ᠠᠰᠠᠷ ᠤᠨ ᠵᠠᠬ᠎ᠠ ᠳᠡᠯᠭᠡᠭᠦᠷ ᠤᠨ ᠲᠤᠬᠠᠢ ᠴᠢᠮᠡᠭᠡ︕ ᠡᠨᠡ ᠬᠦ ᠨᠢᠭᠡᠳᠦᠭᠡᠷ ᠳᠡᠰ ᠤᠨ ᠬᠤᠲᠠ ᠶᠢᠨ ᠬᠢᠨ ᠶᠡᠭᠡ ᠬᠡᠮᠵᠢᠶ᠎ᠡ ᠪᠠᠷ ᠪᠠᠭᠤᠷᠠᠭᠤᠯᠪᠠ
ᠨᠡᠶᠢᠲᠡᠯᠡᠭᠰᠡᠨ ᠴᠠᠭ᠄
2023/12/5
ᠠᠰᠠᠷ ᠤᠨ ᠵᠠᠬ᠎ᠠ ᠳᠡᠯᠭᠡᠭᠦᠷ ᠤᠨ ᠲᠤᠬᠠᠢ ᠴᠢᠮᠡᠭᠡ︕ ᠡᠨᠡ ᠬᠦ ᠨᠢᠭᠡᠳᠦᠭᠡᠷ ᠳᠡᠰ ᠤᠨ ᠬᠤᠲᠠ ᠶᠢᠨ ᠬᠢᠨ ᠶᠡᠭᠡ ᠬᠡᠮᠵᠢᠶ᠎ᠡ ᠪᠠᠷ ᠪᠠᠭᠤᠷᠠᠭᠤᠯᠪᠠ       ᠰᠤᠷᠪᠤᠯᠵᠢᠯᠠᠭᠴᠢ 11 ᠰᠠᠷ᠎ᠠ ᠶᠢᠨ 22 ᠤᠨ ᠡᠳᠦᠷ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭ᠋ᠬᠰᠠᠨ ᠢᠶᠠᠷ᠂ ᠱᠧᠨᠵᠧᠨ ᠬᠤᠲᠠ ᠶᠢᠨ ᠬᠢᠨ ᠮᠠᠷᠭᠠᠰᠢ ᠠᠴᠠ ᠡᠬᠢᠯᠡᠨ ᠬᠤᠶᠠᠳᠤᠭᠠᠷ ᠢᠵᠢ ᠣᠷᠣᠨ ᠰᠠᠭᠤᠴᠠ ᠶᠢᠨ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠳᠤ ᠲᠣᠬᠢᠷᠠᠭᠤᠯᠤᠯᠲᠠ ᠬᠢᠬᠦ ᠪᠠᠷ ᠪᠤᠢ᠃ ᠬᠤᠶᠠᠳᠤᠭᠠᠷ ᠢᠵᠢ ᠣᠷᠣᠨ ᠰᠠᠭᠤᠴᠠ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠤᠤᠯ ᠤᠨ ᠡᠩ ᠤᠨ ᠣᠷᠣᠨ ᠰᠠᠭᠤᠴᠠ ᠶᠢᠨ 70% ᠪᠠᠶᠢᠭᠰᠠᠨ ᠪᠠ ᠡᠩ ᠤᠨ ᠪᠤᠰᠤ ᠣᠷᠣᠨ ᠰᠠᠭᠤᠴᠠ ᠶᠢᠨ 80% ᠪᠠᠶᠢᠭᠰᠠᠨ ᠠᠴᠠ ᠨᠢ ᠨᠢᠭᠡᠳᠦᠯᠲᠡᠢ ᠪᠠᠷ 40% ᠪᠣᠯᠭᠠᠨ ᠲᠣᠬᠢᠷᠠᠭᠤᠯᠬᠤ ᠪᠣᠯᠣᠨ᠎ᠠ᠃ ᠲᠣᠰ ᠤᠳᠠᠭᠠᠨ ᠤ ᠲᠣᠬᠢᠷᠠᠭᠤᠯᠤᠯᠲᠠ ᠨᠢ ᠰᠠᠭᠤᠭᠠᠯᠢ ᠠᠷᠠᠳ ᠤᠨ ᠬᠤᠶᠠᠳᠤᠭᠠᠷ ᠢᠵᠢ ᠣᠷᠣᠨ ᠰᠠᠭᠤᠴᠠ ᠬᠤᠳᠠᠯᠳᠤᠨ ᠠᠪᠬᠤ ᠪᠡᠯᠡ ᠮᠥᠩᠭᠦ ᠶᠢᠨ ᠠᠩᠬ᠎ᠠ ᠲᠤᠰᠢᠶᠠᠬᠤ ᠬᠠᠷᠢᠴᠠᠯ ᠢ ᠪᠠᠭᠤᠷᠠᠭᠤᠯᠤᠭᠰᠠᠨ ᠨᠢ᠂ ᠵᠠᠶᠢᠯᠠᠰᠢ ᠦᠭᠡᠢ ᠬᠡᠷᠡᠭᠴᠡᠭᠡᠲᠡᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠳᠤ ᠠᠰᠢᠭᠲᠠᠢ ᠶᠤᠮ᠃
 
ᠢᠷᠡᠯᠲᠡ᠄ ᠬᠦᠯᠦᠨ ᠪᠦᠢᠷ ᠬᠤᠲᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号