ᠶᠣᠣ ᠴᠦᠨ ᠮᠢᠩ ᠦᠨᠳᠦᠰᠦᠨ ᠱᠠᠲᠤᠨ ᠳᠤ ᠣᠯᠠᠨ          ᠲᠦᠮᠡᠨ ᠤ ᠡᠷᠡᠭᠦᠯ ᠮᠡᠨᠳᠦ  ᠶᠢ ᠰᠠᠬᠢᠨ ᠬᠠᠮᠠᠭᠠ᠊
ᠨᠡᠶᠢᠲᠡᠯᠡᠭᠰᠡᠨ ᠴᠠᠭ᠄
2023/2/20
ᠲᠥᠯᠥᠭᠡᠯᠡᠭᠴᠢ ᠭᠡᠰᠢᠭᠦᠳ ᠤᠨ ᠵᠢᠪᠬᠤᠭ᠎ᠠ—          ᠶᠣᠣ ᠴᠦᠨ ᠮᠢᠩ ᠦᠨᠳᠦᠰᠦᠨ ᠱᠠᠲᠤᠨ ᠳᠤ ᠣᠯᠠᠨ          ᠲᠦᠮᠡᠨ ᠤ ᠡᠷᠡᠭᠦᠯ ᠮᠡᠨᠳᠦ   ᠶᠢ ᠰᠠᠬᠢᠨ ᠬᠠᠮᠠᠭᠠᠯᠠᠨ᠎ᠠ                                              ᠶᠣᠣ ᠴᠦᠨ ᠮᠢᠩ ᠪᠣᠯ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠣᠯ ᠪᠠᠯᠭᠠᠰᠤᠨ ᠤ ᠪᠠᠶᠠᠩᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠪᠥᠭᠡᠳ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ ᠪᠣᠯᠣᠨ᠎ᠠ᠂ 20 ᠭᠠᠷᠤᠢ ᠵᠢᠯ ᠤᠨ ᠲᠤᠷᠰᠢ ᠲᠡᠷᠡ ᠦᠨᠳᠦᠰᠦᠨ ᠱᠠᠲᠤᠨ ᠳᠤ ᠡᠮᠴᠢᠯᠡᠭᠡᠨ ᠤ ᠰᠡᠷᠭᠡᠶᠢᠯᠡᠯᠲᠡ ᠶᠢᠨ ᠠᠵᠢᠯ ᠢ ᠢᠮᠠᠭᠲᠠ ᠰᠠᠶᠢᠨ ᠬᠢᠵᠦ᠂ ᠮᠠᠯᠴᠢᠨ ᠲᠦᠮᠡᠨ ᠤ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠭᠰᠠᠭᠠᠷ ᠢᠷᠡᠵᠡᠶ᠃ ᠦᠨᠳᠦᠰᠦᠨ ᠱᠠᠲᠤᠨ  ᠤ ᠡᠷᠡᠭᠦᠯ ᠬᠠᠮᠠᠭᠠᠯᠠᠯ ᠤᠨ ᠠᠵᠢᠯ ᠤᠨ ᠣᠨᠴᠠᠯᠢᠭ ᠵᠢᠴᠢ  ᠪᠣᠳᠠᠲᠤ ᠪᠠᠶᠢᠳᠠᠯ ᠢ ᠦᠨᠳᠦᠰᠦᠯᠡᠨ᠂ ᠲᠡᠷᠡ ᠰᠢᠨ᠎ᠡ ᠮᠡᠳᠡᠯᠭᠡ᠂ ᠰᠢᠨ᠎ᠡ ᠤᠷ᠎ᠠ ᠮᠡᠷᠭᠡᠵᠢᠯ ᠢ ᠲᠠᠰᠤᠷᠠᠯᠲᠠ ᠦᠭᠡᠢ ᠰᠤᠷᠤᠯᠴᠠᠵᠤ᠂ ᠥᠪᠡᠷ ᠤᠨ ᠲᠤᠰᠬᠠᠢ ᠮᠡᠷᠭᠡᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠠᠵᠢᠯ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠤᠳ ᠢ ᠢᠯᠠᠨ ᠳᠠᠪᠠᠭᠰᠠᠭᠠᠷ ᠢᠷᠡᠪᠡ᠃  ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠲᠡᠷᠡ ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠣᠨᠴᠠ ᠴᠢᠬᠤᠯᠠᠴᠢᠯᠠᠨ᠂ ︽ᠬᠢᠵᠢᠭ︾ ᠲᠠᠢ ᠲᠡᠮᠡᠴᠡᠬᠦ ᠳᠤ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ᠂ ᠡᠮᠦᠨ᠎ᠡ ᠡᠩᠨᠡᠭᠡᠨ ᠳᠤ ᠭᠠᠪᠰᠢᠭᠠᠶᠢᠯᠠᠪᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠦᠨᠳᠦᠰᠦᠨ ᠱᠠᠲᠤᠨ ᠤ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠵᠣᠷᠢᠭᠲᠠᠢ ᠠᠵᠢᠯᠯᠠᠪᠠ᠃ ︽ᠣᠶᠢᠷ᠎ᠠ ᠳᠤ ᠪᠢ ᠵᠠᠯᠠᠭᠤ ᠪᠠᠭ᠎ᠠ ᠡᠮᠡᠭᠲᠡᠶᠢᠴᠦᠳ ᠤᠨ ᠸᠠᠺᠼᠢᠨ ᠤ ᠲᠠᠷᠢᠯᠭ᠎ᠠ ᠪᠠᠷ ᠳᠠᠮᠵᠢᠭᠤᠯᠤᠨ  ᠰᠠᠪᠠᠨ ᠤ ᠬᠦᠵᠦᠭᠦᠨ ᠤ ᠥᠮᠡᠨ ᠢ ᠰᠡᠷᠭᠡᠶᠢᠯᠡᠬᠦ ᠵᠡᠷᠭᠡ ᠶᠢ ᠨᠡᠯᠢᠶᠡᠳ ᠠᠩᠬᠠᠷᠴᠤ ᠪᠠᠶᠢᠨ᠎ᠠ᠂ ᠶᠡᠭᠡ ᠬᠤᠷᠠᠯ ᠳᠤ ᠰᠠᠨᠠᠯ ᠳᠡᠪᠰᠢᠭᠦᠯᠦᠨ᠂ ᠡᠮᠡᠭᠲᠡᠶᠢᠴᠦᠳ ᠤᠨ ᠰᠠᠪᠠᠨ ᠤ ᠬᠦᠵᠦᠭᠦᠨ ᠤ ᠥᠮᠡᠨ ᠢ ᠰᠡᠷᠭᠡᠶᠢᠯᠡᠨ ᠵᠠᠰᠠᠬᠤ ᠮᠡᠳᠡᠯᠭᠡ ᠶᠢ ᠣᠶᠢᠯᠭᠠᠬᠤ ᠨᠣᠷᠮ᠎ᠠ ᠶᠢ ᠳᠡᠭᠡᠭᠰᠢᠯᠡᠭᠦᠯᠵᠦ᠂ ᠵᠠᠯᠠᠭᠤ ᠪᠠᠭ᠎ᠠ ᠡᠮᠡᠭᠲᠡᠶᠢᠴᠦᠳ ᠤᠨ ᠠᠮᠢ ᠨᠠᠰᠤ᠂ ᠡᠷᠡᠭᠦᠯ ᠮᠡᠨᠳᠦ ᠶᠢ ᠬᠠᠮᠠᠭᠠᠯᠠᠬᠤ ᠳᠤ ᠬᠤᠪᠢ ᠨᠡᠮᠡᠷᠢ  ᠦᠵᠡᠭᠦᠯᠬᠦ ᠶᠢ ᠬᠦᠰᠡᠵᠦ ᠪᠠᠶᠢᠨ᠎ᠠ︾ ᠭᠡᠵᠦ ᠲᠡᠷᠡ ᠢᠯᠡᠷᠬᠡᠶᠢᠯᠡᠵᠦ ᠪᠠᠶᠢᠯ᠎ᠠ᠃  ᠶᠣᠣ ᠴᠦᠨ ᠮᠢᠩ ᠶᠡᠭᠡ ᠬᠤᠷᠠᠯ ᠳᠤ ᠳᠡᠪᠰᠢᠭᠦᠯᠬᠦ ᠬᠤᠯᠪᠣᠭᠳᠠᠯ ᠪᠦᠬᠦᠢ ᠰᠠᠨᠠᠯ ᠳᠤᠷᠠᠳᠤᠯᠭ᠎ᠠ ᠪᠠᠨ ᠲᠡᠮᠳᠡᠭᠯᠡᠨ ᠪᠡᠯᠡᠳᠬᠡᠵᠦ ᠪᠣᠢ᠃  ᠰᠣᠷᠪᠤᠯᠵᠢᠯᠠᠭ᠎ᠠ  ᠄  ᠶᠣᠣ ᠴᠦᠨ ᠮᠢᠩ᠄ ︽ᠪᠢ ᠪᠣᠯ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ 13 ᠳ᠋ᠤᠭᠠᠷ  ᠬᠤᠭᠤᠴᠠᠭᠠᠨ ᠤ ᠬᠤᠷᠢᠶᠠᠨ ᠤ ᠭᠡᠰᠢᠭᠦᠨ ᠶᠣᠣ ᠴᠦᠨ ᠮᠢᠩ᠂ ᠨᠢᠭᠡᠨ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ ᠪᠣᠯᠣᠨ᠎ᠠ᠃ ᠦᠨᠳᠦᠰᠦᠨ ᠱᠠᠲᠤᠨ ᠤ ᠡᠮᠴᠢ ᠪᠣᠯᠤᠭᠰᠠᠨ ᠤ ᠬᠤᠪᠢ ᠳᠤ᠂ᠪᠢ ᠡᠷᠡᠭᠦᠯ ᠮᠡᠨᠳᠦ ᠶᠢᠨ ᠲᠤᠬᠠᠢ ᠠᠰᠠᠭᠤᠳᠠᠯ ᠢ ᠢᠯᠡᠭᠦᠦ ᠠᠩᠬᠠᠷᠳᠠᠭ᠂ ᠡᠷᠡᠭᠦᠯ ᠮᠡᠨᠳᠦ ᠶᠢᠨ ᠮᠡᠳᠡᠯᠭᠡ   ᠶᠢ ᠤᠬᠠᠭᠤᠯᠵᠤ᠂ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠰᠠᠨᠠᠭᠠᠴᠢᠯᠠᠬᠤ ᠪᠣᠯ ᠮᠢᠨᠤ ᠠᠵᠢᠯ ᠤᠨ ᠡᠭᠦᠷᠭᠡ ᠬᠠᠷᠢᠭᠤᠴᠠᠯᠭ᠎ᠠ ᠮᠥᠨ᠃ ᠤᠯᠤᠰ ᠲᠦᠷᠦ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠪᠢ ᠬᠠᠪᠤᠳᠠᠷ ᠢ ᠤᠷᠢᠳᠴᠢᠯᠠᠨ ᠰᠡᠷᠭᠡᠶᠢᠯᠡᠬᠦ ᠲᠤᠬᠠᠢ ᠨᠢᠭᠡ ᠬᠤᠪᠢ ᠰᠠᠨᠠᠯ ᠳᠤᠷᠠᠳᠤᠯᠭ᠎ᠠ ᠳᠡᠪᠰᠢᠭᠦᠯᠦᠨ᠂ ᠵᠠᠯᠠᠭᠤ ᠪᠠᠭ᠎ᠠ ᠡᠮᠡᠭᠲᠡᠶᠢᠴᠦᠳ ᠤᠨ ᠠᠮᠢ ᠨᠠᠰᠤ ᠡᠷᠡᠭᠦᠯ ᠮᠡᠨᠳᠦ ᠶᠢ ᠪᠦᠲᠦᠮᠵᠢᠲᠡᠶ ᠬᠠᠮᠠᠭᠠᠯᠠᠬᠤ ᠳᠤ  ᠲᠤᠰᠠ ᠪᠣᠯᠬᠤ ᠶᠢ ᠬᠦᠰᠡᠵᠦ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠪᠢ ᠢᠳᠡᠪᠬᠢᠲᠡᠢ ᠠᠵᠢᠯ ᠤᠨ ᠣᠪᠣᠷ ᠢᠶᠠᠷ᠂ ᠰᠠᠨᠠᠯ ᠵᠥᠪᠯᠡᠯᠭᠡ  ᠳᠤᠷᠠᠳᠤᠨ ᠠᠷᠭ᠎ᠠ ᠤᠬᠠᠭᠠᠨ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂  ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ   ᠳᠤ ᠥᠪᠡᠷ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号