2022 ᠣᠨ ᠤ ᠵᠠᠰᠠᠭ  ᠎ ᠤᠨ  ᠤᠷᠳᠤᠨ  ᠎ ᠤ  ᠠᠵᠢᠯ  ᠎ ᠤᠨ  ᠢᠯᠡᠳᠭᠡᠯ
ᠨᠡᠶᠢᠲᠡᠯᠡᠭᠰᠡᠨ ᠴᠠᠭ᠄
2023/2/22
              ᠵᠠᠰᠠᠭ  ᠎ ᠤᠨ   ᠤᠷᠳᠤᠨ  ᠎ ᠤ   ᠠᠵᠢᠯ  ᠎ ᠤᠨ   ᠢᠯᠡᠳᠭᠡᠯ       2023  ᠣᠨ  ᠎ ᠤ  2 ᠰᠠᠷ᠎ᠠ  ᠎ ᠶᠢᠨ 15  ᠎ ᠤ  ᠡᠳᠦᠷ  ᠪᠠᠷᠠᠭᠤᠨ ᠦᠵᠦᠮᠦᠴᠢᠨ  ᠬᠤᠰᠢᠭᠤᠨ  ᠎ ᠤ  ᠠᠷᠪᠠᠨ  ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠎ ᠤᠨ  ᠭᠤᠷᠪᠠᠳᠤᠭᠠᠷ ᠤᠳᠠᠭᠠᠨ ᠤ  ᠬᠤᠷᠠᠯᠳᠤᠭᠠᠨ  ᠳᠡᠭᠡᠷ᠎ᠡ   ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ    ᠶᠣᠣ ᠬᠤᠩ ᠭᠠᠩᠲᠥᠯᠥᠭᠡᠯᠡᠭᠴᠢᠳ ᠡ᠄ ᠣᠲᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠮᠦᠨᠴᠦ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ︕    ᠨᠢᠭᠡ᠂ 2022 ᠣᠨ ᠤ ᠠᠵᠢᠯ ᠤᠨ ᠡᠷᠭᠢᠴᠡᠭᠦᠯᠦᠯᠰᠠᠶ᠋ᠢᠬᠠᠨ ᠥᠩᠭᠡᠷᠡᠭᠰᠡᠨ 2022 ᠣᠨ ᠪᠣᠯ ᠪᠠᠷᠠᠭᠤᠨ ᠦᠵᠦᠮᠦᠴᠢᠨ ᠬᠤᠰᠢᠭᠤᠨ ᠤ ᠲᠡᠦᠬᠡᠨ ᠳᠡᠭᠡᠷᠡᠬᠢ ᠴᠢᠬᠤᠯᠠ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠬᠤᠰᠢᠭᠤ ᠵᠠᠰᠠᠭ ᠤᠨ ᠣᠷᠳᠣᠨ ᠨᠢ  ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠨ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠂ ᠪᠦᠬᠦ ᠵᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ᠠᠶᠢᠮᠠᠭ ᠤᠨ ᠵᠠᠬᠢᠷᠭ᠎ᠠ ᠶᠢᠨ ᠣᠨ ᠤ ᠭᠤᠣᠯᠳᠠᠯᠭ᠎ᠠ ᠲᠠᠢ ᠠᠵᠢᠯ ᠤᠨ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠳᠤ ᠨᠢᠭᠡᠳᠦᠭᠡᠷ ᠲᠤ ᠣᠷᠣᠪᠠ᠃     ︵ᠨᠢᠭᠡ︶ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠢ ᠶᠡᠬᠡᠪᠡᠷ ᠳᠡᠭᠡᠭᠰᠢᠯᠡᠬᠦᠯᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠤᠩᠬᠡᠢ ᠥᠷᠲᠡᠭ ᠠᠩᠬ᠎ᠠ ᠤᠳᠠᠭ᠎ᠠ 200 ᠳ᠋ᠦᠩᠰᠢᠭᠤᠷ ᠲᠥᠭᠦᠷᠢᠭ ᠢ ᠳᠠᠪᠠᠵᠤ ᠂ 219.86 ᠳ᠋ᠦᠩᠰᠢᠭᠤᠷ ᠲᠥᠭᠦᠷᠢᠭ ᠢ ᠪᠡᠶᠡᠯᠡᠭᠦᠯᠤᠨ᠂ ᠠᠳᠠᠯᠢ ᠬᠤᠭᠤᠴᠠᠭᠠᠨ ᠤ ᠬᠢ ᠠᠴᠠ 10.6%᠎ ᠪᠠᠷ ᠨᠡᠮᠡᠭᠳᠡᠪᠡ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 22.18 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.6%᠎ ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ172.04 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠎ ᠬᠢ ᠠᠴᠠ 13.5%᠎ ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 25.65 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.8%᠎ ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 16.5%᠎ ᠪᠠᠷ ᠨᠡᠮᠡᠭᠳᠡᠵᠡᠢ᠃ 100 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠲᠤᠬᠠᠢ ᠶᠢᠨ ᠵᠢᠯ ᠳᠤ 73 ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠡᠭᠦᠨ ᠳᠤ 12 ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠢ ᠪᠦᠬᠦᠨ ᠢ ᠡᠬᠢᠯᠡᠨ ᠪᠠᠶᠢᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 48.37 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 39%᠎ ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 23.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15.3%᠎ ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 11.4 ᠳ᠋ᠦᠩᠰᠢᠭᠤᠷ ᠲᠥᠭᠦᠷᠢᠭ ᠢ ᠪᠡᠶᠡᠯᠬᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 48094 ᠲᠥᠭᠦᠷᠢᠭ ᠪᠠ 35602 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ ᠲᠣᠰ ᠲᠣᠰ 5.1% ᠪᠠ 6.6%᠎ ᠪᠠᠷ ᠨᠡᠮᠡᠭᠳᠡᠪᠡ᠃ ᠪᠦᠬᠦ ᠵᠢᠯ ᠳᠤ ᠳᠡᠰ ᠳᠡᠪᠰᠢᠬᠦᠯᠦᠨ ᠪᠦᠷᠢᠳᠬᠡᠯ ᠳᠤ ᠤᠷᠤᠭᠰᠠᠨ ᠠᠵᠤ ᠦᠶᠯᠡᠳᠪᠦᠷᠢ ᠶᠢᠨ ᠠᠵᠤ ᠠᠬᠤᠶᠢᠯᠠᠯ 2 ᠨᠡᠮᠡᠭᠳᠡᠵᠦ᠂ ᠭᠠᠶᠢᠯᠢ ᠲᠤᠰᠢᠶᠠᠬᠤ ᠠᠵᠤ ᠠᠬᠤᠶᠢᠯᠠᠯ ᠰᠢᠨ᠎ᠡ ᠪᠠᠷ 5᠎ ᠶᠢ ᠪᠣᠶᠢᠵᠢᠭᠤᠯᠤᠨ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠠᠵᠤ ᠠᠬᠤᠶᠢᠯᠠᠯ ᠢ ᠬᠠᠷᠢᠶ᠎ᠠ ᠭᠠᠵᠠᠷ ᠲᠤ ᠪᠠᠨ 7᠎ ᠶᠢ ᠳᠠᠩᠰᠠᠯᠠᠭᠤᠯᠬᠤ ᠶᠢ ᠪᠡᠶᠡᠯᠡᠭᠦᠯᠪᠡ᠃ ᠮᠥᠩᠭᠦᠨ ᠭᠦᠢᠯᠭᠡᠭᠡᠨ ᠤ ᠲᠤᠯᠭᠠᠭᠤᠷᠢᠯᠠᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠡᠳ᠋ ᠤᠨ ᠵᠠᠰᠠᠭ ᠢᠲᠡᠭᠡᠮᠵᠢ ᠶᠢᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰ ᠲᠣᠰ 110.8 ᠳ᠋ᠦᠩᠰᠢᠭᠤᠷ ᠲᠥᠭᠦᠷᠢᠭ ᠪᠠ 95.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 46% ᠪᠠ 24.8%᠎ ᠪᠠᠷ ᠨᠡᠮᠡᠭᠳᠡᠪᠡ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠶᠡᠷᠦᠩᠬᠡᠢ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠨᠢ ᠴᠥᠮ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠤᠷᠤᠵᠦ᠂ 6 ᠵᠢᠯ ᠳᠠᠷᠠᠭᠠᠯᠠᠨ ︽ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ︾᠎ ᠪᠠᠷ ᠰᠣᠩᠭᠤᠭᠳᠠᠪᠠ᠃   ︵ᠬᠤᠶᠠᠷ︶ ᠠᠵᠤ ᠦᠢᠯᠡᠰ ᠤᠨ ᠲᠠᠰ ᠳᠡᠪᠰᠢᠬᠦ ᠠᠯᠬᠤᠴᠠ ᠶᠢ ᠢᠯᠡᠳᠲᠡ ᠲᠦᠷᠭᠡᠳᠬᠡᠪᠡ    — —  ᠤᠳᠤᠬᠢᠴᠢᠯᠠᠭᠰᠠᠨ ᠮᠠᠯ ᠠᠵᠤ ᠠᠬᠤᠢ ᠶᠢ ᠲᠦᠷᠭᠡᠪᠴᠢᠯᠡᠨ ᠬᠥᠭᠵᠢᠭᠦᠯᠪᠡ᠃ ᠣᠯᠠᠮᠵᠢᠯᠠᠯᠲᠤ ᠮᠠᠯ ᠠᠵᠤ ᠠᠬᠤᠢ ᠶᠢᠨ ᠤᠳᠤᠬᠢᠴᠢᠯᠠᠭᠰᠠ ᠠᠮᠢ ᠠᠬᠤᠢ ᠶᠢᠨ ᠠᠵᠤ ᠠᠬᠤᠢ ᠲᠡᠶᠢᠰᠢ ᠬᠤᠪᠢᠷᠠᠬᠤ ᠶᠢ ᠠᠬᠢᠭᠤᠯᠵᠤ᠂ ᠤᠯᠤᠰ ᠤᠨ ᠲᠠᠯ᠎ᠠ ᠨᠤᠲᠤᠭ ᠤᠨ ᠮᠠᠯᠵᠢᠯ ᠤᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠬᠦ ᠲᠤᠷᠰᠢᠯᠲᠠ ᠶᠢᠨ ᠴᠢᠭ ᠤᠨ ᠲᠥᠷᠥᠯ ᠵᠦᠢᠯ ᠢ ᠠᠮᠵᠢᠯᠳᠠᠳᠠᠢ ᠡᠷᠡᠮᠡᠯᠵᠡᠯᠡᠨ ᠣᠯᠪᠠ᠃ ᠮᠢᠬᠠᠨ ᠤ ᠦᠬᠡᠷ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ 1300 ᠭᠠᠷᠤᠢ ᠲᠣᠯᠣᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠣᠷᠣᠭᠤᠯᠵᠤ᠂ 1 ᠳᠦᠮᠡ ᠭᠠᠷᠤᠢ ᠦᠨᠢᠶᠡᠨ ᠳᠤ ᠬᠡᠭᠡᠯᠲᠦᠭᠦᠯᠭᠡ ᠬᠢᠵᠦ᠂  ᠬᠤᠰᠢᠭᠤ ᠱᠠᠲᠤᠨ ᠤ ᠮᠢᠬᠠᠨ ᠤ ᠦᠬᠡᠷ ᠎ ᠤᠨ ᠭᠤᠣᠯᠳᠠᠯᠭᠠᠲᠤ ᠰᠦᠷᠦᠭ 6᠎ ᠢ ᠪᠤᠶᠢᠵᠢᠭᠤᠯᠤᠨ᠂ ᠮᠢᠬᠠᠨ ᠤ ᠦᠬᠡᠷ 32 ᠲᠦᠮᠡ ᠳᠤ ᠬᠦᠷᠪᠡ᠃ ᠮᠢᠬᠠᠨ ᠤ ᠬᠤᠨᠢᠨ ᠤ ᠠᠵᠤ ᠦᠢᠯᠡᠰ ᠢ ᠲᠡᠳᠬᠦᠨ ᠬᠥᠭᠵᠢᠭᠦᠯᠵᠦ᠂ ᠦᠵᠦᠮᠦᠴᠢᠨ ᠬᠤᠨᠢᠨ ᠤ ᠡᠭᠦᠯᠳᠡᠷ ᠰᠠᠶᠢᠵᠢᠷᠠᠭᠤᠯᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 1228 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠲᠠᠷᠬᠠᠭᠠᠪᠠ᠃ ᠦᠵᠦᠮᠦᠴᠢᠨ ᠬᠤᠨᠢ ᠶᠢ  ᠦᠰᠬᠡᠨ ᠦᠷᠡᠵᠢᠬᠦᠯᠬᠦ ᠰᠢᠰᠲ᠋ᠧᠮ ᠢ ᠰᠢᠯᠢᠳᠡᠭᠵᠢᠭᠦᠯᠦᠨ᠂ ᠦᠵᠦᠮᠦᠴᠢᠨ ᠬᠤᠨᠢᠨ ᠤ ᠭᠤᠣᠯᠳᠠᠯᠭᠠᠲᠤ ᠰᠦᠷᠦᠭ 20᠂ ᠪᠠᠷᠢᠮᠵᠢᠶᠠᠵᠢᠭᠰᠠᠨ ᠰᠦᠷᠦᠭ 100᠎ ᠶᠢ ᠪᠣᠶᠢᠵᠢᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ  ᠎ ᠲᠠᠢ ᠬᠠᠮᠲᠤᠷᠠᠨ ᠦᠵᠦᠮᠦᠴᠢᠨ ᠬᠤᠨᠢᠨ ᠤ ︽ᠢᠬᠡᠷ᠎ᠡ ᠬᠤᠷᠠᠭ᠎ᠠ︾ ᠪᠣᠶᠢᠵᠢᠭᠤᠯᠬᠤ ᠲᠥᠷᠥᠯ ᠵᠦᠢᠯ ᠢ ᠬᠡᠷᠡᠭᠵᠢᠬᠦᠯᠪᠡ᠃ ᠠᠳᠤᠭᠤᠨ ᠤ ᠠᠵᠤ ᠦᠢᠯᠡᠰ ᠢ ᠬᠥᠭᠵᠢᠭᠦᠯᠵᠦ᠂ ᠤᠯᠤᠰ ᠤᠨ ᠲᠡᠰ ᠤᠨ ᠮᠣᠩᠭᠤᠯ ᠠᠳᠤᠭᠤᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠲᠥᠷᠥᠯ ᠵᠦᠢᠯ ᠢ ᠬᠡᠷᠡᠭᠵᠢᠬᠦᠯᠵᠦ ᠂ ᠮᠣᠩᠭᠤᠯ ᠠᠳᠤᠭᠤᠨ ᠤ 63 ᠭᠤᠤᠯᠳᠠᠯᠭᠠᠳᠤ ᠰᠦᠷᠦᠭ ᠢ ᠰᠢᠯᠢᠳᠡᠭᠵᠢᠬᠦᠯᠪᠡ᠃ ᠡᠭᠦᠨ ᠳᠤ ᠦᠵᠦᠮᠦᠴᠢᠨ ᠴᠠᠭᠠᠨ ᠠᠳᠤᠭᠤᠨ ᠤ ᠭᠤᠤᠯᠳᠠᠯᠭᠠᠳᠤ ᠰᠦᠷᠦᠭ 25᠂ ᠪᠠᠷᠢᠮᠵᠢᠶᠠᠵᠢᠭᠤᠯᠤᠭᠰᠠᠨ ᠴᠡᠭᠡ ᠡᠳ᠋ᠰᠢᠭᠦᠯᠬᠦ ᠵᠢᠵᠢᠭ ᠦᠢᠯᠡᠳᠬᠡᠯ ᠤᠨ ᠭᠠᠵᠠᠷ 2᠎ ᠢ ᠰᠢᠨ᠎ᠡ ᠪᠠᠷ ᠪᠠᠶᠢᠭᠤᠯᠪᠠ᠃ ᠴᠠᠭᠠᠨ ᠢᠳᠡᠭᠡᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠣᠨᠴᠠᠯᠢᠭᠲᠤ ᠴᠠᠭᠠᠨ ᠢᠳᠡᠭᠡᠨ ᠢ ᠡᠳ᠋ᠰᠢᠭᠦᠯᠬᠦ 16 ᠵᠢᠵᠢᠭ ᠦᠢᠯᠡᠳᠬᠡᠯ ᠤᠨ ᠭᠠᠵᠠᠷ ᠢ ᠲᠠᠰ ᠳᠡᠪᠰᠢᠭᠦᠯᠦᠨ ᠥᠭᠡᠷᠡᠴᠢᠯᠡᠪᠡ᠃ ᠵᠢᠦᠢ ᠪᠦᠦ ᠶᠤᠸᠠᠨ ᠤᠯᠠᠭᠠᠨ ᠢᠳᠡᠭᠡᠨ ᠡᠳ᠋ᠰᠢᠭᠦᠯᠬᠦ ᠲᠥᠷᠥᠯ ᠵᠦᠢᠯ ᠢ ᠤᠷᠤᠭᠰᠢᠲᠠᠢ ᠠᠰᠢᠭᠯᠠᠯᠲᠠ ᠳᠤ ᠣᠷᠣᠭᠤᠯᠵᠤ᠂ ᠮᠠᠯ ᠤᠨ ᠠᠰᠢᠭ ᠰᠢᠮ᠎ᠡ ᠶᠢ ᠲᠤᠬᠠᠢ ᠶᠢᠨ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 60 ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠬᠢᠨᠠᠨ ᠲᠣᠭᠲᠠᠭᠠᠵᠤ᠂ ᠬᠤᠭᠤᠯᠠᠳᠤ ᠶᠢᠨ ᠭᠤᠣᠯ ᠪᠠᠯᠭᠠᠰᠤ ᠨᠢ ᠤᠯᠤᠰ ᠤᠨ ᠲᠠᠰ ᠤᠨ ︽ᠨᠢᠭᠡ ᠲᠣᠰᠬᠤᠨ ᠨᠢᠭᠡ ᠦᠢᠯᠡᠳᠬᠦᠨ︾᠎ ᠤ ᠵᠢᠱᠢᠶ᠎ᠡ ᠦᠵᠡᠭᠦᠯᠬᠦ ᠪᠠᠯᠭᠠᠰᠤ ᠪᠠᠷ  ᠦᠨᠡᠯᠡᠭᠳᠡᠪᠡ᠃ ᠠᠮᠢᠲᠠᠨ ᠤ ᠬᠢᠵᠢᠭ ᠢ ᠰᠡᠷᠭᠡᠶᠢᠯᠡᠬᠦ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠬᠦᠯᠪᠡ᠃ ᠪᠥᠬᠦ ᠵᠢᠯ ᠳᠤ ᠨᠡᠶᠢᠲᠡ 110 ᠲᠦᠮᠡᠨ ᠲᠣᠯᠣᠭᠠᠢ ᠮᠠᠯ ᠤᠨ ᠭᠠᠷᠭᠠᠯᠲᠠ ᠬᠢᠵᠦ᠂ ᠡᠭᠦᠨ ᠳᠤ 18 ᠲᠦᠮᠡᠨ ᠪᠣᠳᠠ ᠮᠠᠯ᠂ 92 ᠲᠦᠮᠡᠨ ᠪᠣᠭ ᠮᠠᠯ ᠪᠠᠭᠲᠠᠨ᠎ᠠ᠃     — —  ᠤᠳᠤᠬᠢᠴᠢᠯᠠᠭᠰᠠᠨ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠲᠠᠰᠤᠷᠠᠯᠳᠠ ᠦᠭᠡᠢ ᠪᠤᠵᠠᠭᠠᠶᠢᠷᠠᠪᠠ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ 25 ᠠᠵᠤ ᠦᠶᠯᠡᠳᠪᠦᠷᠢ ᠶᠢᠨ ᠠᠵᠤ ᠠᠬᠤᠶᠢᠯᠠᠯ ᠵᠢᠱᠢᠯᠲᠡ ᠪᠠᠷ 274 ᠳ᠋ᠦᠩᠰᠢᠭᠤᠷ ᠲᠥᠭᠦᠷᠢᠭ ᠤᠨ ᠦᠶᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 34.8%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠬᠤᠶᠠᠳᠤᠭᠠᠷ ᠲᠤ ᠤᠷᠤᠪᠠ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠪᠠᠶᠠᠨᠬᠤᠸᠠ ᠥᠪᠡᠷ ᠢ ᠪᠠᠨ ᠬᠠᠩᠭᠠᠬᠤ ᠴᠠᠬᠢᠯᠭᠠᠨ ᠦᠶᠯᠡᠳᠪᠦᠷᠢ ᠨᠢ ︽ᠬᠤᠣᠰ ᠪᠡᠯᠡ ᠣᠷᠣᠭᠤᠯᠤᠯᠲᠠ︾᠎ ᠶᠢ ᠪᠡᠶᠡᠯᠡᠭᠦᠯᠵᠦ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ 70 ᠲᠦᠮᠡᠨ ᠺᠢᠯᠣᠸᠠᠲ ᠰᠢᠨ᠎ᠡ ᠪᠠᠷ ᠨᠡᠮᠡᠭᠳᠡᠬᠦᠯᠦᠨ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠪᠠᠶᠠᠨᠬᠤᠸᠠ ᠨᠡᠭᠦᠷᠡᠰᠦᠨ ᠠᠭᠤᠷᠬᠠᠢ ᠶᠢᠨ ᠳᠡᠷᠭᠡᠳᠡᠬᠢ ᠴᠠᠬᠢᠯᠭᠠᠨ ᠦᠢᠯᠡᠳᠪᠦᠷᠢ ᠶᠢ ᠪᠦᠬᠦ ᠲᠠᠯ᠎ᠠ ᠪᠠᠷ ᠪᠠᠶᠢᠭᠤᠯᠵᠤ᠂ ᠰᠦ᠋ ᠨᠧᠩ ᠤᠨ ᠪᠠᠶᠠᠨᠬᠤᠸᠠ ᠶᠢᠨ ᠱᠠᠨ ᠴᠠᠬᠢᠯᠭᠠᠨ ᠦᠢᠯᠡᠳᠪᠦᠷᠢ ᠶᠢᠨ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠵᠥᠪᠰᠢᠶᠡᠷᠡᠯ ᠢ ᠣᠯᠪᠠ᠃ ᠬᠤᠸᠠ ᠷᠦᠨ ᠪᠦᠯᠦᠭᠯᠡᠯ ᠤᠨ ᠡᠦ ᠵᠢᠶᠠᠨ ᠹᠠᠩ ᠎ ᠤᠨ ᠪᠠᠷᠠᠭᠤᠨ ᠨᠢᠭᠡᠳᠦᠭᠡᠷ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠬᠤᠯᠪᠣᠭᠠᠯᠠᠨ ᠲᠤᠷᠰᠢᠨ ᠠᠵᠢᠯᠯᠠᠭᠤᠯᠬᠤ ᠎ ᠶᠢ ᠪᠡᠶᠡᠯᠡᠭᠦᠯᠵᠦ᠂ ᠵᠢᠷ ᠤᠨ ᠭᠤᠣᠯ ᠬᠤᠶᠠᠳᠤᠭᠠᠷ ᠠᠭᠤᠷᠬᠠᠢ ᠶᠢᠨ ᠳᠠᠬᠢᠨ ᠪᠠᠶᠢᠭᠤᠯᠬᠤ ᠶᠢ ᠡᠮᠬᠢ ᠵᠢᠷᠤᠮ ᠲᠠᠢ ᠪᠠᠷ ᠠᠬᠢᠭᠤᠯᠤᠨ᠂ ᠵᠢᠯ ᠳᠤ 800 ᠲᠦᠮᠡᠨ ᠲᠣᠨ ᠦᠢᠯᠡᠳᠪᠦᠷᠢᠯᠡᠬᠦ ᠴᠢᠳᠠᠪᠤᠷᠢ ᠰᠢᠨ᠎ᠡ ᠪᠠᠷ ᠨᠡᠮᠡᠭᠳᠡᠪᠡ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠨᠠᠷᠢᠯᠢᠭᠵᠢᠭᠤᠯᠤᠭᠰᠠᠨ ᠬᠥᠩᠭᠡᠨᠴᠠᠭᠠᠨ ᠬᠠᠪᠲᠠᠰᠤ ᠎ ᠶᠢᠨ ᠲᠥᠷᠥᠯ ᠵᠦᠢᠯ ᠤᠷᠤᠭᠰᠢᠲᠠᠢ ᠠᠰᠢᠭᠯᠠᠯᠲᠠ ᠳᠤ ᠣᠷᠣᠵᠤ᠂ ᠪᠤᠤ  ᠱᠦᠸᠧ ᠰᠢᠨ᠎ᠡ ᠮᠠᠲ᠋ᠧᠷᠢᠶᠠᠯ ᠬᠥᠩᠭᠡᠨᠴᠠᠭᠠᠨ ᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠨᠢ ᠠᠰᠢᠭᠯᠠᠯᠲᠠ ᠳᠤ ᠣᠷᠣᠵᠤ᠂ ︽ᠨᠡᠭᠦᠷᠡᠰᠦ— ᠴᠠᠬᠢᠯᠭᠠᠨ— ᠬᠥᠩᠭᠡᠨᠴᠠᠭᠠᠨ— ᠬᠥᠩᠭᠡᠨᠴᠠᠭᠠᠨ ᠢ ᠨᠠᠷᠢᠯᠢᠭ ᠪᠣᠯᠪᠠᠰᠤᠷᠠᠭᠤᠯᠬᠤ︾᠎ ᠶᠢ ᠨᠢᠭᠡ ᠴᠣᠭᠴᠠᠵᠢᠭᠤᠯᠤᠭᠰᠠᠨ ᠣᠷᠴᠢᠯ ᠠᠵᠤ ᠠᠬᠤᠢ ᠶᠢᠨ ᠠᠵᠤ ᠦᠢᠯᠡᠰ ᠤᠨ ᠬᠡᠯᠬᠢᠶᠡᠵᠢᠯ ᠢ ᠲᠦᠷᠭᠡᠳᠬᠡᠨ ᠪᠦᠷᠢᠯᠳᠦᠭᠦᠯᠪᠡ᠃ 5.7 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ 57 ᠲᠥᠷᠥᠯ ᠤᠨ ᠤᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠵᠦ᠂ ᠪᠠᠶᠠᠨᠬᠤᠸᠠ ᠬᠤᠶᠠᠳᠤᠭᠠᠷ᠂ ᠭᠤᠷᠪᠠᠳᠤᠭᠠᠷ ᠠᠭᠤᠷᠬᠠᠢ ᠶᠢᠨ ᠵᠢᠯᠣᠭᠤᠴᠢ ᠦᠭᠡᠢ ᠪᠠᠷ ᠲᠡᠭᠡᠭᠡᠰᠢ ᠪᠠᠨ ᠥᠪᠡᠷᠲᠡᠭᠡᠨ ᠪᠠᠭᠤᠯᠭᠠᠬᠤ ᠲᠥᠷᠥᠯ ᠵᠦᠢᠯ ᠪᠠ ᠳᠥᠷᠪᠡᠳᠦᠭᠡᠷ ᠠᠭᠤᠷᠬᠠᠢ᠂ ᠶᠢᠨ ᠮᠠᠨ 5G ᠣᠶᠤᠨᠲᠤ ᠠᠭᠤᠷᠬᠠᠢ ᠶᠢᠨ ᠲᠥᠷᠥᠯ ᠵᠦᠢᠯ ᠨᠢ ᠰᠢᠯᠢᠳᠡᠭ ᠵᠢᠱᠢᠶ᠎ᠡ ᠪᠠᠷ ᠦᠨᠡᠯᠡᠭᠳᠡᠪᠡ᠃ ᠪᠦᠬᠦ ᠵᠢᠯ ᠤᠨ ᠨᠡᠭᠦᠷᠡᠰᠦᠨ ᠤ ᠭᠠᠷᠤᠯᠲᠠ 6016 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ15%᠎ ᠪᠠᠷ ᠨᠡᠮᠡᠭᠳᠡᠵᠦ᠂ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠬᠦᠷᠴᠦ᠂ ᠴᠠᠬᠢᠯᠭᠠᠨ ᠭᠠᠷᠭᠠᠭᠰᠠᠨ ᠬᠡᠮᠵᠢᠶ᠎ᠡ 196 ᠳ᠋ᠦᠩᠰᠢᠭᠤᠷ ᠭᠷᠡᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9%᠎ ᠪᠠᠷ ᠨᠡᠮᠡᠭᠳᠡᠪᠡ᠃    — —  ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠯᠠᠪᠳᠠᠭᠤᠨ ᠢᠶᠠᠷ ᠬᠥᠭᠵᠢᠪᠡ᠃ ︽ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠢ ᠲᠡᠳᠬᠦᠨ ᠬᠥᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠵᠢᠭᠤᠯᠴᠢᠯᠠᠯ ᠤᠨ ᠠᠷᠪᠠᠨ ᠵᠤᠷᠪᠤᠰ︶᠎ ᠶᠢ ᠲᠤᠭᠲᠠᠭᠠᠨ ᠨᠡᠶᠢᠲᠡᠯᠡᠵᠦ᠂ 138 ᠲᠦᠮᠡᠨ ᠲᠥᠭᠦᠷᠢᠭ ᠤᠨ ᠳᠡᠳᠬᠦᠮᠵᠢ ᠶᠢᠨ ᠪᠡᠯᠡ ᠮᠥᠩᠭᠦ ᠣᠯᠭᠤᠪᠠ᠃ ᠤᠯᠠᠭᠠᠨ ᠤᠲᠠᠢ ᠶᠢᠨ ᠵᠤᠭᠠᠴᠠᠯ ᠤᠨ ᠤᠷᠤᠨ᠂ ᠵᠢᠷ ᠤᠨ ᠭᠤᠣᠯ ᠵᠢᠭᠤᠯᠴᠢᠯᠠᠭᠴᠢᠳ ᠲᠤ ᠦᠢᠯᠡᠴᠢᠯᠡᠬᠦ ᠲᠥᠪ ᠢ ᠵᠠᠰᠠᠬᠤ ᠪᠠ ᠤᠯᠠᠭᠠᠨ ᠤᠲᠠᠢ ᠶᠢᠨ ᠪᠢ ᠶᠤᠸᠠᠨ ᠪᠣᠯᠪᠠᠰᠤᠷᠠᠯ ᠤᠨ ᠲᠥᠪ ᠢ ᠬᠤᠳᠠᠯᠳᠤᠨ ᠠᠪᠴᠤ ᠵᠠᠰᠠᠵᠤ ᠴᠢᠮᠡᠭᠯᠡᠬᠦ ᠢᠨᠵᠧᠨᠧᠷᠢᠩ ᠢ ᠪᠡᠶᠡᠯᠡᠬᠦᠯᠵᠦ᠂ ᠣᠯᠠᠨ ᠦᠵᠡᠮᠵᠢ ᠶᠢᠨ ᠣᠷᠣᠨ ᠪᠠ ᠮᠠᠯᠴᠢᠨ ᠠᠶᠢᠯ ᠤᠨ ᠵᠤᠭᠠᠴᠠᠯ ᠢ ᠬᠤᠯᠪᠣᠭᠰᠠᠨ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾᠎ ᠢ ᠪᠠᠶᠢᠭᠤᠯᠪᠠ᠃    ᠬᠥᠳᠡᠭᠡ ᠲᠣᠰᠬᠤᠨ ᠤ ᠵᠤᠭᠠᠴᠠᠯ ᠢ ᠲᠦᠷᠭᠡᠳᠬᠡᠨ ᠬᠥᠭᠵᠢᠭᠦᠯᠵᠦ᠂ ᠵᠢᠭᠤᠯᠴᠢᠯᠠᠯ ᠤᠨ ᠳᠦᠷᠢ ᠳᠥᠷᠬᠦ ᠶᠢᠨ ᠡᠯᠴᠢ ᠶᠢ ᠤᠷᠢᠨ ᠬᠡᠷᠡᠭᠯᠡᠵᠦ᠂ ᠪᠠᠶᠠᠨᠪᠤᠯᠠᠭ ᠭᠠᠴᠠᠭ᠎ᠠ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠭᠠᠴᠠᠭ᠎ᠠ ᠪᠠᠷ ᠦᠨᠡᠯᠡᠭᠳᠡᠵᠦ᠂ 3 ᠮᠠᠯᠴᠢᠨ ᠠᠶᠢᠯ ᠵᠤᠭᠠᠴᠠᠯ ᠤᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠣᠳᠣᠨ ᠲᠠᠰ ᠤᠨ ᠬᠥᠳᠡᠭᠡ ᠲᠣᠰᠬᠤᠨ ᠤ  ᠵᠤᠭᠠᠴᠠᠯ ᠤᠨ ᠭᠠᠵᠠᠷ ᠢᠶᠠᠷ ᠦᠨᠡᠯᠡᠭᠳᠡᠪᠡ᠃ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠮᠤᠷᠢᠳᠦ ᠡᠷᠦᠬᠡ ᠶᠢᠨ ᠴᠡᠷᠢᠭ ᠤᠨ ᠥᠷᠲᠡᠭᠡ ᠶᠢ ᠪᠠᠶᠢᠭᠤᠯᠪᠠ᠃ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠵᠤ᠂ ᠡᠪᠤᠯ ᠵᠤᠨ ᠤ ᠤᠯᠠᠷᠢᠯ ᠤᠨ ᠵᠤᠭᠠᠴᠠᠯ ᠤᠨ ᠨᠠᠭᠠᠳᠤᠮ᠂ ᠬᠠᠪᠴᠢᠭᠠᠢ ᠵᠤᠭᠠᠴᠠᠯ ᠤᠨ ᠤᠷᠤᠨ ᠤ ᠳᠠᠭᠤᠤ ᠬᠥᠭᠵᠢᠮ ᠤᠨ ᠨᠠᠶᠢᠷ᠂ ᠤᠯᠠᠭᠠᠨ ᠤᠲᠠᠢ ᠦᠵᠡᠮᠵᠢ ᠶᠢᠨ ᠣᠷᠣᠨ ᠤ ᠮᠢᠩᠭᠠᠨ ᠬᠥᠮᠦᠨ ᠤ ᠶᠠᠪᠠᠭᠠᠨ ᠠᠯᠬᠤᠬᠤ ᠤᠷᠤᠯᠳᠤᠭᠠᠨ᠂ ᠴᠠᠭᠠᠨ ᠠᠳᠤᠭᠤᠨ ᠤ ᠭᠤᠣᠯ ᠰᠡᠳᠦᠪᠳᠤ ᠭᠡᠷᠡᠯ ᠵᠢᠷᠤᠭ ᠤᠨ ᠠᠵᠢᠯᠯᠠᠭ᠎ᠠ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠬᠢᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ ᠨᠡᠶᠢᠲᠡ 37.3 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 1.42 ᠳ᠋ᠦᠩᠰᠢᠭᠤᠷ ᠲᠥᠭᠦᠷᠢᠭ ᠲᠤ ᠬᠦᠷᠴᠦ᠂  ᠠᠳᠠᠯᠢ ᠬᠤᠭᠤᠴᠠᠭᠠᠨ ᠤ ᠬᠢ ᠠᠴᠠ ᠲᠣᠰᠪᠣᠷᠢ 55% ᠪᠠ 18%᠎ ᠪᠠᠷ ᠨᠡᠮᠡᠭᠳᠡᠪᠡ᠃ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ 300 ᠲᠦᠮᠡᠨ ᠲᠥᠭᠦᠷᠢᠭ ᠲᠠᠷᠬᠠᠭᠠᠵᠤ᠂ 800 ᠭᠠᠷᠤᠶ ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠴᠢᠳᠠᠪᠤᠷᠢᠲᠠᠨ ᠢ 30 ᠭᠠᠷᠤᠢ ᠨᠡᠷ᠎ᠡ ᠬᠦᠮᠦᠵᠢᠭᠦᠯᠵᠦ᠂ ᠡᠯᠧᠺᠲᠷᠣᠨ ᠬᠤᠳᠠᠯᠳᠤᠭᠠᠨ ᠤ ᠪᠣᠷᠣᠯᠠᠭᠤᠯᠤᠭᠰᠠᠨ ᠥᠷᠲᠡᠭ ᠎ ᠨᠢ 4000 ᠲᠦᠮᠡᠨ ᠲᠥᠭᠦᠷᠢᠭ ᠢ ᠳᠠᠪᠠᠵᠠᠢ᠃       ︵ᠭᠤᠷᠪᠠ︶ ᠠᠮᠢ ᠠᠬᠤᠢ ᠣᠷᠴᠢᠨ ᠳᠤᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠵᠤ᠂ ᠭᠤᠷᠪᠠᠨ ᠣᠷᠣᠨ ᠭᠤᠷᠪᠠᠨ ᠱᠤᠭᠤᠮ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠵᠢᠩᠬᠢᠨᠢ ᠪᠠᠷ ᠡᠬᠢᠯᠡᠨ ᠬᠡᠷᠡᠭᠵᠢᠭᠦᠯᠪᠡ᠃ ᠠᠭᠤᠷᠬᠠᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠪᠣᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠶᠢ ᠶᠡᠬᠡᠪᠡᠷ ᠠᠬᠢᠭᠤᠯᠵᠤ᠂ 2.5 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠂ 14 ᠲᠡᠭᠰᠢ ᠳᠥᠷᠪᠡᠯᠵᠢᠨ ᠺᠢᠯᠣᠮᠧᠲᠷ ᠭᠠᠵᠠᠷ ᠢ ᠵᠠᠰᠠᠨ ᠴᠡᠭᠴᠡᠯᠡᠪᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ᠂ 10 ᠲᠡᠭᠰᠢ ᠳᠥᠷᠪᠡᠯᠵᠢᠨ ᠺᠢᠯᠣᠮᠧᠲᠷ ᠵᠢᠵᠢᠭ ᠰᠠᠪᠠ ᠭᠠᠵᠠᠷ ᠢ ᠵᠠᠰᠠᠵᠤ᠂ ᠤᠰᠤᠨ ᠰᠤᠷᠪᠤᠯᠵᠢ ᠶᠢᠨ ᠢᠨᠵᠧᠨᠧᠷᠢᠩ ᠢ 220 ᠪᠡᠶᠡᠯᠡᠭᠦᠯᠦᠨ᠂ ᠭᠤᠷᠣᠬᠠᠨ ᠭᠤᠣᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠪᠠ᠃ 8 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠥᠷᠥᠯ ᠵᠦᠢᠯ᠂ 9000 ᠮᠦ ᠣᠢ ᠰᠢᠭᠤᠢ ᠶᠢᠨ ᠠᠮᠢ ᠠᠬᠤᠢ ᠎ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠪᠠ ᠲᠣᠬᠢᠷᠠᠭᠤᠯᠤᠯᠲᠠ ᠬᠢᠬᠦ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠲᠥᠷᠥ ᠶᠢᠨ ᠪᠣᠳᠣᠯᠭ᠎ᠠ ᠪᠠ ᠨᠤᠲᠤᠭ ᠪᠡᠯᠴᠢᠭᠡᠷ ᠤᠨ ︽ᠭᠤᠷᠪᠠᠨ ᠮᠠᠯᠵᠢᠯ︾᠎ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 1.2 ᠳ᠋ᠦᠩᠰᠢᠭᠤᠷ ᠲᠥᠭᠦᠷᠢᠭ ᠤᠨ ᠱᠠᠩᠨᠠᠯ ᠤᠨ ᠨᠥᠬᠦᠪᠥᠷᠢ ᠮᠥᠩᠭᠦ ᠣᠯᠭᠤᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ ᠎ ᠶᠢ 62% ᠣᠷᠴᠢᠮ ᠳᠤ ᠲᠣᠭᠲᠠᠪᠤᠷᠢᠵᠢᠭᠤᠯᠪᠠ᠃ ᠲᠠᠯ᠎ᠠ ᠨᠤᠲᠤᠭ ᠤᠨ ᠣᠶᠢᠲᠤ ᠭᠠᠵᠠᠷ ᠢ ᠡᠪᠳᠡᠬᠦ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠎ ᠶᠢ ᠭᠦᠨᠵᠡᠭᠡᠶ ᠠᠬᠢᠭᠤᠯᠵᠤ᠂ ᠮᠠᠨ ᠤ ᠬᠤᠰᠢᠭᠤᠨ ᠳᠤ ᠤᠷᠤᠰᠢᠵᠤ ᠪᠠᠶᠢᠭ᠎ᠠ 97 ᠠᠰᠠᠭᠤᠳᠠᠯ ᠤᠨ 87᠎ ᠶᠢ ᠨᠢ ᠨᠢᠭᠡᠨᠲᠡ ᠵᠠᠰᠠᠨ ᠴᠡᠭᠴᠡᠯᠡᠵᠦ᠂ ᠱᠠᠲᠤᠴᠢ ᠴᠢᠨᠠᠷᠲᠠᠶ ᠪᠠᠷ ᠵᠠᠰᠠᠨ ᠴᠡᠭᠴᠡᠯᠡᠭᠰᠡᠨ ᠨᠢ 9 ᠪᠠᠶᠢᠵᠦ᠂ 1 ᠠᠰᠠᠭᠤᠳᠠᠯ ᠢ ᠶᠠᠭ ᠵᠠᠰᠠᠨ ᠴᠡᠭᠴᠡᠯᠡᠵᠦ ᠪᠠᠶᠢᠨ᠎ᠠ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠶᠢᠨ ᠣᠷᠴᠢᠨ ᠲᠣᠭᠤᠷᠢᠨ ᠎ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢ ᠤᠭᠲᠤᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠮᠠᠨ ᠤ ᠬᠤᠰᠢᠭᠤᠨ ᠳᠤ ᠬᠤᠯᠪᠤᠭᠳᠠᠭᠰᠠᠨ 13 ᠠᠰᠠᠭᠤᠳᠠᠯ ᠤᠨ 9᠎ ᠶᠢ ᠨᠢ ᠨᠢᠭᠡᠨᠲᠡ ᠵᠠᠰᠠᠨ ᠰᠠᠶᠢᠵᠢᠷᠠᠭᠤᠯᠵᠤ᠂ ᠦᠯᠡᠳᠡᠭᠰᠡᠨ 4 ᠵᠦᠶᠯ ᠤᠨ ᠠᠰᠠᠭᠤᠳᠠᠯ ᠢ ᠰᠢᠢᠳᠪᠦᠷᠢᠯᠡᠬᠦ ᠠᠬᠢᠴᠠ ᠨᠢ ᠴᠥᠮ ᠴᠠᠭ ᠤᠨ ᠳᠠᠷᠠᠭᠠᠯᠠᠯ ᠳᠤ ᠨᠡᠶᠢᠴᠡᠵᠤ ᠂ 19 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠪᠦᠬᠦᠨ ᠢ ᠳᠡᠭᠡᠭᠰᠢ ᠮᠡᠳᠡᠭᠦᠯᠦᠨ ᠰᠢᠢᠳᠪᠦᠷᠢᠯᠡᠪᠡ᠃ ︽ᠲᠠᠪᠤ ᠎ ᠶᠢ ᠡᠴᠦᠰ ᠲᠤᠨᠢ ᠲᠤᠯᠲᠠᠯ᠎ᠠ ᠬᠢᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 28 ᠲᠥᠷᠥᠯ ᠵᠦᠢᠯ ᠢ ᠰᠡᠷᠭᠦᠭᠡᠵᠦ᠂ 3000 ᠲᠦᠮᠡᠨ ᠲᠥᠭᠦᠷᠢᠭ ᠤᠨ ᠪᠡᠯᠡ ᠮᠥᠩᠭᠦ᠂ 800 ᠮᠦ ᠰᠢᠬᠠᠮ ᠰᠣᠯᠠ ᠭᠠᠵᠠᠷ ᠰᠢᠷᠣᠢ ᠶᠢ ᠰᠢᠢᠳᠪᠦᠷᠢᠯᠡᠨ ᠠᠰᠢᠭᠯᠠᠯᠳᠠ ᠳᠤ ᠤᠷᠤᠭᠤᠯᠪᠠ᠃     ︵ᠳᠥᠷᠪᠡ︶ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠪᠠ᠃ 4.7 ᠳ᠋ᠦᠩᠰᠢᠭᠤᠷ ᠳᠦᠬᠦᠷᠢᠭ ᠵᠠᠷᠤᠴᠠᠭᠤᠯᠤᠨ᠂ 16 ᠵᠤᠷᠪᠤᠰ 371 ᠺᠢᠯᠣᠮᠧᠲᠷ ᠵᠠᠰᠠᠮᠠᠯ ᠵᠠᠮ ᠢ ᠦᠷᠭᠦᠯᠵᠢᠯᠡᠨ ᠪᠠᠶᠢᠭᠤᠯᠬᠤ ᠪᠤᠶᠤ ᠰᠢᠨ᠎ᠡ ᠪᠠᠷ ᠪᠠᠶᠢᠭᠤᠯᠵᠤ᠂ 35 ᠵᠤᠷᠪᠤᠰ 556 ᠺᠢᠯᠣᠮᠧᠲᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠪᠠ᠃ ᠪᠠᠶ᠋ᠬᠠᠭᠤᠯᠠ ᠨᠢᠰᠬᠡᠯ ᠤᠨ ᠪᠠᠭᠤᠳᠠᠯ ᠤᠨ ᠪᠦᠲᠦᠭᠡᠨ ᠪᠠᠢᠭᠤᠯᠤᠯᠲᠠ ᠶᠢ ᠲᠦᠷᠭᠡᠳᠬᠡᠵᠦ᠂ ᠬᠤᠷᠠᠯ ᠪᠠ ᠦᠵᠡᠰᠬᠦᠯᠡᠩ ᠤᠨ ᠲᠥᠪ ᠤᠨ ᠲᠥᠷᠦᠯ ᠵᠦᠢᠯ ᠤᠳᠠᠯ ᠦᠭᠡᠢ ᠠᠵᠢᠯ ᠳᠠᠭᠤᠰᠬᠤ ᠪᠤᠯᠵᠦ᠂ ᠭᠠᠯᠲᠤ ᠲᠡᠷᠭᠡᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠢ ᠶᠢᠨ ᠪᠠᠷᠢᠯᠭ᠎ᠠ ᠶᠢᠨ ᠠᠵᠢᠯ ᠢ ᠳᠠᠭᠤᠰᠬᠠᠵᠦ ᠠᠰᠢᠭᠯᠠᠯᠳᠠ ᠳᠤ ᠤᠷᠤᠭᠤᠯᠪᠠ᠃ ᠪᠠᠶᠠᠨᠬᠤᠸᠠ ᠪᠠᠯᠭᠠᠰᠤᠨ ᠲᠣᠭᠤᠷᠢᠭ ᠢ ᠲᠡᠰ ᠲᠡᠪᠰᠢᠭᠦᠯᠦᠨ ᠥᠭᠡᠷᠡᠴᠢᠯᠡᠬᠦ ᠠᠵᠢᠯ ᠢ ᠡᠮᠬᠢ ᠴᠡᠭᠴᠡ ᠎ ᠲᠠᠢ ᠠᠬᠢᠭᠤᠯᠵᠤ᠂ ᠭᠤᠷᠣᠬᠠᠨ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠵᠢᠴᠢ ᠬᠤᠭᠤᠯᠠᠨ ᠭᠡᠷ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ᠂ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠦᠨᠡᠰᠦ ᠰᠢᠭᠠᠷᠤ ᠶᠢᠨ ᠲᠠᠯᠠᠪᠠᠢ ᠬᠦᠷᠬᠦ ᠵᠠᠮ᠂ ᠪᠤᠵᠠᠷ ᠤᠰᠤ ᠎ ᠶᠢ ᠰᠢᠢᠳᠪᠦᠷᠢᠯᠡᠬᠦ ᠦᠶᠯᠡᠳᠪᠦᠷᠢ ᠶᠢᠨ ᠡᠬᠢ ᠪᠠᠶᠠᠯᠢᠭᠵᠢᠭᠤᠯᠤᠨ ᠠᠰᠢᠭᠯᠠᠬᠤ᠂ ᠪᠠᠯᠭᠠᠷᠭᠤᠤᠯ ᠠᠵᠤ ᠦᠢᠯᠡᠰ ᠤᠨ ᠬᠦᠷᠢᠶᠡᠯᠡᠩ ᠤᠨ ᠲᠥᠪᠯᠡᠷᠡᠭᠦᠯᠦᠨ ᠲᠣᠯᠠᠭᠠᠯᠭ᠎ᠠ ᠬᠠᠩᠭᠠᠬᠤ ᠵᠡᠷᠭᠡ ᠲᠥᠷᠥᠯ ᠵᠦᠢᠯ ᠢ ᠪᠠᠶᠢᠭᠤᠯᠣᠨ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠨᠢ 33 ᠲᠦᠮᠡᠨ ᠲᠥᠭᠦᠷᠢᠭ ᠢ ᠪᠡᠶᠡᠯᠡᠭᠦᠯᠵᠦ᠂ ᠪᠦᠬᠦ ᠤᠷᠤᠨ ᠤ ᠡᠮᠦᠨ᠎ᠡ ᠡᠩᠨᠡᠭᠡᠨ ᠳᠤ ᠤᠷᠤᠪᠠ᠃ 3.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠠᠶᠠᠨᠬᠤᠸᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ᠂ ᠪᠠᠯᠭᠠᠷᠭᠤᠤᠯ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ᠂ ᠤᠰᠤ ᠬᠠᠩᠭᠠᠬᠤ ᠰᠢᠰᠲ᠋ᠧᠮ ᠤᠨ ᠬᠠᠭᠤᠴᠢᠨ ᠲᠥᠬᠦᠭᠡᠷᠦᠮᠵᠢ ᠎ ᠶᠢ ᠥᠭᠡᠷᠡᠴᠢᠯᠡᠨ ᠰᠠᠶᠢᠵᠢᠷᠠᠭᠤᠯᠬᠤ᠂ ᠰᠤᠷᠭᠠᠭᠤᠯᠢ ᠶᠢᠨ ᠵᠡᠭᠡᠯᠢ ᠶᠢ ᠥᠷᠭᠡᠳᠬᠡᠬᠦ᠂ ᠬᠠᠭᠭᠤᠯᠠ ᠵᠡᠭᠡᠯᠢ ᠪᠠ ᠪᠠᠶᠠᠨᠭᠤᠣᠯ ᠵᠠᠮ ᠤᠨ ᠨᠣᠭᠤᠭᠠᠷᠠᠭᠤᠯᠤᠯᠲᠠ ᠶᠢᠨ ᠦᠵᠡᠮᠵᠢ ᠶᠢ ᠳᠡᠭᠡᠭᠰᠢᠯᠡᠭᠦᠯᠬᠦ ᠵᠡᠷᠭᠡ ᠢᠨᠵᠧᠨᠧᠷᠢᠩ ᠢ ᠪᠡᠶᠡᠯᠡᠭᠦᠯᠪᠡ᠃ ᠴᠠᠶᠢᠳᠠᠮ ᠵᠠᠮ᠂ ᠦᠵᠦᠮᠦᠴᠢᠨ ᠵᠡᠭᠡᠯᠢ᠂ ᠪᠠᠯᠭᠠᠷ ᠵᠡᠭᠡᠯᠢ ᠶᠢᠨ ᠵᠠᠮ ᠤᠨ ᠭᠠᠳᠠᠷᠭᠤ ᠶᠢ 18.6 ᠲᠦᠮᠡᠨ ᠲᠡᠭᠰᠢ ᠳᠥᠷᠪᠡᠯᠵᠢᠨ ᠮᠧᠲᠷ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠢ 18.7 ᠺᠢᠯᠣᠮᠧᠲᠷ ᠲᠠᠰ ᠳᠡᠪᠰᠢᠭᠦᠯᠦᠨ ᠥᠭᠡᠷᠡᠴᠢᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ 6 ᠭᠤᠳᠤᠮᠵᠢᠨ ᠵᠠᠮ ᠢ ᠵᠠᠰᠠᠨ ᠰᠠᠶᠢᠵᠢᠷᠠᠭᠤᠯᠵᠦ᠂ ᠪᠠᠯᠭᠠᠷᠭᠤᠣᠯ ᠪᠠᠯᠭᠠᠰᠤᠨ ᠠᠴᠠ ᠪᠠᠷᠢᠯᠭ᠎ᠠ ᠶᠢᠨ ᠮᠠᠲ᠋ᠧᠷᠢᠶᠠᠯ ᠤᠨ ᠬᠦᠷᠢᠶᠡᠯᠡᠩ ᠬᠦᠷᠬᠦ ᠵᠠᠮ᠂ ᠴᠠᠶᠢᠳᠠᠮ ᠵᠡᠭᠡᠯᠢ ᠶᠢᠨ ᠬᠤᠷᠠᠯ ᠪᠠ ᠦᠵᠡᠰᠭᠦᠯᠡᠩ ᠤᠨ ᠲᠥᠪ ᠬᠦᠷᠬᠦ ᠵᠠᠮ ᠢ ᠡᠬᠢᠯᠡᠭᠦᠯᠦᠨ ᠪᠠᠶᠢᠭᠤᠯᠪᠠ᠃ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠨᠤᠷᠠᠭᠠᠵᠤ ᠨᠡᠭᠦᠯᠭᠡᠬᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ 288 ᠡᠷᠦᠬᠡ ᠎ ᠲᠠᠢ ᠭᠡᠷ ᠪᠠᠶᠢᠰᠢᠩ ᠲᠠᠲᠠᠪᠤᠷᠢᠯᠠᠬᠤ ᠵᠥᠪᠳᠡᠯᠴᠡᠬᠡᠷ ᠲᠣᠭᠲᠠᠪᠠ᠃ 8 ᠬᠠᠭᠤᠴᠢᠨ ᠰᠠᠭᠤᠭᠠᠯᠢ ᠲᠣᠭᠤᠷᠢᠭ ᠢ ᠵᠠᠰᠠᠨ ᠦᠭᠡᠷᠡᠴᠢᠯᠡᠵᠦ᠂ 2600  ᠭᠠᠷᠤᠢ ᠡᠷᠦᠬᠡ ᠳᠤ ᠠᠰᠢᠭ ᠭᠥᠷᠳᠡᠪᠡ᠃ ᠪᠠᠯᠭᠠᠷᠭᠤᠤᠯ ᠪᠠᠯᠭᠠᠰᠤᠨ ᠤ ᠰᠦᠨᠢ ᠶᠢᠨ ᠵᠠᠬ᠎ᠠ ᠢ ᠥᠷᠭᠡᠳᠬᠡᠨ ᠪᠠᠶᠢᠭᠤᠯᠵᠦ᠂ 200 ᠭᠠᠷᠤᠢ ᠰᠢᠯᠵᠢᠮᠡᠯ ᠬᠤᠳᠠᠯᠳᠤᠭ᠎ᠠ ᠨᠡᠭᠡᠭᠡᠪᠡ᠃ ᠪᠠᠷᠠᠭᠤᠨ ᠦᠵᠦᠮᠦᠴᠢᠨ ᠬᠤᠰᠢᠭᠤᠨ ᠠᠴᠠ ᠰᠢᠯᠢᠩᠬᠤᠲᠠ ᠬᠦᠷᠬᠦ ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡ ᠪᠠ 2 ᠵᠤᠷᠪᠤᠰ ᠬᠤᠰᠢᠭᠤ ᠲᠤᠭᠤᠷᠢᠭ ᠤᠨ ᠨᠡᠶᠢᠲᠡ ᠶᠢᠨ ᠮᠠᠰᠢᠨ ᠲᠡᠷᠭᠡ ᠶᠢᠨ ᠵᠠᠮ ᠱᠤᠭᠤᠮ ᠢ ᠨᠡᠭᠡᠭᠡᠵᠦ᠂ 7.4 ᠲᠦᠮᠡᠨ ᠬᠦᠮᠦᠨ ᠤᠳᠠᠭ᠎ᠠ ᠳᠤ ᠠᠰᠢᠭ ᠬᠦᠷᠲᠡᠭᠡᠪᠡ᠃    ︵ᠲᠠᠪᠤ︶ ᠬᠥᠳᠡᠭᠡ ᠲᠣᠰᠬᠤᠨ ᠮᠠᠯᠵᠢᠬᠤ ᠤᠷᠤᠨ ᠢ ᠬᠥᠭᠵᠢᠭᠦᠯᠦᠨ ᠮᠠᠨᠳᠤᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ︽ᠲᠤᠷᠰᠢᠯᠲᠠ ᠶᠢᠨ ᠴᠢᠭ ᠤᠷᠢᠳᠠᠪᠠᠷ ᠬᠢᠵᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ︾᠎ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠂ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠪᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠠᠵᠢᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ 25286 ᠲᠥᠭᠦᠷᠢᠭ ᠲᠤ ᠬᠦᠷᠴᠦ᠂ 14%᠎ ᠪᠠᠷ ᠨᠡᠮᠡᠭᠳᠡᠪᠡ᠃ ᠲᠤᠰᠬᠠᠢ ᠵᠦᠢᠯ ᠤᠨ ᠪᠡᠯᠡ ᠮᠥᠩᠭᠦ ᠪᠠ ᠨᠢᠭᠡᠳᠬᠡᠭᠰᠡᠨ ᠪᠡᠯᠡ ᠮᠦᠩᠬᠦ ᠶᠢ 2 ᠳ᠋ᠦᠩᠰᠢᠭᠤᠷ ᠲᠥᠭᠦᠷᠢᠭ ᠵᠠᠷᠤᠴᠠᠭᠤᠯᠵᠦ᠂ ᠠᠶᠢᠮᠠᠭ ᠬᠤᠰᠢᠭᠤ ᠬᠤᠶᠠᠷ ᠱᠠᠲᠤᠨ ᠤ 14 ᠵᠢᠱᠢᠶ᠎ᠡ ᠦᠵᠡᠭᠦᠯᠬᠦ ᠭᠠᠴᠠᠭ᠎ᠠ᠂ ᠭᠤᠣᠯᠳᠠᠯᠭ᠎ᠠ ᠲᠠᠢ ᠭᠠᠴᠠᠭᠠᠨ ᠤ ᠪᠦᠲᠦᠭᠡᠨ ᠪᠠᠶᠢᠭᠤᠯᠤᠯᠲᠠ ᠶᠢ ᠲᠥᠪᠯᠡᠷᠡᠭᠦᠯᠦᠨ ᠠᠬᠢᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ 15 ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠮᠠᠯᠵᠢᠬᠤ ᠣᠷᠣᠨ ᠤ ᠵᠠᠮ ᠢ 332 ᠺᠢᠯᠣᠮᠧᠲᠷ ᠰᠢᠨ᠎ᠡ ᠪᠠᠷ ᠵᠠᠰᠠᠵᠤ᠂ 129 ᠬᠤᠳᠳᠤᠭ᠂ 51 ᠤᠰᠤ ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠤᠨ᠂ 506 ᠮᠠᠯᠵᠢᠬᠤ ᠡᠷᠦᠬᠡ ᠳᠤ ᠴᠠᠬᠢᠯᠭᠠᠨ ᠨᠠᠪᠲᠠᠷᠡᠭᠦᠯᠤᠨ᠂ ᠮᠠᠯᠵᠢᠬᠤ ᠣᠷᠣᠨ ᠤ ᠨᠡᠶᠢᠲᠡ ᠶᠢᠨ ᠵᠣᠷᠯᠣᠩ ᠢ 10 ᠰᠢᠨ᠎ᠡ ᠪᠠᠷ ᠪᠠᠶᠢᠭᠤᠯᠵᠤ᠂ 268 ᠮᠠᠯᠵᠢᠬᠤ ᠡᠷᠦᠬᠡ ᠳᠤ ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠂ 4800 ᠭᠠᠷᠤᠢ ᠮᠠᠯᠴᠢᠳ ᠲᠤ ᠥᠷᠭᠡᠨ ᠪᠦᠰᠡᠲᠦ ᠰᠦᠯᠵᠢᠶ᠎ᠡ ᠨᠠᠪᠲᠠᠷᠡᠭᠦᠯᠵᠦ᠂ ᠴᠠᠬᠢᠯᠭᠠᠨ ᠨᠡᠪᠲᠡᠷᠡᠭᠡᠳᠦᠢ 7 ᠭᠠᠴᠠᠭᠠᠨ ᠤ ᠠᠯᠪᠠᠨ ᠭᠡᠷ ᠲᠤ ᠴᠠᠬᠢᠯᠭᠠᠨ ᠨᠡᠪᠲᠡᠷᠡᠭᠦᠯᠬᠦ ᠨᠥᠬᠦᠴᠡᠯ ᠢ ᠪᠦᠷᠢᠳᠦᠭᠦᠯᠤᠨ᠂ ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠭᠠᠴᠠᠭ᠎ᠠ 1᠂ ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠭᠠᠴᠠᠭ᠎ᠠ 3᠎ ᠶᠢ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠪᠡ᠃    ︵ᠵᠢᠷᠭᠤᠭ᠎ᠠ︶ ᠥᠭᠡᠷᠡᠴᠢᠯᠡᠯᠲᠡ ᠨᠡᠭᠡᠭᠡᠯᠲᠡ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠪᠠᠷᠠᠭᠤᠨ ᠦᠵᠦᠮᠦᠴᠢᠨ ᠬᠤᠰᠢᠭᠤᠨ ᠎ ᠤ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠠᠬᠢᠭᠤᠯᠬᠤ ᠠᠷᠪᠠᠨ ᠵᠤᠷᠪᠤᠰ ᠲᠥᠷᠦ ᠶᠢᠨ ᠪᠣᠳᠣᠯᠭ᠎ᠠ ᠶᠢᠨ ᠠᠷᠭ᠎ᠠ ᠠᠪᠴᠠᠯ︾᠎ ᠢ ᠨᠡᠶᠢᠲᠡᠯᠡᠨ᠂ ᠪᠦᠬᠦ ᠠᠶᠢᠮᠠᠭ ᠤᠨ ᠬᠥᠩᠭᠡᠨᠴᠠᠭᠠᠨ ᠤ ᠠᠵᠤ ᠦᠢᠯᠡᠰ ᠤᠨ ᠠᠷᠠᠯᠵᠢᠶᠠᠴᠢᠨ ᠤᠷᠢᠵᠤ ᠲᠠᠨᠢᠯᠴᠠᠭᠤᠯᠬᠤ ᠬᠤᠷᠠᠯ ᠢ ᠠᠮᠵᠢᠯᠲᠠ ᠲᠠᠢ ᠡᠷᠬᠢᠯᠡᠪᠡ᠃ 97 ᠲᠥᠷᠥᠯ ᠵᠦᠶᠯ ᠤᠨ ᠲᠤᠬᠠᠶ ᠶᠠᠷᠢᠯᠴᠠᠵᠤ᠂ 12 ᠲᠥᠷᠥᠯ ᠵᠦᠶᠯ ᠤᠨ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠪᠡᠯᠡ ᠮᠦᠩᠭᠦ ᠨᠢ 30 ᠳ᠋ᠦᠩᠰᠢᠭᠤᠷ ᠲᠥᠭᠦᠷᠢᠭ ᠲᠤ ᠬᠦᠷᠴᠦ᠂ 39.4 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠤᠨ᠂ 2022 ᠣᠨ ᠳᠤ ᠪᠥᠬᠦ ᠠᠶᠢᠮᠠᠭ ᠤᠨ ᠠᠷᠠᠯᠵᠢᠶᠠᠴᠢᠨ ᠤᠷᠢᠵᠤ ᠪᠡᠯᠡ ᠲᠠᠲᠠᠬᠤ ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠳᠤ ᠬᠤᠶᠠᠳᠤᠭᠠᠷ ᠲᠤ ᠣᠷᠣᠪᠠ᠃ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾᠎ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ 111 ᠵᠦᠶᠯᠡᠰ ᠢ ︽ᠣᠷᠣᠨ ᠪᠦᠰᠡ ᠠᠯᠤᠰᠯᠠᠨ ᠨᠡᠶᠢᠳᠡᠮ ᠭᠦᠶᠴᠡᠳᠬᠡᠬᠦ︾᠂ 35 ᠵᠦᠢᠯᠡᠰ ᠢ ︽ᠪᠥᠬᠦ ᠠᠶᠢᠮᠠᠭ ᠲᠤ ᠨᠡᠶᠢᠳᠡᠮ ᠭᠦᠶᠴᠡᠳᠬᠡᠬᠦ︾᠎ ᠶᠢ ᠪᠡᠶᠡᠯᠡᠭᠦᠯᠪᠡ᠃ 14 ᠵᠦᠢᠯᠡᠰ ᠢ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠶᠴᠡᠳᠬᠡᠬᠦ︾᠎ ᠶᠢ ᠪᠡᠶᠡᠯᠡᠭᠦᠯᠪᠡ᠃ ᠪᠦᠬᠦ ᠠᠶᠢᠮᠠᠭ ᠲᠤ ᠲᠦᠷᠦᠭᠦᠯᠡᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠤᠷᠢᠳᠠᠪᠠᠷ ᠥᠷᠨᠢᠭᠦᠯᠵᠦ᠂ ︽ᠨᠢᠭᠡ ᠴᠤᠩᠬᠤᠪᠴᠢ︾᠎ ᠪᠠᠷ ᠭᠥᠯᠢᠶᠡᠨ ᠠᠪᠴᠤ ᠰᠢᠶᠳᠪᠦᠷᠢᠯᠡᠭᠰᠡᠨ ᠨᠣᠷᠮ᠎ᠠ 100%᠎ ᠳᠤ ᠬᠥᠷᠪᠡ᠃ ᠳᠠᠭᠠᠭᠠᠴᠢᠯᠠᠨ ᠡᠷᠬᠢᠯᠡᠬᠦ ᠦᠢᠯᠡᠴᠢᠯᠡᠭᠡᠨ ᠤ ᠡᠩᠨᠡᠭᠡ ᠶᠢ ᠤᠷᠤᠭᠤᠯᠤᠨ ᠠᠪᠴᠢᠷᠠᠵᠤ᠂ ᠵᠢᠯᠣᠭᠤᠳᠤᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ᠂ ᠤᠷᠤᠭᠯᠠᠨ ᠭᠦᠢᠴᠡᠳᠬᠡᠬᠦ ᠶᠢ ᠲᠡᠰ ᠲᠡᠪᠰᠢᠭᠦᠯᠦᠨ᠂ 93 ᠲᠥᠷᠥᠯ ᠵᠦᠶᠯ ᠢ ᠰᠠᠨᠠᠭᠠᠴᠢᠯᠠᠭ᠎ᠠ ᠠᠴᠠ ᠎ ᠪᠠᠨ ᠣᠷᠣᠯᠠᠨ ᠬᠠᠪᠰᠤᠷᠤᠨ ᠬᠦᠢᠴᠡᠳᠬᠡᠪᠡ᠃ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠲᠤᠬᠠᠶᠢᠯᠠᠭᠰᠠᠨ ᠠᠵᠢᠯ ᠪᠠ ᠰᠤᠮᠤ ᠪᠠᠯᠭᠠᠰᠤᠨ ᠤ ᠲᠤᠬᠠᠶᠢᠯᠠᠭᠰᠠᠨ ᠠᠵᠢᠯ ᠢ ᠬᠠᠷᠢᠯᠴᠠᠨ ᠤᠶᠠᠯᠳᠤᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠢ ᠪᠠᠶᠢᠭᠤᠯᠵᠤ᠂ ᠵᠢᠷ ᠤᠨ ᠭᠤᠤᠯ ᠪᠠᠯᠭᠠᠰᠤᠨ ᠳᠤ ᠪᠥᠬᠦ ᠠᠶᠢᠮᠠᠭ ᠤᠨ ᠪᠠᠷᠢᠮᠵᠢᠶᠠᠵᠢᠭᠰᠠᠨ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠢ ᠪᠠᠶᠢᠭᠤᠯᠪᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠶᠢᠨ ᠲᠢᠶᠠᠨ ᠹᠯᠣᠷ ᠬᠢᠮᠢ ᠶᠢᠨ ᠠᠵᠤ ᠦᠢᠯᠡᠳᠪᠦᠷᠢ ᠶᠢᠨ ᠰᠤᠳᠤᠯᠤᠨ ᠨᠡᠭᠡᠭᠡᠬᠦ ᠲᠥᠪ ᠨᠢ ᠥᠪᠡᠷᠲᠡᠭᠡᠨ ᠵᠠᠰᠠᠬᠤ ᠣᠷᠣᠨ ᠤ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢᠶᠠᠷ ᠦᠨᠡᠯᠡᠭᠳᠡᠪᠡ᠃    ︵ᠳᠤᠯᠤᠭ᠎ᠠ︶ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠬᠢᠷᠢ ᠳᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠪᠡ    — —  ᠰᠤᠷᠭᠠᠨ ᠬᠥᠮᠦᠵᠢᠯ ᠤᠨ ᠠᠵᠢᠯ ᠤᠨ ᠲᠠᠯ᠎ᠠ ᠪᠠᠷ᠃ ︽ᠪᠠᠷᠠᠭᠤᠨ ᠦᠵᠦᠮᠦᠴᠢᠨ ᠬᠤᠰᠢᠭᠤᠨ ᠤ ᠨᠠᠷᠠᠲᠤ ᠰᠢᠯᠢᠳᠡᠭ ᠪᠠᠭᠰᠢ ᠶᠢ ᠤᠷᠢᠨ ᠠᠪᠴᠢᠷᠠᠬᠤ ᠠᠵᠢᠯ ᠤᠨ ᠬᠡᠷᠡᠭᠵᠢᠭᠦᠯᠬᠦ ᠠᠷᠭ᠎ᠠ︾᠂ ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠎ ᠶᠢ ᠠᠬᠢᠭᠤᠯᠬᠤ ᠬᠡᠷᠡᠭᠵᠢᠭᠦᠯᠬᠦ ᠲᠥᠰᠦᠯ︾᠂ ︽ᠪᠠᠷᠠᠭᠤᠨ ᠦᠵᠦᠮᠦᠴᠢᠨ ᠬᠤᠰᠢᠭᠤᠨ ᠤ ᠵᠢᠭᠠᠨ ᠰᠤᠷᠭᠠᠯᠲᠠ ᠶᠢᠨ ᠬᠢᠷᠢ ᠪᠦᠲᠦᠮᠵᠢ ᠲᠣᠪᠣᠶᠢᠮ᠎ᠠ ᠪᠠᠭᠰᠢ ᠶᠢ ᠤᠷᠮᠠᠰᠢᠭᠤᠯᠬᠤ ᠲᠣᠭᠲᠠᠴᠠ︾ ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠨ᠂ ᠰᠤᠷᠭᠠᠨ ᠬᠥᠮᠦᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠨᠠᠷ ᠲᠤ 478 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠣᠯᠭᠤᠪᠠ᠃ ᠲᠤᠰᠬᠠᠢ ᠮᠡᠷᠭᠡᠵᠢᠯᠲᠡᠨ ᠤ ᠬᠡᠯᠪᠡᠷᠢ ᠶᠢᠨ ᠵᠢᠭᠠᠨ ᠰᠣᠳᠣᠯᠭᠠᠲᠠᠨ 4 ᠨᠡᠷ᠎ᠡ᠂ ᠳᠡᠭᠡᠳᠦ ᠲᠡᠰ ᠤᠨ ᠰᠤᠷᠭᠠᠨ ᠬᠥᠮᠦᠵᠢᠯ ᠤᠨ ᠴᠢᠳᠠᠪᠤᠷᠢᠲᠠᠨ 10 ᠨᠡᠷ᠎ᠡ ᠤᠷᠢᠨ ᠠᠪᠴᠢᠷᠠᠵᠤ᠂ 101 ᠨᠡᠷ᠎ᠡ ᠪᠠᠭᠰᠢ ᠡᠯᠰᠡᠨ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ ᠰᠣᠷᠣᠭᠴᠢ ᠡᠯᠰᠡᠭᠳᠡᠭᠰᠡᠨ ᠨᠣᠷᠮ᠎ᠠ ᠨᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ 11 ᠵᠠᠭᠤᠨ ᠤ ᠬᠤᠪᠢ ᠶᠢᠨ ᠴᠡᠭ ᠳᠠᠪᠠᠵᠤ᠂ ᠠᠩᠬ᠎ᠠ ᠵᠡᠷᠭᠡ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠠᠴᠠ  ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠳᠤ 600 ᠬᠤᠪᠢ ᠠᠴᠠ ᠳᠡᠭᠡᠭᠰᠢᠬᠢ ᠤᠯᠤᠭᠰᠠᠨ ᠰᠤᠷᠤᠭᠴᠢ ᠶᠢᠨ ᠲᠤᠭ᠎ᠠ ᠪᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠳᠤ ᠰᠢᠯᠭᠠᠨ ᠤᠷᠤᠭᠰᠠᠨ ᠰᠤᠷᠤᠭᠴᠢ ᠶᠢᠨ ᠲᠤᠭ᠎ᠠ ᠨᠢ ᠴᠥᠮ ᠪᠥᠬᠦ ᠠᠶᠢᠮᠠᠭ ᠤᠨ ᠨᠢᠭᠡᠳᠦᠭᠡᠷ ᠲᠤ ᠵᠢᠭᠰᠠᠭᠠᠭᠳᠠᠨ᠂ ᠠᠩᠬ᠎ᠠ ᠵᠡᠷᠭᠡ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠪᠠ ᠡᠯ᠎ᠡ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ᠂ ᠡᠯ᠎ᠡ ᠬᠡᠦᠬᠡᠳ ᠤᠨ ᠴᠡᠴᠡᠷᠯᠢᠭ ᠤᠨ ᠠᠰᠠᠷᠠᠨ ᠬᠥᠮᠥᠵᠢᠭᠦᠯᠬᠦ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠵᠢᠯ ᠮᠡᠷᠭᠡᠵᠢᠯ ᠤᠨ ᠵᠢᠭᠠᠨ ᠰᠤᠷᠭᠠᠯᠲᠠ ᠶᠢᠨ ᠠᠰᠠᠷ᠂ ᠠᠩᠬ᠎ᠠ ᠵᠡᠷᠭᠡ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ 8 ᠳᠤᠮᠳᠠᠳᠤ ᠪᠠᠭ᠎ᠠ ᠰᠤᠷᠭᠠᠭᠤᠯᠢ ᠶᠢᠨ ᠭᠠᠯ ᠤᠨᠲᠠᠷᠠᠭᠠᠬᠤ ᠥᠭᠡᠷᠡᠴᠢᠯᠡᠯᠲᠡ ᠶᠢᠨ ᠲᠥᠷᠥᠯ ᠵᠦᠢᠯ ᠎ ᠢ ᠲᠦᠷᠭᠡᠳᠬᠡᠨ ᠬᠡᠷᠡᠭᠵᠢᠭᠦᠯᠵᠦ᠂ ᠬᠤᠭᠤᠯᠠᠲᠤ ᠶᠢᠨ ᠭᠤᠣᠯ ᠬᠡᠦᠬᠡᠳ ᠤᠨ ᠴᠡᠴᠡᠷᠯᠢᠭ ᠢ ᠪᠠᠶᠢᠭᠤᠯᠬᠤ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠪᠡ᠃     — — ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠠᠯ᠎ᠠ ᠪᠠᠷ᠃ ᠬᠠᠯᠳᠠᠪᠤᠷᠢᠲᠤ ᠡᠪᠡᠳᠴᠢᠨ ᠤ ᠲᠣᠭᠤᠷᠢᠭ ᠢ ᠰᠢᠨ᠎ᠡ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠂ ᠪᠠᠯᠭᠠᠷᠭᠤᠣᠯ ᠪᠠᠯᠭᠠᠰᠤᠨ ᠤ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠰᠢᠨ᠎ᠡ ᠠᠯᠪᠠᠨ ᠠᠰᠠᠷ ᠲᠤ ᠰᠢᠯᠵᠢᠪᠡ᠃ ᠪᠠᠷᠠᠭᠤᠨ ᠦᠵᠦᠮᠦᠴᠢᠨ ᠬᠤᠰᠢᠭᠤᠨ ᠤ ᠶᠡᠷᠤᠩᠬᠡᠢ ᠡᠮᠨᠡᠯᠭᠡ ᠶᠢᠨ ᠬᠤᠷᠢᠶ᠎ᠡ ᠶᠢ ᠪᠠᠶᠢᠭᠤᠯᠵᠦ ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ 2᠂ ᠳᠦᠭᠦᠮ ᠲᠤᠷᠰᠢᠯᠲᠠ ᠶᠢᠨ ᠲᠠᠰᠤᠭ 2 ᠎ ᠢ ᠪᠠᠶᠢᠭᠤᠯᠵᠤ᠂ ᠰᠢᠯᠭᠠᠨ ᠪᠠᠶᠢᠴᠠᠭᠠᠬᠤ ᠲᠤᠨᠤᠭ ᠲᠦᠬᠦᠭᠡᠷᠦᠮᠵᠢ 37᠎ ᠶᠢ ᠲᠣᠬᠢᠷᠠᠭᠤᠯᠵᠦ᠂ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ 9᠎ ᠶᠢ ᠢᠯᠡ ᠪᠠᠷ ᠡᠯᠰᠡᠪᠡ᠃ ᠠᠷᠠᠳ ᠤᠨ ᠡᠮᠨᠡᠯᠭᠡ ᠶᠢᠨ ᠬᠤᠷᠢᠶᠠᠨ ᠤ ᠬᠥᠩᠭᠡᠵᠢᠭᠦᠯᠬᠦ ᠰᠠᠯᠠᠭ᠎ᠠ᠂ ᠬᠡᠦᠬᠡᠳ ᠤᠨ ᠰᠠᠯᠠᠭ᠎ᠠ ᠨᠢ 2 ᠨᠡᠷ᠎ᠡ ᠲᠤᠰᠬᠠᠶ ᠮᠡᠷᠭᠡᠵᠢᠯᠲᠡᠨ ᠢ ᠤᠷᠢᠵᠤ᠂ 10 ᠲᠥᠷᠥᠯ ᠤᠨ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ᠂ ᠮᠣᠩᠭᠤᠯ ᠡᠮᠨᠡᠯᠭᠡ ᠶᠢᠨ ᠬᠤᠷᠢᠶᠠᠨ ᠤ ︽ᠲᠤᠰᠠᠭᠠᠷ ᠵᠣᠷ ᠤᠨ ᠮᠣᠩᠭᠤᠯ ᠡᠮ ᠨᠠᠶᠢᠷᠠᠭᠤᠯᠬᠤ︾ ᠲᠠᠰᠤᠭ ᠢ ᠠᠰᠢᠭᠯᠠᠯᠲᠠ ᠳᠤ ᠣᠷᠣᠭᠤᠯᠤᠨ᠂ ᠡᠯ᠎ᠡ ᠡᠮᠴᠢᠯᠡᠭᠡᠨ ᠤ ᠪᠠᠶᠢᠭᠤᠯᠤᠮᠵᠢ ᠳᠤ ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ 5᠂ ᠠᠮᠢᠰᠬᠤᠯ ᠤᠨ ᠮᠠᠰᠢᠨ 30᠂ ᠴᠢᠰᠤᠨ ᠤ ᠬᠦᠴᠢᠯᠲᠥ᠋ᠷᠥᠭᠴᠢ ᠶᠢᠨ ᠬᠡᠮᠵᠢᠭᠦᠷᠯᠢᠭ 1000᠎ ᠶᠢ ᠬᠤᠳᠠᠯᠳᠤᠨ ᠠᠪᠴᠦ ᠥᠭᠭᠦᠨ᠂ 14 ᠬᠦᠨᠳᠦ ᠡᠪᠡᠳᠴᠢᠲᠡᠨ ᠤ ᠣᠷᠣ ᠲᠣᠬᠢᠷᠠᠭᠤᠯᠵᠤ᠂ ᠣᠯᠠᠨ ᠲᠦᠮᠡᠨ ᠤ ᠬᠤᠰᠢᠭᠤᠨ ᠳᠠᠭᠠᠨ ᠴᠢᠨᠠᠷᠯᠢᠭ ᠡᠮᠴᠢᠯᠡᠭᠡᠨ ᠤ ᠦᠶᠯᠡᠴᠢᠯᠡᠭᠡ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠵᠤ ᠴᠢᠳᠠᠬᠤ ᠪᠤᠯᠪᠠ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠳᠤ ᠡᠷᠡᠬᠦᠯ ᠮᠡᠨᠳᠦ ᠶᠢᠨ ᠪᠠᠶᠢᠴᠠᠭᠠᠯᠳᠠ ᠶᠢᠨ ᠠᠵᠢᠯ ᠦᠷᠨᠢᠭᠦᠯᠪᠡ᠃     — —  ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠠᠯ᠎ᠠ ᠪᠠᠷ᠃ ᠬᠤᠲᠠ ᠬᠥᠳᠡᠭᠡ ᠶᠢᠨ ᠨᠠᠭᠠᠳᠤ ᠵᠠᠬ᠎ᠠ ᠎ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠦᠰ ᠢ ᠠᠪᠤᠷᠠᠨ ᠲᠤᠰᠠᠯᠠᠬᠤ᠂ ᠲᠦᠷ ᠴᠠᠭ ᠤᠨ ᠠᠪᠤᠷᠠᠨ ᠲᠤᠰᠠᠯᠠᠬᠤ ᠵᠡᠷᠭᠡ ᠪᠡᠯᠡ ᠮᠥᠩᠭᠦ ᠶᠢ 2075 ᠲᠦᠮᠡᠨ ᠲᠥᠭᠦᠷᠢᠭ ᠲᠠᠷᠬᠠᠭᠠᠵᠤ᠂ ᠣᠷᠣᠯᠭ᠎ᠠ ᠪᠠᠭᠠᠲᠠᠢ ᠬᠦᠮᠦᠰ ᠲᠤ ᠨᠡᠶᠢᠭᠡᠮ ᠤᠨ ᠪᠠᠲᠤᠯᠠᠭ᠎ᠠ᠂ ᠳᠤᠯᠠᠭᠠᠯᠠᠭ᠎ᠠ ᠬᠠᠩᠭᠠᠬᠤ᠂ ᠣᠷᠣᠨ ᠰᠠᠭᠤᠴᠠ ᠶᠢᠨ ᠨᠥᠬᠦᠪᠦᠷᠢ ᠶᠢ 72 ᠲᠦᠮᠡᠨ ᠲᠥᠭᠦᠷᠢᠭ ᠨᠠᠶᠢᠳᠠᠪᠤᠷᠢᠵᠢᠭᠤᠯᠤᠨ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠤᠯᠭᠠᠨ ᠤ ᠰᠠᠷ᠎ᠠ ᠪᠦᠷᠢ ᠶᠢᠨ 780 ᠲᠥᠭᠦᠷᠢᠭ ᠪᠠᠶᠢᠭᠰᠠᠨ ᠠᠴᠠ 820 ᠲᠥᠭᠦᠷᠢᠭ ᠪᠣᠯᠭᠠᠨ ᠳᠡᠭᠡᠭᠰᠢᠯᠡᠭᠦᠯᠪᠡ᠃ ᠣᠷᠣᠰᠢᠭᠤᠯᠭ᠎ᠠ ᠶᠢᠨ ᠦᠶᠯᠡᠴᠢᠯᠡᠭᠡᠨ ᠤ ᠪᠥᠬᠦ ᠠᠷᠠᠳ ᠲᠤ ᠲᠦᠭᠡᠮᠡᠯ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠷᠣᠰᠢᠭᠤᠯᠭ᠎ᠠ ᠶᠢᠨ ᠳᠥᠷᠪᠡᠨ ᠵᠦᠶᠯ ᠤᠨ ᠦᠨᠳᠦᠰᠦᠨ ᠦᠶᠯᠡᠴᠢᠯᠡᠭᠡᠨ ᠤ ᠰᠦᠶᠳᠬᠡᠯ ᠢ 50 ᠭᠠᠷᠤᠶ ᠲᠦᠮᠡᠨ ᠲᠥᠭᠦᠷᠢᠭ ᠬᠡᠯᠲᠦᠷᠢᠭᠦᠯᠵᠦ᠂ ᠨᠥᠬᠦᠪᠥᠷᠢ ᠶᠢᠨ ᠪᠠᠯᠠ ᠮᠥᠩᠭᠦ ᠶᠢ 8 ᠲᠦᠮᠡᠨ ᠲᠥᠭᠦᠷᠢᠭ ᠲᠠᠷᠬᠠᠭᠠᠵᠤ᠂ ᠴᠢᠨᠳᠠᠷ ᠢ ᠬᠠᠶᠢᠯᠤᠭᠤᠯᠬᠤ ᠨᠣᠷᠮ᠎ᠠ ᠶᠢ ᠢᠯᠡᠳᠲᠡ ᠳᠡᠭᠡᠭᠰᠢᠯᠡᠭᠦᠯᠪᠡ᠃ 15912 ᠮᠠᠯᠵᠢᠬᠤ ᠡᠷᠦᠬᠡ ᠳᠤ ᠡᠩ ᠤᠨ ᠦᠨ᠎ᠡ ᠶᠢᠨ ᠨᠡᠭᠦᠷᠡᠰᠦ 31824 ᠲᠣᠨ ᠲᠠᠷᠬᠠᠭᠠᠵᠦ᠂ ᠪᠠᠶᠠᠨᠭᠤᠣᠯ ᠨᠡᠶᠢᠭᠡᠮ ᠲᠣᠭᠤᠷᠢᠭ ᠢ  ᠪᠠᠶᠢᠭᠤᠯᠪᠠ᠃    — —  ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠢᠯ ᠤᠨ ᠲᠠᠯ᠎ᠠ ᠪᠠᠷ᠃  ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠢᠳᠡᠪᠬᠢᠲᠡᠢ ᠪᠠᠷ ᠲᠣᠬᠢᠷᠠᠭᠤᠯᠵᠤ᠂ ᠶᠡᠭᠡ ᠰᠤᠷᠭᠠᠭᠤᠯᠢ ᠲᠡᠭᠦᠰᠦᠭᠰᠡᠳ ᠵᠡᠷᠭᠡ 114 ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠵᠦ᠂ ᠦᠶᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ 1363 ᠲᠦᠮᠡᠨ ᠲᠥᠭᠦᠷᠢᠭ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ 1300 ᠲᠦᠮᠡᠨ ᠲᠥᠭᠦᠷᠢᠭ ᠲᠠᠷᠬᠠᠭᠠᠵᠤ᠂ ᠬᠤᠰᠢᠭᠤ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠰᠠᠭᠤᠷᠢᠨ ᠭᠠᠵᠠᠷ ᠨᠢ ᠳᠠᠬᠢᠨᠲᠠ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠦᠨᠡᠯᠡᠭᠳᠡᠪᠡ᠃ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠵᠡᠷᠭᠡ ᠪᠡᠯᠡ ᠮᠥᠩᠭᠦ ᠶᠢ 1700 ᠭᠠᠷᠤᠢ ᠲᠦᠮᠡᠨ ᠲᠥᠭᠦᠷᠢᠭ ᠲᠠᠷᠬᠠᠭᠠᠵᠤ᠂ 243 ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ 472 ᠲᠦᠮᠡᠨ ᠲᠥᠭᠦᠷᠢᠭ ᠬᠥᠩᠭᠡᠯᠡᠨ ᠲᠠᠲᠠᠪᠤᠷᠢᠯᠠᠪᠠ᠃ ᠴᠠᠯᠢᠩ ᠥᠷᠢᠲᠦᠭᠰᠡᠨ ᠬᠡᠷᠡᠭ ᠢ 1053 ᠬᠤᠪᠢ ᠰᠢᠢᠳᠪᠦᠷᠢᠯᠡᠵᠦ᠂ 6400 ᠭᠠᠷᠤᠢ ᠬᠦᠯᠦᠰᠦᠨ ᠠᠵᠢᠯᠳᠠᠨ ᠳᠤ 9400 ᠭᠠᠷᠤᠢ ᠲᠦᠮᠡᠨ ᠲᠥᠭᠦᠷᠢᠭ ᠤᠨ ᠴᠠᠯᠢᠩ ᠢ ᠨᠡᠬᠡᠮᠵᠢᠯᠡᠨ ᠣᠯᠭᠤᠪᠠ᠃    — — ᠰᠣᠶᠣᠯ ᠪᠡᠶ᠎ᠡ ᠶᠢᠨ ᠲᠠᠮᠢᠷ ᠤᠨ ᠠᠵᠢᠯ ᠤᠨ ᠲᠠᠯ᠎ᠠ ᠪᠠᠷ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠭᠡᠷ ᠤᠨ ᠭᠠᠳᠠᠨᠠᠬᠢ ᠤᠯᠠᠨ ᠨᠡᠶᠢᠲᠡ ᠶᠢᠨ ᠬᠥᠳᠡᠯᠭᠡᠭᠡᠨ ᠤ ᠭᠠᠵᠠᠷ 2᠎ ᠶᠢ ᠪᠠᠶᠢᠭᠤᠯᠤᠨ᠂ ᠬᠥᠯ ᠪᠥᠮᠪᠦᠭᠡ ᠶᠢᠨ ᠣᠷᠳᠣᠨ ᠢ ᠡᠬᠢᠯᠡᠨ ᠪᠠᠶᠢᠭᠤᠯᠵᠤ᠂ ᠮᠥᠰᠥ ᠴᠠᠰᠤᠨ ᠤ ᠨᠠᠶᠢᠷ ᠤᠨ ᠰᠢᠷᠢᠰ ᠠᠵᠢᠯᠯᠠᠭ᠎ᠠ᠂ ᠪᠦᠬᠦ ᠠᠶᠢᠮᠠᠭ ᠤᠨ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠎ ᠶᠢᠨ ᠤᠷᠤᠯᠳᠤᠭᠠᠨ ᠵᠡᠷᠭᠡ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ 12 ᠤᠳᠠᠭ᠎ᠠ ᠡᠷᠬᠢᠯᠡᠪᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠤᠯᠠᠭᠠᠨᠮᠥ᠋ᠴᠢᠷ ᠤᠨ ᠤᠷᠠᠯᠢᠭ ᠤᠨ ᠲᠥᠪ ᠤᠨ ᠭᠤᠣᠯ ᠴᠣᠭᠴᠠ ᠶᠢᠨ ᠢᠨᠵᠧᠨᠧᠷᠢᠩ ᠢ ᠪᠦᠲᠦᠭᠡᠨ ᠪᠠᠶᠢᠭᠤᠯᠵᠤ ᠳᠠᠭᠤᠰᠬᠠᠨ᠂ ᠬᠤᠰᠢᠭᠤ ᠬᠠᠮ ᠵᠠᠭᠤᠴᠢᠯᠠᠭᠤᠷ ᠤᠨ ᠲᠥᠪ ᠤᠨ ᠳᠡᠭᠡᠳᠦ ᠲᠣᠳᠣ ᠰᠤᠪᠠᠭ ᠢ ᠵᠢᠩᠬᠢᠨᠢ ᠪᠠᠷ ᠡᠬᠢᠯᠡᠨ ᠨᠠᠪᠲᠠᠷᠡᠭᠦᠯᠵᠦ᠂ ᠬᠤᠰᠢᠭᠤ ᠤᠯᠠᠭᠠᠨᠮᠥ᠋ᠴᠢᠷ ᠨᠢ ᠶᠢᠰᠦᠳᠦᠭᠡᠷ ᠬᠤᠭᠤᠴᠠᠭᠠᠨ ᠤ ᠪᠥᠬᠦ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ ︽ᠬᠠᠮᠳᠦ ᠨᠡᠶᠢᠲᠡ ᠶᠢᠨ ᠠᠯᠲᠠᠨ ᠱᠠᠩᠨᠠᠯ︾᠎ ᠢ ᠬᠦᠷᠲᠡᠵᠦ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ 100 ᠭᠠᠷᠤᠢ ᠲᠠᠯᠠᠪᠤᠷ ᠦᠷᠨᠢᠬᠦᠯᠦᠨ᠂ 5 ᠲᠦᠮᠡ ᠰᠢᠬᠠᠮ ᠬᠥᠮᠥᠨ ᠤᠳᠠᠭ᠎ᠠ ᠳᠤ ᠠᠰᠢᠭ ᠬᠦᠷᠲᠡᠭᠡᠵᠦ᠂ ᠮᠣᠩᠭᠤᠯ ᠵᠦᠴᠦᠭᠡ ︽ᠰᠡᠷᠡᠯ ᠮᠣᠷᠢ︾᠎ ᠨᠢ ᠳᠥᠷᠪᠡᠳᠦᠭᠡᠷ ᠬᠤᠭᠤᠴᠠᠭᠠᠨ ᠤ ᠪᠥᠬᠦ ᠣᠷᠣᠨ ᠤ ᠰᠢᠯᠢᠳᠡᠭ ᠵᠦᠴᠦᠭᠡ ᠶᠢᠨ ᠦᠵᠡᠭᠦᠯᠦᠯᠭᠡ ᠶᠢᠨ ᠲᠣᠭᠯᠠᠯᠲᠠ ᠶᠢᠨ 7 ᠲᠣᠮᠣ ᠱᠠᠩᠨᠠᠯ ᠢ ᠬᠦᠷᠲᠡᠵᠦ᠂ 4 ᠮᠠᠯᠴᠢᠨ ᠡᠷᠦᠬᠡ ᠥᠪᠡᠷᠲᠡᠭᠡᠨ ᠵᠠᠰᠠᠬᠤ ᠣᠷᠣᠨ ᠤ ᠲᠡᠰ ᠤᠨ ᠰᠣᠶᠣᠯ ᠤᠨ ᠵᠢᠱᠢᠶᠡᠴᠢ ᠡᠷᠦᠬᠡ ᠪᠠᠷ ᠦᠨᠡᠯᠡᠭᠳᠡᠪᠡ᠃    ︵ᠨᠠᠢᠮᠠ︶ ᠦᠨᠳᠦᠰᠦᠲᠡᠨ ᠤ ᠪᠦᠯᠬᠦᠮᠳᠡᠯ ᠤᠨ ᠪᠠᠶᠢᠳᠠᠯ ᠪᠠᠬᠢᠵᠢᠨ ᠬᠦᠭᠵᠢᠪᠡ᠃ ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ 3 ᠬᠠᠮᠲᠤ ᠨᠡᠶᠢᠲᠡ ᠨᠢ ᠠᠶᠢᠮᠠᠭ ᠤᠨ ᠲᠡᠰ ᠠᠴᠠ ᠳᠡᠭᠡᠭᠰᠢᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ ᠶᠢᠨ ᠴᠣᠯᠠ ᠬᠦᠷᠲᠡᠵᠦ᠂ 5 ᠬᠥᠮᠦᠨ ᠠᠶᠢᠮᠠᠭ ᠤᠨ ᠲᠡᠰ ᠠᠴᠠ ᠳᠡᠭᠡᠭᠰᠢᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠎ ᠢᠶᠠᠷ ᠦᠨᠡᠯᠡᠭᠳᠡᠨ᠂ ᠮᠠᠨ ᠤ ᠬᠤᠰᠢᠭᠤ ᠨᠢ ᠲᠠᠪᠤᠳᠤᠭᠠᠷ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ 50 ᠨᠡᠷᠡᠯᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠪᠣᠯᠪᠠᠰᠤᠷᠠᠯ ᠤᠨ ᠢᠨᠵᠧᠨᠧᠷᠢᠩ ᠢ ᠶᠡᠬᠡᠪᠡᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠪᠠᠶᠢᠭᠤᠯᠵᠤ᠂ ᠪᠦᠭᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ ᠠᠬᠢᠭᠤᠯᠬᠤ ᠨᠡᠶᠢᠭᠡᠮᠯᠢᠭ ᠢ ᠪᠠᠶᠢᠭᠤᠯᠵᠤ᠂ 