ᠪᠠᠷᠠᠭᠤᠨ ᠦᠵᠦᠮᠦᠴᠢᠨ ᠬᠤᠰᠢᠭᠤᠨ ᠤ ᠮᠢᠬᠠᠨ ᠤ ᠦᠬᠡᠷ ᠤᠨ ᠲᠤᠭ᠎ᠠ ᠪᠠᠷᠢᠮᠲᠠ ᠶᠢ ᠴᠤᠭᠯᠠᠭᠤᠯᠬᠤ ᠪᠦᠳᠦᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2023/12/7
       ᠪᠠᠷᠠᠭᠤᠨ ᠦᠵᠦᠮᠦᠴᠢᠨ ᠬᠤᠰᠢᠭᠤᠨ ᠤ ᠮᠢᠬᠠᠨ ᠤ ᠦᠬᠡᠷ ᠤᠨ ᠲᠤᠭ᠎ᠠ ᠪᠠᠷᠢᠮᠲᠠ ᠶᠢ ᠴᠤᠭᠯᠠᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ     ᠪᠦᠬᠦ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠶᠡᠭᠡ ᠪᠠᠷ ᠠᠬᠢᠭᠤᠯᠬᠤ ᠶᠢᠨ ᠲᠥᠯᠥᠭᠡ᠂ ᠣᠶᠤᠨᠲᠤ ᠮᠠᠯ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠂ ᠣᠳᠣ ᠣᠶᠤᠨᠴᠢᠯᠠᠭᠰᠠᠨ ᠮᠠᠯ ᠠᠵᠤ ᠠᠬᠤᠢ ᠶᠢᠨ ᠮᠢᠬᠠᠨ ‍ᠤ‌ᠦᠬᠡᠷ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠪᠦᠬᠦ ᠬᠤᠰᠢᠭᠤᠨ ᠤ ᠰᠠᠭᠤᠷᠢ ᠡᠬᠡ ᠮᠠᠯ ᠵᠢᠴᠢ ᠡᠭᠦᠯᠳᠡᠷ ᠤᠨ ᠪᠤᠬ᠎ᠠ ᠶᠢᠨ ᠲᠤᠭ᠎ᠠ ᠬᠡᠮᠵᠢᠶ᠎ᠡ᠂ ᠡᠭᠦᠯᠳᠡᠷ᠂ ᠠᠯᠭᠧᠪᠷᠠ ᠵᠡᠷᠭᠡ ᠰᠠᠭᠤᠷᠢ ᠲᠤᠭ᠎ᠠ ᠪᠠᠷᠢᠮᠲᠠ ᠴᠤᠭᠯᠠᠭᠤᠯᠬᠤ ᠠᠵᠢᠯ ᠢ ᠥᠷᠨᠢᠭᠦᠯᠵᠦ᠂ ᠪᠦᠬᠦ ᠬᠤᠰᠢᠭᠤᠨ ᠤ ᠰᠠᠭᠤᠷᠢ ᠡᠬᠡ ᠮᠠᠯ ᠵᠢᠴᠢ ᠪᠤᠬ᠎ᠠ ᠶᠢ ᠡᠷᠦᠬᠡ ᠳᠠᠷᠠᠭᠠᠯᠠᠨ ᠨᠡᠶᠢᠳᠡᠮ ᠪᠠᠶᠢᠴᠠᠭᠠᠵᠤ ᠳᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠰᠠᠭᠤᠷᠢ ᠡᠬᠡ ᠮᠠᠯ ᠪᠠ ᠡᠭᠦᠯᠳᠡᠷ ᠤᠨ ᠪᠤᠬ᠎ᠠ ᠳᠤ ᠡᠯᠧᠺᠲᠷᠣᠨ ᠴᠢᠬᠢᠨ ᠲᠡᠮᠳᠡᠭ ᠵᠡᠭᠦᠯᠭᠡᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠦᠭᠰᠡᠨ ᠦᠬᠡᠷ ᠤᠨ ᠲᠤᠭ᠎ᠠ ᠪᠠᠷᠢᠮᠲᠠ ᠶᠢ ᠮᠡᠳᠡᠭᠡ ᠵᠠᠩᠭᠢ ᠶᠢᠨ ᠲᠠᠪᠴᠠᠩ ᠳᠤ ᠳᠠᠮᠵᠢᠭᠤᠯᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ ᠲᠡᠵᠢᠭᠡᠨ ᠦᠷᠡᠵᠢᠭᠦᠯᠬᠦ ᠡᠷᠦᠬᠡ᠂ ᠬᠤᠷᠰᠢᠶᠠᠵᠢᠯ᠂  ᠬᠦᠢᠳᠡᠨ ᠬᠦᠮᠦᠷᠭᠡ᠂ ᠬᠥᠲᠥᠴᠢ ᠠᠵᠤ ᠠᠬᠤᠶᠢᠯᠠᠯ ᠵᠡᠷᠭᠡ ᠳᠤ ᠠᠰᠢᠭ ᠲᠤᠰᠠ ᠶᠢᠨ ᠬᠤᠯᠪᠣᠯᠲᠠ ᠶᠢᠨ ᠲᠣᠭᠲᠠᠴᠠ ᠶᠢ ᠪᠣᠶ ᠪᠣᠯᠭᠠᠵᠤ᠂ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠪᠠ ᠮᠠᠯ ᠠᠵᠤ ᠠᠬᠤᠢ ᠶᠢᠨ ᠲᠣᠮᠣ ᠲᠤᠭ᠎ᠠ ᠪᠠᠷᠢᠮᠲᠠ ᠳᠤ ᠰᠠᠭᠤᠷᠢ ᠲᠤᠯᠭᠠᠭᠤᠷᠢᠯᠠᠯ ᠬᠠᠩᠭᠠᠨ᠎ᠠ᠃   ᠨᠢᠭᠡ᠂ ᠵᠢᠯᠤᠭᠤᠳᠬᠤ ᠦᠵᠡᠯ ᠰᠠᠨᠠᠭ᠎ᠠ    ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠭᠠᠷᠳᠠᠴᠠ ᠪᠤᠯᠭᠠᠨ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠵᠣᠷᠢᠯᠲᠠ ᠪᠣᠯᠭᠠᠵᠤ᠂ ᠵᠠᠰᠠᠭ ᠤᠨ ᠣᠷᠳᠣᠨ ᠤ ᠨᠡᠶᠢᠭᠡᠮᠴᠢᠯᠡᠭᠰᠡᠨ ᠦᠢᠯᠡᠴᠢᠯᠡᠭᠡ ᠶᠢ ᠬᠤᠳᠠᠯᠳᠤᠨ ᠠᠪᠬᠤ ᠬᠡᠯᠪᠡᠷᠢ ᠪᠠᠷ ᠳᠠᠮᠵᠢᠭᠤᠯᠤᠨ᠂ ᠣᠶᠤᠨᠴᠢᠯᠠᠭᠰᠠᠨ ᠮᠠᠯ ᠠᠵᠤ ᠠᠬᠤᠢ ᠶᠢᠨ ᠮᠢᠬᠠᠨ ᠤ ᠦᠬᠡᠷ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠬᠠᠪᠰᠤᠷᠤᠨ ᠪᠠᠶᠢᠭᠤᠯᠵᠤ᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠪᠣᠯᠣᠨ ᠢᠨᠲ᠋ᠥᠷ ᠰᠦᠯᠵᠢᠶ᠎ᠡ ᠵᠡᠷᠭᠡ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠠᠰᠢᠭᠯᠠᠨ᠂ ᠪᠦᠭᠦ ᠬᠤᠰᠢᠭᠤᠨ ᠤ ᠰᠠᠭᠤᠷᠢ ᠦᠨᠢᠶ᠎ᠡ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ ᠤᠨ ᠰᠠᠭᠤᠷᠢ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠪᠡᠶᠡᠯᠡᠭᠦᠯᠵᠦ᠂ ᠬᠠᠷᠢᠶᠠᠲᠤ ᠣᠷᠣᠨ ᠤ ᠦᠬᠡᠷ ᠤᠨ ᠲᠣᠯᠣᠭᠠᠢ ᠶᠢᠨ ᠠᠯᠭᠧᠪᠷᠠ ᠶᠢᠨ ᠬᠠᠮᠢᠶᠠᠷᠤᠯᠲᠠ ᠪᠣᠯᠣᠨ ᠮᠠᠯ ᠤᠨ ᠠᠰᠢᠭ ᠰᠢᠮ᠎ᠡ ᠶᠢ ᠮᠥᠷᠳᠡᠬᠦ ᠰᠢᠰᠲ᠋ᠧᠮ ᠢ ᠪᠠᠶᠢᠭᠤᠯᠵᠤ᠂ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠲᠤᠰᠬᠠᠶᠢᠵᠢᠭᠰᠠᠨ ᠪᠠ ᠨᠠᠷᠠᠲᠤ ᠲᠡᠮᠳᠡᠭᠴᠢᠯᠡᠭᠰᠡᠨ ᠡᠵᠡᠩᠨᠡᠯᠲᠡ ᠶᠢ ᠵᠢᠯᠤᠭᠤᠳᠴᠤ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃    ᠬᠤᠶᠠᠷ᠂ ᠬᠠᠷᠠᠯᠲᠠ ᠡᠭᠦᠷᠭᠡ    ᠪᠥᠬᠦ ᠬᠤᠰᠢᠭᠤᠨ ᠤ ᠰᠠᠶᠢᠨ ᠡᠭᠦᠯᠳᠡᠷ ᠤᠨ ᠰᠠᠭᠤᠷᠢ ᠡᠬᠡ ᠮᠠᠯ᠂ ᠡᠭᠦᠯᠳᠡᠷ ᠤᠨ ᠪᠤᠬ᠎ᠠ ᠳᠤ ᠨᠡᠶᠢᠳᠡᠮ ᠪᠠᠶᠢᠴᠠᠭᠠᠯᠲᠠ ᠬᠢᠵᠦ ᠦᠨᠡᠯᠡᠨ ᠲᠣᠭᠲᠠᠭᠠᠬᠤ᠂ ᠴᠢᠬᠢᠨ ᠲᠡᠮᠳᠡᠭ ᠵᠡᠭᠦᠯᠭᠡᠬᠦ᠂ ᠮᠡᠳᠡᠭᠡ ᠵᠠᠩᠭᠢ ᠶᠢ ᠣᠷᠣᠭᠤᠯᠬᠤ ᠶᠢᠨ ᠬᠠᠮᠲᠤ ᠳᠡᠩᠰᠡᠯᠡᠨ ᠺᠠᠷᠲᠯᠠᠬᠤ ᠵᠡᠷᠭᠡ ᠰᠢᠷᠢᠰ ᠠᠵᠢᠯ ᠢ ᠬᠢᠵᠦ᠂ ᠦᠬᠡᠷ ᠨᠢᠭᠡᠪᠦᠷᠢ ᠳᠤ ᠪᠠᠷᠢᠮᠵᠢᠶᠠᠲᠤ ᠮᠡᠳᠡᠭᠡ ᠵᠠᠩᠭᠢ ᠶᠢᠨ ᠲᠠᠩᠰᠠ ᠡᠪᠬᠡᠮᠡᠯ ᠪᠠᠶᠢᠭᠤᠯᠤᠨ᠂ ᠨᠡᠶᠢᠳᠡᠮ ᠪᠠᠶᠢᠴᠠᠭᠠᠯᠲᠠ ᠶᠢᠨ ᠦᠬᠡᠷ ᠲᠤ ᠵᠥᠪᠬᠡᠨ ᠡᠯᠧᠺᠲᠷᠣᠨ ᠴᠢᠬᠢᠨ ᠲᠡᠮᠳᠡᠭ ᠵᠡᠭᠦᠯᠭᠡᠬᠦ ᠶᠢᠨ ᠬᠠᠮᠲᠤ᠂ ᠵᠠᠰᠠᠭ ᠤᠨ ᠣᠷᠳᠣᠨ ᠪᠤᠶᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠵᠠᠷᠴᠢᠮ ᠶᠣᠰᠣᠭᠠᠷ ᠡᠭᠦᠯᠳᠡᠷ ᠵᠢᠴᠢ ᠠᠯᠭᠧᠪᠷᠠ ᠶᠢᠨ ᠦᠨᠡᠯᠡᠨ ᠲᠣᠭᠲᠠᠭᠠᠯᠲᠠ ᠬᠢᠨ᠎ᠡ᠃ ᠲᠣᠰ ᠠᠵᠢᠯ ᠢ 2023 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠲᠥᠯᠥᠪᠯᠡᠵᠦ ᠪᠣᠶ᠃    ᠭᠤᠷᠪᠠ᠂ ᠨᠡᠶᠢᠳᠡᠮ ᠪᠠᠶᠢᠴᠠᠭᠠᠬᠤ ᠡᠲᠡᠭᠡᠳ   ᠪᠥᠬᠦ ᠬᠤᠰᠢᠭᠤᠨ ᠳᠤ ᠭᠤᠤᠯᠳᠠᠯᠭᠠᠳᠤ ᠰᠦᠷᠦᠭ ᠤᠨ ᠮᠢᠬᠠᠨ ᠤ ᠦᠬᠡᠷ ᠵᠢᠴᠢ ᠰᠢᠮᠧᠨ᠋ᠲ᠋ᠠᠷ᠂ ᠱᠠᠷᠣᠯᠠᠶ᠂ ᠠᠩᠭᠧᠰ ᠵᠡᠷᠭᠡ 5 ᠲᠦᠮᠡᠨ ᠰᠠᠶᠢᠨ ᠡᠭᠦᠯᠳᠡᠷ ᠤᠨ ᠮᠢᠬᠠᠨ ᠤ ᠦᠬᠡᠷ ᠪᠠᠶᠢᠨ᠎ᠠ᠃ ᠡᠭᠦᠨ ᠳᠤ᠄   ︵ᠨᠢᠭᠡ︶ ᠠᠶᠢᠮᠠᠭ᠂ ᠬᠤᠰᠢᠭᠤ ᠬᠤᠶᠠᠷ ᠱᠠᠲᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ᠃  ︵ᠬᠤᠶᠠᠷ︶  ᠰᠢᠯᠢᠳᠡᠭ ᠡᠭᠦᠯᠳᠡᠷ ᠤᠨ ᠱᠠᠷᠤᠯᠠᠢ ᠦᠬᠡᠷ ᠲᠡᠵᠢᠭᠡᠨ ᠦᠷᠡᠵᠢᠭᠦᠯᠬᠦ ᠡᠷᠦᠬᠡ᠃  ︵ᠭᠤᠷᠪᠠ︶ ᠰᠢᠯᠢᠳᠡᠭ ᠡᠭᠦᠯᠳᠡᠷ ᠤᠨ ᠠᠩᠭᠧᠰ ᠦᠬᠡᠷ ᠲᠡᠵᠢᠭᠡᠨ ᠦᠷᠡᠵᠢᠭᠦᠯᠬᠦ ᠡᠷᠦᠬᠡ᠃   ︵ᠳᠥᠷᠪᠡ︶ ᠵᠢᠯ ᠳᠤ100 ᠲᠣᠯᠣᠭᠠᠢ ᠠᠴᠠ ᠳᠡᠭᠡᠭᠰᠢ ᠰᠢᠮᠧᠨ᠋ᠲ᠋ᠠᠷ ᠦᠬᠡᠷ ᠢ ᠲᠡᠵᠢᠭᠡᠵᠦ᠂ 50 ᠲᠣᠯᠣᠭᠠᠢ  