︽3 + 1 + 2︾  ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠵᠠᠭᠪᠤᠷ ᠢ ᠴᠣᠬᠤᠮ ᠶᠠᠭᠠᠬᠢᠵᠤ ᠰᠢᠯᠭᠠᠬᠤ ᠪᠣᠶ︖
ᠨᠡᠶᠢᠲᠡᠯᠡᠭᠰᠡᠨ ᠴᠠᠭ᠄
2023/12/5
︽3 + 1 + 2︾  ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠵᠠᠭᠪᠤᠷ ᠢ ᠴᠣᠬᠤᠮ ᠶᠠᠭᠠᠬᠢᠵᠤ ᠰᠢᠯᠭᠠᠬᠤ ᠪᠣᠶ︖       2022 ᠣᠨ ᠳᠤ᠂ ᠥᠪᠥᠷ ᠮᠣᠩᠭᠤᠯ ︽ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠯᠭᠠᠯᠲᠠ ᠬᠢᠵᠦ ᠰᠣᠷᠣᠭᠴᠢ ᠡᠯᠰᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ 2022 ᠣᠨ ᠤ ᠨᠠᠮᠤᠷ ᠰᠤᠷᠭᠠᠭᠤᠯᠢ ᠳᠤ ᠣᠷᠣᠭᠰᠠᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢᠳ ᠲᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠨ ᠬᠡᠷᠡᠭᠵᠢᠭᠦᠯᠵᠦ᠂ 2025 ᠣᠨ ᠠᠴᠠ ᠡᠬᠢᠯᠡᠨ ᠥᠪᠥᠷ ᠮᠣᠩᠭᠤᠯ ︽3 + 1 + 2︾ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠵᠠᠭᠪᠤᠷ ᠢ ᠬᠡᠷᠡᠭᠵᠢᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃            3 + 1 + 2︾  ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠵᠠᠭᠪᠤᠷ ᠢ ᠴᠣᠬᠤᠮ ᠶᠠᠭᠠᠬᠢᠵᠤ ᠰᠢᠯᠭᠠᠬᠤ ᠪᠣᠶ︖ ᠰᠤᠷᠤᠭᠴᠢ ᠬᠡᠷᠬᠢᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠬᠢᠴᠢᠶᠡᠯ ᠢ ᠰᠣᠩᠭᠤᠬᠤ ᠪᠤᠢ︖ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷᠢᠨ ᠲᠠᠶᠢᠯᠤᠮᠵᠢ ᠬᠢᠪᠡ᠄ ︽3︾ ᠭᠡᠳᠡᠭ ᠨᠢ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ 3 ᠬᠢᠴᠢᠶᠡᠯ ᠲᠥᠷᠥᠯ ᠢ ᠵᠢᠭᠠᠵᠤ ᠪᠤᠢ᠂ ᠡᠭᠦᠨ ᠳᠤ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠦ ᠬᠤᠪᠢᠶᠠᠬᠤ ᠦᠭᠡᠢ︔ ︽1︾ ᠭᠡᠳᠡᠭ ᠨᠢ ᠲᠡᠦᠬᠡ ᠪᠤᠶᠤ ᠹᠢᠽᠢᠺ ᠤᠨ ᠬᠢᠴᠢᠶᠡᠯ ᠲᠥᠷᠥᠯ ᠤᠨ ᠳᠣᠲᠣᠷ᠎ᠠ ᠠᠴᠠ ᠨᠢᠭᠡ ᠲᠥᠷᠥᠯ ᠢ ᠨᠢ ᠰᠣᠩᠭᠤᠬᠤ ᠶᠢ ᠵᠢᠭᠠᠵᠤ ᠪᠤᠢ︔ ︽2︾ ᠭᠡᠳᠡᠭ ᠨᠢ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ 4 ᠬᠢᠴᠢᠶᠡᠯ ᠲᠥᠷᠥᠯ ᠠᠴᠠ 2 ᠲᠦᠷᠦᠯ ᠤᠨ ᠬᠢᠴᠢᠶᠡᠯ ᠰᠣᠩᠭᠤᠭᠰᠠᠨ ᠤ ᠲᠠᠷᠠᠭ᠎ᠠ ᠳᠠᠬᠢᠨ ᠬᠢᠴᠢᠶᠡᠯ ᠲᠥᠷᠥᠯ ᠰᠣᠩᠭᠤᠬᠤ ᠶᠢ ᠵᠢᠭᠠᠵᠤ ᠪᠤᠢ᠃ ᠡᠭᠦᠨ ᠳᠤ᠂ ︽1 + 2︾ ᠬᠢᠴᠢᠶᠡᠯ ᠲᠥᠷᠥᠯ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠰᠡᠳᠦᠪ ᠭᠠᠷᠭᠠᠬᠤ ᠶᠢᠨ ᠬᠠᠮᠲᠤ ᠰᠢᠯᠭᠠᠯᠲᠠ ᠶᠢ ᠵᠣᠬᠢᠶᠠᠨ ᠪᠠᠶᠢᠭᠤᠯᠵᠤ᠂ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠲᠠᠢ ᠠᠳᠠᠯᠢ ᠬᠤᠭᠤᠴᠠᠭᠠᠨ ᠳᠤ ᠶᠠᠪᠤᠭᠳᠠᠭᠤᠯᠤᠨ᠎ᠠ᠃             ︽3 + 1 + 2︾ ᠤᠨ ᠵᠠᠭᠪᠤᠷ ᠳᠣᠲᠣᠷᠠᠬᠢ ᠨᠡᠶᠢᠲᠡ 12 ᠵᠦᠢᠯ ᠤᠨ ᠬᠠᠮ ᠬᠡᠯᠪᠡᠷᠢ ᠶᠢ ᠰᠤᠷᠤᠭᠴᠢᠳ ᠥᠪᠡᠰᠦᠪᠡᠨ ᠪᠡᠶ᠎ᠡ ᠪᠠᠨ ᠳᠠᠭᠠᠭᠠᠨ ᠰᠣᠩᠭᠤᠵᠤ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠢ ᠠᠭᠤᠰᠤᠯᠴᠠᠭᠤᠯᠵᠤ ᠪᠣᠯᠣᠨ᠎ᠠ᠂ ᠡᠨᠡ ᠨᠢ ᠹᠢᠽᠢᠺ᠂ ᠲᠡᠦᠬᠡ ᠶᠢᠨ ᠰᠢᠨᠵᠢᠯᠡᠭᠡᠨ ᠤ ᠰᠠᠭᠤᠷᠢ ᠴᠢᠨᠠᠷᠲᠠᠢ ᠦᠢᠯᠡᠳᠦᠯ ᠢ ᠢᠯᠡᠷᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠠᠳᠠᠯᠢ ᠪᠤᠰᠤ ᠬᠢᠴᠢᠶᠡᠯ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠰᠣᠩᠭᠤᠬᠤ ᠬᠡᠷᠡᠭᠴᠡᠭᠡ ᠶᠢ ᠳᠣᠪᠤᠶᠢᠯᠭᠠᠭᠰᠠᠨ ᠮᠥᠷᠲᠡᠭᠡᠨ ᠪᠠᠰᠠ ᠰᠤᠷᠤᠭᠴᠢᠳ ᠤᠨ ᠰᠣᠩᠭᠤᠯᠲᠠ ᠶᠢ ᠨᠠᠩ ᠬᠦᠨᠳᠦᠳᠬᠡᠵᠦ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠴᠢᠬᠤᠯᠠᠴᠢᠯᠠᠪᠠ᠃ ᠰᠤᠷᠤᠭᠴᠢᠳ ᠬᠤᠪᠢ ᠬᠥᠮᠥᠨ ᠤ ᠳᠤᠷ᠎ᠠ ᠪᠠᠬ᠎ᠠ᠂ ᠳᠤᠷ᠎ᠠ ᠰᠣᠨᠢᠷᠬᠠᠯ᠂ ᠣᠨᠴᠠ ᠴᠢᠳᠠᠪᠤᠷᠢ ᠪᠠ ᠰᠢᠯᠭᠠᠭᠤᠯᠬᠤ ᠪᠠᠷ ᠪᠠᠶᠢᠭ᠎ᠠ ᠰᠤᠷᠭᠠᠭᠤᠯᠢ᠂ ᠲᠤᠰᠬᠠᠢ ᠮᠡᠷᠭᠡᠵᠢᠯ ᠤᠨ ᠰᠣᠩᠭᠤᠨ ᠰᠢᠯᠭᠠᠬᠤ ᠬᠢᠴᠢᠶᠡᠯ ᠲᠥᠷᠥᠯ ᠵᠡᠷᠭᠡ ᠱᠠᠭᠠᠷᠳᠠᠯᠭ᠎ᠠ ᠶᠢ ᠦᠨᠳᠦᠰᠦᠯᠡᠨ᠂ 12 ᠵᠦᠢᠯ ᠤᠨ ᠬᠠᠮ ᠬᠡᠯᠪᠡᠷᠢ ᠳᠣᠲᠣᠷ᠎ᠠ ᠠᠴᠠ ᠪᠡᠶ᠎ᠡ ᠪᠠᠨ ᠳᠠᠭᠠᠭᠠᠨ ᠰᠣᠩᠭᠤᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠦᠶ᠎ᠡ ᠳᠤ ᠡᠴᠦᠰ ᠤᠨ ᠲᠣᠭᠲᠠᠭᠠᠯ ᠭᠠᠷᠭᠠᠵᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ᠂ ᠰᠤᠷᠤᠭᠴᠢᠳ ᠬᠢᠴᠢᠶᠡᠯ ᠰᠣᠩᠭᠤᠬᠤ ᠳᠠᠭᠠᠨ ᠡᠯ᠎ᠡ ᠵᠦᠢᠯ ᠤᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠭᠡᠷ ᠤᠨ ᠠᠬᠠᠮᠠᠳ᠂ ᠪᠠᠭᠰᠢ ᠶᠢᠨ ᠰᠠᠨᠠᠯ ᠢ ᠰᠣᠨᠣᠰᠴᠤ᠂ ᠪᠣᠯᠭᠤᠮᠵᠢᠲᠠᠢ ᠪᠣᠳᠣᠯᠬᠢᠯᠠᠵᠤ᠂ ᠰᠢᠨᠵᠢᠯᠡᠬᠦ ᠤᠬᠠᠭᠠᠨᠴᠢ ᠪᠠᠷ ᠰᠣᠩᠭᠤᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ ᠰᠣᠩᠭᠤᠭᠰᠠᠨ ᠬᠢᠴᠢᠶᠡᠯ ᠲᠥᠷᠥᠯ ᠢᠶᠠᠨ ᠬᠤᠪᠢᠷᠠᠭᠤᠯᠵᠤ ᠪᠣᠯᠬᠤ ᠦᠭᠡᠢ ᠭᠡᠵᠦ ᠰᠠᠨᠠᠭᠤᠯᠪᠠ᠃  
 
ᠢᠷᠡᠯᠲᠡ᠄ ᠬᠦᠯᠦᠨ ᠪᠥᠢᠷ ᠬᠤᠲᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号