118 ᠬᠤᠭᠤᠴᠠᠭ᠎ᠠ ᠲᠤᠰᠬᠠᠢ ᠰᠡᠳᠦᠪᠲᠦ ᠪᠣᠯᠪᠠᠰᠤᠷᠠᠯ ᠪᠠ 50 ᠬᠤᠭᠤᠴᠠᠭ᠎ᠠ ᠤᠬᠠᠭᠤᠯᠤᠨ ᠲᠠᠶᠢᠯᠠᠪᠤᠷᠢᠯᠠᠯᠳᠠ ᠬᠢᠵᠦ᠂ 460 ᠭᠠᠷᠤᠢ ᠤᠳᠠᠭ᠎ᠠ ᠪᠤᠰᠤᠳ ᠬᠠᠮᠢᠶ᠎ᠠ ᠪᠦᠬᠦᠢ ᠠᠵᠢᠯᠯᠠᠭ᠎ᠠ ᠶᠢ ᠶᠠᠪᠤᠭᠳᠠᠭᠤᠯᠵᠠᠢ᠃ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠭᠤᠷᠪᠠᠨ ᠰᠠᠯᠵᠤ ᠴᠢᠳᠠᠰᠢ ᠥᠬᠡᠶ︾᠂ ︽ᠲᠠᠪᠤᠨ ᠬᠠᠮᠲᠤ ᠶᠢᠨ ᠲᠠᠨᠢᠯᠲᠠ︾᠎ ᠶᠢᠨ ᠦᠵᠡᠯ ᠰᠠᠨᠠᠭ᠎ᠠ ᠪᠠ ︽ᠳᠥᠷᠪᠡ ᠶᠢ ᠬᠠᠮᠲᠤᠪᠠᠷ ᠡᠳ᠋ᠯᠡᠬᠦ︾ ᠤᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠤᠷᠤᠨ ᠢ ᠪᠠᠶᠢᠭᠤᠯᠪᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠦᠷᠭᠦᠯᠵᠢᠯᠡᠨ ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ ᠵᠡᠷᠭᠡ ᠶᠢᠨ  ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠭᠤᠷᠪᠠᠨ ᠲᠦᠷᠦᠯ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃     ︵ᠶᠢᠰᠦ︶ ᠬᠦᠨᠳᠦ ᠶᠡᠭᠡ ᠲᠦᠭᠰᠢᠭᠦᠷᠢ ᠤᠨ ᠳᠠᠯᠳᠠ ᠭᠡᠮ ᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠪᠠ ︽ᠬᠥᠳᠡᠯᠦᠩᠭᠦᠶ ᠪᠠᠷ ᠦᠭᠡᠶᠢᠰᠬᠡᠬᠦ︾ ᠶᠡᠷᠦᠩᠬᠡᠶ ᠴᠢᠭᠯᠡᠯᠲᠡ ᠶᠢ ᠪᠠᠷᠢᠮᠲᠠᠯᠠᠵᠤ᠂ ᠪᠥᠬᠦ ᠵᠢᠯ ᠳᠤ ᠳ᠋ᠦᠩᠰᠢᠭᠤᠷ ᠲᠥᠭᠦᠷᠢᠭ ᠤᠷᠴᠢᠮ ᠤᠨ ᠬᠢᠵᠢᠭ ᠲᠠᠢ ᠲᠡᠮᠡᠴᠡᠬᠦ ᠪᠠᠯᠠ ᠮᠥᠩᠭᠦ ᠵᠠᠷᠤᠴᠠᠭᠤᠯᠪᠠ᠃ ᠡᠭᠦᠨ ᠳᠤ ᠨᠢᠭᠡᠳᠦᠭᠡᠷ ᠹᠷᠣᠨᠲ ᠤᠨ ᠬᠥᠮᠦᠰ ᠲᠤ 640 ᠲᠦᠮᠡᠨ ᠲᠥᠭᠦᠷᠢᠭ ᠤᠨ ᠨᠥᠬᠦᠪᠥᠷᠢ ᠣᠯᠭᠤᠪᠠ᠃ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠣᠪᠴᠢᠲᠠᠶ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠠᠶᠢᠨ ᠦᠷ᠎ᠡ ᠪᠦᠲᠦᠮᠵᠢ ᠣᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ ᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠤᠷᠪᠤᠰ︾ ᠬᠠᠲᠠᠭᠤ ᠠᠷᠭ᠎ᠠ ᠬᠡᠮᠵᠢᠶ᠎ᠡ ᠪᠣᠯᠤᠨ ︽ᠵᠠᠭᠤᠨ ᠡᠳᠦᠷ ᠤᠨ ᠪᠠᠬᠢᠯᠡᠯᠲᠡ ᠰᠢᠪᠲᠤᠯᠬᠤ︾ ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠎ ᠶᠢᠨ ᠭᠡᠮ ᠰᠤᠭᠤᠭ ᠢ ᠶᠡᠬᠡᠪᠡᠷ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠲᠤᠰᠬᠠᠶ ᠵᠦᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠶᠤᠯᠭᠦᠢ ᠦᠢᠯᠡᠳᠪᠦᠷᠢᠯᠡᠯ ᠤᠨ ᠨᠡᠯᠢᠶᠡᠳ ᠶᠡᠭᠡ ᠠᠳᠡᠯ ᠬᠡᠷᠡᠭ ᠭᠠᠷᠤᠭᠰᠠᠨ ᠦᠭᠡᠶ᠃ ᠵᠠᠰᠠᠭ ᠤᠨ ᠣᠷᠳᠣᠨ ᠤ ᠥᠷᠢ ᠥᠭᠴᠡᠭᠡᠨ ᠤ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠨᠡᠶᠢᠲᠡ 2 ᠳ᠋ᠦᠩᠰᠢᠭᠤᠷ ᠲᠥᠭᠦᠷᠢᠭ ᠪᠣᠴᠠᠭᠠᠵᠤ᠂ ᠣᠨ ᠤ ᠡᠭᠦᠷᠭᠡ ᠪᠠᠨ 178%᠎ ᠪᠠᠷ ᠪᠡᠶᠡᠯᠡᠭᠦᠯᠦᠨ᠂ ᠠᠷᠠᠳ ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭᠰᠠᠨ 1179 ᠲᠦᠮᠡᠨ ᠲᠥᠭᠦᠷᠢᠭ ᠢ ᠳᠥᠯᠥᠵᠦ᠂ ᠳᠥᠯᠥᠵᠦ ᠳᠠᠭᠤᠰᠬᠠᠭᠰᠠᠨ ᠨᠣᠷᠮ᠎ᠠ ᠨᠢ 100%᠎ ᠳᠤ ᠬᠥᠷᠪᠡ᠃ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠪᠠ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠵᠡᠷᠭᠡ ᠳᠦᠷᠢᠮ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠳᠡᠭᠡᠷ᠎ᠡ ᠱᠠᠳᠤᠨ ᠠᠴᠠ ᠲᠤᠰᠢᠶᠠᠭᠰᠠᠨ 101 ᠬᠤᠪᠢ᠂ ᠮᠠᠨ ᠎ ᠤ ᠬᠤᠰᠢᠭᠤᠨ ᠤ ᠪᠠᠶᠢᠴᠠᠭᠠᠨ ᠡᠮᠬᠢᠯᠡᠭᠰᠡᠨ 27 ᠬᠤᠪᠢ ᠵᠠᠬᠢᠳᠠᠯ ᠰᠤᠷᠪᠤᠯᠵᠢᠯᠠᠯ ᠤᠨ ᠵᠦᠢᠯᠡᠰ ᠢ ᠪᠦᠬᠦᠨ ᠢ ᠰᠢᠢᠳᠪᠦᠷᠢᠯᠡᠵᠦ ᠳᠠᠭᠤᠰᠬᠠᠨ᠂ ᠪᠡᠭᠡᠵᠢᠩ ᠪᠠ ᠣᠷᠣᠨ ᠳᠤ ᠤᠴᠢᠵᠤ ᠵᠠᠭᠢᠲᠠᠯ ᠰᠤᠷᠪᠤᠯᠵᠢᠯᠠᠯ ᠬᠢᠭᠰᠡᠳ ᠤᠨ ᠲᠤᠭ᠎ᠠ ᠎ ᠨᠢ ︽ᠬᠤᠣᠰ ᠪᠠᠭᠤᠷᠠᠯᠲᠠ︾᠎ ᠶᠢ ᠪᠡᠶᠡᠯᠡᠭᠦᠯᠪᠡ᠃ ᠨᠡᠶᠢᠭᠡᠮ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠎ ᠢᠶᠠᠨ ᠬᠠᠮᠠᠭᠠᠯᠠᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ 540 ᠤᠳᠠᠭ᠎ᠠ ᠠᠮᠵᠢᠯᠲᠠ ᠲᠠᠢ ᠡᠶᠡᠳᠡᠭᠦᠯᠦᠨ ᠰᠢᠢᠳᠪᠦᠷᠢᠯᠡᠵᠦ᠂ ︽ᠭᠠᠴᠠᠭᠠᠨ ᠤ ᠡᠵᠡᠷᠬᠡᠭᠴᠢ︾ ᠪᠠ ᠣᠪᠣᠭ ᠲᠥᠷᠥᠯ ᠤᠨ ᠬᠦᠴᠦᠨ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠪᠠ ᠫᠤᠤ ᠵᠡᠪᠰᠡᠭ ᠳᠡᠯᠪᠡᠷᠡᠬᠦ ᠪᠣᠳᠠᠰ ᠤᠨ ᠬᠠᠮᠢᠶᠠᠲᠠᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠲᠠᠪᠤᠨ ᠵᠢᠯ ᠳᠠᠷᠠᠭᠠᠯᠠᠨ ᠠᠮᠢᠨ ᠬᠡᠷᠡᠭ ︽ᠭᠠᠷᠤᠭᠰᠠᠨ ᠦᠭᠡᠢ︾ ᠪᠠᠶᠢᠨ᠎ᠠ᠃ ᠬᠤᠰᠢᠭᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠨᠢ ︽ᠪᠥᠬᠦ ᠤᠯᠤᠰ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠲᠡᠷᠢᠭᠦᠨ ᠤ ᠬᠠᠮᠲᠤ ᠨᠢᠭᠡᠴᠡ︾᠎ ᠶᠢᠨ ᠢᠷᠠᠭᠤ ᠠᠯᠳᠠᠷ ᠢ ᠬᠦᠷᠲᠡᠵᠦ᠂ ᠪᠠᠶᠠᠨᠠᠭᠤᠯᠠ ᠨᠡᠶᠢᠭᠡᠮ ᠲᠣᠭᠤᠷᠢᠭ ᠨᠢ ︽ᠪᠥᠬᠦ ᠤᠯᠤᠰ ᠤᠨ ᠠᠷᠠᠳᠴᠢᠯᠠᠭᠰᠠᠨ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾᠎ ᠢᠶᠠᠷ ᠦᠨᠡᠯᠡᠭᠳᠡᠪᠡ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠵᠡᠷᠭᠡ ᠴᠢᠬᠤᠯᠠ ᠴᠠᠭ ᠬᠤᠭᠤᠴᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠳᠥᠷᠪᠡᠨ ᠲᠥᠷᠥᠯ ᠤᠨ ᠶᠠᠪᠤᠳᠠᠯ ᠡᠭᠦᠰᠬᠦ ᠦᠭᠡᠢ︾ ᠬᠠᠷᠠᠯᠲᠠ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠪᠡ᠃    ᠨᠢᠭᠡ ᠵᠢᠯ ᠤᠨ ᠲᠤᠷᠰᠢ᠂ ᠬᠤᠰᠢᠭᠤ ᠵᠠᠰᠠᠭ ᠤᠨ ᠣᠷᠳᠣᠨ ᠨᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠴᠢᠬᠤᠯᠠ ᠶᠡᠭᠡ ᠤᠴᠢᠷ ᠶᠠᠪᠤᠳᠠᠯ᠂ ᠴᠢᠬᠤᠯᠠ ᠠᠰᠠᠭᠤᠳᠠᠯ ᠳᠤ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠦᠨ᠂ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ 153 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 102 ᠬᠤᠪᠢ ᠭᠦᠢᠴᠡᠳᠬᠡᠵᠦ᠂ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ 11 ᠬᠤᠪᠢ ᠲᠣᠭᠲᠠᠭᠠᠨ ᠨᠡᠶᠢᠲᠡᠯᠡᠵᠦ᠂ ᠸᠢᠴᠠᠲ ᠤᠨ ᠠᠵᠢᠯ ᠤᠨ ᠬᠤᠯᠪᠤᠭ᠎ᠠ ᠶᠢ 30 ᠭᠠᠷᠤᠢ ᠶᠢ ᠠᠷᠢᠯᠭᠠᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠤᠨ ᠠᠯᠪᠠᠨ ᠠᠴᠠ ᠪᠠᠭᠤᠭᠰᠠᠳ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠴᠥᠮ ᠰᠢᠨ᠎ᠡ ᠠᠮᠵᠢᠯᠲᠠ ᠣᠯᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ ᠲᠠᠩᠰᠠ ᠡᠪᠬᠡᠮᠡᠯ ᠲᠡᠦᠬᠡ ᠤᠶᠢᠯᠠᠯᠭ᠎ᠠ᠂ ᠭᠠᠵᠠᠷ ᠬᠥᠳᠡᠯᠦᠯᠲᠡ ᠴᠠᠭ ᠠᠭᠤᠷ ᠤᠨ ᠦᠢᠯᠡᠰ ᠴᠥᠮ ᠰᠢᠨ᠎ᠡ ᠲᠠᠪᠰᠢᠯᠳᠠ ᠲᠠᠢ ᠪᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠤᠳᠬ᠎ᠠ ᠤᠷᠠᠯᠢᠭ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠵᠣᠬᠢᠶᠠᠨ ᠪᠠᠶᠢᠭᠤᠯᠤᠯᠲᠠ ᠴᠥᠮ ᠰᠢᠨ᠎ᠡ ᠳᠦᠷᠰᠦ ᠪᠠᠶᠢᠳᠠᠯ ᠲᠠᠢ ᠪᠣᠯᠪᠠ᠃    ᠲᠥᠯᠥᠭᠡᠯᠡᠭᠴᠢᠳ ᠠ᠋᠂ ᠡᠲᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ  ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ︕ ᠠᠳᠡ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠳᠦᠯᠦᠭᠡᠯᠡᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠪᠦᠬᠦ ᠨᠥᠬᠦᠳ᠂ ᠨᠠᠶᠢᠵᠠ ᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠠᠮᠵᠢᠯᠲᠠ ᠪᠠᠨ ᠨᠤᠲᠠᠯᠠᠬᠤ ᠶᠢᠨ ᠳᠠᠭᠠᠣ ᠤᠷᠤᠭᠰᠢᠯᠠᠯᠲᠠ ᠶᠢᠨ ᠵᠠᠮ ᠳᠡᠭᠡᠷᠡᠬᠢ ᠬᠦᠴᠢᠷᠳᠡᠯ ᠪᠠ ᠥᠷᠢᠰᠦᠯᠳᠦᠭᠡᠨ ᠢ ᠡᠷᠬᠡᠪᠰᠢ ᠰᠡᠷᠭᠡᠭ ᠢᠶᠠᠷ ᠣᠯᠵᠤ ᠲᠠᠨᠢᠬᠤ ᠬᠡᠷᠡᠭᠲᠡᠢ᠂ ᠡᠭᠦᠨ ᠳᠤ ᠭᠤᠣᠯᠳᠠᠭᠤ᠄ ᠠᠵᠤ ᠠᠬᠤᠢ ᠶᠢᠨ ᠪᠦᠲᠦᠴᠡ ᠵᠣᠬᠢᠰ ᠦᠭᠡᠢ᠂ ᠠᠵᠤ ᠦᠢᠯᠡᠰ ᠤᠨ ᠬᠡᠯᠬᠢᠶ᠎ᠡ ᠲᠡᠭᠦᠯᠳᠡᠷᠵᠢᠭᠡᠳᠦᠢ ᠪᠠᠶᠢᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ ᠰᠠᠭᠤᠷᠢ ᠨᠢᠮᠭᠡᠨ ᠪᠠᠭᠤᠷᠠᠢ ᠪᠠᠶᠢᠵᠤ᠂ ᠠᠮᠢ ᠠᠬᠤᠢ ᠶᠢ ᠰᠡᠷᠭᠦᠭᠡᠬᠦ ᠪᠠ ᠡᠨᠧᠷᠭᠢ ᠠᠷᠪᠢᠯᠠᠵᠤ ᠪᠣᠬᠢᠷᠳᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ᠃ ᠬᠤᠲᠠ ᠶᠢᠨ ᠶᠠᠪᠤᠳᠠᠯ᠂ ᠵᠠᠮ ᠬᠠᠷᠢᠯᠴᠠᠭ᠎ᠠ᠂ ᠮᠠᠯᠵᠢᠬᠤ ᠤᠷᠤᠨ ᠵᠡᠷᠭᠡ ᠰᠠᠭᠤᠷᠢ ᠪᠡᠯᠡᠳᠬᠡᠮᠵᠢ ᠶᠢᠨ ᠬᠦᠷᠢᠶᠡᠨ ᠳᠤ ᠨᠡᠯᠢᠶᠡᠳ ᠶᠡᠭᠡ ᠥᠷᠢᠲᠦᠵᠦ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠨᠢ ᠣᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠳᠤ ᠪᠠᠰᠠ ᠴᠥᠭᠡᠨ ᠪᠤᠰᠤ ᠬᠦᠴᠢᠷ ᠲᠦᠪᠡᠭᠲᠡᠶ ᠠᠰᠠᠭᠤᠳᠠᠯ ᠣᠷᠣᠰᠢᠵᠤ ᠪᠠᠶᠢᠨ᠎ᠠ᠃ ᠺᠠᠳ᠋ᠷᠴᠤᠳ ᠦᠵᠡᠯ ᠰᠠᠨᠠᠭ᠎ᠠ ᠪᠠᠨ ᠴᠢᠯᠦᠭᠡᠯᠡᠬᠦ᠂ ᠠᠵᠢᠯ ᠢᠶᠠᠨ ᠵᠣᠷᠢᠭᠲᠠᠢ ᠬᠢᠬᠦ ᠵᠠᠷᠭᠡ ᠲᠠᠯ᠎ᠠ ᠳᠤ ᠠᠰᠠᠭᠤᠳᠠᠯ ᠤᠷᠤᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠡᠷᠬᠡᠪᠰᠢ ᠡᠷᠡᠰ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠢ ᠰᠢᠢᠳᠪᠦᠷᠢᠯᠡᠨ᠎ᠡ᠃     ᠬᠤᠶᠠᠷ᠂ 2023 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ     2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠᠴᠦ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠃ ᠲᠥᠪ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠨᠡ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 6%᠎ ᠪᠠᠷ ᠨᠡᠮᠡᠭᠳᠡᠭᠦᠯᠦᠨ᠎ᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10%᠎ ᠪᠠᠷ ᠨᠡᠮᠡᠭᠳᠡᠬᠦᠯᠦᠨ᠎ᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4%᠎ ᠠᠴᠠ ᠳᠡᠭᠡᠭᠰᠢ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠤᠩᠬᠡᠢ ᠲᠤᠭ᠎ᠠ ᠶᠢᠨ ᠨᠡᠮᠡᠭᠳᠡᠯ ᠤᠨ ᠬᠡᠮᠵᠢᠶ᠎ᠡ ᠶᠢ ᠳᠡᠭᠡᠷ᠎ᠡ ᠵᠢᠯ ᠤᠨ ᠬᠢ ᠠᠴᠠ ᠦᠨᠳᠦᠷ ᠪᠤᠯᠭᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 5% ᠪᠠ 7%᠎ ᠠᠴᠠ ᠳᠡᠭᠡᠭᠰᠢ ᠨᠡᠮᠡᠭᠳᠡᠬᠦᠯᠦᠨ᠎ᠡ᠃ ᠡᠨᠧᠷᠭᠢ ᠶᠢᠨ ᠬᠤᠷᠤᠭᠳᠠᠯ ᠤᠨ ᠬᠦᠴᠦᠯᠡᠴᠡ ᠪᠠ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠦᠢᠴᠡᠳᠬᠡᠬᠦ ᠲᠤᠭ᠎ᠠ ᠶᠢ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠪᠠᠶᠢᠷᠢᠯᠠᠭᠤᠯᠤᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠲᠣᠭᠲᠠᠭᠠᠭᠰᠠᠨ ᠨᠢ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠲᠦᠯᠬᠢᠨ ᠠᠬᠢᠭᠤᠯᠬᠤ ᠴᠢᠬᠤᠯᠠ ᠱᠠᠭᠠᠷᠳᠠᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢ ᠲᠦᠷᠭᠡᠳᠬᠡᠬᠦ᠂ ᠴᠢᠨᠠᠷᠯᠢᠭ ᠬᠥᠭᠵᠢᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠮᠥᠷᠲᠡᠭᠡᠨ ᠪᠠᠰᠠ ᠪᠥᠬᠦ ᠠᠶᠢᠮᠠᠭ᠂ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠱᠠᠭᠠᠷᠳᠠᠯᠭ᠎ᠠ ᠶᠢ ᠵᠢᠷᠤᠮᠯᠠᠵᠤ᠂  ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠳᠤ ᠲᠣᠭᠲᠠᠭᠠᠭᠰᠠᠨ ᠬᠠᠷᠠᠯᠲᠠ ᠶᠢ ᠵᠣᠯᠭᠠᠭᠤᠯᠤᠭᠰᠠᠨ ᠪᠠᠶᠢᠨ᠎ᠠ᠃ ᠬᠤᠰᠢᠭᠤ ᠵᠠᠰᠠᠭ ᠤᠨ ᠣᠷᠳᠣᠨ ᠨᠢ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠤᠬᠠᠮᠰᠠᠷ ᠠᠴᠠ ᠪᠠᠨ ᠰᠠᠬᠢᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠵᠠᠮᠨᠠᠵᠤ᠂ ᠪᠣᠳᠠᠲᠠᠢ ᠠᠵᠢᠯ ᠤᠨ ᠳᠤᠮᠳᠠ ᠪᠠᠨ ᠨᠠᠩ ᠰᠠᠶᠢᠨ ᠦᠷ᠎ᠡ ᠳ᠋ᠦᠩ ᠣᠯᠬᠤ ᠪᠠᠷ ᠴᠢᠷᠮᠠᠶᠢᠨ᠎ᠠ᠃   ᠦᠨᠥ ᠵᠢᠯ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄   ︵ᠨᠢᠭᠡ︶ ᠬᠦᠴᠦᠨ ᠢᠶᠠᠨ ᠲᠥᠪᠯᠡᠷᠡᠭᠦᠯᠦᠨ ᠲᠣᠭᠲᠠᠭᠤᠨ ᠢᠶᠠᠷ ᠨᠡᠮᠡᠭᠳᠡᠭᠦᠯᠵᠦ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠪᠣᠶᠢᠵᠢᠭᠤᠯᠤᠨ᠎ᠠ᠃ 6%᠎ ᠶᠢᠨ ᠨᠡᠮᠡᠭᠳᠡᠯ ᠤᠨ ᠬᠠᠷᠠᠯᠲᠠ ᠶᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ︽ᠲᠣᠭᠲᠠᠭᠤᠨ ᠢᠶᠠᠷ ᠰᠠᠶᠢᠨ ᠡᠬᠢᠯᠡᠬᠦᠯᠬᠦ︾᠎ ᠶᠢ ᠪᠡᠶᠡᠯᠡᠭᠦᠯᠵᠦ᠂ ᠠᠵᠤ ᠠᠬᠤᠢ ᠶᠢ ︽ᠲᠣᠭᠲᠠᠭᠤᠨ ᠢᠶᠠᠷ ᠤᠷᠤᠭᠰᠢᠯᠠᠭᠤᠯᠬᠤ︾᠂ ︽ᠲᠣᠭᠲᠠᠭᠤᠨ ᠢᠶᠠᠷ ᠲᠦᠷᠭᠡᠨ ᠬᠥᠭᠵᠢᠭᠦᠯᠬᠦ︾᠎ ᠶᠢ ᠦᠨᠡᠨᠬᠦ ᠪᠠᠲᠤᠯᠠᠨ᠎ᠠ    ᠨᠢᠭᠡ ᠳᠤ᠂ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠢ ᠶᠡᠬᠡᠪᠡᠷ ᠥᠷᠨᠢᠭᠦᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠠᠷᠠᠯᠵᠢᠶᠠᠴᠢᠨ ᠤᠷᠢᠵᠤ ᠪᠠᠯᠠ ᠲᠠᠲᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠲᠣᠭᠲᠠᠭᠠᠨ ᠨᠡᠶᠢᠲᠡᠯᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠦᠨᠥ ᠵᠢᠯ ᠢ ︽ᠠᠷᠠᠯᠵᠢᠶᠠᠴᠢᠨ ᠤᠷᠢᠵᠤ ᠪᠡᠯᠡ ᠲᠠᠲᠠᠬᠤ ᠣᠨ︾᠎ ᠢᠶᠠᠷ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠪᠠ  ᠠᠶᠢᠮᠠᠭ ᠤᠨ ᠵᠠᠬᠢᠷᠭ᠎ᠠ ᠠᠴᠠ ᠠᠷᠠᠯᠵᠢᠶᠠᠴᠢᠨ ᠤᠷᠢᠵᠤ ᠪᠡᠯᠡ ᠲᠠᠲᠠᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠢ ᠵᠠᠯᠭᠠᠭ᠎ᠠ ᠪᠠᠷ ᠬᠤᠷᠠᠯᠳᠤᠭᠤᠯᠵᠤ᠂ ᠠᠷᠠᠯᠵᠢᠶᠠᠴᠢᠨ ᠤᠷᠢᠬᠤ ᠶᠢ ᠶᠡᠬᠡᠪᠡᠷ ᠠᠳᠬᠤᠬᠤ᠂ ᠪᠥᠬᠦ ᠲᠠᠯ᠎ᠠ ᠪᠠᠷ ᠠᠷᠠᠯᠵᠢᠶᠠᠴᠢᠨ ᠤᠷᠢᠬᠤ ᠴᠢᠩᠭ᠎ᠠ ᠱᠠᠭᠠᠷᠳᠠᠯᠭ᠎ᠠ ᠶᠢ ᠭᠠᠷᠭᠠᠭᠰᠠᠨ ᠪᠠᠶᠢᠨ᠎ᠠ᠃ ᠦᠨᠥ ᠵᠢᠯ ᠠᠶᠢᠮᠠᠭ ᠤᠨ ᠵᠠᠬᠢᠷᠭ᠎ᠠ ᠠᠴᠠ ᠮᠠᠨ ᠤ ᠬᠤᠰᠢᠭᠤᠨ ᠳᠤ ᠤᠯᠤᠰ ᠤᠨ ᠳᠤᠳᠤᠭᠠᠳᠦ ᠠᠴᠠ 47.7 ᠳ᠋ᠦᠩᠰᠢᠭᠤᠷ ᠲᠥᠭᠦᠷᠢᠭ ᠤᠨ ᠠᠷᠠᠯᠵᠢᠶᠠᠴᠢᠨ ᠤᠷᠢᠵᠤ ᠪᠡᠯᠡ ᠲᠠᠲᠠᠬᠤ ᠡᠭᠦᠷᠭᠡ ᠶᠢ ᠪᠠᠭᠤᠯᠭᠠᠵᠤ᠂ ᠳᠡᠭᠡᠷ᠎ᠡ ᠵᠢᠯ ᠤᠨ ᠬᠢ ᠠᠴᠠ 21%᠎ ᠪᠠᠷ ᠨᠡᠮᠡᠭᠳᠡᠪᠡ᠃ ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠᠨ ᠨᠢᠭᠡᠳᠬᠡᠨ᠂ ᠮᠠᠨ ᠤ ᠬᠤᠰᠢᠭᠤᠨ ᠤ ᠡᠬᠢ ᠪᠠᠶᠠᠯᠢᠭ᠂ ᠠᠵᠤ ᠦᠶᠯᠡᠰ ᠤᠨ ᠰᠠᠭᠤᠷᠢ ᠪᠠ ᠭᠤᠤᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠎ ᠲᠠᠢ ᠪᠠᠨ ᠤᠶᠠᠯᠳᠤᠭᠤᠯᠤᠨ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢ ᠲᠡᠵᠢᠭᠡᠨ ᠦᠷᠡᠵᠢᠭᠦᠯᠬᠦ᠂ ᠬᠥᠩᠭᠡᠨᠴᠠᠭᠠᠨ ᠢ ᠨᠠᠷᠢᠯᠢᠭ ᠪᠤᠯᠪᠠᠰᠤᠷᠠᠭᠤᠯᠬᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠵᠡᠷᠭᠡ ᠭᠤᠤᠯᠳᠠᠯᠭ᠎ᠠ ᠎ ᠲᠠᠢ ᠬᠦᠷᠢᠶ᠎ᠡ ᠬᠡᠪᠴᠢᠶᠡᠨ ᠳᠤ ᠠᠩᠬᠠᠷᠤᠯ ᠢᠶᠠᠨ ᠲᠥᠪᠯᠡᠷᠡᠭᠦᠯᠤᠨ᠂ ︽ᠭᠠᠳᠠᠭᠰᠢ ᠭᠠᠷᠴᠦ᠂ ᠤᠷᠢᠵᠤ ᠠᠪᠴᠢᠷᠠᠬᠤ︾᠎ ᠶᠢ ᠪᠠᠷᠢᠮᠲᠠᠯᠠᠵᠤ᠂ ᠠᠵᠤ ᠠᠬᠤᠶᠢᠯᠠᠯ ᠪᠠ ᠠᠷᠠᠯᠵᠢᠶᠠᠴᠢᠨ ᠤ ᠡᠪᠯᠡᠯ ᠵᠡᠷᠭᠡ ᠶᠢᠨ ᠦᠢᠯᠡᠳᠦᠯ ᠢ ᠪᠠᠳᠠᠷᠠᠭᠤᠯᠬᠤ ᠶᠢ ᠨᠡᠩ ᠴᠢᠬᠤᠯᠠᠴᠢᠯᠠᠵᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠤᠷᠢᠬᠤ ᠬᠤᠷᠠᠯ ᠢᠶᠠᠷ ᠠᠷᠠᠯᠵᠢᠶᠠᠴᠢᠨ ᠤᠷᠢᠬᠤ᠂ ᠠᠵᠤ ᠦᠶᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠲᠤᠰᠬᠠᠢ ᠠᠩᠭᠢ ᠪᠠᠷ ᠠᠷᠠᠯᠵᠢᠶᠠᠴᠢᠨ ᠤᠷᠢᠬᠤ ᠵᠡᠷᠭᠡ ᠠᠷᠭ᠎ᠠ ᠬᠡᠯᠪᠡᠷᠢ ᠶᠢ ᠠᠪᠴᠦ᠂ ᠨᠢᠭᠡ ᠪᠦᠯᠦᠭ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ᠂ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠠᠵᠤ ᠠᠬᠤᠶᠢᠯᠠᠯ ᠪᠠ ᠳᠦᠷᠦᠯ ᠵᠦᠢᠯ ᠢ ᠨᠠᠷᠢᠯᠢᠭ ᠤᠨᠤᠪᠴᠢᠳᠠᠢ ᠪᠠᠷ ᠣᠷᠣᠭᠤᠯᠵᠤ ᠠᠪᠴᠢᠷᠠᠨ᠎ᠠ᠃ ︽ᠣᠷᠣᠨ ᠪᠦᠰᠡ ᠶᠢᠨ ᠦᠨᠡᠯᠡᠨ ᠵᠢᠱᠢᠯᠲᠡ + ᠪᠠᠷᠢᠮᠵᠢᠶᠠᠲᠤ ᠭᠠᠵᠠᠷ︾᠎ ᠤᠨ ᠵᠠᠭᠪᠤᠷ ᠢ ᠶᠡᠬᠡᠪᠡᠷ ᠬᠡᠷᠡᠭᠵᠢᠭᠦᠯᠵᠦ᠂ ᠵᠦᠪᠳᠡᠯᠴᠡᠭᠰᠡᠨ ᠲᠥᠷᠥᠯ ᠵᠦᠢᠯ ᠢ ᠡᠷᠲᠡᠬᠡᠨ ᠭᠡᠷ᠎ᠡ ᠲᠣᠭᠲᠠᠬᠤ᠂ ᠭᠡᠷ᠎ᠡ ᠲᠤᠭᠳᠠᠭᠰᠠᠨ ᠲᠥᠷᠥᠯ ᠵᠦᠢᠯ ᠢ ᠡᠷᠲᠡᠬᠡᠨ ᠠᠵᠢᠯ ᠡᠬᠢᠯᠡᠬᠦᠯᠬᠦ᠂ ᠠᠵᠢᠯ ᠡᠬᠢᠯᠡᠭᠦᠯᠬᠦ ᠲᠥᠷᠥᠯ ᠵᠦᠢᠯ ᠎ ᠢ ᠡᠷᠲᠡᠬᠡᠨ ᠠᠰᠢᠭᠯᠠᠯᠲᠠ ᠳᠤ ᠤᠷᠤᠭᠤᠯᠬᠤ ᠶᠢ ᠠᠬᠢᠭᠤᠯᠤᠨ᠎ᠠ᠃ ︽ᠶᠡᠭᠡ︾᠎ ᠶᠢ ᠠᠳᠬᠤᠬᠤ ᠶᠢᠨ ᠳᠠᠭᠠᠤ ︽ᠪᠠᠭ᠎ᠠ︾᠎ ᠶᠢ ᠲᠠᠯᠪᠢᠬᠤ ᠦᠭᠡᠢ᠂ ︽ᠰᠢᠨ᠎ᠡ︾᠎ ᠶᠢ ᠡᠷᠬᠢᠮᠯᠡᠬᠦ ᠶᠢᠨ ᠳᠠᠭᠠᠤ ︽ᠬᠠᠭᠤᠴᠢᠨ︾᠎ ᠢᠶᠠᠨ ᠬᠠᠶᠠᠬᠤ ᠦᠭᠡᠢ ᠪᠠᠶᠢᠬᠤ ᠶᠢ ᠪᠠᠷᠢᠮᠲᠠᠯᠠᠵᠤ᠂ ︽ᠪᠠᠷᠠᠭᠤᠨ ᠦᠵᠦᠮᠦᠴᠢᠨ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠠᠷᠪᠠᠨ ᠵᠤᠷᠪᠤᠰ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠳᠠᠷ ᠣᠷᠣᠨ ᠤ ᠠᠵᠤ ᠠᠬᠤᠶᠢᠯᠠᠯ ᠤᠨ ᠪᠡᠯᠡ ᠣᠷᠣᠭᠤᠯᠤᠨ ᠦᠢᠯᠡᠰ ᠪᠣᠰᠬᠠᠬᠤ ᠶᠢ ᠳᠡᠮᠵᠢᠬᠦ ᠪᠠᠷ ᠪᠠᠷᠠᠬᠤ ᠦᠭᠡᠢ ᠪᠠᠰᠠ ᠲᠤᠰ ᠭᠠᠵᠠᠷ ᠤᠨ ᠢᠶᠠᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠨ᠎ᠡ᠃ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠪᠦᠬᠦ ᠲᠠᠯ᠎ᠠ ᠪᠠᠷ ᠬᠠᠮᠠᠭᠠᠯᠠᠵᠤ᠂ ᠠᠵᠤ ᠠᠬᠤᠶᠢᠯᠠᠯᠲᠠᠨ ᠢ ᠪᠠᠷᠠᠭᠤᠨ ᠦᠵᠦᠮᠦᠴᠢᠨ ᠬᠤᠰᠢᠭᠤᠨ ᠳᠤ ᠨᠢᠭᠡ ᠰᠡᠳᠬᠢᠯ ᠢᠶᠠᠷ ᠦᠢᠯᠡᠰ ᠪᠤᠰᠬᠠᠨ᠂ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠯᠳᠡ ᠬᠢᠬᠦ ᠪᠤᠯᠭᠠᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠶᠢᠴᠢᠯᠠᠨ᠂ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠳᠤ ᠤᠷᠤᠯᠴᠠᠭᠤᠯᠤᠨ᠎ᠠ᠃     ᠬᠤᠶᠠᠷ ᠲᠤ᠂ ᠭᠤᠣᠯᠳᠠᠯᠭ᠎ᠠ ᠲᠠᠢ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠦᠷᠭᠡᠨ ᠠᠬᠢᠭᠤᠯᠤᠨ᠎ᠠ ᠃ ᠦᠨᠥ ᠵᠢᠯ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠎ ᠶᠢᠨ ᠲᠥᠷᠥᠯ ᠵᠦᠢᠯ ᠢ 54 ᠲᠣᠬᠢᠷᠠᠭᠤᠯᠵᠤ᠂ 53.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃ ᠡᠭᠦᠨ ᠳᠤ᠂ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ 13 ᠪᠠᠶᠢᠵᠤ᠂ 44 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠡᠭᠦᠨ ᠠᠴᠠ ᠭᠠᠳᠠᠨ᠎ᠠ᠂ ᠠᠶᠢᠮᠠᠭ ᠤᠨ ᠲᠠᠰ ᠤᠨ 7 ᠵᠦᠢᠯ ᠤᠨ ᠨᠦᠭᠡᠴᠡ ᠲᠥᠷᠥᠯ ᠵᠦᠢᠯ ᠢ ᠠᠩᠬ᠎ᠠ ᠠᠯᠬᠤᠮ ᠲᠥᠯᠥᠪᠯᠡᠵᠦ᠂ 2.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠃ ᠭᠤᠣᠯᠳᠠᠯᠭ᠎ᠠ ᠲᠠᠢ ᠲᠥᠷᠥᠯ ᠵᠦᠢᠯ ᠢ 4 ᠰᠠᠷ᠎ᠠ ᠶᠢᠨ 15᠎ ᠤ ᠡᠳᠦᠷ ᠠᠴᠠ ᠡᠮᠦᠨ᠎ᠡ ᠪᠦᠬᠦ ᠭᠠᠷ ᠬᠦᠢᠴᠡᠳᠬᠡᠯ ᠢ ᠭᠦᠢᠴᠡᠳᠬᠡᠨ᠂ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠨᠥᠭᠡᠴᠡᠯᠡᠬᠦ ᠲᠥᠷᠥᠯ ᠵᠦᠢᠯ ᠢ ᠲᠣᠭᠲᠠᠭᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠨᠠᠷᠢᠯᠢᠭ ᠤᠨᠤᠪᠴᠢᠳᠠᠢ ᠪᠠᠷ ᠲᠦᠯᠬᠢᠨ ᠠᠬᠢᠭᠤᠯᠵᠤ᠂ ᠲᠥᠷᠥᠯ ᠵᠦᠢᠯ ᠤᠨ ᠶᠠᠰᠤ ᠴᠢᠨᠠᠷ ᠪᠠ ᠪᠣᠯᠪᠠᠰᠤᠷᠠᠩᠭᠤᠢ ᠬᠡᠮᠵᠢᠶ᠎ᠡ ᠶᠢ ᠳᠡᠭᠡᠭᠰᠢᠯᠡᠭᠦᠯᠦᠨ᠂ ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠎ ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠥᠲᠥᠭᠡᠨ ᠪᠠᠶᠢᠭᠤᠯᠬᠤ ᠦᠷᠭᠦᠯᠵᠢᠯᠡᠭᠰᠡᠨ ᠪᠠᠶᠢᠷᠢᠰᠢᠯ ᠢ ᠪᠦᠷᠢᠯᠳᠦᠭᠦᠯᠬᠦ ᠎ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠬᠥᠲᠥᠯᠥᠨ ᠵᠢᠯᠣᠭᠤᠳᠬᠤ ᠦᠶᠯᠡᠳᠦᠯ ᠢ ᠰᠠᠶᠢᠲᠤᠷ ᠪᠠᠳᠠᠷᠠᠭᠤᠯᠵᠤ᠂ ᠰᠠᠭᠤᠷᠢ ᠲᠥᠬᠦᠭᠡᠷᠦᠮᠵᠢ᠂ ᠬᠤᠲᠠ ᠶᠢᠨ ᠰᠢᠨᠡᠴᠢᠯᠡᠯᠲᠡ᠂ ᠮᠠᠯᠵᠢᠬᠤ ᠣᠷᠣᠨ ᠤ ᠬᠦᠭᠵᠢᠯᠳᠡ ᠳᠤ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠶ᠂ ᠲᠤᠲᠠᠭᠳᠠᠯ ᠢ ᠨᠥᠬᠦᠪᠥᠷᠢᠯᠡᠬᠦ ᠵᠡᠷᠭᠡ ᠬᠦᠷᠢᠶᠡᠨ ᠤ ᠳᠤᠭᠤᠷᠢᠨ ᠳᠤ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠬᠢᠵᠦ ᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠢᠯᠠᠩᠭᠤᠶ᠎ᠠ ᠲᠤᠰᠬᠠᠶ ᠵᠢᠭᠡᠯᠡᠯᠭᠡ ᠶᠢᠨ ᠲᠡᠮᠳᠡᠭᠲᠦ ᠎ ᠶᠢᠨ ᠳᠡᠮᠵᠢᠯᠭᠡ ᠶᠢ ᠢᠳᠡᠪᠬᠢᠲᠡᠶ ᠡᠷᠡᠮᠡᠯᠵᠡᠯᠡᠨ ᠤᠯᠤᠨ᠎ᠠ᠃ ︽ᠲᠠᠪᠤᠨ ᠶᠡᠭᠡ ᠡᠭᠦᠷᠭᠡ︾᠎ ᠳᠤ ᠰᠠᠭᠤᠷᠢᠯᠠᠨ᠂ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠲᠥᠯᠥᠪᠵᠢᠭᠦᠯᠵᠦ᠂ ᠨᠠᠩ ᠣᠯᠠᠨ ᠲᠥᠷᠥᠯ ᠵᠦᠶᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ︽ᠶᠡᠭᠡ ᠲᠠᠯ᠎ᠠ︾᠎ ᠳᠤ ᠣᠷᠣᠭᠤᠯᠬᠤ ᠪᠠᠷ ᠴᠢᠷᠮᠠᠶᠢᠵᠤ ᠂ ︽ᠠᠷᠪᠠᠨ ᠳᠥᠷᠪᠡᠳᠦᠭᠡᠷ ᠲᠠᠪᠤᠨ ᠵᠢᠯ︾ ᠴᠢᠨᠠᠭᠰᠢᠯᠠᠪᠠᠯ ᠨᠠᠩ ᠣᠷᠳᠣ ᠬᠤᠭᠤᠴᠠᠭᠠᠨ ᠤ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠨ᠎ᠡ᠃     ︵ᠬᠤᠶᠠᠷ︶ ᠬᠦᠴᠦ ᠪᠠᠨ ᠲᠥᠪᠯᠡᠷᠡᠭᠦᠯᠦᠨ ᠪᠦᠲᠦᠴᠡ ᠶᠢ ᠲᠣᠬᠢᠷᠠᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠬᠥᠭᠵᠢᠭᠦᠯᠬᠦ ᠲᠡᠷᠢᠭᠦᠨ ᠴᠢᠬᠤᠯᠠ ᠡᠭᠦᠷᠭᠡ ᠶᠢ ᠭᠤᠶᠢᠪᠢᠰᠢ ᠦᠭᠡᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃    ᠨᠢᠭᠡ ᠳᠤ᠂ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠤᠯᠤᠰ ᠤᠨ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠲᠤᠷᠰᠢᠯᠲᠠ ᠶᠢᠨ ᠴᠢᠭ ᠤᠨ ᠲᠥᠷᠥᠯ ᠵᠦᠢᠯ ᠢ ᠬᠡᠷᠡᠭᠵᠢᠬᠦᠯᠦᠨ᠂ ᠮᠠᠯ ᠠᠵᠤ ᠠᠬᠤᠶ ᠶᠢᠨ ᠬᠡᠪᠴᠢᠶᠡᠵᠢᠬᠦ ᠂ ᠠᠵᠤ ᠦᠶᠯᠡᠰᠴᠢᠯᠡᠬᠦ᠂ ᠪᠠᠷᠢᠮᠵᠢᠶᠠᠵᠢᠭᠤᠯᠬᠤ ᠪᠠ ᠰᠢᠨᠵᠢᠯᠡᠬᠦ ᠤᠬᠠᠭᠠᠨᠴᠢ ᠮᠡᠷᠭᠡᠵᠢᠯᠵᠢᠬᠦ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠤᠨ᠎ᠠ᠃ ︽ᠦᠵᠦᠮᠦᠴᠢᠨ ᠴᠠᠭᠠᠨ ᠦᠬᠡᠷ︾ ᠣᠷᠣᠨ ᠤ ᠲᠡᠰ ᠤᠨ ᠭᠤᠣᠯᠳᠠᠯᠭᠠᠲᠤ ᠡᠭᠦᠯᠳᠡᠷ ᠪᠣᠶᠢᠵᠢᠭᠤᠯᠬᠤ ᠲᠠᠯᠠᠪᠠᠢ ᠶᠢᠨ ᠲᠥᠷᠥᠯ ᠵᠦᠢᠯ᠂ ᠣᠳᠣ ᠦᠶ᠎ᠡ ᠶᠢᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠳᠣᠲᠣᠷ᠎ᠠ 11 ᠲᠦᠮᠡᠨ ᠲᠣᠯᠣᠭᠠᠢ ᠮᠢᠬᠠᠨ ᠤ ᠦᠬᠡᠷ ᠢ ᠡᠭᠦᠯᠳᠡᠷ ᠰᠠᠶᠢᠵᠢᠷᠠᠭᠤᠯᠵᠤ᠂ ᠠᠶᠢᠮᠠᠭ ᠤᠨ ᠲᠡᠰ ᠤᠨ ᠭᠤᠣᠯᠳᠠᠯᠭᠠᠲᠤ ᠰᠦᠷᠦᠭ ᠢ 35 ᠰᠦᠷᠦᠭ ᠲᠤ ᠬᠦᠷᠭᠡᠨ᠂ ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠬᠠᠷᠢᠴᠠᠯ ᠢ 82%᠎ ᠠᠴᠠ ᠳᠡᠭᠡᠭᠰᠢ ᠳᠤ ᠬᠦᠷᠭᠡᠨ᠎ᠡ᠃ ︽ᠦᠷ᠎ᠡ ᠶᠢᠨ ᠮᠠᠯ ᠤᠨ ᠲᠠᠯᠠᠪᠠᠢ + ᠲᠡᠵᠢᠭᠡᠨ ᠦᠷᠡᠵᠢᠭᠦᠯᠬᠦ ᠲᠠᠯᠠᠪᠠᠢ + ᠪᠠᠷᠢᠮᠵᠢᠶᠠᠵᠢᠭᠰᠠᠨ ᠰᠦᠷᠦᠭ︾ ᠦᠵᠦᠮᠦᠴᠢᠨ ᠬᠤᠨᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠢ ᠦᠷᠭᠦᠯᠵᠢᠯᠡᠨ ᠠᠬᠢᠭᠤᠯᠵᠤ᠂ ᠦᠵᠦᠮᠦᠴᠢᠨ ᠬᠤᠨᠢᠨ ᠤ ᠤᠶᠤᠨᠴᠢᠯᠠᠭᠰᠠᠨ ᠡᠭᠦᠯᠳᠡᠷ ᠪᠣᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠂ ᠵᠢᠯ ᠤᠨ ᠳᠣᠲᠣᠷ᠎ᠠ ᠭᠤᠤᠯᠳᠠᠯᠭᠠᠳᠤ ᠰᠦᠷᠦᠭ ᠢ 300 ᠰᠦᠷᠦᠭ ᠲᠤ ᠬᠦᠷᠭᠡᠵᠦ ᠂ ᠪᠠᠷᠢᠮᠵᠢᠶᠠᠵᠢᠭᠰᠠᠨ ᠰᠦᠷᠦᠭ ᠢ 2800 ᠰᠦᠷᠦᠭ ᠲᠤ ᠬᠦᠷᠭᠡᠨ᠎ᠡ᠃     ᠴᠢᠨ ᠶᠤᠸᠠᠨ ᠤᠯᠠᠭᠠᠨ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠥᠨᠳᠥᠷ ᠦᠷ᠎ᠡ ᠪᠦᠲᠦᠮᠵᠢᠲᠡᠶ ᠪᠠᠷ ᠠᠵᠢᠯᠯᠠᠬᠤ ᠶᠢ ᠪᠠᠲᠤᠯᠠᠨ᠂ ᠡᠳ᠋ᠰᠢᠭᠦᠯᠦᠨ ᠪᠣᠯᠪᠠᠰᠤᠷᠠᠭᠤᠯᠬᠤ ᠨᠣᠷᠮ᠎ᠠ ᠶᠢ 68%᠎ ᠠᠴᠠ ᠳᠡᠭᠡᠭᠰᠢ ᠎ ᠳᠤ ᠬᠦᠷᠭᠡᠨ᠎ᠡ᠃ ᠤᠯᠤᠰ ᠤᠨ ᠲᠡᠰ ᠤᠨ ᠮᠣᠩᠭᠤᠯ ᠠᠳᠤᠭᠤᠨ ᠤ ᠬᠠᠮᠠᠭᠠᠯᠠᠯᠲᠠ ᠶᠢᠨ ᠣᠷᠣᠨ ᠤ ᠢᠨᠵᠧᠨᠧᠷᠢᠩ ᠢ ᠦᠷᠭᠦᠯᠵᠢᠯᠡᠨ ᠨᠠᠶᠢᠳᠠᠪᠤᠷᠢᠵᠢᠭᠤᠯᠵᠦ᠂ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠭᠤᠤᠯᠳᠠᠯᠭᠠᠳᠤ ᠰᠦᠷᠦᠭ ᠢ ᠪᠠᠬᠢᠵᠢᠭᠦᠯᠦᠨ ᠳᠡᠭᠡᠭᠰᠢᠯᠡᠭᠦᠯᠵᠦ᠂ ︽ᠦᠵᠦᠮᠦᠴᠢᠨ ᠴᠠᠭᠠᠨ ᠠᠳᠤᠭᠤ︾ ᠴᠡᠭᠡᠨ ᠤ ᠨᠡᠷᠡᠲᠦ ᠳᠡᠮᠳᠡᠭ ᠢ ᠬᠦᠴᠦᠯᠡᠨ ᠪᠠᠶᠢᠭᠤᠯᠤᠨ᠎ᠠ᠃ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠮᠠᠯᠴᠢᠳ ᠤᠨ ᠰᠦ ᠰᠠᠭᠠᠯᠢ ᠪᠠᠨ ᠰᠠᠭᠠᠵᠤ ᠪᠣᠷᠣᠯᠠᠭᠤᠯᠤᠨ ᠬᠤᠳᠠᠯᠳᠤᠬᠤ ᠶᠢ ᠵᠣᠷᠢᠭᠵᠢᠭᠤᠯᠵᠦ᠂ ᠬᠤᠯᠠᠨᠳ᠋᠂ ᠮᠣᠮᠪᠧᠷᠢᠶ᠎ᠠ ᠠᠴᠠ ᠰᠢᠯᠢᠳᠡᠭ ᠡᠭᠦᠯᠳᠡᠷ ᠤᠨ ᠰᠠᠭᠠᠯᠢ ᠶᠢᠨ ᠦᠨᠢᠶ᠎ᠡ ᠣᠷᠣᠭᠤᠯᠬᠤ ᠶᠢ ᠳᠡᠮᠵᠢᠵᠦ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠰᠦ ᠶᠢᠨ ᠭᠠᠷᠤᠯᠲᠠ ᠶᠢ 2 ᠲᠦᠮᠡᠨ ᠲᠣᠨ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ 3—6 ᠤᠯᠠᠮᠵᠢᠯᠠᠯᠲᠤ ᠴᠠᠭᠠᠨ ᠢᠳᠡᠭᠡᠨ ᠤ ᠪᠠᠷᠢᠮᠵᠢᠶᠠᠵᠢᠭᠰᠠᠨ ᠵᠢᠵᠢᠭ ᠦᠢᠯᠡᠳᠬᠡᠯ ᠤᠨ ᠭᠠᠵᠠᠷ ᠢ ᠳᠡᠮᠵᠢᠵᠦ᠂ ᠦᠵᠦᠮᠦᠴᠢᠨ ᠴᠠᠭᠠᠨ ᠢᠳᠡᠭᠡᠨ ᠢ ᠪᠥᠬᠦ ᠤᠯᠤᠰ ᠤᠨ ᠨᠠᠷᠠᠲᠤ ᠰᠢᠯᠢᠳᠡᠭ ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠴᠠᠭ ᠲᠤ ᠣᠷᠣᠭᠤᠯᠬᠤ ᠶᠢ ᠠᠬᠢᠭᠤᠯᠤᠨ᠎ᠠ᠃ ᠮᠠᠯ ᠤᠨᠤᠭ᠎ᠠ ᠶᠢ ᠦᠷᠡᠵᠢᠭᠦᠯᠦᠨ ᠪᠣᠶᠢᠵᠢᠭᠤᠯᠬᠤ᠂ ᠠᠮᠢᠲᠠᠨ ᠢ ᠣᠨᠣᠰᠢᠯᠠᠨ ᠡᠮᠨᠡᠬᠦ᠂ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠂ ᠡᠪᠡᠰᠦ ᠪᠣᠷᠳᠤᠭ᠎ᠠ ᠶᠢ ᠨᠥᠭᠡᠴᠡᠯᠡᠨ ᠠᠷᠠᠯᠵᠢᠶᠠᠯᠠᠬᠤ ᠵᠡᠷᠭᠡ ᠬᠦᠷᠢᠶ᠎ᠡ ᠴᠠᠷᠠᠭ᠎ᠠ ᠶᠢ ᠬᠠᠮᠤᠷᠤᠭᠰᠠᠨ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃     ᠬᠤᠶᠠᠷ ᠲᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠯᠢᠳᠡᠭᠵᠢᠨ ᠲᠡᠰ ᠳᠡᠪᠰᠢᠬᠦ ᠶᠢ ᠬᠦᠴᠦᠯᠡᠨ ᠠᠬᠢᠭᠤᠯᠤᠨ᠎ᠠ᠃ ᠲᠡᠷᠢᠭᠦᠨ ᠤ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠬᠤᠸᠠ ᠷᠦᠨ ᠪᠦᠯᠦᠭᠯᠡᠯ ᠤᠨ ᠡᠦ ᠵᠢᠶᠠᠨ ᠹᠠᠩ ᠳᠠᠬᠢ ᠪᠠᠷᠠᠭᠤᠨ ᠨᠢᠭᠡᠳᠦᠭᠡᠷ ᠠᠭᠤᠷᠬᠠᠢ ᠶᠢᠨ ᠪᠠᠷᠢᠯᠭ᠎ᠠ ᠶᠢ ᠳᠠᠭᠤᠰᠬᠠᠵᠤ ᠰᠢᠯᠭᠠᠨ ᠠᠪᠬᠤ ᠶᠢᠨ ᠬᠠᠮᠳᠤ ᠳᠡᠰ ᠳᠡᠪᠰᠢᠬᠦᠯᠦᠨ ᠪᠦᠷᠢᠳᠬᠡᠯ ᠳᠤ ᠤᠷᠤᠭᠤᠯᠤᠨ᠂ ᠵᠢᠷ ᠤᠨ ᠭᠤᠣᠯ ᠬᠤᠶᠠᠳᠤᠭᠠᠷ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠵᠢᠯ ᠳᠤ ᠨᠡᠭᠦᠷᠡᠰᠦᠨ ᠤ ᠭᠠᠷᠤᠯᠲᠠ ᠶᠢ 6100 ᠲᠦᠮᠡᠨ ᠲᠣᠨ ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ᠵᠢᠯ ᠤᠨ ᠳᠣᠲᠣᠷ᠎ᠠ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠪᠠᠶᠠᠨᠬᠤᠸᠠ ᠨᠡᠭᠦᠷᠡᠰᠦᠨ ᠠᠭᠤᠷᠬᠠᠶ ᠶᠢᠨ ᠳᠡᠷᠭᠡᠳᠡᠬᠢ ᠴᠠᠬᠢᠯᠭᠠᠨ ᠦᠶᠯᠡᠳᠪᠦᠷᠢ ᠶᠢ ᠲᠣᠬᠢᠷᠠᠭᠤᠯᠤᠨ ᠲᠤᠷᠰᠢᠬᠤ ᠨᠥᠬᠦᠴᠡᠯ ᠢ ᠪᠦᠷᠢᠯᠳᠦᠭᠦᠯᠵᠦ ᠂ ᠰᠦ᠋ ᠨᠸᠡᠭ ᠤᠨ ᠪᠠᠶᠠᠨᠬᠤᠸᠠ ᠴᠠᠬᠢᠯᠭᠠᠨ ᠦᠶᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠪᠥᠬᠦ ᠲᠠᠯ᠎ᠠ ᠪᠠᠷ ᠡᠬᠢᠯᠡᠭᠦᠯᠤᠨ᠂ ᠢᠯᠴᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ 748 ᠲᠦᠮᠡᠨ ᠺᠢᠯᠣᠸᠠᠲ ᠎ ᠲᠤ ᠬᠦᠷᠭᠡᠵᠦ᠂ ᠴᠠᠬᠢᠯᠭᠠᠨ ᠭᠠᠷᠭᠠᠬᠤ ᠬᠡᠮᠵᠢᠶ᠎ᠡ ᠶᠢ 207 ᠳ᠋ᠦᠩᠰᠢᠭᠤᠷ ᠭᠷᠡᠳᠦ᠋ᠰ ᠲᠤ ᠬᠦᠷᠭᠡᠬᠦ ᠪᠠᠷ ᠴᠢᠷᠮᠠᠶᠢᠨ᠎ᠠ᠃ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ᠂ ᠦᠪᠡᠷ ᠢ ᠪᠠᠨ ᠬᠠᠩᠭᠠᠬᠤ ᠲᠦᠯᠡᠰᠢᠨ ᠨᠡᠭᠦᠷᠡᠰᠦᠨ ᠤ ᠴᠠᠬᠢᠯᠭᠠᠨ ᠦᠶᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢ ᠣᠷᠣᠯᠠᠭᠤᠯᠬᠤ ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠵᠢᠩ ᠨᠧᠩ ᠰᠠᠯᠬᠢᠨ ᠡᠨᠧᠷᠭᠢ ᠪᠠᠷ ᠤᠰᠤᠲᠥ᠋ᠷᠥᠭᠴᠢ ᠬᠠᠳᠠᠭᠠᠯᠠᠬᠤ ᠰᠢᠰᠲ᠋ᠧᠮ ᠤᠨ ᠥᠨᠳᠥᠷ ᠪᠦᠲᠦᠮᠵᠢᠲᠡᠢ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠥᠷᠥᠯ ᠵᠦᠢᠯ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠪᠠᠶᠠᠨᠬᠤᠸᠠ ᠥᠪᠡᠷ ᠢ ᠪᠠᠨ ᠬᠠᠩᠭᠠᠬᠤ ᠴᠠᠬᠢᠯᠭᠠᠨ ᠦᠶᠯᠡᠳᠪᠦᠷᠢ ᠶᠢᠨ 30 ᠲᠦᠮᠡᠨ ᠺᠢᠯᠣᠸᠠᠲ ᠤᠨ ᠭᠡᠷᠡᠯ ᠴᠡᠨᠡᠭ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠬᠦᠢᠴᠡᠳᠬᠡᠯ ᠢ ᠲᠦᠷᠭᠡᠳᠬᠡᠨ ᠠᠬᠢᠭᠤᠯᠤᠨ᠎ᠠ᠃ ᠪᠠᠶᠠᠨᠬᠤᠸᠠ ᠬᠥᠩᠭᠡᠨᠴᠠᠭᠠᠨ ᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠲᠣᠭᠤᠷᠢᠨ ᠳᠤ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠨᠢᠭᠡᠳᠦᠭᠡᠷ ᠬᠤᠭᠤᠴᠠᠭᠠᠨ ᠤ ᠵᠢᠯ ᠳᠤ 40 ᠲᠦᠮᠡᠨ ᠲᠣᠨ ᠥᠨᠳᠥᠷ ᠨᠠᠷᠢᠯᠢᠭ ᠬᠥᠩᠭᠡᠨ ᠴᠠᠭᠠᠨ ᠤ ᠬᠠᠪᠳᠠᠰᠤ ᠦᠢᠯᠡᠳᠪᠦᠷᠢᠯᠡᠬᠦ ᠲᠥᠷᠥᠯ ᠵᠦᠢᠯ ᠤᠨ ᠭᠦᠢᠴᠡᠳ ᠳᠠᠭᠠᠭᠠᠴᠠ ᠲᠠᠢ ᠦᠢᠯᠡᠳᠪᠦᠷᠢᠯᠡᠬᠦ ᠶᠢ ᠬᠦᠴᠦᠯᠡᠨ ᠠᠬᠢᠭᠤᠯᠵᠤ᠂ ᠪᠦᠦ ᠱᠦᠥᠸ᠋ ᠵᠢᠯ ᠳᠤ 60 ᠲᠦᠮᠡᠨ ᠲᠣᠨ ᠬᠥᠩᠭᠡᠨ ᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠲᠥᠷᠥᠯ ᠵᠦᠢᠯ ᠢ ᠵᠢᠯ ᠤᠨ ᠳᠣᠲᠣᠷ᠎ᠠ ᠳᠡᠰ ᠳᠡᠪᠰᠢᠬᠦᠯᠦᠨ ᠪᠦᠷᠢᠳᠬᠡᠯ ᠳᠤ ᠤᠷᠤᠭᠤᠯᠵᠦ᠂ ᠬᠥᠩᠭᠡᠨᠴᠠᠭᠠᠨ ᠢ ᠳᠠᠷᠤᠵᠤ ᠴᠢᠳᠬᠤᠬᠤ ᠬᠡᠯᠪᠡᠷᠢ ᠶᠢᠨ ᠮᠠᠲ᠋ᠧᠷᠢᠶᠠᠯ᠂ ᠬᠥᠩᠭᠡᠨᠴᠠᠭᠠᠨ ᠪᠣᠯᠪᠠᠰᠤᠷᠠᠭᠤᠯᠬᠤ ᠲᠣᠨᠤᠭ ᠵᠡᠷᠭᠡ ᠰᠡᠭᠦᠯᠴᠢ ᠶᠢᠨ ᠠᠵᠤ ᠦᠢᠯᠡᠰ ᠤᠨ ᠬᠡᠯᠬᠢᠶᠡᠵᠢᠭᠰᠡᠨ ᠠᠵᠤ ᠠᠬᠤᠶᠢᠯᠠᠯ ᠢ ᠢᠳᠡᠪᠬᠢᠲᠡᠢ ᠤᠷᠢᠨ ᠣᠷᠣᠭᠤᠯᠵᠤ᠂ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠤᠨ᠎ᠠ᠃ ᠪᠡᠭᠡᠵᠢᠩ ᠤᠨ ᠬᠤᠸᠠ ᠱᠧᠩ᠂ ᠱᠠᠨᠳᠦ᠋ᠩ ᠤᠨ ᠬᠠᠢ ᠹᠧᠢ᠂ ᠬᠤᠤᠯᠢᠩᠭᠤᠣᠯ ᠤᠨ ᠯᠢ ᠸᠧᠢ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠶᠡᠷᠦᠩᠬᠡᠶᠢᠯᠡᠭᠰᠡᠨ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠤᠬᠠᠢ ᠶᠢᠨ ᠭᠠᠵᠠᠷ ᠲᠤᠨᠢ ᠰᠢᠩᠭᠡᠭᠡᠬᠦ ᠪᠠ ᠥᠨᠳᠥᠷ ᠦᠷᠳᠡᠭ ᠲᠠᠢ ᠤᠯᠠᠷᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ ᠤᠶᠤᠨᠲᠤ ᠬᠦᠷᠢᠶᠡᠯᠡᠩ ᠲᠣᠭᠤᠷᠢᠭ ᠤᠨ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠵᠤ᠂ 8 ᠨᠡᠭᠦᠷᠡᠰᠦᠨ ᠠᠭᠤᠷᠬᠠᠢ᠂ 3 ᠨᠡᠭᠦᠷᠡᠰᠦᠨ ᠤ ᠪᠤᠰᠤ ᠠᠭᠤᠷᠬᠠᠢ ᠳᠤ ᠣᠶᠤᠨᠴᠢᠯᠠᠭᠰᠠᠨ ᠲᠥᠷᠥᠯ ᠵᠦᠢᠯ 71᠎ ᠶᠢ ᠬᠡᠷᠡᠭᠵᠢᠭᠦᠯᠵᠦ᠂ ᠣᠶᠤᠨᠴᠢᠯᠠᠭᠰᠠᠨ ᠶᠡᠷᠦᠩᠬᠡᠶᠢᠯᠡᠨ ᠮᠠᠯᠲᠠᠬᠤ᠂ ᠨᠦᠭᠡᠯᠡᠨ ᠮᠠᠯᠲᠠᠬᠤ ᠠᠭᠤᠷᠬᠠᠢ ᠶᠢ ᠲᠤᠰ ᠲᠤᠰ 1 ᠰᠢᠨ᠎ᠡ ᠪᠠᠷ ᠪᠠᠶᠢᠭᠤᠯᠵᠤ᠂ 4 ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠰᠢᠯᠭᠠᠨ ᠪᠠᠶᠢᠴᠠᠭᠠᠯᠳᠠ ᠳᠤ ᠬᠢᠷᠢ ᠲᠡᠩᠴᠡᠬᠦ ᠶᠢ ᠦᠨᠡᠨᠬᠦ ᠪᠠᠲᠤᠯᠠᠨ᠎ᠠ᠃    ᠭᠤᠷᠪᠠ ᠳᠤ᠂ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠳᠦᠷᠭᠡᠳᠬᠡᠨ ᠬᠦᠭᠵᠢᠬᠦᠯᠦᠨ᠎ᠡ᠃ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾᠎ ᠤᠨ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠢᠯᠢ ᠶᠢᠨ ᠭᠤᠣᠯ ᠠᠶᠢᠮᠠᠭ ᠴᠢᠨᠠᠭᠰᠢᠯᠠᠪᠠᠯ ᠥᠪᠥᠷ ᠮᠣᠩᠭᠤᠯ ᠤᠨ ᠵᠢᠭᠤᠯᠴᠢᠯᠠᠯ ᠤᠨ ᠰᠢᠨ᠎ᠡ ᠭᠠᠵᠠᠷ ᠤᠨ ᠲᠡᠮᠳᠡᠭ ᠢ ᠴᠢᠷᠮᠠᠶᠢᠨ ᠪᠠᠶᠢᠭᠤᠯᠤᠨ᠎ᠠ᠃  ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠪᠴᠢᠭᠠᠢ ᠤᠯᠤᠰ ᠤᠨ ᠡᠯᠡᠰᠦᠨ ᠴᠡᠴᠡᠷᠯᠢᠭ ᠤᠨ ᠳᠦᠷᠦᠯ ᠵᠦᠢᠯ ᠢ ᠬᠡᠷᠡᠭᠵᠢᠬᠦᠯᠦᠨ᠎ᠡ᠃ ᠠᠷᠪᠠᠨ ᠳᠥᠷᠪᠡᠳᠦᠭᠡᠷ ᠬᠤᠭᠤᠴᠠᠭᠠᠨ ᠤ ᠨᠠᠭᠠᠳᠤᠮ᠂ ︽99 ᠨᠣᠮᠧᠷᠲᠤ ᠵᠠᠰᠠᠮᠠᠯ ᠵᠠᠮ︾ ᠳᠠᠭᠤᠤ ᠬᠥᠭᠵᠢᠮ ᠤᠨ ᠨᠠᠶᠢᠷ ᠵᠡᠷᠭᠡ ᠵᠣᠬᠢᠬᠤ ᠨᠥᠯᠥᠭᠡᠯᠡᠬᠦ ᠬᠦᠴᠦᠨ ᠲᠠᠢ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠬᠢᠯᠡᠵᠦ᠂ ᠡᠯ᠎ᠡ ᠦᠵᠡᠮᠵᠢ ᠶᠢᠨ ᠣᠷᠣᠨ ᠨᠢ ᠵᠢᠵᠢᠭ ᠬᠡᠯᠪᠡᠷᠢ ᠶᠢᠨ ᠨᠠᠭᠠᠳᠤᠮ ᠲᠣᠭᠯᠠᠯᠲᠠ ᠡᠷᠬᠢᠯᠡᠬᠦ ᠵᠡᠷᠭᠡ ᠣᠨᠴᠠᠯᠢᠭᠲᠤ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠵᠢᠭᠤᠯᠴᠢᠯᠠᠯ ᠤᠨ ᠲᠤᠰᠬᠠᠢ ᠭᠠᠯᠳᠤ ᠲᠡᠷᠭᠡ ᠶᠢ ᠨᠡᠪᠲᠡᠷᠡᠭᠦᠯᠬᠦ ᠪᠠᠷ ᠴᠢᠷᠮᠠᠶᠢᠨ᠂ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ︾᠂ ︽ᠳᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ︾ ᠵᠡᠷᠭᠡ ᠨᠡᠷᠡᠲᠦ ᠲᠡᠮᠳᠡᠭ ᠤᠨ ᠠᠯᠳᠠᠷᠰᠢᠯ ᠢ ᠦᠷᠭᠦᠯᠵᠢᠯᠡᠨ ᠳᠡᠭᠡᠭᠰᠢᠯᠡᠭᠦᠯᠵᠦ᠂ ᠨᠠᠩ ᠣᠯᠠᠨ ᠵᠤᠭᠠᠴᠠᠭᠰᠠᠳ ᠢ ᠲᠠᠲᠠᠨ᠎ᠠ᠃ ᠭᠤᠣᠯᠳᠠᠯᠭ᠎ᠠ ᠲᠠᠢ ᠠᠵᠢᠯ ᠲᠥᠷᠥᠯ ᠎ ᠤᠨ ᠦᠢᠯᠡᠳᠪᠦᠷᠢᠯᠡᠯ ᠦᠢᠯᠡᠴᠢᠯᠡᠭᠡᠨ ᠤ ᠴᠢᠨᠠᠷᠲᠠᠢ ᠠᠵᠤ ᠠᠬᠤᠶᠢᠯᠠᠯ ᠤᠨ ᠬᠠᠷᠢᠶ᠎ᠠ ᠭᠠᠵᠠᠷ ᠲᠠᠭᠠᠨ ᠳᠠᠩᠰᠠᠯᠠᠭᠤᠯᠬᠤ ᠎ ᠶᠢ ᠦᠷᠭᠦᠯᠵᠢᠯᠡᠨ ᠠᠬᠢᠭᠤᠯᠵᠤ᠂ ᠨᠠᠩ ᠣᠯᠠᠨ ᠦᠢᠯᠡᠳᠬᠦᠨ ᠤ ᠥᠷᠲᠡᠭ ᠪᠠ ᠭᠠᠶᠢᠯᠢ ᠲᠠᠲᠠᠪᠤᠷᠢ ᠶᠢ ᠲᠤᠬᠠᠢ ᠶᠢᠨ ᠭᠠᠵᠠᠷ ᠲᠠᠭᠠᠨ ᠦᠯᠡᠳᠡᠭᠡᠬᠦ ᠪᠠᠷ ᠴᠢᠷᠮᠠᠶᠢᠨ᠎ᠠ᠃ ᠰᠦᠯᠵᠢᠶᠡᠨ ᠤ ᠨᠡᠷᠡᠳᠦ ᠬᠥᠮᠦᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠶᠡᠬᠡᠪᠡᠷ ᠲᠡᠳᠬᠦᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠶᠯᠡᠰ ᠤᠨ ᠬᠦᠷᠢᠶᠡᠯᠡᠩ ᠲᠣᠭᠤᠷᠢᠭ ᠢ ᠠᠵᠢᠯ ᠡᠬᠢᠯᠡᠭᠦᠯᠦᠨ ᠪᠠᠶᠢᠭᠤᠯᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠥᠷᠥᠯ ᠵᠦᠢᠯ ᠢ ᠪᠠᠷᠢᠯᠭ᠎ᠠ ᠡᠬᠢᠯᠡᠭᠦᠯᠬᠦ ᠪᠠᠷ ᠴᠢᠷᠮᠠᠶᠢᠨ᠎ᠠ᠃ ᠵᠢᠭᠤᠯᠴᠢᠯᠠᠯ ᠤᠨ ᠬᠡᠯᠬᠢᠶ᠎ᠡ ᠶᠢ ᠪᠥᠬᠦ ᠲᠠᠯ᠎ᠠ ᠪᠠᠷ ᠤᠷᠲᠤᠳᠬᠠᠨ᠂ ᠢᠳᠡᠵᠦ ᠤᠤᠭᠤᠬᠤ᠂ ᠬᠤᠨᠣᠵᠤ ᠬᠡᠪᠲᠡᠬᠦ᠂ ᠵᠤᠭᠠᠴᠠᠬᠤ᠂ ᠬᠤᠳᠠᠯᠳᠤᠭ᠎ᠠ ᠮᠠᠶᠢᠮᠠᠢ ᠬᠢᠬᠦ ᠶᠢ ᠨᠢᠭᠡ ᠴᠤᠭᠴᠠᠵᠢᠭᠤᠯᠤᠭᠰᠠᠨ ᠬᠦᠭᠵᠢᠯᠳᠡ ᠶᠢ ᠠᠬᠢᠭᠤᠯᠵᠤ᠂ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ ᠢ ᠲᠠᠰ ᠳᠡᠪᠰᠢᠭᠦᠯᠦᠨ᠂ ᠨᠢᠭᠡ ᠪᠦᠯᠦᠭ ᠰᠣᠳᠣᠨ ᠵᠢᠭᠤᠯᠴᠢᠯᠠᠯ ᠤᠨ ᠪᠠᠭᠤᠳᠠᠯ ᠪᠠ ᠠᠷᠠᠳ ᠤᠨ ᠣᠷᠣᠨ ᠰᠠᠭᠤᠴᠠ ᠶᠢ ᠪᠣᠶ ᠪᠣᠯᠭᠠᠨ᠎ᠠ᠃ ᠰᠥᠨᠢ ᠶᠢᠨ ᠵᠠᠬ᠎ᠠ ᠳᠡᠯᠭᠡᠭᠦᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠡᠷᠲᠡ ᠶᠢᠨ ᠵᠠᠬ᠎ᠠ ᠳᠡᠯᠭᠡᠭᠦᠷ ᠢ ᠵᠢᠷᠤᠮᠵᠢᠭᠤᠯᠤᠨ᠂ ᠳᠠᠶᠢᠴᠢᠯᠠᠬᠤ ᠬᠦᠴᠦᠨ ᠢᠶᠠᠷ ᠨᠡᠩ ᠴᠢᠩᠭ᠎ᠠ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠴᠠᠭ ᠎ ᠲᠤᠨᠢ ᠲᠣᠬᠢᠷᠠᠭᠤᠯᠤᠨ ᠥᠷᠨᠢᠭᠦᠯᠵᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠰᠡᠯᠡᠭᠦᠴᠡᠯ ᠵᠤᠭ᠎ᠠ ᠴᠡᠩᠭᠡᠯ ᠵᠡᠷᠭᠡ ᠬᠡᠷᠡᠭᠯᠡᠭᠡ ᠶᠢ ᠦᠷᠭᠦᠯᠵᠢᠯᠡᠨ ᠰᠡᠷᠭᠦᠭᠡᠬᠦ ᠶᠢ ᠠᠬᠢᠭᠤᠯᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠣᠯᠠᠰᠢᠷᠠᠭᠤᠯᠤᠨ ᠠᠮᠢᠳᠤᠯᠢᠭ ᠪᠣᠯᠭᠠᠬᠤ ᠪᠠᠷ ᠴᠢᠷᠮᠠᠶᠢᠨ᠎ᠠ᠃ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠪᠠ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    ︵ᠭᠤᠷᠪᠠ︶ ᠬᠦᠴᠦᠨ ᠢᠶᠠᠨ ᠲᠥᠪᠯᠡᠷᠡᠭᠦᠯᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠬᠥᠬᠡᠮᠳᠦᠭ ᠠᠭᠤᠯᠠ ᠴᠡᠩᠬᠡᠭ ᠤᠰᠤ ᠪᠣᠯ ᠦᠨᠢᠳᠡ ᠶᠢᠨ ᠥᠪ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠭᠤᠯᠠ ᠤᠰᠤ ᠤᠢ ᠮᠤᠳᠤ ᠨᠠᠭᠤᠷ  ᠴᠦᠬᠦᠷᠦᠮ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠴᠢ ᠭᠠᠮᠲᠠᠢ᠂ ᠪᠣᠬᠢᠷᠳᠤᠯ ᠦᠭᠡᠢ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠯᠬᠢᠨ ᠠᠬᠢᠭᠤᠯᠤᠨ᠎ᠠ    ᠨᠢᠭᠡ ᠳᠤ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠭᠲᠠᠯᠴᠠᠭ᠎ᠠ ᠪᠠᠶᠢᠭᠤᠯᠬᠤ ᠶᠢ ᠠᠬᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠪᠡᠶᠡᠯᠡᠭᠦᠯᠵᠦ᠂ ᠬᠠᠮᠢᠶ᠎ᠠ ᠪᠦᠬᠦᠢ ᠲᠤᠰᠬᠠᠢ ᠲᠥᠷᠥᠯ ᠎ ᠤᠨ  ᠲᠥᠯᠥᠪᠵᠢᠭᠦᠯᠭᠡ ᠵᠢᠴᠢ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠠᠬᠢᠭᠤᠯᠤᠨ᠎ᠠ᠃ ᠪᠠᠶᠢᠭᠠᠯᠢᠭ ᠲᠠᠯ᠎ᠠ ᠨᠤᠲᠤᠭ ᠢ ᠬᠠᠮᠠᠭᠠᠯᠠᠬᠤ ᠪᠠ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢ ᠴᠢᠩᠭᠠᠳᠬᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠪᠣᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠥᠭᠴᠦ ᠱᠠᠩᠨᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠤᠢ ᠮᠤᠳᠤ ᠲᠠᠯ᠎ᠠ ᠨᠤᠲᠤᠭ ᠤᠨ ᠭᠠᠢ ᠭᠠᠮᠰᠢᠭ ᠤᠨ ᠰᠡᠷᠭᠡᠶᠢᠯᠡᠯᠲᠡ ᠶᠢ ᠴᠢᠩᠭ᠎ᠠ ᠠᠳᠬᠤᠨ᠂ ᠲᠠᠯ᠎ᠠ ᠨᠤᠲᠤᠭ ᠤᠢ ᠰᠢᠭᠤᠢ ᠶᠢᠨ ᠡᠬᠢ ᠪᠠᠶᠠᠯᠢᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠠᠮᠢ ᠠᠬᠤᠢ ᠶᠢᠨ ᠵᠠᠰᠠᠯᠲᠠ ᠶᠢᠨ ᠴᠢᠬᠤᠯᠠ ᠶᠡᠭᠡ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ 8 ᠲᠦᠮᠡᠨ ᠮᠦ ᠲᠠᠴᠢᠷᠳᠠᠭᠰᠠᠨ ᠨᠤᠲᠤᠭ ᠪᠡᠯᠴᠢᠭᠡᠷ ᠎ ᠤᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ᠂ 2.3 ᠲᠦᠮᠡᠨ ᠮᠦ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠬᠦ ᠪᠠᠷ ᠲᠥᠯᠥᠪᠯᠡᠵᠦ ᠪᠤᠢ᠃ ᠠᠭᠤᠷᠬᠠᠢ ᠶᠢᠨ ᠭᠠᠵᠠᠷ ᠎ ᠤᠨ ᠣᠷᠴᠢᠨ ᠲᠣᠭᠤᠷᠢᠨ ᠢ ᠵᠠᠰᠠᠬᠤ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠳᠤᠯᠠᠨ᠂ ᠬᠤᠭᠤᠴᠠᠭᠠᠨ ᠳᠤ ᠪᠠᠶᠢᠭ᠎ᠠ ᠠᠭᠤᠷᠬᠠᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠬᠠᠭᠠᠭᠰᠠᠨ ᠠᠭᠤᠷᠬᠠᠢ ᠵᠢᠴᠢ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠶᠢ ᠵᠠᠰᠠᠬᠤ ᠵᠢᠯ ᠤᠨ ᠵᠠᠰᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠦ᠂ ᠵᠢᠯ ᠤᠨ ᠰᠡᠭᠦᠯᠴᠢ ᠠᠴᠠ ᠡᠮᠦᠨ᠎ᠡ ᠪᠣᠶ ᠪᠦᠬᠦᠢ ᠬᠤᠭᠤᠴᠠᠭᠠᠨ ᠳᠤ ᠪᠠᠶᠢᠭ᠎ᠠ᠂ ᠦᠢᠯᠡᠳᠪᠦᠷᠢᠯᠡᠯ ᠡᠷᠬᠢᠯᠡᠵᠦ ᠪᠠᠶᠢᠭ᠎ᠠ ᠠᠭᠤᠷᠬᠠᠢ ᠶᠢ ᠪᠦᠬᠦᠨ ᠢ ᠪᠣᠬᠢᠷᠳᠤᠯ ᠦᠭᠡᠢ ᠠᠭᠤᠷᠬᠠᠢ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃    ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠢ ᠠᠬᠢᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠎ ᠶᠢ ᠴᠢᠩᠭᠠᠳᠬᠠᠵᠤ᠂ 4 ᠵᠠᠳᠠᠭᠠᠢ ᠠᠭᠤᠷᠬᠠᠢ ᠶᠢᠨ ᠪᠢᠲᠡᠭᠦᠮᠵᠢᠯᠡᠭᠰᠡᠨ ᠬᠡᠯᠪᠡᠷᠢ ᠶᠢᠨ ᠨᠡᠭᠦᠷᠡᠰᠦ ᠬᠠᠳᠠᠭᠠᠯᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢᠨ 3 ᠵᠦᠢᠯ ᠤᠨ ᠭᠦᠢᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠂ ᠣᠷᠴᠢᠨ ᠲᠣᠭᠤᠷᠢᠨ ᠤ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠬᠤᠶᠠᠳᠤᠭᠠᠷ ᠳᠡᠰ ᠤᠨ ᠪᠠᠷᠢᠮᠵᠢᠶᠠᠨ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠭᠤᠤᠯᠳᠠᠯᠭ᠎ᠠ ᠲᠠᠢ ᠰᠠᠪᠠ ᠭᠠᠵᠠᠷ ᠢ ᠪᠠᠶᠢᠩᠭᠤᠵᠢᠭᠤᠯᠤᠨ ᠵᠠᠰᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠤᠰᠤ ᠳᠠᠰᠤᠯᠤᠭᠳᠠᠭᠰᠨᠨ 4 ᠣᠷᠣᠨ ᠤ ᠤᠰᠤᠨ ᠤ ᠴᠢᠨᠠᠷ ᠢ ᠲᠣᠭᠲᠠᠭᠤᠨ ᠪᠠᠶᠢᠯᠭᠠᠨ᠎ᠠ᠃ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ ᠤ ᠪᠠᠶᠢᠳᠠᠯ ᠢ ᠪᠠᠶᠢᠴᠠᠭᠠᠨ ᠦᠨᠡᠯᠡᠬᠦ ᠪᠠ ᠤᠰᠤᠨ ᠤ ᠴᠢᠨᠠᠷ ᠢ ᠬᠢᠨᠠᠨ ᠰᠢᠨᠵᠢᠬᠦ ᠶᠢ ᠦᠷᠭᠦᠯᠵᠢᠯᠡᠨ ᠥᠷᠨᠢᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠪᠣᠯᠤᠨ ᠠᠵᠤ ᠦᠶᠯᠡᠳᠪᠦᠷᠢ ᠶᠢᠨ ᠬᠦᠷᠢᠶᠡᠯᠡᠩ ᠤᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠪᠡᠯᠡᠳᠬᠡᠮᠵᠢ ᠶᠢᠨ ᠲᠣᠭᠲᠠᠭᠤᠨ ᠢᠶᠠᠷ ᠠᠵᠢᠯᠯᠠᠬᠤ᠂ ᠪᠣᠬᠢᠷᠲᠤᠯ ᠡᠳ᠋ ᠢ ᠪᠠᠷᠢᠮᠵᠢᠶᠠᠨ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠂ ᠪᠤᠬᠢᠷᠳᠤᠯ ᠲᠠᠢ ᠤᠰᠤᠨ ᠤ ᠳᠠᠬᠢᠨ ᠠᠰᠢᠭᠯᠠᠯᠲᠠ ᠶᠢ ᠳᠡᠭᠡᠭᠰᠢᠯᠡᠭᠦᠯᠦᠨ᠎ᠡ᠃ ᠬᠠᠲᠠᠭᠤ ᠪᠡᠶᠡᠲᠦ ᠬᠠᠶᠠᠭᠳᠠᠮᠠᠯ ᠪᠤᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠤᠰᠬᠠᠶ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠩ ᠤᠨ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠤᠨ ᠪᠠᠷᠢᠮᠵᠢᠶᠠᠵᠢᠭᠰᠠᠨ ᠬᠠᠳᠠᠭᠠᠯᠠᠬᠤ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠯᠴᠢ ᠪᠠᠷ ᠴᠠᠬᠢᠯᠭᠠᠨ ᠭᠠᠷᠭᠠᠬᠤ 3 ᠠᠵᠤ ᠠᠬᠤᠶᠢᠯᠠᠯ ᠤᠨ ᠨᠤᠨᠲᠠᠭ ᠨᠡᠭᠦᠷᠡᠰᠦᠨ ᠤ ᠦᠨᠡᠰᠦ ᠶᠢ ᠢᠯᠭᠠᠨ ᠰᠣᠩᠭᠤᠬᠤ ᠲᠥᠬᠦᠭᠡᠷᠦᠮᠵᠢ ᠶᠢ ᠪᠦᠬᠦᠨ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠶᠤᠨᠲᠤ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠤᠬᠠᠶ ᠶᠢᠨ ᠲᠠᠯᠠᠪᠠᠶ ᠶᠢᠨ ᠪᠤᠰᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠵᠤ᠂ ᠣᠨ ᠤ ᠡᠭᠦᠷᠭᠡ ᠪᠠᠨ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠨ᠎ᠠ᠃    ᠭᠤᠷᠪᠠ ᠳᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠬᠢᠯᠳᠡᠳᠤ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠲᠥᠷᠥ ᠶᠢᠨ ᠪᠣᠳᠣᠯᠭ᠎ᠠ ᠎ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠶ ᠪᠠᠲᠤᠯᠠᠨ᠂ ᠡᠨᠧᠷᠭᠢ ᠶᠢᠨ ᠬᠤᠷᠣᠭᠳᠠᠯ ᠶᠡᠬᠡᠲᠡᠶ ᠪᠠ ᠪᠣᠬᠢᠷᠲᠤᠯ ᠶᠡᠬᠡᠲᠡᠶ ᠲᠥᠷᠥᠯ ᠵᠦᠢᠯ ᠤᠨ ᠬᠥᠭᠵᠢᠯᠲᠡ ᠶᠢ ᠡᠷᠡᠰ ᠬᠤᠷᠢᠭᠯᠠᠨ᠎ᠠ᠃ ︽ᠲᠠᠪᠤ ᠶᠢ ᠡᠴᠦᠰ ᠲᠤᠨᠢ ᠲᠤᠯᠲᠠᠯ᠎ᠠ ᠬᠢᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠢᠯ ᠤᠨ ᠳᠣᠲᠣᠷ᠎ᠠ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ᠂ ᠰᠤᠯᠠ ᠪᠠᠶᠢᠭ᠎ᠠ ᠭᠠᠵᠠᠷ ᠰᠢᠷᠣᠶ ᠶᠢ 356 ᠮᠦ ᠶᠢ ᠰᠢᠶᠳᠪᠦᠷᠢᠯᠡᠬᠦ ᠪᠠᠷ ᠲᠥᠯᠥᠪᠯᠡᠵᠦ᠂ ᠢ ᠾᠧ ᠸᠠᠨ ᠲᠤᠭᠤᠷᠢᠭ ᠤᠨ ᠤᠯᠠᠨ ᠵᠢᠯ ᠬᠠᠶᠠᠭᠳᠠᠭᠰᠠᠨ ᠠᠰᠠᠷ ᠢ ᠲᠠᠬᠢᠨ ᠠᠰᠢᠭᠯᠠᠨ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ 4 ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ 1.1 ᠲᠦᠮᠡᠨ ᠲᠣᠨ ᠪᠠᠷᠢᠮᠵᠢᠶᠠᠭᠰᠠᠨ ᠨᠡᠭᠦᠷᠡᠰᠦ ᠠᠷᠪᠢᠯᠠᠬᠤ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠠᠵᠤ ᠦᠶᠯᠡᠳᠪᠦᠷᠢ ᠶᠢᠨ ᠪᠣᠬᠢᠷᠲᠤᠯ ᠥᠬᠡᠶ ᠪᠢᠴᠢᠯ ᠴᠠᠬᠢᠯᠭᠠᠨ ᠲᠣᠣᠷ᠂ ᠲᠦᠯᠡᠰᠢᠨ ᠨᠡᠭᠦᠷᠡᠰᠦ ᠶᠢᠨ ᠦᠪᠡᠷ ᠢ ᠪᠠᠨ ᠬᠠᠩᠭᠠᠬᠤ ᠴᠠᠬᠢᠯᠭᠠᠨ ᠦᠶᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢ ᠣᠷᠣᠯᠠᠭᠤᠯᠬᠤ ᠵᠡᠷᠭᠡ ᠲᠥᠷᠥᠯ ᠵᠦᠢᠯ ᠢ ᠢᠳᠡᠪᠬᠢᠲᠡᠢ ᠠᠬᠢᠭᠤᠯᠵᠤ᠂ ᠪᠠᠶᠠᠨᠬᠤᠸᠠ ᠨᠡᠭᠡᠭᠡᠯᠲᠡ ᠶᠢᠨ ᠲᠣᠭᠤᠷᠢᠭ ᠤᠨ ᠪᠣᠬᠢᠷᠲᠤᠯ ᠥᠬᠡᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    ︵ᠳᠥᠷᠪᠡ︶ ᠬᠦᠴᠦᠨ ᠢᠶᠠᠨ ᠲᠥᠪᠯᠡᠷᠡᠭᠦᠯᠦᠨ ᠳᠤᠲᠠᠭᠳᠠᠯ ᠢᠶᠠᠨ ᠨᠥᠬᠦᠪᠦᠷᠢᠯᠡᠵᠦ᠂ ᠬᠤᠲᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠣᠨ ᠬᠥᠮᠥᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠨᠠᠷᠯᠢᠭ ᠬᠥᠭᠵᠢᠯᠲᠡ ᠶᠢᠨ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠦᠨ᠎ᠡ᠃    ᠨᠢᠭᠡ ᠳᠤ᠂ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠪᠠ ᠵᠥᠪ ᠣᠨᠣᠪᠴᠢᠲᠠᠶ ᠪᠠᠷ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠳᠡᠮᠵᠢᠬᠦ ᠵᠤᠬᠢᠰᠳᠠᠢ ᠶᠢ ᠨᠢ ᠪᠦᠬᠦᠨ ᠢ ᠳᠡᠮᠵᠢᠨ᠎ᠡ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ ᠱᠠᠲᠤᠨ ᠤ ᠵᠢᠱᠢᠶ᠎ᠡ ᠦᠵᠡᠭᠦᠯᠬᠦ ᠭᠠᠴᠠᠭ᠎ᠠ᠂ ᠭᠤᠣᠯᠳᠠᠯᠭ᠎ᠠ ᠲᠠᠢ ᠭᠠᠴᠠᠭ᠎ᠠ ᠶᠢ ᠲᠡᠳᠬᠦᠬᠦ ᠡᠷᠴᠢᠮ ᠢᠶᠠᠨ ᠴᠢᠩᠭᠠᠳᠬᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠵᠢᠯᠤᠭᠤᠳᠬᠤ ᠪᠡᠯᠡ ᠮᠥᠩᠭᠦ᠂ ᠵᠣᠯᠭᠠᠭᠤᠯᠬᠤ ᠪᠡᠯᠡ ᠮᠥᠩᠭᠦ ᠶᠢ 1320 ᠲᠦᠮᠡᠨ ᠲᠥᠭᠦᠷᠢᠭ ᠲᠣᠬᠢᠷᠠᠭᠤᠯᠵᠤ᠂ ᠠᠵᠤ ᠦᠶᠢᠯᠡᠰᠵᠢᠯᠲᠡ ᠶᠢᠨ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ 11 ᠵᠤᠷᠪᠤᠰ 273 ᠺᠢᠯᠣᠮᠧᠲᠷ ᠤᠨ ᠦᠷᠭᠦᠯᠵᠢᠯᠡᠨ ᠪᠠᠶᠢᠭᠤᠯᠬᠤ ᠵᠠᠰᠠᠮᠠᠯ ᠵᠠᠮ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠪᠠᠰᠠ 1.5 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ ᠮᠠᠯᠵᠢᠬᠤ ᠣᠷᠣᠨ ᠤ ᠬᠡᠰᠡᠭ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠤᠢ᠂ ᠪᠠᠯᠭᠠᠷᠭᠤᠣᠯ ᠠᠴᠠ ᠪᠠᠶᠠᠨᠬᠤᠸᠠ ᠬᠦᠷᠬᠦ ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡ ᠨᠡᠪᠲᠡᠷᠡᠭᠦᠯᠬᠦ ᠪᠠᠷ ᠲᠥᠯᠥᠪᠯᠡᠨ᠂ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠶᠢ ᠦᠷᠭᠦᠯᠵᠢᠯᠡᠨ ᠬᠡᠷᠡᠭᠵᠢᠭᠦᠯᠵᠦ᠂ 96 ᠬᠤᠳᠳᠤᠭ ᠰᠢᠨ᠎ᠡ ᠪᠠᠷ ᠮᠠᠯᠲᠠᠬᠤ ᠪᠠᠷ ᠲᠥᠯᠥᠪᠯᠡᠵᠦ᠂ 51 ᠭᠠᠴᠠᠭᠠᠨ ᠤ 1100 ᠭᠠᠷᠤᠢ ᠮᠠᠯᠵᠢᠬᠤ ᠡᠷᠦᠬᠡ ᠳᠤ ᠰᠦᠯᠵᠢᠶ᠎ᠡ ᠨᠡᠪᠲᠡᠷᠡᠭᠦᠯᠦᠨ᠂ 479 ᠮᠠᠯᠵᠢᠬᠤ ᠡᠷᠥᠭᠡ ᠳᠤ ᠪᠠᠶᠢᠩᠭᠤ ᠶᠢᠨ ᠴᠠᠬᠢᠯᠭᠠᠨ ᠨᠡᠪᠲᠡᠷᠡᠭᠦᠯᠵᠦ᠂ ᠵᠢᠱᠢᠶ᠎ᠡ ᠦᠵᠡᠭᠦᠯᠬᠦ ᠭᠠᠴᠠᠭ᠎ᠠ᠂ ᠭᠤᠣᠯᠳᠠᠯᠭ᠎ᠠ ᠲᠠᠢ ᠭᠠᠴᠠᠭᠠᠨ ᠤ ᠪᠠᠶᠢᠩᠭᠤ ᠶᠢᠨ ᠴᠠᠬᠢᠯᠭᠠᠨ ᠤᠷᠤᠬᠤ ᠨᠡᠪᠲᠡᠷᠡᠭᠦᠯᠬᠦ ᠨᠥᠬᠦᠴᠡᠯ ᠪᠦᠷᠢᠳᠦᠭᠦᠯᠦᠭᠡᠳᠦᠢ ᠮᠠᠯᠵᠢᠬᠤ ᠡᠷᠥᠭᠡ ᠳᠤ 3 ᠺᠢᠯᠣᠸᠠᠲ ᠠᠴᠠ ᠳᠡᠭᠡᠭᠰᠢᠬᠢ ᠴᠢᠳᠠᠮᠵᠢ ᠲᠠᠢ ᠰᠠᠯᠬᠢ ᠭᠡᠷᠡᠯ᢭ᠬᠠᠷᠢᠯᠴᠠᠨ ᠨᠥᠬᠦᠪᠦᠷᠢᠯᠡᠬᠦ ᠴᠠᠬᠢᠯᠭᠠᠨ ᠭᠠᠷᠭᠠᠬᠤ ᠲᠥᠬᠦᠭᠡᠷᠦᠮᠵᠢ ᠤᠭᠰᠠᠷᠠᠵᠤ᠂ ᠮᠠᠯᠵᠢᠬᠤ ᠣᠷᠣᠨ ᠤ ᠴᠢᠮᠡᠭᠡ ᠬᠤᠯᠪᠣᠭᠠᠨ ᠤ ᠳᠣᠬᠢᠶ᠎ᠠ ᠶᠢᠨ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠵᠣᠷᠯᠣᠩ ᠤᠨ ᠬᠤᠪᠢᠰᠬᠠᠯ︾᠎ ᠢ ᠲᠤᠬᠠᠢ ᠶᠢᠨ ᠭᠠᠵᠠᠷ ᠳᠤᠨᠢ ᠲᠣᠬᠢᠷᠠᠭᠤᠯᠤᠨ ᠠᠬᠢᠭᠤᠯᠵᠤ᠂ ᠨᠢᠭᠡᠨᠲᠡ ᠪᠠᠶᠢᠭ᠎ᠠ ᠡᠷᠦᠬᠡ ᠶᠢᠨ ᠵᠣᠷᠯᠣᠩ ᠢ ᠥᠭᠡᠷᠡᠴᠢᠯᠡᠬᠦ ᠪᠠ ᠬᠠᠮᠠᠭᠠᠯᠠᠬᠤ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠵᠢᠯ ᠤᠨ ᠳᠣᠲᠣᠷ᠎ᠠ ᠮᠠᠯᠵᠢᠬᠤ ᠣᠷᠣᠨ ᠤ 292 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠣᠶ᠃ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠯᠵᠢᠬᠤ ᠣᠷᠣᠨ ᠤ ᠵᠠᠰᠠᠯᠲᠠ ᠶᠢᠨ ᠨᠠᠩ ᠪᠦᠲᠦᠮᠵᠢᠲᠡᠶ᠂ ᠠᠮᠢᠵᠢᠷᠠᠯ ᠤᠨ ᠬᠦᠴᠦᠨ ᠢᠶᠠᠷ ᠲᠡᠭᠦᠯᠳᠡᠷ᠂ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠪᠠᠶᠢᠬᠤ ᠶᠢ ᠠᠬᠢᠭᠤᠯᠤᠨ᠎ᠠ᠃    ᠬᠤᠶᠠᠷ ᠲᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠶᠡᠬᠡᠪᠡᠷ ᠰᠠᠶᠢᠵᠢᠷᠠᠭᠤᠯᠤᠨ᠎ᠠ᠃ ᠤᠳᠤ ᠦᠶ᠎ᠡ ᠶᠢᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂  ᠪᠠᠶ᠋ᠬᠠᠭᠤᠯᠠ ᠨᠡᠶᠢᠲᠡ ᠎ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠲᠤᠰ ᠵᠢᠯ ᠳᠡᠭᠡᠨ ᠪᠠᠶᠢᠭᠤᠯᠵᠤ ᠳᠠᠭᠤᠰᠬᠠᠬᠤ ᠶᠢ ᠪᠠᠲᠤᠯᠠᠨ᠂ ᠤᠯᠤᠰ ᠤᠨ ᠲᠡᠰ ᠤᠨ ᠵᠠᠰᠠᠮᠠᠯ ᠵᠠᠮ ᠤᠨ 306 ᠱᠤᠭᠤᠮ ᠤᠨ ᠪᠠᠯᠭᠠᠷᠭᠤᠤᠯ ᠠᠴᠠ ᠤᠯᠢᠶᠠᠰᠤᠲᠠᠢ ᠬᠦᠷᠬᠦ ᠬᠡᠰᠡᠭ ᠎ ᠤᠨ ᠵᠠᠰᠠᠮᠠᠯ ᠵᠠᠮ ᠢ ᠠᠰᠢᠭᠯᠠᠯᠲᠠ ᠳᠤ ᠤᠷᠤᠭᠤᠯᠤᠨ᠂ ᠤᠯᠤᠰ ᠤᠨ ᠲᠡᠰ ᠤᠨ ᠵᠠᠰᠠᠮᠠᠯ ᠵᠠᠮ ᠤᠨ 305 ᠱᠤᠭᠤᠮ ᠎ ᠤᠨ ᠪᠠᠶᠠᠨᠬᠤᠸᠠ ᠠᠴᠠ ᠬᠥᠨᠳᠡᠯᠡᠨ ᠬᠦᠷᠬᠦ ᠬᠡᠰᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠤᠯᠤᠰ ᠤᠨ ᠲᠡᠰ ᠤᠨ ᠵᠠᠰᠠᠮᠠᠯ ᠵᠠᠮ ᠤᠨ 207 ᠱᠤᠭᠤᠮ ᠤᠨ ᠰᠢᠯᠢ ᠶᠢᠨ ᠬᠤᠲᠠ ᠠᠴᠠ ᠪᠠᠶᠠᠨᠬᠤᠸᠠ ᠬᠦᠷᠬᠦ ᠬᠡᠰᠡᠭ ᠢ ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠬᠦ ᠪᠠᠷ ᠢᠳᠡᠪᠬᠢᠲᠡᠢ ᠭᠤᠶᠤᠴᠢᠯᠠᠨ᠎ᠠ᠃ ᠰᠦ᠋ ᠨᠧᠩ ᠪᠠᠶᠠᠨᠬᠤᠸᠠ ᠴᠠᠬᠢᠯᠭᠠᠨ ᠦᠢᠯᠡᠳᠪᠦᠷᠢ ᠶᠢᠨ ᠭᠠᠳᠠᠭᠰᠢ ᠳᠠᠮᠵᠢᠭᠤᠯᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠵᠦ᠂ ᠪᠤᠯᠠᠭ 500 ᠺᠢᠯᠣᠸᠠᠲ ᠤᠨ ᠴᠠᠬᠢᠯᠭᠠᠨ ᠬᠤᠪᠢᠰᠬᠠᠬᠤ ᠢᠨᠵᠧᠨᠧᠷᠢᠩ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠺᠣᠮᠫᠠᠨᠢ ᠶᠢᠨ ᠪᠠᠶᠠᠨᠬᠤᠸᠠ ᠨᠡᠭᠦᠷᠡᠰᠦᠨ ᠠᠭᠤᠷᠬᠠᠢ ᠶᠢᠨ ᠳᠡᠷᠭᠡᠳᠡᠬᠢ ᠴᠠᠬᠢᠯᠭᠠᠨ ᠦᠢᠯᠡᠳᠪᠦᠷᠢ ᠶᠢᠨ ᠭᠠᠳᠠᠭᠰᠢ ᠳᠠᠮᠵᠢᠭᠤᠯᠬᠤ ᠢᠨᠵᠧᠨᠧᠷᠢᠩ ᠤᠨ ᠠᠰᠢᠭᠯᠠᠯᠲᠠ ᠳᠤ ᠣᠷᠣᠬᠤ ᠎ ᠶᠢ ᠪᠠᠲᠤᠯᠠᠵᠤ᠂ ᠠᠮᠤᠷ ᠲᠦᠪᠰᠢᠨ ᠨᠠᠶᠢᠳᠠᠪᠤᠷᠢᠲᠠᠢ ᠴᠠᠬᠢᠯᠭᠠᠨ ᠲᠣᠣᠷ ᠤᠨ ᠰᠢᠰᠲ᠋ᠧᠮ ᠢ ᠪᠠᠶᠢᠭᠤᠯᠤᠨ᠎ᠠ᠃ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠢ ᠲᠥᠯᠥᠪᠵᠢᠭᠦᠯᠭᠡ᠂ ᠠᠵᠤ ᠦᠢᠯᠡᠰ ᠎ ᠤᠨ ᠬᠥᠭᠵᠢᠯᠲᠡ ᠶᠢᠨ ᠲᠥᠯᠥᠪᠵᠢᠭᠦᠯᠭᠡ᠂ ᠡᠵᠡᠮᠳᠡᠯ ᠤᠨ ᠴᠢᠨᠠᠷᠲᠠᠢ ᠨᠠᠷᠢᠨ ᠲᠥᠯᠥᠪᠵᠢᠭᠦᠯᠭᠡ ᠵᠡᠷᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠵᠤ᠂ ᠬᠥᠩᠭᠡᠨᠴᠠᠭᠠᠨ ᠤ ᠨᠠᠷᠢᠯᠢᠭᠵᠢᠭᠤᠯᠤᠭᠰᠠᠨ ᠪᠦᠲᠦᠭᠡᠭᠳᠡᠭᠦᠨ ᠤ ᠪᠠᠷᠢᠮᠵᠢᠶᠠᠵᠢᠭᠰᠠᠨ ᠦᠶᠯᠡᠳᠪᠦᠷᠢ ᠶᠢᠨ ᠭᠡᠷ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠦᠵᠡᠭᠦᠯᠦᠯᠭᠡ ᠶᠢᠨ ᠲᠥᠪ᠂ ᠬᠦᠷᠢᠶᠡᠯᠡᠩ ᠲᠣᠭᠤᠷᠢᠭ ᠤᠨ 4 ᠵᠤᠷᠪᠤᠰ ᠵᠠᠮ᠂ ᠪᠠᠶᠠᠨᠬᠤᠸᠠ ᠡᠮᠦᠨ᠎ᠡ ᠥᠷᠲᠡᠭᠡᠨ ᠤ ᠡᠮᠦᠨᠡᠬᠢ ᠠᠭᠤᠳᠠᠮ ᠲᠠᠯᠠᠪᠠᠢ ᠵᠡᠷᠭᠡ ᠢᠨᠵᠧᠨᠧᠷᠢᠩ ᠢ ᠡᠬᠢᠯᠡᠨ ᠪᠠᠶᠢᠭᠤᠯᠵᠤ᠂ ᠪᠠᠶᠠᠨᠬᠤᠸᠠ ᠪᠤᠳᠠᠰ ᠤᠨ ᠭᠦᠢᠯᠭᠡᠭᠡᠨ ᠤ ᠤᠷᠤᠨ ᠤ ᠰᠠᠭᠤᠷᠢ ᠲᠦᠭᠦᠭᠡᠷᠦᠮᠵᠢ ᠶᠢ ᠲᠡᠰ ᠲᠡᠪᠰᠢᠭᠦᠯᠦᠨ᠂ ᠦ᠋ ᠵᠢᠶᠠᠨ ᠹᠠᠩ ᠠᠭᠤᠷᠬᠠᠢ ᠶᠢᠨ ᠤᠷᠤᠨ ᠢ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠳᠤ ᠤᠷᠤᠭᠤᠯᠤᠨ᠂ ᠪᠠᠶᠠᠨᠬᠤᠸᠠ ᠨᠡᠭᠡᠭᠡᠯᠲᠡ ᠶᠢᠨ ᠣᠷᠣᠨ ᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠬᠦᠷᠢᠶᠡᠯᠡᠩ ᠲᠣᠭᠤᠷᠢᠭ ᠪᠣᠯᠭᠠᠨ ᠳᠡᠰ ᠳᠡᠪᠰᠢᠭᠦᠯᠬᠦ ᠪᠠᠷ ᠢᠳᠡᠪᠬᠢᠲᠡᠢ ᠭᠤᠶᠤᠴᠢᠯᠠᠨ᠎ᠠ᠃    ᠭᠤᠷᠪᠠ ᠳᠤ᠂ ᠬᠤᠳᠡ ᠶᠢ ᠰᠢᠨᠡᠳᠬᠡᠬᠦ ᠠᠵᠢᠯᠯᠠᠭ᠎ᠠ ᠶᠢ ᠯᠠᠪᠳᠠᠭᠤᠨ ᠢᠶᠠᠷ ᠬᠡᠷᠡᠭᠵᠢᠭᠦᠯᠦᠨ᠎ᠡ᠃ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠠᠰᠠᠭᠤᠳᠠᠯ ᠢ ᠯᠠᠪᠳᠠᠭᠤᠨ ᠢᠶᠠᠷ ᠰᠢᠢᠳᠪᠦᠷᠢᠯᠡᠵᠦ᠂ ᠪᠠᠯᠭᠠᠷᠭᠤᠣᠯ ᠪᠠᠯᠭᠠᠰᠤᠨ ᠤ ᠤᠯᠤᠰ ᠤᠨ ᠥᠮᠴᠢᠯᠡᠯᠲᠦ ᠭᠠᠵᠠᠷ ᠰᠢᠷᠣᠢ ᠶᠢ ᠬᠤᠷᠢᠶᠠᠨ ᠠᠪᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠭᠤᠷᠣᠬᠠᠨ ᠵᠡᠭᠡᠯᠢ ᠶᠢ ᠵᠡᠭᠦᠨᠰᠢ ᠥᠷᠭᠡᠳᠬᠡᠨ ᠭᠠᠳᠠᠷ ᠲᠣᠭᠤᠷᠢᠯ ᠵᠠᠮ ᠬᠦᠷᠭᠡᠬᠦ ᠪᠠ ᠪᠠᠷᠠᠭᠤᠨᠰᠢ ᠦᠷᠭᠡᠳᠬᠡᠬᠦ ᠢᠨᠵᠧᠨᠧᠷᠢᠩ ᠢ ᠡᠬᠢᠯᠡᠭᠦᠯᠵᠦ᠂ ᠬᠤᠲᠠ ᠬᠥᠳᠡᠭᠡ ᠶᠢ ᠠᠭᠤᠰᠤᠯᠴᠠᠭᠤᠯᠤᠭᠰᠠᠨ ᠶᠡᠷᠦᠩᠬᠡᠶᠢᠯᠡᠭᠰᠡᠨ ᠴᠤᠭᠴᠠ ᠪᠠᠷ ᠭᠤᠣᠯ ᠪᠤᠯᠭᠠᠭᠰᠠᠨ ᠬᠤᠲᠠ ᠶᠢᠨ ᠦᠵᠡᠮᠵᠢ ᠶᠢᠨ ᠪᠦᠰᠡ ᠶᠢ ᠠᠯᠬᠤᠮ ᠠᠯᠬᠤᠮ ᠢᠶᠠᠷ ᠴᠣᠭᠴᠠᠯᠠᠨ᠎ᠠ᠃ ᠪᠠᠯᠭᠠᠷᠭᠤᠤᠯ ᠪᠠᠯᠭᠠᠰᠤᠨ ᠤ ᠬᠤᠲᠠ ᠳᠤᠭᠤᠷᠢᠭ ᠠᠴᠠ ᠪᠠᠷᠢᠯᠭ᠎ᠠ ᠎ ᠶᠢᠨ ᠮᠠᠲ᠋ᠧᠷᠢᠶᠠᠯ ᠤᠨ ᠠᠵᠤ ᠦᠶᠯᠡᠳᠪᠦᠷᠢ ᠶᠢᠨ ᠬᠦᠷᠢᠶᠡᠯᠡᠩ ᠬᠦᠷᠬᠦ ᠵᠠᠮ᠂ ᠴᠠᠶᠢᠳᠠᠮ ᠵᠠᠮ ᠤᠨ ᠬᠤᠷᠠᠯ ᠪᠠ ᠦᠵᠡᠰᠬᠦᠯᠡᠩ ᠤᠨ ᠲᠥᠪ ᠤᠨ ᠵᠠᠮ ᠤᠨ ᠪᠦᠲᠦᠭᠡᠨ ᠪᠠᠶᠢᠭᠤᠯᠤᠯᠲᠠ ᠪᠠ ᠴᠡᠴᠡᠷᠯᠢᠭ ᠤᠨ ᠪᠠᠷᠠᠭᠤᠨ ᠵᠡᠭᠡᠯᠢ ︵ᠶᠠᠩ ᠭᠤᠸᠠᠩ ᠲᠤᠭᠤᠷᠢᠭ ᠠᠴᠠ ᠶᠢᠨ ᠱᠠᠨ ᠴᠠᠬᠢᠯᠭᠠᠨ ᠤ ᠦᠢᠯᠡᠳᠪᠦᠷᠢ ᠬᠦᠷᠬᠦ︶᠎ ᠶᠢ ᠥᠷᠭᠡᠳᠬᠡᠬᠦ ᠢᠨᠵᠧᠨᠧᠷᠢᠩ ᠶᠢ ᠠᠬᠢᠭᠤᠯᠵᠤ᠂ ᠪᠠᠶ᠋ᠬᠠᠭᠤᠯᠠ ᠵᠡᠭᠡᠯᠢ ᠵᠠᠷᠭᠡ 9 ᠵᠤᠷᠪᠤᠰ ᠬᠤᠲᠠ ᠶᠢᠨ ᠵᠠᠮ ᠤᠨ 30 ᠲᠦᠮᠡᠨ ᠲᠡᠭᠰᠢ ᠳᠥᠷᠪᠡᠯᠵᠢᠨ ᠮᠧᠲᠷ ᠤᠨ ᠵᠠᠮ ᠢ ᠰᠢᠨᠡᠳᠬᠡᠨ᠂ ᠭᠠᠵᠠᠷ ᠳᠤᠤᠷᠠᠬᠢ ᠤᠰᠤᠨ ᠬᠤᠭᠤᠯᠠᠢ᠂ ᠵᠠᠮ ᠤᠨ ᠳ᠋ᠧᠩ ᠵᠡᠷᠭᠡ ᠢᠵᠢ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠵᠠᠮ ᠤᠨ ᠪᠦᠲᠦᠴᠡ ᠪᠠ ᠶᠠᠪᠤᠵᠤ ᠰᠠᠭᠤᠬᠤ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠤᠲᠠ ᠲᠤᠭᠤᠷᠢᠭ ᠤᠨ ︽ᠲᠡᠷᠭᠡ ᠵᠤᠭᠰᠤᠭᠠᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠨ᠎ᠡ᠃ ᠪᠠᠯᠭᠠᠷᠭᠤᠣᠯ ᠪᠠᠯᠭᠠᠰᠤᠨ ᠤ ᠡᠮᠦᠨ᠎ᠡ ᠬᠤᠶᠢᠨ᠎ᠠ ᠤᠷᠤᠵᠤ ᠭᠠᠷᠬᠤ ᠵᠠᠮ ᠤᠨ ᠠᠭᠤᠯᠵᠠᠭᠤᠷ ᠲᠤ ᠲᠣᠰᠪᠣᠷᠢ ᠨᠢᠭᠡ ᠰᠠᠭᠤᠷᠢ ᠭᠤᠣᠯ ᠰᠡᠳᠦᠪᠲᠦ ᠱᠤᠭᠤᠮᠠᠯ ᠱᠤᠭᠤᠵᠤ᠂ ᠰᠣᠶᠣᠯ ᠪᠡᠶ᠎ᠡ ᠶᠢᠨ ᠲᠠᠮᠢᠷ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠥᠪ ᠤᠨ ᠶᠡᠷᠦᠩᠬᠡᠶᠢᠯᠡᠭᠰᠡᠨ ᠣᠷᠳᠣᠨ ᠢ ᠰᠢᠨ᠎ᠡ ᠪᠠᠷ ᠪᠠᠶᠢᠭᠤᠯᠬᠤ᠂ ᠵᠡᠭᠡᠯᠢ ᠳᠠᠭᠠᠤ ᠠᠰᠠᠷ ᠢ ᠭᠡᠷᠡᠯᠲᠦᠭᠦᠯᠬᠦ᠂ ᠴᠡᠴᠡᠷᠯᠢᠭ ᠢ ᠭᠤᠶᠣᠵᠢᠭᠤᠯᠬᠤ ᠵᠡᠷᠭᠡ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠬᠤᠲᠠ ᠶᠢᠨ ᠵᠡᠷᠭᠡ ᠳᠡᠰ ᠢ ᠳᠡᠭᠡᠭᠰᠢᠯᠡᠭᠦᠯᠦᠨ᠎ᠡ᠃ ᠪᠠᠯᠭᠠᠷᠭᠤᠤᠯ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠰᠤᠷᠭᠠᠨ ᠬᠦᠮᠦᠵᠢᠯ ᠤᠨ ᠲᠤᠪᠴᠢᠶᠠᠨ ᠤ ᠠᠵᠢᠯᠲᠠᠨ ᠤ ᠰᠠᠭᠤᠭᠠᠯᠢ ᠠᠷᠠᠳ ᠤᠨ ᠲᠤᠭᠤᠷᠢᠭ ᠵᠡᠷᠭᠡ 6 ᠰᠠᠭᠤᠭᠠᠯᠢ ᠠᠷᠠᠳ ᠤᠨ ᠲᠣᠭᠤᠷᠢᠭ ᠤᠨ 9 ᠰᠠᠭᠤᠷᠢ ᠠᠰᠠᠷ ᠢ 1.9 ᠲᠦᠮᠡᠨ ᠲᠡᠭᠰᠢ ᠳᠥᠷᠪᠡᠯᠵᠢᠨ ᠮᠧᠲᠷ ᠰᠢᠨᠡᠳᠬᠡᠨ ᠵᠠᠰᠠᠨ᠎ᠠ᠃ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠰᠠᠭᠤᠭᠠᠯᠢ ᠠᠷᠠᠳ ᠤᠨ ᠲᠤᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂  ᠤᠬᠠᠭᠤᠯᠭ᠎ᠠ ᠶᠢᠨ ᠵᠦᠢᠯ᠂ ᠬᠤᠳᠠᠯᠳᠤᠭᠠᠨ ᠤ ᠳᠡᠯᠭᠡᠭᠦᠷ ᠤᠨ ᠫᠠᠶᠢᠰᠠ ᠢᠯᠡᠷᠬᠡᠶᠢᠯᠡᠯ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠵᠠᠮ ᠢ ᠡᠵᠡᠯᠡᠨ ᠠᠷᠠᠯᠵᠢᠶ᠎ᠠ ᠡᠵᠡᠩᠨᠡᠬᠦ᠂ ᠡᠮᠬᠢ ᠵᠢᠷᠤᠮ ᠦᠭᠡᠢ ᠪᠠᠷ ᠲᠡᠷᠭᠡ ᠵᠣᠭᠰᠤᠭᠠᠬᠤ ᠵᠡᠷᠭᠡ ᠠᠰᠠᠭᠤᠳᠠᠯ ᠢ ᠴᠡᠭᠴᠡᠯᠡᠨ ᠵᠠᠰᠠᠨ᠎ᠠ᠃    ︵ᠲᠠᠪᠤ︶ ᠬᠦᠴᠦᠨ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠬᠢᠭᠤᠯᠵᠤ᠂ ᠬᠠᠮᠤᠭ ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠤᠯᠭᠠᠨ᠎ᠠ᠃ ᠵᠠᠰᠠᠭ ᠤᠨ ᠶᠠᠪᠤᠳᠠᠯ ᠎ ᠤᠨ ᠦᠶᠯᠡᠴᠢᠯᠡᠭᠡᠨ ᠤ ᠵᠦᠶᠯᠡᠰ ᠢ ᠪᠠᠷᠢᠮᠵᠢᠶᠠᠵᠢᠭᠤᠯᠬᠤ ᠶᠢ ᠶᠡᠬᠡᠪᠡᠷ ᠠᠬᠢᠭᠤᠯᠵᠤ᠂ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠢ ᠪᠦᠬᠦᠨ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠤᠨ᠎ᠠ᠃ ᠤᠶᠤᠨᠴᠢᠯᠠᠭᠰᠠᠨ ᠵᠠᠰᠠᠭ ᠤᠨ ᠤᠷᠳᠤᠨ ᠢ ᠪᠦᠲᠦᠭᠡᠨ ᠪᠠᠶᠢᠭᠤᠯᠬᠤ ᠶᠢ ᠴᠢᠩᠭᠠᠳᠬᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾᠎ ᠶᠢ ᠭᠦᠨᠵᠡᠭᠡᠶᠢᠷᠡᠭᠦᠯᠵᠦ᠂ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠥᠨᠳᠥᠷ ᠳᠠᠪᠲᠠᠮᠵᠢᠲᠤ ᠬᠡᠷᠡᠭᠯᠡᠯᠲᠡ ᠶᠢ ︽ᠪᠠᠶᠢᠴᠠᠭᠠᠵᠤ ᠪᠣᠯᠬᠤ︾ ᠎ ᠠᠴᠠ ︽ᠭᠦᠶᠴᠡᠳᠬᠡᠵᠦ ᠪᠣᠯᠬᠤ︾᠂ ᠰᠦᠯᠵᠢᠶᠡᠨ ᠭᠠᠳᠠᠨ᠎ᠠ ᠪᠤᠶᠤ ᠰᠦᠯᠵᠢᠶᠡᠨ ᠳᠡᠭᠡᠷ᠎ᠡ ᠭᠦᠶᠴᠡᠳᠬᠡᠬᠦ ᠪᠠᠶᠢᠭᠰᠠᠨ ᠎ ᠠᠴᠠ ᠭᠠᠷ ᠤᠳᠠᠰᠤᠨ ᠳᠡᠭᠡᠷ᠎ᠡ ᠭᠦᠶᠴᠡᠳᠬᠡᠬᠦ ᠳᠡᠶᠢᠯᠬᠦ ᠪᠣᠯᠭᠠᠵᠤ᠂ ᠪᠣᠳᠠᠲᠠᠶ ᠰᠦᠯᠵᠢᠶ᠎ᠡ ᠪᠠᠷ ᠭᠦᠶᠴᠡᠳᠬᠡᠬᠦ ᠨᠣᠷᠮ᠎ᠠ ᠎ ᠶᠢ 60%᠎ ᠠᠴᠠ ᠳᠡᠭᠡᠭᠰᠢ ᠳᠤ ᠬᠦᠷᠦᠭᠦᠯᠦᠨ᠎ᠡ᠃ ︽ᠶᠡᠷᠦᠩᠬᠡᠶᠢᠯᠡᠭᠰᠡᠨ ᠨᠢᠭᠡ ᠴᠣᠩᠬᠤᠪᠴᠢ︾᠎ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠬᠤᠶᠠᠷ ᠢ ᠲᠤᠰᠢᠶᠠᠬᠤ ᠶᠢ ᠬᠡᠯᠲᠦᠷᠢᠭᠦᠯᠬᠦ︾᠎ ᠶᠢ ᠬᠡᠷᠡᠭᠵᠢᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ︽ᠦᠨᠡᠮᠯᠡᠯ ᠢ ᠨᠢ ᠬᠠᠰᠤᠵᠤ ᠭᠦᠶᠴᠡᠳᠬᠡᠬᠦ︾᠂ ︽ᠦᠨᠡᠮᠯᠡᠯ ᠢ ᠨᠢ ᠬᠡᠯᠲᠦᠷᠢᠭᠦᠯᠵᠦ ᠭᠦᠶᠴᠡᠳᠬᠡᠬᠦ︾᠎ ᠶᠢ ᠠᠬᠢᠭᠤᠯᠤᠨ᠎ᠠ᠃ ᠠᠵᠤ ᠠᠬᠤᠶᠢᠯᠠᠯ ᠪᠠ ᠣᠯᠠᠨ ᠲᠦᠮᠡᠨ ᠤ ᠴᠢᠬᠤᠯᠠ ᠱᠠᠲᠤ ᠦᠶ᠎ᠡ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠲᠣᠭᠤᠷᠢᠨ ᠳᠤ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠶᠴᠡᠳᠬᠡᠬᠦ︾᠎ ᠶᠢ ᠪᠡᠶᠡᠯᠡᠭᠦᠯᠦᠨ᠎ᠡ᠃ ᠠᠷᠠᠳ ᠲᠤ ᠳᠥᠭᠦᠮ ᠦᠵᠡᠭᠦᠯᠬᠦ 107 ᠦᠢᠯᠡᠴᠢᠯᠡᠭᠡᠨ ᠤ ᠲᠥᠪ ᠲᠤ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠣᠩᠭᠤᠯ ᠬᠢᠲᠠᠳ ᠬᠤᠶᠠᠷ ᠬᠡᠯᠡ ᠪᠠᠷ ᠰᠦᠯᠵᠢᠶᠡᠨ ᠳᠡᠭᠡᠷ᠎ᠡ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠰᠦᠪᠡᠭᠴᠢᠯᠡᠨ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ︽24 