12 ᠰᠠᠷ᠎ᠠ ᠠᠴᠠ ᠡᠬᠢᠯᠡᠨ ᠡᠶᠢᠮᠦ ᠳ᠋ᠧᠩ ᠢ ᠬᠡᠷᠡᠭᠯᠡᠬᠦ ᠶᠢ ᠬᠤᠷᠢᠭᠯᠠᠨ᠎ᠠ︕ ᠡᠯ᠎ᠡ ᠭᠠᠵᠠᠷ ᠤᠨ ᠬᠢᠨ ᠤᠷᠢᠳᠴᠢᠯᠠᠨ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/5
12 ᠰᠠᠷ᠎ᠠ ᠠᠴᠠ ᠡᠬᠢᠯᠡᠨ ᠡᠶᠢᠮᠦ ᠳ᠋ᠧᠩ ᠢ ᠬᠡᠷᠡᠭᠯᠡᠬᠦ ᠶᠢ ᠬᠤᠷᠢᠭᠯᠠᠨ᠎ᠠ︕ ᠡᠯ᠎ᠡ ᠭᠠᠵᠠᠷ ᠤᠨ ᠬᠢᠨ ᠤᠷᠢᠳᠴᠢᠯᠠᠨ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ       ᠵᠠᠷᠢᠮ ᠬᠡᠲᠦ ᠳᠡᠯᠭᠡᠭᠦᠷ ᠪᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ᠂ ᠬᠤᠳᠠᠯᠳᠤᠭᠠᠴᠢᠳ ᠮᠢᠬᠠᠨ ᠤ ᠲᠥᠷᠥᠯ᠂ ᠵᠢᠮᠢᠰ ᠨᠣᠭᠤᠭ᠎ᠠ ᠵᠡᠷᠭᠡ ᠲᠠᠷᠢᠶᠠᠯᠠᠩ  ᠤᠨ ᠪᠦᠲᠦᠭᠡᠭᠳᠡᠬᠦᠨ ᠳᠤ︽ᠲᠦᠭᠦᠬᠡᠢ ᠢᠳᠡᠭᠡᠨ ᠤ ᠰᠢᠨ᠎ᠡ ᠰᠣᠷᠭᠤᠭ ᠢ ᠪᠠᠲᠤᠯᠠᠬᠤ ᠳ᠋ᠧᠩ︾ ᠢ ᠬᠡᠷᠡᠭᠯᠡᠵᠦ ᠪᠠᠶᠢᠨ᠎ᠠ᠃ ︽ᠲᠦᠭᠦᠬᠡᠢ ᠢᠳᠡᠭᠡᠨ ᠤ ᠰᠢᠨ᠎ᠡ ᠰᠣᠷᠭᠤᠭ ᠢ ᠪᠠᠲᠤᠯᠠᠬᠤ ᠳ᠋ᠧᠩ︾ ᠭᠡᠳᠡᠭ ᠨᠢ ᠨᠢᠭᠡ ᠵᠦᠢᠯ ᠤᠨ ᠬᠦᠢᠲᠡᠨ ᠭᠡᠷᠡᠯ ᠡᠭᠦᠰᠬᠡᠭᠴᠢ ᠭᠡᠷᠡᠯᠲᠦᠭᠦᠯᠭᠡ ᠶᠢᠨ ᠳ᠋ᠧᠩ ᠪᠣᠯᠣᠨ᠎ᠠ᠂ ᠣᠨᠴᠠᠭᠠᠶ ᠥᠩᠭᠡ ᠶᠢᠨ ᠭᠡᠷᠡᠯ ᠰᠠᠴᠤᠷᠠᠭᠤᠯᠬᠤ ︽ᠲᠦᠭᠦᠬᠡᠢ ᠢᠳᠡᠭᠡᠨ ᠤ ᠰᠢᠨ᠎ᠡ ᠰᠣᠷᠭᠤᠭ ᠢ ᠪᠠᠲᠤᠯᠠᠬᠤ ᠳ᠋ᠧᠩ︾ ᠤᠨ ᠭᠡᠷᠡᠯᠲᠦᠭᠦᠯᠭᠡ ᠳᠣᠣᠷ᠎ᠠ᠂ ᠬᠥᠮᠥᠨ ᠤ ᠨᠢᠳᠦᠨ ᠳᠤ ᠦᠵᠡᠭᠳᠡᠬᠦ ᠪᠣᠳᠠᠰ ᠤᠨ ᠥᠩᠭᠡ ᠨᠢ ᠪᠠᠶᠢᠭᠠᠯᠢ ᠶᠢᠨ ᠭᠡᠷᠡᠯ ᠳᠣᠣᠷᠠᠬᠢ ᠥᠩᠭᠡ ᠠᠴᠠ ᠨᠡᠩ ᠰᠣᠷᠭᠤᠭ ᠪᠤᠯᠭᠠᠵᠤ᠂ ᠬᠡᠷᠡᠭᠯᠡᠭᠴᠢᠳ ᠤᠨ ᠬᠤᠳᠠᠯᠳᠤᠨ ᠠᠪᠬᠤ ᠬᠦᠰᠡᠯ ᠳᠤ ᠵᠣᠬᠢᠬᠤ ᠬᠡᠮᠵᠢᠶ᠎ᠡ ᠪᠠᠷ ᠰᠡᠳᠡᠯᠲᠡ ᠥᠭᠲᠡᠭ᠃          ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠨᠡᠶᠢᠲᠡᠯᠡᠭᠰᠡᠨ ︽ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ 12 ᠰᠠᠷ᠎ᠠ ᠶᠢᠨ 1 ᠤ ᠡᠳᠦᠷ ᠠᠴᠠ ᠡᠬᠢᠯᠡᠨ ᠲᠦᠭᠦᠬᠡᠢ ᠰᠢᠨ᠎ᠡ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠳᠠᠭᠠᠨ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠦᠨᠡᠨ ᠪᠣᠳᠠᠲᠠᠢ ᠥᠩᠭᠡ ᠪᠤᠳᠤᠭ ᠤᠨ ᠲᠤᠬᠠᠢ ᠰᠡᠷᠡᠯ ᠤᠨ ᠡᠷᠬᠡᠲᠡᠨ ᠢ ᠢᠯᠡᠳᠲᠡ ᠨᠥᠯᠥᠭᠡᠯᠡᠬᠦ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠬᠡᠷᠡᠭᠯᠡᠵᠦ ᠪᠣᠯᠬᠤ ᠦᠭᠡᠢ ᠭᠡᠵᠦ ᠲᠣᠳᠣᠷᠬᠠᠢ ᠲᠣᠭᠲᠠᠭᠠᠵᠠᠢ᠃ ᠰᠢᠨ᠎ᠡ ᠲᠣᠭᠲᠠᠭᠠᠯ ᠢ ᠤᠳᠠᠯ ᠦᠭᠡᠢ ᠬᠡᠷᠡᠭᠵᠢᠭᠦᠯᠬᠦ ᠭᠡᠵᠦ ᠪᠠᠶᠢᠭ᠎ᠠ ᠦᠶ᠎ᠡ ᠳᠤ᠂ ᠵᠢᠶᠠᠩᠰᠤ᠂ ᠵᠧᠵᠢᠶᠠᠩ᠂ ᠱᠠᠩᠬᠠᠢ ᠵᠡᠷᠭᠡ ᠭᠠᠵᠠᠷ ᠤᠨ ᠬᠢᠨ ᠳ᠋ᠧᠩ ᠢ ᠬᠡᠷᠡᠭᠯᠡᠬᠦ ᠪᠠᠨ ᠪᠣᠯᠢᠭᠰᠠᠨ ᠤ ᠬᠠᠮᠲᠤ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠰᠢᠨ᠎ᠡ ᠰᠣᠷᠭᠤᠭ ︽ᠥᠩᠭᠡ  ᠪᠠᠷ ᠨᠢ︾ ᠵᠠᠬ᠎ᠠ ᠳᠡᠯᠭᠡᠭᠦᠷ ᠲᠤ ᠭᠠᠷᠭᠠᠬᠤ ᠶᠢ ᠦᠨᠡᠨ ᠬᠦ ᠪᠠᠲᠤᠯᠠᠵᠤ ᠪᠠᠶᠢᠨ᠎ᠠ᠃            ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠦᠨᠳᠦᠰᠦᠯᠡᠪᠡᠯ᠂ 12 ᠰᠠᠷ᠎ᠠ ᠶᠢᠨ 1 ᠤ ᠡᠳᠦᠷ ᠠᠴᠠ ᠡᠬᠢᠯᠡᠨ ᠬᠤᠳᠠᠯᠳᠤᠭᠠᠴᠢᠳ ᠲᠣᠭᠲᠠᠭᠠᠯ ᠠᠴᠠ ᠵᠥᠷᠢᠴᠡᠨ ︽ᠲᠦᠭᠦᠬᠡᠢ ᠢᠳᠡᠭᠡᠨ ᠤ ᠰᠢᠨ᠎ᠡ ᠰᠣᠷᠭᠤᠭ ᠢ ᠪᠠᠲᠤᠯᠠᠬᠤ ᠳ᠋ᠧᠩ︾ ᠬᠡᠷᠡᠭᠯᠡᠬᠦ ᠮᠥᠷᠲᠡᠭᠡᠨ ᠵᠠᠯᠠᠷᠠᠭᠤᠯᠬᠤ ᠦᠭᠡᠢ ᠳᠤ ᠬᠦᠷᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 5000 ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠣᠯᠣᠨ᠎ᠠ᠃
 
ᠢᠷᠡᠯᠲᠡ᠄ ᠬᠦᠯᠦᠨ ᠪᠤᠢᠷ ᠬᠤᠲᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号