠤᠨ ᠤ ᠪᠠᠭᠰᠢ ᠨᠠᠷ ᠤᠨ ᠡᠯ᠎ᠡ ᠱᠠᠲᠤᠨ ᠤ ᠡᠯ᠎ᠡ  ᠲᠥᠷᠥᠯ ᠤᠨ ᠰᠤᠷᠭᠠᠨ ᠬᠥᠮᠦᠵᠢᠯ ᠳᠤ ᠦᠢᠯᠡᠴᠢᠯᠡᠬᠦ ᠠᠵᠢᠯ ᠤᠨ ᠰᠢᠰᠲ᠋ᠧᠮ ᠦᠨᠳᠦᠰᠦᠨ ᠳᠡᠭᠡᠨ ᠪᠦᠷᠢᠨᠰᠢᠵᠦ᠂ ᠦᠢᠯᠡᠴᠢᠯᠡᠭᠡᠨ ᠤ ᠴᠢᠳᠠᠪᠤᠷᠢ ᠲᠠᠰᠤᠷᠠᠯᠲᠠ   ᠦᠭᠡᠢ ᠳᠡᠭᠡᠭᠰᠢᠯᠡᠵᠦ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠨᠡᠶᠢᠭᠡᠮ ᠨᠡᠶᠢᠳᠡ ᠪᠠᠷ ᠢᠶᠠᠨ ᠣᠷᠣᠯᠴᠠᠭᠰᠠᠨ ᠦᠳᠡᠯᠦᠭᠡ ᠨᠠᠰᠤᠨ ᠤ ᠪᠠᠭᠰᠢ ᠨᠠᠷ ᠤᠨ ᠬᠥᠭᠵᠢᠯᠲᠡ ᠶᠢᠨ ᠪᠠᠶᠢᠷᠢᠰᠢᠯ ᠦᠨᠳᠦᠰᠦᠨ ᠳᠡᠭᠡᠨ ᠪᠦᠷᠢᠯᠳᠦᠵᠦ᠂ ᠲᠣᠭᠠᠴᠢᠯᠠᠭᠰᠠᠨ  ᠴᠢᠳᠠᠮᠵᠢ ᠲᠠᠢ ᠦᠳᠡᠯᠦᠭᠡ ᠨᠠᠰᠤᠨ ᠤ ᠪᠠᠭᠰᠢ ᠨᠠᠷ ᠤᠨ ᠠᠵᠢᠯ ᠤᠨ ᠬᠢᠷᠢ ᠲᠦᠪᠰᠢᠨ ᠲᠠᠰᠤᠷᠠᠯᠲᠠ ᠦᠭᠡᠢ ᠴᠢᠩᠭᠠᠷᠠᠵᠤ᠂ ᠨᠡᠭᠡᠭᠡᠯᠲᠡ ᠲᠠᠢ ᠠᠮᠢᠳᠤᠯᠢᠭ  ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠤᠷᠭᠠᠨ ᠬᠥᠮᠦᠵᠢᠯ ᠢ ᠳᠡᠮᠵᠢᠬᠦ ᠠᠷᠭ᠎ᠠ ᠬᠡᠯᠪᠡᠷᠢ ᠲᠠᠰᠤᠷᠠᠯᠲᠠ ᠦᠭᠡᠢ ᠲᠡᠭᠦᠯᠳᠡᠷᠵᠢᠵᠦ᠂ ᠪᠦᠬᠦ ᠤᠯᠤᠰ ᠤᠨ ᠦᠳᠡᠯᠦᠭᠡ ᠨᠠᠰᠤᠨ ᠤ ᠪᠠᠭᠰᠢ ᠨᠠᠷ ᠤᠨ ᠡᠩᠨᠡᠭᠡ ᠶᠢᠨ ᠶᠡᠷᠦᠩᠬᠡᠢ ᠲᠤᠭ᠎ᠠ 12  ᠲᠦᠮᠡ ᠣᠷᠴᠢᠮ ᠳᠤ ᠬᠦᠷᠴᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ  ᠪᠦᠲᠦᠭᠡᠨ ᠪᠠᠶᠢᠭᠤᠯᠬᠤ ᠶᠢ ᠠᠬᠢᠭᠤᠯᠵᠤ᠂ ᠬᠥᠮᠥᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠵᠤ᠂ ᠪᠦᠬᠦ ᠠᠷᠠᠳ ᠢᠶᠠᠷ ᠢᠶᠠᠨ ᠨᠠᠰᠤᠨ ᠲᠤᠷᠰᠢᠲᠠ ᠰᠤᠷᠤᠯᠴᠠᠬᠤ ᠰᠤᠷᠤᠯᠴᠠᠬᠤ  ᠬᠡᠯᠪᠡᠷᠢ ᠶᠢᠨ‌ᠨᠡᠶᠢᠭᠡᠮ᠂ ᠰᠤᠷᠤᠯᠴᠠᠬᠤ ᠮᠠᠶ᠋ᠢᠭ ᠤᠨ ᠲᠣᠮᠣ ᠤᠯᠤᠰ  ᠢ ᠪᠦᠲᠦᠭᠡᠨ ᠪᠠᠶᠢᠭᠤᠯᠬᠤ ᠳᠤ ᠢᠯᠡᠳᠲᠡ ᠦᠢᠯᠡᠳᠦᠯ ᠦᠵᠡᠬᠦᠯᠬᠦ ᠪᠣᠯᠣᠨ᠎ᠠ᠃
 
ᠢᠷᠡᠯᠲᠡ᠄ ᠤᠷᠳᠤᠰ ᠬᠤᠲᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号