ᠴᠠᠭ ᠡᠭᠦᠳᠡ ᠪᠠᠨ ᠬᠠᠭᠠᠬᠤ ᠥᠬᠡᠶ︾ ᠤᠶᠤᠨᠳᠤ ᠦᠶᠯᠡᠴᠢᠯᠡᠭᠡ ᠶᠢ ᠲᠡᠭᠦᠯᠳᠡᠷᠵᠢᠭᠦᠯᠵᠦ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠲᠢᠩᠬᠢᠮ ᠤᠨ ᠣᠶᠤᠨᠴᠢᠯᠠᠭᠰᠠᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ 12345 ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠬᠠᠷᠢᠯᠴᠠᠬᠤ ᠤᠲᠠᠰᠤ ᠎ ᠶᠢ ᠪᠠᠷᠢᠮᠵᠢᠶᠠᠵᠢᠭᠤᠯᠬᠤ ᠪᠠ ᠤᠶᠤᠨᠴᠢᠯᠠᠬᠤ ᠪᠠᠶᠢᠭᠤᠯᠤᠯᠲᠠ ᠶᠢ ᠠᠬᠢᠭᠤᠯᠵᠤ᠂ ︽ᠵᠠᠷᠭᠤ ᠶᠢ ᠭᠥᠯᠢᠶᠡᠨ ᠠᠪᠤᠪᠠᠯ ᠳᠠᠷᠤᠶᠢᠬᠠᠨ ᠭᠦᠶᠴᠡᠳᠬᠡᠬᠦ︾ ᠪᠦᠬᠦᠯᠢ ᠴᠣᠭᠴᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠥᠷᠥᠯ ᠵᠦᠶᠯ ᠤᠨ ︽ᠪᠥᠬᠦ ᠦᠶᠡᠯᠡᠯ ᠤᠨ ᠬᠤᠭᠤᠴᠠᠭ᠎ᠠ︾᠎ ᠶᠢᠨ ᠲᠣᠭᠤᠷᠢᠨ ᠳᠤ ᠨᠢᠭᠡ ᠥᠷᠲᠡᠭᠡ ᠮᠠᠶ᠋ᠢᠭ ᠤᠨ ᠦᠶᠯᠡᠴᠢᠯᠡᠭᠡ ᠬᠠᠩᠭᠠᠵᠤ᠂ ᠲᠥᠷᠥᠯ ᠵᠦᠶᠯ ᠤᠨ ᠬᠢᠨᠠᠨ ᠵᠥᠪᠰᠢᠶᠡᠷᠡᠬᠦ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠨᠡᠯᠡᠯᠲᠡ ᠶᠢᠨ ᠲᠦᠷᠢᠮ ᠎ ᠢ ᠰᠠᠶᠢᠲᠤᠷ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠦᠯᠬᠦ ᠶᠢ ᠲᠦᠷᠭᠡᠳᠬᠡᠨ ᠬᠥᠭᠵᠢᠭᠦᠯᠵᠦ᠂ ᠨᠢᠭᠡ ᠪᠦᠯᠦᠭ ︽ᠲᠤᠰᠬᠠᠶᠢᠵᠢᠭᠰᠠᠨ᠂ ᠨᠠᠷᠢᠯᠢᠭᠵᠢᠭᠤᠯᠤᠭᠰᠠᠨ᠂ ᠣᠨᠴᠠᠯᠢᠭᠵᠢᠭᠰᠠᠨ᠂ ᠰᠢᠨ᠎ᠡ ᠰᠡᠪᠡᠭᠦᠨ︾ ᠳᠤᠮᠳᠠ ᠪᠠᠭ᠎ᠠ ᠠᠵᠤ ᠠᠬᠤᠶᠢᠯᠠᠯ ᠢ ᠬᠦᠮᠦᠵᠢᠭᠦᠯᠵᠦ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ︽ᠬᠤᠶᠠᠷ ᠲᠠᠬᠢᠨ ᠢᠶᠠᠷ ᠨᠡᠮᠡᠭᠳᠡᠭᠦᠯᠵᠦ᠂ ᠬᠤᠶᠠᠷ ᠢ ᠳᠡᠭᠡᠭᠰᠢᠯᠡᠭᠦᠯᠬᠦ︾ ᠠᠵᠢᠯᠯᠠᠭ᠎ᠠ ᠶᠢ ᠠᠬᠢᠭᠤᠯᠤᠨ ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠭᠦᠨᠵᠡᠭᠡᠢ ᠠᠭᠤᠰᠤᠯᠴᠠᠭᠤᠯᠬᠤ ᠶᠢ ᠨᠠᠶᠢᠳᠠᠪᠤᠷᠢᠵᠢᠭᠤᠯᠤᠨ᠎ᠠ᠃   ︵ᠵᠢᠷᠭᠤᠭ᠎ᠠ︶ ᠬᠦᠴᠦᠨ ᠢᠶᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠲᠤᠲᠠᠭᠳᠠᠯ ᠢ ᠴᠢᠷᠮᠠᠶᠢᠨ ᠨᠥᠬᠦᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠨ᠎ᠡ᠃   ᠨᠢᠭᠡ ᠳᠤ᠂ ᠠᠷᠠᠳ ᠲᠦᠮᠡᠨ ᠤ ᠰᠡᠳᠬᠢᠯ ᠬᠠᠨᠤᠮᠵᠢᠳᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠩᠬ᠎ᠠ ᠵᠡᠷᠭᠡ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠢ ᠠᠰᠢᠭᠯᠠᠯᠲᠠ ᠳᠤ ᠤᠷᠤᠭᠤᠯᠬᠤ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠵᠢᠯ ᠮᠡᠷᠭᠡᠵᠢᠯ ᠤᠨ ᠵᠢᠭᠠᠨ ᠰᠤᠷᠭᠠᠯᠲᠠ ᠶᠢᠨ ᠠᠰᠠᠷ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠳᠠᠭᠤᠰᠬᠠᠬᠤ ᠶᠢ ᠪᠠᠲᠤᠯᠠᠵᠤ᠂ ᠬᠤᠭᠤᠯᠠᠳᠤ ᠶᠢᠨ ᠭᠤᠣᠯ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠠᠵᠢᠯ ᠡᠬᠢᠯᠡᠭᠦᠯᠦᠨ ᠪᠠᠶᠢᠭᠤᠯᠵᠤ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶ᠎ᠡ ᠶᠢ ᠥᠷᠭᠡᠳᠬᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠤ᠂ ᠪᠠᠶᠠᠨᠬᠤᠸᠠ ᠪᠠᠭ᠎ᠠ ᠰᠤᠷᠭᠠᠭᠤᠯᠢ ᠶᠢᠨ ᠰᠢᠨ᠎ᠡ ᠪᠠᠷ ᠪᠠᠶᠢᠭᠤᠯᠬᠤ ᠪᠠᠶᠢᠷᠢ᠂ ᠪᠡᠶ᠎ᠡ ᠲᠠᠮᠢᠷ ᠤᠨ ᠲᠠᠯᠠᠪᠠᠶ ᠵᠢᠴᠢ ᠨᠢᠭᠡᠳᠦᠭᠡᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠰᠢᠨ᠎ᠡ ᠪᠠᠷ ᠪᠠᠶᠢᠭᠤᠯᠬᠤ ᠪᠡᠶ᠎ᠡ ᠲᠠᠮᠢᠷ ᠤᠨ ᠲᠠᠯᠠᠪᠠᠶ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ ᠃ ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠨ ᠠᠪᠴᠢᠷᠠᠬᠤ ᠠᠵᠢᠯ ᠢ ᠴᠢᠩᠭᠠᠳᠬᠠᠵᠤ᠂ ᠳᠡᠭᠡᠳᠦ ᠲᠠᠰ ᠳᠠᠪᠬᠤᠷᠭ᠎ᠠ ᠶᠢᠨ ᠰᠤᠷᠭᠠᠨ ᠬᠥᠮᠦᠵᠢᠯ ᠤᠨ 15 ᠴᠢᠳᠠᠪᠤᠷᠢᠲᠠᠨ ᠢ ᠤᠷᠢᠨ ᠠᠪᠴᠢᠷᠠᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ 184 ᠪᠠᠭᠰᠢ ᠶᠢ ᠢᠯᠡ ᠪᠠᠷ ᠡᠯᠰᠡᠨ᠎ᠡ᠃  ︽ᠬᠡᠦᠬᠡᠳ ᠤᠨ ᠬᠡᠯᠡ ᠶᠢ ᠠᠳᠠᠯᠢ ᠳᠠᠭᠤᠳᠠᠯᠭ᠎ᠠ ᠲᠠᠢ ᠪᠠᠶᠢᠯᠭᠠᠬᠤ︾ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ 90%᠎ ᠠᠴᠠ ᠳᠡᠭᠡᠭᠰᠢᠬᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠦᠭᠡ ᠬᠡᠯᠡ ᠥᠰᠥᠭ ᠪᠢᠴᠢᠭ ᠤᠨ ᠳᠦᠷᠢᠮᠵᠢᠭᠦᠯᠦᠯᠲᠡ ᠨᠢ ᠪᠠᠷᠢᠮᠵᠢᠶ᠎ᠠ ᠳᠤ ᠬᠦᠷᠦᠭᠰᠡᠨ ᠰᠤᠷᠭᠠᠭᠤᠯᠢ ᠶᠢᠨ ᠬᠦᠷᠢᠶᠡᠨ ᠤ ᠰᠢᠯᠭᠠᠨ ᠪᠠᠶᠢᠴᠠᠭᠠᠯᠲᠠ ᠪᠠᠷ ᠳᠠᠮᠵᠢᠭᠤᠯᠤᠨ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠵᠢᠴᠢ ᠬᠠᠮᠢᠶ᠎ᠠ ᠪᠦᠬᠦᠢ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠵᠢᠭᠠᠨ ᠰᠤᠷᠭᠠᠯᠲᠠ ᠶᠢᠨ ᠬᠢᠷᠢ ᠪᠦᠲᠦᠮᠵᠢ ᠪᠠᠷ ᠲᠣᠪᠣᠶᠢᠮ᠎ᠠ ᠪᠠᠭᠰᠢ ᠨᠠᠷ ᠢ ᠤᠷᠮᠠᠰᠢᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠤᠭᠤᠲᠤ᠂ ᠬᠥᠬᠡᠬᠤᠲᠠ ᠵᠡᠷᠭᠡ ᠭᠠᠵᠠᠷ ᠣᠷᠣᠨ ᠤ ᠨᠠᠷᠠᠲᠤ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠶᠢ ᠭᠦᠨᠵᠡᠭᠡᠶᠢᠷᠡᠭᠦᠯᠦᠨ᠂ ᠲᠤᠰ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ᠤᠷᠣᠬᠤ ᠨᠣᠷᠮ᠎ᠠ᠂ ᠳᠤᠮᠳᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠭᠤᠣᠯᠳᠠᠯᠭ᠎ᠠ ᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠨᠣᠷᠮ᠎ᠠ ᠳᠤ ᠲᠠᠬᠢᠨ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃   ᠬᠤᠶᠠᠷ ᠲᠤ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠣᠯᠭᠤᠯᠲᠠ ᠶᠢ ᠠᠬᠢᠭᠤᠯᠬᠤ ︽ᠲᠠᠪᠤᠨ ᠶᠡᠭᠡ ᠠᠵᠢᠯᠯᠠᠭ᠎ᠠ︾᠎ ᠶᠢ ᠰᠠᠶᠢᠲᠤᠷ ᠥᠷᠨᠢᠭᠦᠯᠵᠦ᠂ ᠵᠢᠯ ᠤᠨ ᠳᠣᠲᠣᠷ᠎ᠠ ᠬᠤᠲᠠ ᠪᠠᠯᠭᠠᠰᠤᠨ ᠤ 1200᠎ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠮᠠᠯᠴᠢᠨ ᠲᠠᠷᠢᠶᠠᠴᠢᠨ ᠢ 4000 ᠬᠥᠮᠥᠨ ᠤᠳᠠᠭ᠎ᠠ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5%᠎ ᠶᠢᠨ ᠳᠣᠲᠣᠷ᠎ᠠ ᠬᠢᠵᠠᠭᠠᠷᠯᠠᠨ᠎ᠠ᠃ ᠪᠦᠬᠦ ᠠᠷᠠᠳ ᠤᠨ ᠳᠠᠭᠠᠳᠬᠠᠯ ᠳᠤ ᠣᠷᠣᠬᠤ ᠲᠥᠯᠥᠪᠵᠢᠭᠦᠯᠭᠡ ᠶᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠤᠯᠴᠠᠬᠤ ᠨᠤᠷᠮ᠎ᠠ ᠶᠢ ᠳᠡᠭᠡᠭᠰᠢᠯᠡᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠨᠤᠷᠮ᠎ᠠ ᠶᠢ ᠲᠣᠭᠲᠠᠪᠤᠷᠢᠵᠢᠭᠤᠯᠤᠨ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠴᠠᠯᠢᠩ ᠮᠦᠩᠭᠦ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠯᠥᠰᠦᠨ ᠠᠵᠢᠯᠴᠢᠨ ᠤ ᠴᠠᠭ ᠲᠤᠬᠠᠢ ᠳᠤ ᠪᠠᠨ ᠲᠤᠭ᠎ᠠ ᠶᠣᠰᠣᠭᠠᠷ ᠴᠠᠯᠢᠩ ᠣᠯᠬᠤ ᠶᠢ ᠦᠨᠡᠨᠬᠦ ᠪᠠᠲᠤᠯᠠᠨ᠎ᠠ᠃ ᠨᠠᠰᠤᠵᠢᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠠᠶ᠋ᠬᠠᠭᠤᠯᠠ ᠨᠠᠰᠤᠵᠢᠯ ᠤᠨ ᠬᠦᠷᠢᠶᠡᠯᠡᠩ ᠲᠣᠭᠤᠷᠢᠭ ᠢ ᠰᠢᠨ᠎ᠡ ᠪᠠᠷ ᠠᠵᠢᠯ ᠡᠬᠢᠯᠡᠭᠦᠯᠦᠨ ᠪᠠᠶᠢᠭᠤᠯᠵᠤ᠂ 100 ᠡᠷᠦᠬᠡ ᠤᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠳᠤ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢ ᠬᠡᠷᠡᠭᠵᠢᠭᠦᠯᠬᠦ ᠪᠠᠷ ᠲᠥᠯᠥᠪᠯᠡᠵᠦ ᠪᠤᠢ᠃ ᠣᠷᠣᠰᠢᠭᠤᠯᠭ᠎ᠠ ᠶᠢᠨ ᠬᠦᠷᠢᠶ᠎ᠡ ᠴᠠᠷᠠᠭᠠᠨ ᠤ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ︽ᠭᠤᠷᠪᠠᠨ ᠵᠠᠮ ᠳᠠᠭᠠᠤ ᠲᠤᠯᠤᠭᠠᠨ ᠣᠷᠣᠨ︾᠎ ᠤ ᠰᠤᠯᠠ ᠵᠠᠳᠠᠭᠠᠢ ᠣᠩᠭᠤᠨ ᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠴᠠᠭᠠᠨᠬᠤᠰᠢᠭᠤ ᠣᠩᠭᠤᠨ ᠤ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃   ᠭᠤᠷᠪᠠ ᠳᠤ᠂ ᠡᠷᠡᠭᠦᠯ ᠡᠩᠬᠡ ᠪᠠᠷᠠᠭᠤᠨ ᠦᠵᠦᠮᠦᠴᠢᠨ ᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠶᠡᠷᠦᠩᠬᠡᠶᠢᠯᠡᠭᠰᠡᠨ ᠠᠰᠠᠷ ᠢ ᠰᠢᠨ᠎ᠡ ᠪᠠᠷ ᠪᠠᠶᠢᠭᠤᠯᠵᠤ᠂ ᠪᠠᠶᠠᠨᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠢ ᠡᠨᠡ ᠵᠢᠯ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠪᠥᠬᠦ ᠠᠶᠢᠮᠠᠭ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷᠯᠢᠭ ᠬᠥᠭᠵᠢᠯᠲᠡ ᠶᠢᠨ ᠲᠤᠷᠰᠢᠯᠲᠠ ᠶᠢᠨ ᠬᠤᠰᠢᠭᠤ ᠰᠢᠶᠠᠨ ᠢ ᠪᠦᠲᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠴᠢᠨᠠᠷᠯᠢᠭ ᠬᠢᠲᠠᠳ ᠡᠮᠨᠡᠯᠭᠡ ᠶᠢᠨ ᠣᠷᠳᠣᠨ ︵ᠮᠣᠩᠭᠤᠯ ᠡᠮᠨᠡᠯᠭᠡ ᠶᠢᠨ ᠣᠷᠳᠣᠨ︶᠎ ᠤ ᠬᠠᠷᠢᠴᠠᠯ ᠢ 60%᠎ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠪᠠᠶᠢᠩᠭᠤ ᠲᠣᠬᠢᠶᠠᠯᠳᠤᠳᠠᠭ ᠡᠪᠡᠳᠴᠢᠨ᠂ ᠤᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠴᠢ ᠰᠤᠪᠢᠯᠠᠭᠴᠢᠳ ᠢ ᠤᠯᠠᠮ ᠨᠢᠭᠡ ᠠᠯᠬᠤᠮ ᠬᠠᠯᠠᠮᠵᠢᠯᠠᠨ ᠬᠠᠷᠠᠭᠠᠯᠵᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠲᠣᠭᠲᠠᠪᠤᠷᠢᠵᠢᠭᠤᠯᠤᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠂ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ︽ᠨᠢᠭᠡᠳᠦᠯᠲᠡᠢ ᠡᠯᠰᠡᠬᠦ᠂ ᠨᠢᠭᠡᠳᠦᠯᠲᠡᠢ ᠬᠠᠮᠢᠶᠠᠷᠬᠤ᠂ ᠨᠢᠭᠡᠳᠦᠯᠲᠡᠢ ᠬᠡᠷᠡᠭᠯᠡᠬᠦ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ ᠪᠠ ᠬᠥᠮᠥᠵᠢᠭᠦᠯᠦᠨ᠎ᠡ᠃ ︽ᠦᠨᠳᠦᠰᠦᠨ ᠱᠠᠲᠤᠨ ᠳᠤ ᠴᠢᠨᠠᠷᠯᠢᠭ ᠦᠢᠯᠡᠴᠢᠯᠡᠬᠦ ᠠᠵᠢᠯᠯᠠᠭ᠎ᠠ︾ ᠎ ᠶᠢ ᠭᠦᠨᠵᠡᠭᠡᠢ ᠬᠡᠷᠡᠭᠵᠢᠭᠦᠯᠵᠦ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠬᠡᠦᠬᠡᠳ ᠵᠡᠷᠭᠡ ᠬᠦᠮᠦᠰ ᠲᠤ ᠴᠢᠭᠯᠡᠭᠦᠯᠦᠨ ︽ᠳᠥᠷᠪᠡᠨ ᠨᠢᠭᠡ︾᠎ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠪᠦᠬᠦ ᠲᠠᠯ᠎ᠠ ᠪᠠᠷ ᠥᠷᠨᠢᠭᠦᠯᠵᠦ᠂ ᠪᠠᠶᠢᠩᠭᠤ ᠰᠠᠭᠤᠭ᠎ᠠ ᠭᠤᠣᠯᠳᠠᠯᠭ᠎ᠠ ᠲᠠᠢ ᠬᠥᠮᠥᠰ ᠤᠨ ᠭᠡᠷ᠎ᠡ ᠲᠣᠭᠲᠠᠬᠤ ᠨᠣᠷᠮ᠎ᠠ ᠶᠢ 70%᠎ ᠠᠴᠠ ᠳᠡᠭᠡᠭᠰᠢ ᠳᠤ ᠪᠠᠶᠢᠯᠭᠠᠨ᠎ᠠ᠃ ᠤᠯᠤᠰ ᠤᠨ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ᠂ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠤᠰ ᠤᠨ ᠳᠠᠬᠢᠨ ᠪᠠᠶᠢᠴᠠᠭᠠᠯᠳᠠ ᠶᠢ ᠤᠭᠲᠤᠬᠤ ᠪᠡᠯᠡᠳᠬᠡᠯ ᠠᠵᠢᠯ ᠢ ᠰᠠᠶᠢᠲᠤᠷ ᠬᠢᠨ᠎ᠡ᠃   ︵ᠳᠣᠯᠤᠭ᠎ᠠ︶ ᠬᠦᠴᠦᠨ ᠢᠶᠠᠨ ᠲᠥᠪᠯᠡᠷᠡᠭᠦᠯᠦᠨ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠡᠯ᠎ᠡ ᠬᠦᠷᠢᠶᠡᠨ ᠤ ᠠᠮᠤᠷ ᠲᠦᠪᠰᠢᠨ ᠤ ᠲᠦᠭᠰᠢᠭᠦᠷᠢ ᠶᠢ ᠨᠢᠭᠡᠳᠦᠯᠲᠡᠢ ᠲᠥᠯᠥᠪᠯᠡᠨ ᠠᠷᠭᠠᠴᠠᠭᠠᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ ᠂ ᠨᠠᠩ ᠥᠨᠳᠥᠷ ᠬᠢᠷᠢ ᠲᠦᠪᠰᠢᠨ ᠪᠦᠬᠦᠢ ᠠᠮᠤᠷ ᠠᠮᠤᠭᠤᠯᠠᠩ ᠪᠠᠷᠠᠭᠤᠨ ᠦᠵᠦᠮᠦᠴᠢᠨ ᠬᠤᠰᠢᠭᠤ ᠶᠢ ᠪᠦᠲᠦᠭᠡᠨ ᠪᠠᠶᠢᠭᠤᠯᠤᠨ᠎ᠠ᠃    ᠨᠢᠭᠡ ᠳᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠪᠠᠷ ᠨᠢᠭᠡᠳᠦᠯᠲᠡᠢ ᠵᠢᠯᠣᠭᠤᠳᠤᠭᠤᠯᠤᠨ᠂ ᠦᠨᠳᠦᠰᠦᠲᠡᠨ ᠤ ᠬᠦᠷᠢᠶᠡᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ︽ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠭᠵᠢᠯᠲᠡ ᠶᠢᠨ ᠲᠠᠪᠤᠨ ᠵᠢᠯ ᠤᠨ ᠲᠥᠯᠦᠪᠵᠢᠭᠦᠯᠭᠡ︾᠎ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠡᠳ᠋ᠯᠡᠵᠦ ᠬᠠᠮᠲᠤ ᠪᠠᠷ ᠪᠠᠶᠢᠭᠤᠯᠬᠤ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠠᠩ ᠪᠦᠷᠢᠨ ᠲᠡᠭᠦᠯᠳᠡᠷ ᠨᠡᠶᠢᠭᠡᠮ ᠤᠨ ᠨᠥᠬᠦᠴᠡᠯ ᠢ ᠡᠭᠦᠳᠴᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠶᠢ ᠳᠠᠪᠰᠢᠭᠤᠯᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠣᠳᠠᠲᠠᠢ ᠪᠠᠷ ᠠᠳᠬᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠤᠬᠠᠭᠤᠯᠭ᠎ᠠ ᠬᠥᠮᠦᠵᠢᠯ ᠢ ᠪᠦᠲᠦᠮᠵᠢᠲᠡᠶ ᠥᠷᠨᠢᠭᠦᠯᠵᠦ᠂ ︽ᠭᠤᠷᠪᠠᠨ ᠰᠠᠯᠵᠦ ᠴᠢᠳᠠᠬᠤ ᠦᠭᠡᠢ︾᠂ ︽ᠲᠠᠪᠤᠨ ᠬᠠᠮᠳᠤ ᠶᠢᠨ ᠲᠠᠨᠢᠯᠲᠠ︾᠂ ︽ᠳᠥᠷᠪᠡ ᠶᠢ ᠬᠠᠮᠳᠤᠪᠠᠷ ᠡᠳ᠋ᠯᠡᠬᠦ︾ ᠣᠶᠢᠯᠭᠠᠭᠳᠠᠬᠤᠨ ᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠠᠰᠠᠭᠤᠳᠠᠯ ᠢ ᠴᠠᠭ ᠲᠤᠬᠠᠢ ᠳᠤᠨᠢ ᠯᠠᠪᠳᠠᠭᠤᠨ ᠪᠣᠯᠭᠤᠮᠵᠢᠲᠠᠢ ᠰᠢᠢᠳᠪᠦᠷᠢᠯᠡᠵᠦ᠂ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃   ᠬᠤᠶᠠᠷ ᠲᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠣᠯᠣᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠦᠷᠢᠯᠡᠯ ᠤᠨ ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠠᠵᠤ ᠠᠬᠤᠶᠢᠯᠠᠯ ᠤᠨ ᠠᠶᠤᠯᠬᠦᠢ ᠪᠠᠶᠢᠬᠤ ᠶᠢ ᠦᠨᠡᠯᠡᠨ ᠵᠢᠱᠢᠵᠦ ᠬᠠᠮᠲᠤᠷᠠᠨ ᠣᠨᠣᠰᠢᠯᠠᠬᠤ ᠶᠢ ᠪᠠᠶᠢᠩᠭᠤ ᠥᠷᠨᠢᠭᠦᠯᠵᠦ᠂ ᠬᠦᠨᠳᠦ ᠣᠨᠴᠠ ᠶᠡᠭᠡ ᠡ᠊ᠨᠳᠡᠯ ᠭᠠᠷᠬᠤ ᠶᠢ ᠡᠷᠡᠰ ᠰᠡᠷᠭᠡᠶᠢᠯᠡᠨ᠎ᠡ᠃ ᠦᠢᠯᠡᠳᠪᠦᠷᠢ ᠠᠭᠤᠷᠬᠠᠢ ᠶᠢᠨ ᠠᠶᠤᠯᠲᠠᠢ ᠬᠢᠮᠢ ᠶᠢᠨ ᠠᠵᠤ ᠦᠢᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠭᠠᠵᠠᠷ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠭᠡᠷ ᠪᠠᠷᠢᠬᠤ᠂ ᠬᠥᠮᠥᠨ ᠬᠠᠷ᠎ᠠ ᠬᠤᠷᠠᠨ ᠴᠤᠭᠯᠠᠷᠠᠭᠰᠠᠨ ᠭᠠᠵᠠᠷ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠ ᠭᠠᠮᠰᠢᠭ ᠢ ᠰᠡᠷᠭᠡᠶᠢᠯᠡᠨ ᠬᠤᠷᠬᠢᠷᠠᠯ ᠢ ᠪᠠᠭᠠᠰᠬᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠬᠡᠮᠵᠢᠵᠦ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠠᠲᠤᠯᠠᠨ᠎ᠠ᠃    ᠭᠤᠷᠪᠠ ᠳᠤ᠂ ᠭᠤᠣᠯᠳᠠᠯᠭ᠎ᠠ ