ᠰᠤᠷᠪᠤᠯᠵᠢᠯᠠᠭᠴᠢ ᠦᠨᠳᠦᠰᠦᠨ ᠱᠠᠲᠤᠨ ᠳᠤ ᠵᠠᠮ ᠱᠤᠭᠤᠮ ᠤᠨ ᠰᠠᠭᠠᠳ ᠦᠬᠡᠢ ᠨᠡᠪᠳᠡᠷᠡᠬᠦ ᠶᠢ ᠪᠠᠳᠣᠯᠬᠤ ᠪᠣᠯ ᠮᠢᠨᠦ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2023/2/13
            ᠰᠤᠷᠪᠤᠯᠵᠢᠯᠠᠭᠴᠢ ᠦᠨᠳᠦᠰᠦᠨ ᠱᠠᠲᠤᠨ ᠳᠤ                      ᠵᠠᠮ ᠱᠤᠭᠤᠮ ᠤᠨ ᠰᠠᠭᠠᠳ ᠦᠬᠡᠢ ᠨᠡᠪᠳᠡᠷᠡᠬᠦ ᠶᠢ              ᠪᠠᠳᠣᠯᠬᠤ ᠪᠣᠯ ᠮᠢᠨᠦ ᠡᠬᠦᠷᠭᠡ ᠬᠠᠷᠢᠭᠤᠴᠠᠯᠭ᠎ᠠ                                                   ᠰᠡᠴᠡᠨᠲᠦ᠂ 1998 ᠣᠨ ᠠᠴᠠ ᠡᠬᠢᠯᠡᠨ ᠪᠠᠷᠠᠭᠤᠨ ᠦᠵᠦᠮᠦᠴᠢᠨ ᠬᠤᠰᠢᠭᠤᠨ ᠤ ᠵᠠᠰᠠᠮᠠᠯ ᠵᠠᠮ ᠤᠨ ᠠᠷᠠᠴᠢᠯᠠᠨ  ᠬᠠᠮᠠᠭᠠᠯᠠᠬᠤ ᠠᠵᠢᠯ ᠤᠨ ᠪᠠᠶᠢᠷᠢ ᠶᠢ ᠰᠣᠩᠭᠤᠨ ᠠᠵᠢᠯᠯᠠᠭᠰᠠᠨ ᠠᠴᠠ ᠨᠠᠰᠢ᠂ 20 ᠭᠠᠷᠣᠢ ᠵᠢᠯ ᠤᠨ ᠲᠣᠷᠰᠢ ᠰᠢᠷᠭᠠᠭᠤ ᠬᠠᠳᠠᠭᠤᠵᠢᠯᠳᠠᠢ ᠠᠵᠢᠯᠯᠠᠨ᠂ ᠵᠠᠰᠠᠮᠠᠯ ᠵᠠᠮ ᠤᠨ ᠦᠢᠯᠡᠰ ᠤᠨ ᠬᠦᠭᠵᠢᠯᠳᠡ ᠳᠤ ᠲᠣᠪᠣᠶᠢᠮ᠎ᠠ ᠬᠤᠪᠢ ᠨᠡᠮᠡᠷᠢ ᠪᠠᠨ ᠦᠵᠡᠭᠦᠯᠵᠠᠢ᠃    ᠲᠡᠷᠡ ᠠᠵᠢᠯ ᠤᠨ ᠪᠠᠶᠢᠷᠢ ᠳᠤ ᠭᠠᠷᠣᠭᠰᠠᠨ ᠴᠠᠭ   ᠠᠴᠠ ᠪᠠᠨ ᠠᠪᠣᠭᠠᠳ᠂ ᠣᠷᠢᠳ ᠬᠤᠵᠢᠳ ᠵᠠᠰᠠᠮᠠᠯ ᠵᠠᠮ ᠤᠨ ᠬᠠᠮᠠᠭᠠᠯᠠᠯᠳᠠ᠂ ᠵᠠᠰᠠᠪᠣᠷᠢᠴᠢᠨ᠂ ᠣᠳᠬᠤᠭᠤᠷ ᠲᠡᠷᠭᠡᠨ ᠵᠢᠯᠣᠭᠤᠴᠢ ᠵᠡᠷᠭᠡ ᠠᠵᠢᠯ ᠢ ᠭᠠᠷᠳᠠᠨ ᠬᠢᠵᠦ᠂ ᠬᠠᠮᠲᠦ ᠠᠵᠢᠯᠯᠠᠭᠴᠢᠳ ᠲᠠᠢ ᠪᠠᠨ ᠪᠦᠬᠦ ᠬᠤᠰᠢᠭᠤᠨ ᠤ ᠬᠡᠪᠴᠢᠶᠡᠨ ᠳᠠᠬᠢ ᠣᠯᠣᠰ ᠤᠨ ᠵᠠᠮ᠂ ᠣᠷᠣᠨ ᠤ ᠵᠠᠮ᠂ ᠪᠣᠰᠣᠳ ᠴᠢᠬᠤᠯᠠ ᠵᠠᠮ ᠱᠣᠭᠤᠮ ᠤᠨ ᠵᠠᠰᠠᠮᠠᠯ ᠵᠠᠮ   ᠤᠨ ᠬᠢᠨᠠᠨ ᠵᠠᠰᠠᠯᠳᠠ ᠶᠢᠨ ᠠᠵᠢᠯ ᠵᠢᠴᠢ ᠪᠠᠴᠢᠮ ᠲᠦᠭᠰᠢᠭᠦᠷᠢᠲᠦ ᠠᠪᠣᠷᠠᠯᠳᠠ  ᠶᠢᠨ ᠡᠭᠦᠷᠭᠡ ᠶᠢ ᠬᠠᠷᠢᠭᠤᠴᠠᠨ᠂ ᠲᠣᠰᠬᠠᠢ ᠠᠯᠪᠠᠨ ᠭᠡᠷ᠂ ᠲᠣᠬᠢᠯᠢᠭ ᠠᠵᠢᠯ ᠤᠨ ᠣᠷᠴᠢᠨ  ᠦᠬᠡᠢ᠂ ᠭᠡᠭᠡᠷ᠎ᠡ ᠭᠠᠳᠠᠨ᠎ᠠ ᠨᠠᠷᠠ ᠰᠠᠯᠬᠢᠨ ᠳᠤ ᠵᠢᠯ ᠤᠨ ᠲᠦᠷᠪᠡᠨ ᠣᠯᠠᠷᠢᠯ ᠢ ᠡᠬᠡᠯᠵᠢ ᠬᠠᠯᠠᠭ᠎ᠠ ᠦᠬᠡᠢ ᠦᠩᠭᠡᠷᠡᠭᠡᠭᠰᠡᠭᠡᠷ ᠢᠷᠡᠵᠠᠢ᠃       2018 ᠣᠨ ᠤ ᠶᠡᠭᠡ ᠵᠣᠳ ᠰᠢᠭᠤᠷᠭᠠᠨ ᠳᠤ᠂ ᠵᠡᠬᠦᠨ ᠦᠵᠦᠮᠦᠴᠢᠨ ᠬᠤᠰᠢᠭᠤᠨ ᠠᠴᠠ ᠣᠯᠠᠭᠠᠨᠬᠠᠳᠠ ᠳᠤ ᠶᠠᠪᠣᠬᠤ ᠠᠶᠠᠨᠴᠢᠨ ᠤ ᠮᠠᠰᠢᠨ ᠰᠠᠭᠠᠳᠠᠵᠦ᠂ ᠲᠣᠬᠠᠢ ᠶᠢᠨ ᠦᠶ᠎ᠡ ᠳᠤ  ᠲᠡᠷᠬᠡᠨ ᠲᠡᠭᠡᠷ᠎ᠡ 30 ᠭᠠᠷᠣᠢ ᠰᠣᠷᠣᠭᠴᠢ ᠪᠠᠶᠢᠭᠰᠠᠨ ᠪᠣᠯᠬᠤᠷ ᠴᠠᠭ ᠪᠠᠴᠢᠮ ᠡᠭᠦᠷᠬᠡ ᠬᠦᠨᠲᠦ ᠶᠢ ᠮᠡᠳᠡᠭᠰᠡᠨ ᠲᠡᠷᠡᠪᠡᠷ᠂ ᠲᠡᠷᠡ ᠲᠠᠷᠣᠢ ᠳᠤᠨᠢ ᠠᠬᠤᠢ ᠲᠠᠯᠠᠪᠣᠷ ᠲᠤ ᠬᠦᠷᠴᠦ᠂ ᠵᠠᠰᠠᠮᠠᠯ ᠵᠠᠮ ᠲᠡᠭᠡᠷ᠎ᠡ ᠬᠤᠷᠠᠭᠰᠠᠨ ᠴᠠᠰᠦ ᠶᠢ ᠠᠷᠢᠯᠭᠠᠨ᠂ ᠠᠶᠠᠨᠴᠢᠨ ᠤ ᠮᠠᠰᠢᠨ ᠵᠢᠴᠢ ᠪᠣᠰᠣᠳ 20 ᠭᠠᠷᠣᠢ ᠬᠤᠪᠢ ᠶᠢᠨ ᠮᠠᠰᠢᠨ ᠢ ᠠᠮᠣᠷ ᠲᠦᠪᠰᠢᠨ ᠢᠶᠠᠷ ᠵᠠᠮ ᠭᠠᠷᠭᠠᠨ ᠦᠭᠴᠦ᠂ ᠵᠣᠷᠢᠭᠰᠠᠨ ᠭᠠᠵᠠᠷ ᠲᠠᠭᠠᠨ ᠬᠦᠷᠬᠦ ᠶᠢ ᠨᠢ ᠪᠠᠳᠣᠯᠠᠵᠠᠢ᠃ 2022 ᠣᠨ ᠤ ᠡᠪᠣᠯ᠂ ᠪᠠᠶᠠᠨᠬᠤᠸᠠ ᠬᠦᠷᠬᠦ ᠵᠠᠮ ᠴᠠᠰᠦ ᠬᠤᠷᠠᠵᠦ ᠲᠡᠷᠭᠡ ᠣᠨᠤᠭ᠎ᠠ ᠬᠠᠰᠢᠭᠳᠠᠭᠰᠠᠨ  ᠠᠴᠠ ᠲᠠᠷᠣᠶᠢᠬᠠᠨ ᠬᠦᠷᠬᠦ ᠴᠢᠬᠤᠯᠠ ᠲᠠᠢ ᠪᠠᠶᠢᠵᠦ᠂ ᠬᠠᠮᠲᠦ ᠠᠵᠢᠯᠯᠠᠭᠴᠢ ᠨᠢ ᠪᠦᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠳᠤ ᠬᠠᠯᠳᠠᠪᠣᠷᠢᠯᠠᠭᠳᠠᠨ ᠭᠦᠨᠲᠦ ᠪᠠᠶᠢᠭᠰᠠᠨ ᠠᠴᠠ᠂ ᠲᠡᠷᠡ ᠦᠪᠡᠷ ᠢᠶᠠᠨ ᠴᠦ ᠠᠭᠤᠰᠬᠢᠨ ᠦᠷᠪᠢᠰᠦᠯ ᠳᠤ ᠬᠠᠯᠳᠠᠪᠣᠷᠢᠯᠠᠭᠳᠠᠨ ᠪᠠᠶ᠎ᠡ ᠨᠢ ᠠᠨᠠᠢ ᠴᠦ 2 ᠦᠷᠡᠯ ᠡᠪᠡᠳᠬᠦ ᠶᠢ ᠵᠣᠭᠰᠣᠭᠠᠬᠤ ᠡᠮ ᠣᠣᠭᠤᠵᠦ᠂ ᠴᠠᠰᠦ ᠲᠦᠷᠢᠵᠦ ᠠᠷᠢᠯᠭᠠᠨ᠂ ᠵᠠᠮ ᠨᠡᠪᠳᠡᠷᠡᠭᠦᠯᠬᠡ ᠶᠢ   ᠰᠢᠯᠤᠭᠤᠬᠠᠨ ᠪᠣᠯᠭᠠᠵᠦ ᠦᠭᠴᠠᠢ᠃     ᠣᠯᠠᠨ ᠲᠦᠮᠡᠨ ᠤ ᠲᠠᠯᠠᠷᠬᠠᠯ  ᠬᠦᠨᠳᠦᠳᠬᠡᠯ ᠪᠣᠯ  ᠰᠡᠴᠡᠨᠲᠦ ᠶᠢᠨ ᠠᠵᠢᠯ ᠤᠨ ᠬᠠᠮᠤᠭ  ᠤᠨ ᠴᠢᠬᠤᠯᠠ ᠬᠥᠬᠢᠭᠦᠯᠦᠯ ᠪᠣᠯᠬᠤ ᠶᠤᠮ᠃ ᠬᠤᠷᠢ ᠭᠠᠷᠤᠢ ᠵᠢᠯ  ᠤᠨ ᠲᠤᠷᠰᠢ᠂ ᠠᠩᠭᠢ ᠶᠢᠨ ᠨᠥᠬᠦᠳ  ᠲᠠᠢ ᠪᠠᠨ ᠬᠠᠮᠲᠦ ᠮᠢᠩᠭ᠎ᠠ ᠰᠢᠬᠠᠮ ᠲᠡᠷᠭᠡ ᠤᠨᠤᠭ᠎ᠠ ᠶᠢ ᠠᠪᠣᠷᠠᠨ ᠲᠣᠰᠠᠯᠠᠵᠦ᠂ ᠡᠬᠡᠯ ᠵᠢᠷ ᠤᠨ  ᠠᠵᠢᠯ ᠤᠨ ᠪᠠᠶᠢᠷᠢᠨ ᠳ᠋ᠭᠠᠨ ᠶᠡᠷᠦ ᠪᠣᠰᠣ ᠶᠢᠨ ᠪᠦᠳᠦᠮᠵᠢ ᠲᠠᠢ᠂ ᠡᠭᠦᠷᠬᠡ ᠬᠠᠷᠢᠭᠤᠴᠠᠯᠭ᠎ᠠ ᠪᠠᠨ ᠣᠰᠣᠯᠳᠣᠯ ᠦᠬᠡᠢ ᠬᠦᠢᠴᠡᠳᠬᠡᠨ᠂ ᠵᠠᠮ ᠱᠣᠭᠤᠮ ᠤᠨ ᠠᠮᠣᠷ ᠲᠦᠪᠰᠢᠨ ᠢ ᠪᠠᠳᠣᠯᠠᠭᠰᠠᠭᠠᠷ ᠢᠷᠡᠵᠠᠢ᠃            
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号