ᠡᠶᠢᠮᠦ ᠲᠡᠷᠭᠡ ᠠᠪᠬᠤ ᠬᠥᠮᠥᠰ ᠠᠩᠬᠠᠷ︕
ᠨᠡᠶᠢᠲᠡᠯᠡᠭᠰᠡᠨ ᠴᠠᠭ᠄
2023/12/5
                    ᠡᠶᠢᠮᠦ ᠲᠡᠷᠭᠡ ᠠᠪᠬᠤ ᠬᠥᠮᠥᠰ ᠠᠩᠬᠠᠷ︕     19 ᠤ ᠡᠳᠦᠷ᠂ ᠡᠳ᠋ ᠤᠨ ᠵᠠᠰᠠᠭ ᠤᠨ ᠶᠠᠮᠤᠨ ᠤ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠡᠳ᠋ ᠤᠨ ᠵᠠᠰᠠᠭ ᠤᠨ ᠶᠠᠮᠤᠨ ᠤ ᠬᠠᠮᠢᠶᠠᠲᠠᠢ ᠬᠠᠷᠢᠭᠤᠴᠠᠯᠭᠠᠲᠠᠨ ᠬᠡᠯᠡᠬᠦ ᠳᠡᠭᠡᠨ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠭᠠᠶᠢᠯᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠢᠯᠢᠳᠡᠭᠵᠢᠭᠦᠯᠬᠦ ᠪᠣᠳᠠᠲᠠᠢ ᠠᠭᠤᠯᠭ᠎ᠠ ᠶᠢ ᠲᠠᠨᠢᠯᠴᠠᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠭᠠᠶᠢᠯᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ 2027 ᠣᠨ ᠤ ᠰᠡᠭᠦᠯᠴᠢ ᠪᠣᠯᠲᠠᠯ᠎ᠠ ᠤᠷᠲᠤᠳᠬᠠᠬᠤ ᠪᠠᠷ ᠲᠣᠭᠲᠠᠯ᠎ᠠ ᠭᠡᠵᠡᠢ᠃ ᠡᠭᠦᠨ ᠳᠤ᠂ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠬᠤᠳᠠᠯᠳᠤᠨ ᠠᠪᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ ᠠᠴᠠ ᠭᠠᠶᠢᠯᠢ ᠲᠠᠲᠠᠪᠤᠷᠢᠯᠠᠬᠤ ᠦᠭᠡᠢ᠂ ᠮᠠᠰᠢᠨ ᠲᠡᠷᠭᠡ ᠨᠢᠭᠡᠪᠦᠷᠢ ᠶᠢᠨ ᠭᠠᠶᠢᠯᠢ ᠶᠢ ᠬᠡᠯᠲᠦᠷᠢᠭᠦᠯᠬᠦ ᠬᠡᠮᠵᠢᠶ᠎ᠡ ᠶᠢ 3 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ 2026 ᠣᠨ ᠤ 1ᠳ᠋ᠦ᠋ᠭᠡᠷ ᠰᠠᠷ᠎ᠠ ᠶᠢᠨ 1 ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠬᠤᠳᠠᠯᠳᠤᠨ ᠠᠪᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ ᠠᠴᠠ ᠭᠠᠶᠢᠯᠢ ᠶᠢ ᠬᠠᠭᠠᠰ ᠢᠶᠠᠷ ᠬᠥᠩᠭᠡᠯᠡᠨ ᠲᠠᠲᠠᠪᠤᠷᠢᠯᠠᠵᠤ᠂ ᠮᠠᠰᠢᠨ ᠲᠡᠷᠭᠡ ᠨᠢᠭᠡᠪᠦᠷᠢ ᠶᠢᠨ ᠭᠠᠶᠢᠯᠢ ᠶᠢ 1.5 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃
 
ᠢᠷᠡᠯᠲᠡ᠄ ᠤᠷᠳᠤᠰ ᠬᠤᠲᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号