ᠠᠴᠠ ᠳᠡᠭᠡᠭᠰᠢ ᠦᠬᠡᠷ ᠪᠤᠷᠤᠯᠠᠭᠤᠯᠤᠭᠰᠠᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠃   ᠳᠥᠷᠪᠡ᠂ ᠵᠣᠷᠢᠯᠭ᠎ᠠ ᠶᠢᠨ ᠠᠴᠢ ᠬᠤᠯᠪᠣᠭᠳᠠᠯ   ᠮᠢᠬᠠᠨ ᠤ ᠦᠬᠡᠷ ᠢ ᠨᠡᠶᠢᠳᠡᠮ ᠪᠠᠶᠢᠴᠠᠭᠠᠵᠤ ᠦᠨᠡᠯᠡᠨ ᠲᠣᠭᠲᠠᠭᠠᠬᠤ᠂ ᠴᠢᠬᠢᠨ ᠲᠡᠮᠳᠡᠭ ᠵᠡᠭᠦᠯᠭᠡᠬᠦ᠂ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠵᠡᠷᠭᠡ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠦᠬᠡᠷ ᠪᠦᠷᠢ ᠳᠤ ᠪᠠᠷᠢᠮᠵᠢᠶᠠᠲᠤ ᠮᠡᠳᠡᠭᠡ ᠵᠠᠩᠭᠢ ᠶᠢᠨ ᠳᠠᠩᠰᠠ ᠡᠪᠬᠡᠮᠡᠯ ᠪᠠᠶᠢᠭᠤᠯᠵᠤ᠂ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠪᠡᠶᠡᠯᠡᠭᠦᠯᠵᠦ᠂ ᠮᠢᠬᠠᠨ ᠤ ᠦᠬᠡᠷ ᠤᠨ ᠠᠵᠤ ᠦᠢᠯᠡᠰ ᠤᠨ ᠲᠡᠵᠢᠭᠡᠨ ᠦᠷᠡᠵᠢᠭᠦᠯᠬᠦ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠵᠢᠯᠣᠭᠤᠳᠤᠨ᠂  ᠮᠢᠬᠠᠨ ᠤ ᠦᠬᠡᠷ ᠤᠨ ᠶᠠᠰᠤ ᠴᠢᠨᠠᠷ ᠪᠠ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠤᠨ᠂ ᠬᠢᠵᠢᠭ ᠢ ᠰᠡᠷᠭᠡᠶᠢᠯᠡᠬᠦ ᠶᠢ ᠴᠢᠩᠭᠠᠳᠬᠠᠨ᠂ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠵᠢᠷᠤᠮᠵᠢᠭᠤᠯᠦᠨ᠂ ᠮᠢᠬᠠᠨ ᠤ ᠦᠬᠡᠷ ᠤᠨ ᠲᠡᠵᠢᠭᠡᠨ ᠦᠷᠡᠵᠢᠭᠦᠯᠬᠦ ᠣᠳᠣᠬᠢᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ᠂ ᠣᠶᠤᠨᠴᠢᠯᠠᠭᠰᠠᠨ ᠲᠡᠵᠢᠭᠡᠨ ᠦᠷᠡᠵᠢᠭᠦᠯᠬᠦ ᠠᠵᠢᠯ ᠢ ᠨᠠᠩ ᠰᠠᠶᠢᠲᠤᠷ ᠥᠷᠨᠢᠭᠦᠯᠦᠨ᠎ᠡ᠃   ︵ᠨᠢᠭᠡ︶ ᠳ᠋ᠠᠶᠢᠲ᠋ᠠᠴᠢᠯᠠᠭᠰᠠᠨ ᠬᠠᠮᠢᠶᠠᠷᠤᠯᠲᠠ ᠶᠢ ᠶᠠᠪᠤᠭᠳᠠᠭᠤᠯᠤᠨ᠎ᠠ᠃ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠪᠣᠯᠣᠨ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠠᠰᠢᠭᠯᠠᠨ ᠪᠦᠭᠦ ᠬᠤᠰᠢᠭᠤᠨ ᠤ ᠰᠠᠭᠤᠷᠢ ᠦᠨᠢᠶ᠎ᠡ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ ᠳᠤ ᠲᠤᠭ᠎ᠠ ᠪᠠᠷᠢᠮᠲᠠ ᠶᠢᠨ ᠬᠠᠮᠢᠶᠠᠷᠤᠯᠲᠠ ᠬᠢᠵᠦ᠂ ᠰᠠᠭᠤᠷᠢ ᠦᠨᠢᠶ᠎ᠡ ᠶᠢᠨ ᠲᠤᠭ᠎ᠠ ᠬᠡᠮᠵᠢᠶ᠎ᠡ᠂ ᠡᠭᠦᠯᠳᠡᠷ᠂ ᠠᠯᠭᠧᠪᠷᠠ ᠪᠣᠯᠣᠨ ᠲᠠᠷᠬᠠᠯᠲᠠ ᠳᠤ ᠮᠡᠳᠡᠭᠡ ᠵᠠᠩᠭᠢ ᠶᠢᠨ ᠮᠥᠷᠳᠡᠯᠲᠡ ᠶᠢᠨ ᠲᠡᠮᠳᠡᠭᠯᠡᠯ ᠬᠢᠵᠦ᠂ ᠲᠣᠮᠣ ᠲᠤᠭ᠎ᠠ ᠪᠠᠷᠢᠮᠲᠠ ᠶᠢᠨ ᠵᠠᠳᠠᠯᠤᠯᠲᠠ ᠪᠠᠷ ᠳᠠᠮᠵᠢᠭᠤᠯᠤᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠰᠢᠢᠳᠪᠦᠷᠢᠲᠦ ᠪᠣᠳᠣᠯᠭ᠎ᠠ ᠶᠢᠨ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃   ︵ᠬᠤᠶᠠᠷ︶ ᠢᠷᠡᠭᠡᠳᠦᠢ ᠳᠤ ᠮᠥᠷᠳᠡᠨ ᠤᠬᠤᠴᠢᠯᠠᠬᠤ ᠰᠢᠰᠲ᠋ᠧᠮ ᠢ ᠪᠠᠶᠢᠭᠤᠯᠤᠨ᠎ᠠ ︵ᠲᠤᠷᠰᠢᠯᠲᠠ ᠶᠢᠨ ᠴᠢᠭ ᠤᠨ ᠢᠨᠵᠧᠨᠧᠷᠢᠩ︶  ᠃ ᠤᠶᠤᠯᠢᠭ ᠮᠠᠯ ᠠᠵᠤ ᠠᠬᠤᠢ ᠶᠢᠨ ᠮᠢᠬᠠᠨ ᠤ ᠦᠬᠡᠷ ᠤᠨ ᠬᠠᠮᠢᠶᠠᠷᠤᠯᠲᠠ ᠶᠢᠨ ᠰᠢᠰᠲ᠋ᠧᠮ ᠢ ᠠᠰᠢᠭᠯᠠᠨ ᠮᠢᠬᠠᠨ ᠤ ᠦᠬᠡᠷ ᠤᠨ ᠪᠤᠶᠢᠵᠢᠯᠲᠠ ᠶᠢᠨ ᠪᠥᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠣᠨᠣᠪᠴᠢᠲᠠᠶ ᠡᠵᠡᠮᠰᠢᠵᠦ᠂ ᠢᠯᠠᠩᠭᠤᠶ᠎ᠠ ᠮᠢᠬᠠᠨ ᠤ ᠦᠬᠡᠷ ᠤᠨ ᠡᠭᠡᠯᠢᠯᠡᠭᠡ᠂ ︵ᠡᠭᠡᠯᠢᠯᠡᠭᠡ ᠶᠢᠨ ᠴᠠᠭ᠂ ᠸᠠᠺᠼᠢᠨ ᠤ ᠲᠥᠷᠥᠯ ᠵᠦᠢᠯ᠂ ᠢᠯᠠᠩᠭᠤᠶ᠎ᠠ ᠦᠬᠡᠷ ᠤᠨ ᠲᠣᠯᠣᠭᠠᠢ ᠳᠤ ᠵᠥᠪᠬᠡᠨ ᠪᠷᠦ᠋ᠼᠧᠯ ᠰᠠᠪᠬᠠᠨᠴᠢᠷ ᠪᠠᠺᠲ᠋ᠧᠷᠢ A19 ᠸᠠᠺᠼᠢᠨ ᠤ ᠡᠭᠡᠯᠢᠯᠡᠭᠡ ᠶᠢᠨ ᠲᠠᠷᠢᠯᠭ᠎ᠠ ᠬᠢᠬᠦ︶ ᠠᠮᠢᠳᠤ ᠮᠠᠯ ᠤᠨ ᠠᠷᠠᠯᠵᠢᠶ᠎ᠠ᠂ ᠨᠢᠲᠤᠯᠬᠤ᠂ ᠪᠣᠯᠪᠠᠰᠤᠷᠠᠭᠤᠯᠬᠤ᠂ ᠵᠥᠭᠡᠭᠡᠪᠦᠷᠢᠯᠡᠬᠦ᠂ ᠬᠡᠲᠦ ᠳᠡᠯᠭᠡᠭᠦᠷ᠂ ᠬᠤᠭᠤᠯᠠᠨ ᠰᠢᠷᠡᠭᠡ ᠵᠡᠷᠭᠡ ᠳᠤ ᠦᠵᠦᠭᠦᠷ ᠲᠤᠨᠢ ᠲᠤᠯᠲᠠᠯ᠎ᠠ ᠨᠡᠬᠡᠮᠵᠢᠯᠡᠬᠦ ᠰᠢᠰᠲ᠋ᠧᠮ ᠢ ᠪᠠᠶᠢᠭᠤᠯᠤᠨ᠎ᠠ᠃ APP ᠰᠦᠯᠵᠢᠶᠡᠨ ᠳᠡᠭᠡᠷᠡᠬᠢ ᠬᠠᠪᠰᠤᠷᠤᠨ ᠵᠢᠯᠣᠭᠤᠳᠤᠯᠭ᠎ᠠ ᠪᠠ ᠪᠣᠯᠪᠠᠰᠤᠷᠠᠭᠤᠯᠤᠯ ᠢᠶᠠᠷ ᠳᠡᠮᠵᠢᠨ᠂ ᠲᠡᠵᠢᠭᠡᠨ ᠦᠷᠡᠵᠢᠭᠦᠯᠬᠦ ᠡᠷᠦᠬᠡ ᠶᠢᠨ ᠨᠠᠷᠢᠯᠢᠭ ᠲᠡᠵᠢᠭᠡᠨ ᠦᠷᠡᠵᠢᠭᠦᠯᠬᠦ ᠮᠡᠷᠭᠡᠵᠢᠯ ᠤᠨ ᠬᠢᠷᠢ ᠬᠡᠮᠵᠢᠶ᠎ᠡ ᠪᠠ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠡᠵᠢᠭᠡᠨ ᠠᠷᠠᠴᠢᠯᠠᠬᠤ ᠥᠪᠡᠷ ᠤᠨ ᠥᠷᠲᠡᠭ ᠢ ᠪᠠᠭᠤᠷᠠᠭᠤᠯᠤᠨ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃    ︵ᠭᠤᠷᠪᠠ︶ ᠢᠷᠡᠭᠡᠳᠦᠢ ᠳᠤ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠪᠦᠷᠢᠯᠳᠦᠭᠦᠯᠦᠨ᠎ᠡ ︵ᠲᠤᠷᠰᠢᠯᠲᠠ ᠶᠢᠨ ᠢᠨᠵᠧᠨᠧᠷᠢᠩ︶᠃ ᠪᠥᠬᠦ ᠬᠤᠰᠢᠭᠤᠨ ᠤ ᠰᠠᠶᠢᠨ ᠡᠭᠦᠯᠳᠡᠷ ᠤᠨ ᠮᠢᠬᠠᠨ ᠤ ᠦᠬᠡᠷ ᠲᠤ ᠡᠯᠧᠺᠲᠷᠣᠨ ᠴᠢᠬᠢᠨ ᠲᠡᠮᠳᠡᠭ ᠵᠡᠭᠦᠯᠭᠡᠬᠦ ᠪᠠᠷ ᠳᠠᠮᠵᠢᠭᠤᠯᠤᠨ᠂ ᠪᠣᠶ ᠪᠦᠬᠦᠢ ᠦᠬᠡᠷ ᠢ ︽ᠬᠢᠷᠢ ᠬᠡᠮ ᠲᠠᠢ ᠦᠬᠡᠷ︾ ᠪᠣᠯᠭᠠᠬᠤ ᠶᠢᠨ ᠬᠠᠮᠲᠤ ᠡᠭᠦᠯᠳᠡᠷ ᠢ ᠦᠨᠡᠯᠡᠨ ᠲᠣᠭᠲᠠᠭᠠᠭᠰᠠᠨ ᠤ ᠳᠠᠷᠠᠭ᠎ᠠ᠂ ᠴᠢᠨᠠᠷ ᠰᠠᠶᠢᠲᠠᠢ ᠰᠠᠶᠢᠨ ᠡᠭᠦᠯᠳᠡᠷ ᠤᠨ ᠮᠢᠬᠠᠨ ᠤ ᠦᠬᠡᠷ ᠢ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠦᠬᠡᠷ ᠤᠨ ᠬᠡᠪᠴᠢᠶᠡᠨ ᠳᠤ ᠣᠷᠣᠭᠤᠯᠵᠤ᠂ ᠲᠤᠬᠠᠢ ᠶᠢᠨ ᠭᠠᠵᠠᠷ ᠤᠨ ᠡᠭᠦᠯᠳᠡᠷ ᠪᠣᠶᠢᠵᠢᠭᠤᠯᠬᠤ᠂ ᠪᠣᠷᠳᠣᠬᠤ᠂ ᠨᠢᠲᠤᠯᠬᠤ᠂ ᠡᠳ᠋ᠰᠢᠭᠦᠯᠬᠦ ᠠᠵᠤ ᠠᠬᠤᠶᠢᠯᠠᠯ ᠯᠤᠭ᠎ᠠ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠪᠠᠶᠢᠭᠤᠯᠤᠨ᠎ᠠ᠃   ᠲᠠᠪᠤ᠂ ᠨᠡᠶᠢᠳᠡᠮ ᠪᠠᠶᠢᠴᠠᠭᠠᠯᠲᠠ ᠶᠢᠨ ᠠᠭᠤᠯᠭ᠎ᠠ    ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠰᠢᠭᠤ ᠬᠠᠷᠢᠶ᠎ᠠ ᠣᠷᠣᠨ ᠤ ᠲᠥᠷᠥᠯ ᠵᠦᠢᠯ ᠤᠨ ᠭᠤᠣᠯ ᠰᠢᠷᠢᠰ ᠵᠢᠴᠢ ᠪᠣᠳᠠᠭᠠᠯᠢ ᠪᠡᠶ᠎ᠡ ᠶᠢᠨ ᠵᠠᠩᠭᠢᠯᠠᠭ᠎ᠠ ᠶᠢᠨ ᠭᠦᠢᠴᠡᠳᠬᠡᠯ ᠲᠤᠭ᠎ᠠ ︵ᠵᠢᠱᠢᠶᠡᠯᠡᠪᠡᠯ ᠤᠷᠤᠭ᠎ᠠ ᠤᠷᠤᠬᠤ ᠤᠳᠠᠭ᠎ᠠ᠂ ᠥᠩᠭᠡ᠂ ᠬᠦᠢᠰᠦ ᠶᠢᠨ ᠢᠯᠭᠠᠯ᠂ ᠰᠠᠷ᠎ᠠ ᠵᠢᠯ ᠵᠡᠷᠭᠡ︶ ᠶᠢ ᠲᠣᠳᠣᠷᠬᠠᠶᠢᠯᠠᠬᠤ ᠶᠢᠨ ᠬᠠᠮᠲᠤ ᠲᠥᠷᠥᠯ ᠵᠦᠢᠯ᠂ ᠣᠷᠤᠭ᠎ᠠ ᠤᠷᠤᠬᠤ ᠤᠳᠠᠭ᠎ᠠ ᠳᠤ ᠲᠠᠶᠢᠯᠤᠮᠵᠢ ᠬᠢᠵᠦ᠂ ᠲᠣᠳᠣᠷᠬᠠᠶᠢᠯᠠᠯᠲᠠ ᠬᠢᠨ᠎ᠡ᠃ ᠭᠤᠣᠯ ᠰᠦᠷᠦᠭ ᠪᠤᠶᠤ ᠭᠠᠳᠠᠭᠠᠳᠤ ᠠᠴᠠ ᠣᠷᠣᠭᠤᠯᠤᠭᠰᠠᠨ ᠦᠬᠡᠷ ᠤᠨ ᠡᠭᠦᠯᠳᠡᠷ ᠤᠨ ᠤᠳᠤᠮ ᠢ ᠬᠤᠰᠢᠭᠤ ᠮᠠᠯ ᠠᠵᠤ ᠠᠬᠤᠢ ᠶᠢᠨ ᠠᠵᠢᠯ ᠤᠨ ᠥᠷᠲᠡᠭᠡᠨ ᠤ ᠲᠠᠩᠰᠠ ᠡᠪᠬᠡᠮᠡᠯ ᠤᠨ ᠲᠡᠮᠳᠡᠭᠯᠡᠯ ᠢᠶᠠᠷ ᠪᠠᠷᠢᠮᠵᠢᠶ᠎ᠠ ᠪᠣᠯᠭᠠᠨ᠎ᠠ᠃  ︵ᠬᠤᠶᠠᠷ︶ ᠡᠷᠥᠭᠡ ᠪᠠᠷ ᠨᠢᠭᠡᠴᠢ ᠪᠣᠯᠭᠠᠨ ᠨᠡᠶᠢᠳᠡᠮ ᠪᠠᠶᠢᠴᠠᠭᠠᠯᠲᠠ ᠬᠢᠵᠦ᠂ ᠦᠢᠯᠡᠴᠢᠯᠡᠭᠡᠨ ᠤ ᠠᠵᠤ ᠠᠬᠤᠶᠢᠯᠠᠯ ᠠᠴᠠ ᠨᠡᠶᠢᠳᠡᠮ ᠪᠠᠶᠢᠴᠠᠭᠠᠯᠲᠠ ᠶᠢᠨ ᠱᠠᠭᠠᠷᠳᠠᠯᠭ᠎ᠠ ᠶᠣᠰᠣᠭᠠᠷ ᠪᠣᠳᠠᠲᠠᠢ ᠬᠡᠷᠡᠭᠵᠢᠭᠦᠯᠦᠨ᠎ᠡ᠃   ︵ᠭᠤᠷᠪᠠ︶ ᠮᠢᠬᠠᠨ ᠤ ᠦᠬᠡᠷ ᠤᠨ ᠡᠭᠦᠯᠳᠡᠷ ᠢ ᠦᠨᠡᠯᠡᠬᠦ ᠵᠠᠷᠴᠢᠮ ᠢ ᠨᠡᠶᠢᠳᠡᠮ ᠪᠠᠶᠢᠴᠠᠭᠠᠬᠤ ᠠᠴᠠ ᠡᠮᠦᠨ᠎ᠡ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠯᠤᠨ ᠦᠢᠯᠡᠴᠢᠯᠡᠭᠡᠨ ᠤ ᠺᠣᠮᠫᠠᠨᠢ ᠨᠡᠪᠲᠡᠷᠡᠯᠴᠡᠨ ᠲᠣᠭᠲᠠᠭᠠᠬᠤ ᠶᠢᠨ ᠬᠠᠮᠲᠤ ᠬᠠᠮᠢᠶ᠎ᠠ ᠪᠦᠬᠦᠢ ᠥᠰᠥᠭ ᠪᠢᠴᠢᠭ ᠤᠨ ᠮᠠᠲ᠋ᠧᠷᠢᠶᠡᠯ ᠭᠠᠷᠭᠠᠭᠰᠠᠨ ᠢᠶᠠᠷ ᠦᠨᠳᠦᠰᠦᠯᠡᠯ ᠪᠣᠯᠭᠠᠨ᠎ᠠ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠦᠢᠯᠡᠴᠢᠯᠡᠭᠡᠨ ᠤ ᠺᠤᠮᠫᠠᠨᠢ ᠬᠠᠮᠢᠶᠠᠷᠤᠨ᠎ᠠ᠃  ︵ᠳᠥᠷᠪᠡ︶ ᠪᠣᠳᠠᠲᠠᠢ ᠨᠡᠶᠢᠳᠡᠮ ᠪᠠᠶᠢᠴᠠᠭᠠᠯᠲᠠ ᠶᠢᠨ ᠶᠠᠪᠤᠴᠠ ᠳᠤ ᠮᠠᠷᠭᠤᠭᠠᠨ ᠲᠠᠢ ᠪᠣᠯ ᠮᠠᠯ ᠠᠵᠤ ᠠᠬᠤᠢ ᠶᠢᠨ ᠠᠵᠢᠯ ᠤᠨ ᠥᠷᠳᠡᠭᠡ ᠪᠤᠶᠤ ᠲᠥᠷᠥᠯ ᠵᠦᠢᠯ ᠢ ᠦᠨᠡᠯᠡᠬᠦ ᠮᠡᠷᠭᠡᠵᠢᠯ ᠤᠨ ᠠᠵᠢᠯᠲᠠᠨ ᠤ ᠲᠤᠬᠠᠢ  ᠶᠢᠨ ᠲᠠᠯᠠᠪᠠᠢ  ᠶᠢᠨ ᠰᠠᠨᠠᠯ ᠢᠶᠠᠷ  ᠬᠠᠮᠤᠭ ᠡᠴᠦᠰ ᠤᠨ ᠲᠣᠭᠲᠠᠭᠠᠯᠲᠠ ᠪᠣᠯᠭᠠᠨ᠎ᠠ᠃   ᠵᠢᠷᠭᠤᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ   ︵ᠨᠢᠭᠡ︶ ᠳᠠᠶᠢᠴᠢᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠤᠨ᠎ᠠ᠃ ᠡᠯ᠎ᠡ ᠰᠤᠮᠤ ᠪᠠᠯᠭᠠᠰᠤ ᠨᠡᠶᠢᠳᠡᠮ ᠪᠠᠶᠢᠴᠠᠭᠠᠯᠲᠠ ᠶᠢᠨ ᠠᠵᠢᠯ ᠢᠶᠠᠨ ᠡᠬᠢᠯᠡᠭᠦᠯᠬᠦ ᠠᠴᠠ ᠡᠮᠦᠨ᠎ᠡ᠂ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠶᠢᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠤᠮᠤ ᠪᠠᠯᠭᠠᠰᠤ᠂ ᠭᠠᠴᠠᠭᠠᠨ ᠤ ︽ᠡᠭᠦᠷ ᠵᠥᠪᠯᠡᠯ︾ ᠵᠡᠷᠭᠡ ᠬᠠᠮᠢᠶ᠎ᠠ ᠪᠦᠬᠦᠢ ᠬᠥᠮᠥᠰ ᠲᠤ ᠤᠬᠠᠭᠤᠯᠭ᠎ᠠ ᠪᠣᠯᠪᠠᠰᠤᠷᠠᠭᠤᠯᠤᠯ ᠬᠢᠬᠦ ᠶᠢᠨ ᠬᠠᠮᠲᠤ᠂ ᠪᠢᠴᠢᠭ ᠮᠠᠲ᠋ᠧᠷᠢᠶᠠᠯ ᠪᠠᠭᠤᠯᠭᠠᠵᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠷᠢᠯᠲᠠ ᠶᠢᠨ ᠠᠴᠢ ᠬᠤᠯᠪᠣᠭᠳᠠᠯ᠂ ᠬᠠᠷᠠᠯᠲᠠ ᠶᠢᠨ ᠡᠭᠦᠷᠭᠡ ᠂ ᠰᠢᠯᠭᠠᠨ ᠬᠢᠨᠠᠵᠤ ᠬᠢᠨᠠᠯᠲᠠ ᠲᠠᠯᠪᠢᠬᠤ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃︵ᠬᠤᠶᠠᠷ︶ ᠦᠨᠡᠯᠡᠬᠦ ᠲᠤᠰᠬᠠᠢ ᠮᠡᠷᠭᠡᠵᠢᠯᠲᠡᠨ ᠢ ᠤᠷᠢᠨ ᠬᠡᠷᠡᠭᠯᠡᠨ᠎ᠡ᠃ ᠲᠤᠬᠠᠢ ᠶᠢᠨ ᠭᠠᠵᠠᠷ ᠤᠨ ᠮᠠᠯ ᠠᠵᠤ ᠠᠬᠤᠢ ᠶᠢᠨ ᠠᠵᠢᠯ ᠤᠨ ᠥᠷᠲᠡᠭᠡ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠰᠠᠶᠢᠨ ᠡᠭᠦᠯᠳᠡᠷ ᠢ ᠦᠨᠡᠯᠡᠬᠦ ᠠᠵᠢᠯ ᠤᠨ ᠲᠤᠷᠰᠢᠯᠭ᠎ᠠ ᠲᠠᠢ ᠮᠡᠷᠭᠡᠵᠢᠯ ᠤᠨ ᠠᠵᠢᠯᠲᠠᠨ ︵ᠪᠠᠲᠤᠯᠠᠭ᠎ᠠ ᠶᠢᠨ ᠲᠥᠪ ᠤᠨ ᠠᠯᠪᠠᠨ ᠤ ᠮᠠᠯ ᠤᠨ ᠡᠮᠴᠢ︶ ᠢ ᠤᠷᠢᠨ ᠬᠡᠷᠡᠭᠯᠡᠵᠦ ᠦᠨᠡᠯᠡᠬᠦ ᠲᠤᠰᠬᠠᠢ ᠮᠡᠷᠭᠡᠵᠢᠯᠲᠡᠨ᠂ ᠦᠢᠯᠡᠴᠢᠯᠡᠭᠡᠨ ᠤ ᠺᠣᠮᠫᠠᠨᠢ ᠳᠤ ᠵᠣᠬᠢᠬᠤ ᠪᠤᠶᠤ ᠵᠣᠬᠢᠬᠤ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠪᠠ ᠮᠡᠷᠭᠡᠵᠢᠯ ᠤᠨ ᠦᠢᠯᠡᠴᠢᠯᠡᠭᠡᠨ ᠤ ᠨᠥᠬᠦᠪᠦᠷᠢ ᠣᠯᠭᠤᠨ᠎ᠠ᠃︵ᠭᠤᠷᠪᠠ︶ ᠳᠠᠭᠠᠭᠠᠴᠢᠯᠠᠯᠲᠠ ᠶᠢᠨ ᠬᠡᠯᠡᠯᠴᠡᠭᠡᠷ ᠪᠠᠶᠢᠭᠤᠯᠤᠨ᠎ᠠ᠃ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ  ᠠᠴᠠ ᠡᠯ᠎ᠡ ᠭᠠᠴᠠᠭ᠎ᠠ ᠲᠣᠰᠬᠤᠨ ᠢ ᠵᠣᠬᠢᠴᠠᠭᠤᠯᠵᠤ ᠪᠠᠶᠢᠭᠠᠳ ᠦᠢᠯᠡᠴᠢᠯᠡᠭᠡᠨ ᠤ ᠺᠣᠮᠫᠠᠨᠢ ᠯᠤᠭ᠎ᠠ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠳᠠᠭᠠᠭᠠᠴᠢᠯᠠᠯᠲᠠ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠨ᠎ᠠ᠃ ᠦᠢᠯᠡᠴᠢᠯᠡᠭᠡᠨ ᠤ ᠺᠣᠮᠫᠠᠨᠢ ᠨᠢ ᠬᠡᠷᠡᠭᠴᠡᠭᠡ ᠪᠦᠬᠦᠢ ᠮᠡᠳᠡᠭᠡ ᠵᠠᠩᠭᠢ ᠶᠢ ᠣᠷᠣᠭᠤᠯᠬᠤ ᠠᠵᠢᠯᠲᠠᠨ᠂ ᠪᠠᠲᠤᠯᠠᠨ ᠲᠣᠭᠲᠠᠭᠠᠬᠤ ᠵᠢᠶᠠᠰᠠ᠂ ᠡᠯᠧᠺᠲᠷᠣᠨ ᠴᠢᠬᠢᠨ ᠲᠡᠮᠳᠡᠭ᠂ ᠴᠢᠬᠢᠨ ᠲᠡᠮᠳᠡᠭ ᠤᠨ ᠵᠠᠭᠤᠳᠠᠭ ᠪᠠ ᠭᠠᠷ ᠮᠠᠰᠢᠨ ᠵᠡᠷᠭᠡ ᠪᠠᠭᠠᠵᠢ ᠲᠥᠬᠦᠭᠡᠷᠦᠮᠵᠢ ᠶᠢ ᠬᠠᠩᠭᠠᠵᠤ᠂ ᠳᠠᠭᠠᠭᠠᠴᠢᠯᠠᠭᠴᠢ ᠨᠢ ᠴᠢᠬᠢᠨ ᠲᠡᠮᠳᠡᠭ ᠴᠣᠬᠢᠬᠤ ᠠᠵᠢᠯᠲᠠᠨ ᠵᠢᠴᠢ ᠵᠠᠮ ᠬᠠᠷᠢᠯᠴᠠᠭᠠᠨ ᠤ ᠪᠠᠭᠠᠵᠢ ᠶᠢ ᠵᠣᠬᠢᠶᠠᠨ ᠪᠠᠶᠢᠭᠤᠯᠵᠤ᠂ ᠳᠠᠭᠠᠭᠠᠴᠢᠯᠠᠬᠤ ᠳᠤᠭᠤᠶᠢᠯᠠᠩ ᠨᠢᠭᠡᠪᠦᠷᠢ ᠨᠢ ᠭᠠᠴᠠᠭ᠎ᠠ ᠳᠠᠷᠠᠭᠠᠯᠠᠨ ᠡᠷᠦᠬᠡ ᠳᠤ ᠣᠷᠣᠵᠤ ᠨᠡᠶᠢᠳᠡᠮ ᠪᠠᠶᠢᠴᠠᠭᠠᠨ᠎ᠠ᠃︵ᠳᠥᠷᠪᠡ︶ ᠦᠢᠯᠡᠴᠢᠯᠡᠭᠡᠨ ᠤ ᠬᠦᠷᠭᠡᠯᠲᠡ ᠶᠢ ᠳᠡᠮᠵᠢᠨ᠎ᠡ᠃ ᠦᠢᠯᠡᠴᠢᠯᠡᠭᠡᠨ ᠤ ᠺᠣᠮᠫᠠᠨᠢ ᠶᠢᠨ ᠠᠵᠢᠯᠯᠠᠬᠤ ᠳᠤᠭᠤᠶᠢᠯᠠᠩ ᠨᠢ ᠡᠯ᠎ᠡ ᠨᠡᠶᠢᠳᠡᠮ ᠪᠠᠶᠢᠴᠠᠭᠠᠯᠲᠠ ᠶᠢᠨ ᠠᠵᠢᠯᠯᠠᠬᠤ ᠳᠤᠭᠤᠶᠢᠯᠠᠩ ᠳᠤ ᠡᠳ᠋ ᠪᠣᠳᠠᠰ ᠲᠠᠷᠬᠠᠭᠠᠬᠤ ᠪᠠ ᠲᠣᠬᠢᠷᠠᠭᠤᠯᠤᠨ ᠬᠦᠷᠭᠡᠬᠦ ᠶᠢ ᠬᠠᠷᠢᠭᠤᠴᠠᠨ᠎ᠠ᠃ ᠳᠡᠭᠡᠭᠰᠢ ᠳᠠᠮᠵᠢᠭᠤᠯᠬᠤ ᠵᠥᠭᠡᠯᠡᠨ ᠬᠡᠷᠡᠭᠰᠡᠯ ᠤᠨ ᠲᠠᠪᠴᠠᠩ ᠤᠨ ᠮᠡᠳᠡᠭᠡ ᠵᠠᠩᠭᠢ᠂ ᠲᠤᠭ᠎ᠠ ᠪᠠᠷᠢᠮᠲᠠ ᠵᠡᠷᠭᠡ ᠮᠠᠲ᠋ᠧᠷᠢᠶᠠᠯ ᠢ ᠡᠮᠬᠢᠯᠡᠨ ᠪᠦᠷᠢᠳᠬᠡᠵᠦ᠂ ᠬᠤᠷᠢᠶᠠᠩᠭᠤᠶᠢᠯᠠᠵᠤ᠂ ᠵᠠᠳᠠᠯᠤᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃︵ᠲᠠᠪᠤ︶ ᠨᠡᠶᠢᠳᠡᠮ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ ᠳ᠋ᠦᠩᠨᠡᠨ᠎ᠡ᠃ ᠡᠯ᠎ᠡ ᠳᠠᠭᠠᠭᠠᠴᠢᠯᠠᠯᠲᠠ ᠶᠢᠨ ᠳᠤᠭᠤᠶᠢᠯᠠᠩ ᠨᠢ ᠬᠠᠷᠢᠶ᠎ᠠ ᠣᠷᠣᠨ ᠤ ᠪᠠᠨ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠦᠭᠰᠡᠨ ᠤ ᠳᠠᠷᠠᠭ᠎ᠠ ᠪᠦᠦ ᠳ᠋ᠢᠩ ᠵᠢᠶᠠᠰᠠ᠂ ᠴᠢᠬᠢᠨ ᠲᠡᠮᠳᠡᠭ ᠤᠨ ᠵᠠᠭᠤᠳᠠᠭ ᠵᠡᠷᠭᠡ ᠡᠳ᠋ ᠪᠣᠳᠠᠰ ᠢ ᠦᠢᠯᠡᠴᠢᠯᠡᠭᠡᠨ ᠤ ᠺᠣᠮᠫᠠᠨᠢ ᠳᠤ ᠪᠤᠴᠠᠭᠠᠨ ᠥᠭᠴᠦ᠂ ᠡᠪᠳᠡᠷᠡᠵᠦ ᠰᠦᠢᠳᠦᠭᠰᠡᠨ ᠪᠤᠶᠤ ᠭᠡᠭᠡᠭᠳᠡᠭᠰᠡᠨ ᠪᠠᠶᠢᠪᠠᠯ ᠦᠨ᠎ᠡ ᠬᠠᠩᠰᠢ ᠪᠠᠷ ᠨᠢ ᠲᠥᠯᠥᠬᠦ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠦᠬᠡᠷ ᠤᠨ ᠲᠤᠭ᠎ᠠ ᠬᠡᠮᠵᠢᠶ᠎ᠡ ᠶᠢ ᠦᠢᠯᠡᠴᠢᠯᠡᠭᠡᠨ ᠤ ᠺᠣᠮᠫᠠᠨᠢ ᠶᠢᠨ ᠬᠠᠮᠢᠶ᠎ᠠ ᠪᠦᠬᠦᠢ ᠬᠥᠮᠥᠰ ᠯᠦᠭᠡ ᠵᠥᠭᠡᠯᠡᠨ ᠬᠡᠷᠡᠭᠰᠡᠯ ᠤᠨ ᠲᠠᠪᠴᠠᠩ ᠳᠤ ᠨᠤᠲᠠᠯᠠᠬᠤ ᠬᠡᠷᠡᠭᠲᠡᠢ᠃ ᠦᠢᠯᠡᠴᠢᠯᠡᠭᠡᠨ ᠤ ᠺᠣᠮᠫᠠᠨᠢ ᠨᠢ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠪᠦᠷᠢᠳᠬᠡᠨ᠂ ᠬᠤᠷᠢᠶᠠᠩᠭᠤᠶᠢᠯᠠᠨ ᠵᠠᠳᠠᠯᠵᠤ᠂ ᠵᠠᠰᠠᠭ ᠤᠨ ᠣᠷᠳᠣᠨ ᠬᠢᠭᠡᠳ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠡᠷᠡᠭᠴᠡᠭᠡ ᠱᠠᠭᠠᠷᠳᠠᠯᠭ᠎ᠠ ᠶᠢᠨ ᠰᠠᠭᠤᠷᠢ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠪᠣᠶ ᠪᠣᠯᠭᠠᠨ᠎ᠠ᠃︵ᠵᠢᠷᠭᠤᠭ᠎ᠠ︶ ᠦᠷᠭᠦᠯᠵᠢᠯᠡᠭᠰᠡᠨ ᠬᠥᠳᠡᠯᠦᠩᠭᠦᠢ ᠬᠠᠮᠢᠶᠠᠷᠤᠯᠲᠠ᠃ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠪᠣᠯ ᠨᠢᠭᠡᠨ ᠣᠷᠳᠣ ᠬᠤᠭᠤᠴᠠᠭᠠᠨ ᠤ ᠬᠥᠳᠡᠯᠦᠩᠭᠦᠢ ᠬᠠᠮᠢᠶᠠᠷᠤᠯᠲᠠ ᠶᠢᠨ ᠶᠠᠪᠤᠴᠠ ᠮᠥᠨ᠂ ᠦᠢᠯᠡᠴᠢᠯᠡᠭᠡᠨ ᠤ ᠺᠣᠮᠫᠠᠨᠢ ᠶᠢᠨ ᠲᠠᠰᠤᠷᠠᠯᠲᠠ ᠦᠭᠡᠢ ᠬᠠᠮᠠᠭᠠᠯᠠᠬᠤ᠂ ᠠᠵᠢᠯᠯᠠᠭᠤᠯᠬᠤ ᠪᠠ ᠬᠢᠨᠠᠨ ᠡᠵᠡᠮᠳᠡᠬᠦ ᠶᠢ ᠱᠠᠭᠠᠷᠳᠠᠪᠠᠯ ᠰᠠᠶ᠋ᠢ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠪᠦᠷᠢᠨ ᠪᠦᠲᠦᠨ ᠪᠠ ᠲᠡᠩᠴᠡᠭᠦᠷᠢᠲᠡᠢ ᠪᠠᠶᠢᠬᠤ ᠶᠢ ᠪᠠᠲᠤᠯᠠᠵᠤ ᠴᠢᠳᠠᠨ᠎ᠠ᠂ ᠡᠰᠡ ᠲᠡᠭᠡᠪᠡᠯ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠠᠴᠢ ᠬᠤᠯᠪᠣᠭᠳᠠᠯ ᠢᠶᠠᠨ ᠠᠯᠳᠠᠬᠤ ᠪᠣᠯᠣᠨ᠎ᠠ᠃ ᠡᠭᠦᠨ ᠳᠤ ᠭᠤᠷᠪᠠᠨ ᠲᠠᠯ᠎ᠠ ᠪᠠᠷ ᠪᠣᠳᠠᠲᠠᠢ ᠢᠯᠡᠷᠡᠵᠦ ᠪᠠᠶᠢᠨ᠎ᠠ᠄ ᠨᠢᠭᠡ ᠳᠤ ᠂ᠭᠠᠳᠠᠨ᠎ᠠ ᠠᠴᠠ ᠬᠤᠳᠠᠯᠳᠤᠨ ᠠᠪᠬᠤ᠂ ᠰᠢᠨ᠎ᠡ ᠲᠤᠭᠤᠯᠠᠭᠰᠠᠨ ᠦᠨᠢᠶ᠎ᠡ᠂ ᠪᠤᠬᠠᠨ ᠳᠤ ᠴᠢᠬᠢᠨ ᠲᠡᠮᠳᠡᠭ ᠲᠠᠯᠪᠢᠬᠤ ᠠᠵᠢᠯ᠃ ᠬᠤᠶᠠᠷ ᠲᠤ᠂ ᠬᠤᠰᠢᠭᠤᠨ ᠳᠣᠲᠣᠷ᠎ᠠ ᠪᠠᠨ ᠠᠷᠠᠯᠵᠢᠶᠠᠯᠠᠬᠤ᠂ ᠬᠤᠰᠢᠭᠤ ᠰᠢᠶᠠᠨ ᠠᠯᠤᠰᠯᠠᠨ ᠠᠷᠠᠯᠵᠢᠶᠠᠯᠠᠬᠤ ᠵᠡᠷᠭᠡ ᠬᠥᠳᠡᠯᠦᠩᠭᠦᠢ ᠬᠠᠮᠢᠶᠠᠷᠤᠯᠲᠠ ᠶᠢ ᠶᠠᠪᠤᠭᠳᠠᠭᠤᠯᠤᠨ᠎ᠠ᠃ ᠭᠤᠷᠪᠠ ᠳᠤ᠂ ᠪᠠᠶᠢᠭᠠᠯᠢ ᠶᠢᠨ ᠪᠤᠶᠤ ᠬᠢᠵᠢᠭ ᠡᠪᠡᠳᠴᠢᠨ ᠢᠶᠠᠷ ᠦᠬᠦᠭᠰᠡᠨ ᠪᠠ ᠬᠠᠷᠢᠶ᠎ᠠ ᠣᠷᠣᠨ ᠳᠤ ᠣᠷᠣᠵᠤ ᠨᠢᠲᠤᠯᠬᠤ ᠵᠠᠩᠭᠢᠯᠠᠭ᠎ᠠ ᠶᠢᠨ ᠲᠤᠭ᠎ᠠ ᠪᠠᠷᠢᠮᠲᠠ ᠶᠢ ᠬᠢᠨᠠᠨ ᠡᠵᠡᠮᠳᠡᠬᠦ᠃ ᠳᠥᠷᠪᠡ ᠳᠤ᠂ ᠨᠢᠭᠡᠨᠲᠡ ᠨᠡᠶᠢᠳᠡᠮ ᠪᠠᠶᠢᠴᠠᠭᠠᠭᠰᠠᠨ ᠦᠬᠡᠷ ᠤᠨ ᠴᠢᠬᠢᠨ ᠤ ᠲᠡᠮᠳᠡᠭ ᠤᠨ ᠭᠡᠭᠡᠭᠳᠡᠭᠰᠡᠨ ᠬᠡᠰᠡᠭ ᠲᠤ ᠨᠥᠬᠦᠨ ᠴᠣᠬᠢᠬᠤ ᠠᠵᠢᠯ ᠢ ᠦᠷᠭᠦᠯᠵᠢᠯᠡᠨ ᠬᠢᠨ᠎ᠡ᠃ ᠶᠡᠷᠦᠩᠬᠡᠢ ᠪᠡᠯᠡ ᠣᠷᠣᠭᠤᠯᠤᠯᠲᠠ ᠶᠢᠨ ᠲᠣᠶᠢᠮᠣ ᠲᠥᠰᠥᠪ ᠨᠢ 150 ᠲᠦᠮᠡᠨ ᠲᠥᠭᠦᠷᠢᠭ ᠪᠣᠯᠣᠨ᠎ᠠ᠃ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠨᠢ 30 ᠲᠥᠭᠦᠷᠢᠭ\ ᠦᠬᠡᠷ ᠪᠠᠶᠢᠵᠤ᠂ ᠨᠡᠶᠢᠳᠡᠮ ᠪᠠᠶᠢᠴᠠᠭᠠᠯᠲᠠ ᠶᠢᠨ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠶᠡᠷᠦᠩᠬᠡᠢ ᠲᠤᠭ᠎ᠠ ᠨᠢ 5 ᠲᠦᠮᠡᠨ ᠲᠣᠯᠣᠭᠠᠢ ᠪᠣᠯᠣᠨ᠎ᠠ᠃ᠨᠠᠢᠮᠠ᠂ ᠠᠵᠢᠯ ᠤᠨ ᠱᠠᠭᠠᠷᠳᠠᠯᠭ᠎ᠠ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ ᠪᠠᠷ ᠪᠦᠷᠢᠯᠳᠦᠭᠦᠨ ᠪᠣᠯᠭᠠᠭᠰᠠᠨ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠳᠦᠷ ᠲᠤᠲᠤᠮ ᠤᠨ ᠠᠵᠢᠯ ᠢ ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠭᠤᠯᠤᠨ᠎ᠠ᠃ ᠦᠢᠯᠡᠴᠢᠯᠡᠭᠡᠨ ᠤ ᠺᠣᠮᠫᠠᠨᠢ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠭᠤᠶᠢᠯᠠᠩ ᠢ  ᠪᠠᠶᠢᠭᠤᠯᠵᠤ᠂ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃︵ᠬᠤᠶᠠᠷ︶ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠦᠢᠯᠡᠴᠢᠯᠡᠭᠡᠨ ᠤ ᠠᠵᠤ ᠠᠬᠤᠶᠢᠯᠠᠯ ᠤᠨ ᠬᠢᠨ ᠠᠵᠢᠯᠲᠠᠳ ᠢᠶᠠᠨ ᠵᠣᠬᠢᠶᠠᠨ ᠪᠠᠶᠢᠭᠤᠯᠵᠤ᠂ ᠰᠠᠭᠤᠷᠢ ᠡᠬᠡ ᠮᠠᠯ ᠤᠨ ᠡᠯᠧᠺᠲᠷᠣᠨ ᠴᠢᠬᠢᠨ ᠲᠡᠮᠳᠡᠭ ᠵᠡᠭᠦᠯᠭᠡᠬᠦ ᠠᠵᠢᠯ ᠢ ᠬᠠᠷᠢᠭᠤᠴᠠᠭᠤᠯᠬᠤ ᠶᠢᠨ ᠬᠠᠮᠲᠤ ᠲᠤᠬᠠᠢ ᠶᠢᠨ ᠭᠠᠵᠠᠷ ᠤᠨ ᠮᠠᠯ ᠠᠵᠤ ᠠᠬᠤᠢ ᠶᠢᠨ ᠠᠵᠢᠯ ᠤᠨ ᠥᠷᠲᠡᠭᠡ᠂ ᠡᠯ᠎ᠡ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠰᠠᠶᠢᠨ ᠡᠭᠦᠯᠳᠡᠷ ᠢ ᠦᠨᠡᠯᠡᠨ ᠲᠣᠭᠲᠠᠭᠠᠬᠤ ᠠᠵᠢᠯ ᠤᠨ ᠲᠤᠷᠰᠢᠯᠭ᠎ᠠ ᠲᠠᠢ ᠮᠡᠷᠭᠡᠵᠢᠯᠲᠡᠨ ᠢ ᠤᠷᠢᠨ ᠬᠡᠷᠡᠭᠯᠡᠵᠦ ᠦᠨᠡᠯᠡᠨ ᠲᠣᠭᠲᠠᠭᠠᠬᠤ ᠲᠤᠰᠬᠠᠢ ᠮᠡᠷᠭᠡᠵᠢᠯᠲᠡᠨ᠂ ᠦᠢᠯᠡᠴᠢᠯᠡᠭᠡᠨ ᠤ ᠺᠣᠮᠫᠠᠨᠢ ᠳᠤ ᠵᠣᠬᠢᠬᠤ ᠬᠡᠮᠵᠢᠶᠡᠨ ᠤ  ᠬᠥᠳᠡᠯᠮᠦᠷᠢ ᠦᠢᠯᠡᠴᠢᠯᠡᠭᠡᠨ ᠤ ᠬᠠᠷᠠᠮᠵᠢ ᠪᠠ ᠮᠡᠷᠭᠡᠵᠢᠯ ᠤᠨ ᠦᠢᠯᠡᠴᠢᠯᠡᠭᠡᠨ ᠤ ᠨᠥᠬᠦᠪᠦᠷᠢ ᠣᠯᠭᠤᠬᠤ ᠶᠢᠨ ᠬᠠᠮᠲᠤ 1~2 ᠮᠡᠷᠭᠡᠵᠢᠯᠲᠡᠨ ᠢ ᠲᠣᠮᠢᠯᠠᠨ ᠮᠡᠳᠡᠭᠡ ᠵᠠᠩᠭᠢ ᠣᠷᠣᠭᠤᠯᠬᠤ ᠠᠵᠢᠯ ᠬᠢᠯᠭᠡᠨ᠎ᠡ᠃︵ᠭᠤᠷᠪᠠ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠨᠢ ᠤᠷᠢᠳᠠᠪᠠᠷ ᠶᠡᠬᠡᠪᠡᠷ ᠤᠬᠠᠭᠤᠯᠵᠤ᠂ ᠮᠠᠯᠴᠢᠳ ᠲᠤ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠷᠢᠯᠭ᠎ᠠ ᠪᠠ ᠠᠴᠢ ᠬᠤᠯᠪᠣᠭᠳᠠᠯ ᠢ ᠦᠵᠡᠯ ᠰᠠᠨᠠᠭᠠᠨ ᠤ ᠲᠠᠯ᠎ᠠ ᠪᠠᠷ ᠦᠨᠡᠨᠬᠦ ᠲᠠᠨᠢᠭᠤᠯᠵᠤ᠂ ᠪᠥᠬᠦ ᠬᠦᠴᠦᠨ ᠢᠶᠠᠷ ᠢᠶᠠᠨ ᠬᠠᠮᠵᠢᠯᠴᠠᠭᠤᠯᠤᠨ᠂ ᠬᠤᠰᠢᠭᠤᠨ ᠤ ᠦᠬᠡᠷ ᠤᠨ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃   ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                              2023 ᠣᠨ ᠤ 7 ᠰᠠᠷ᠎ᠠ 
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号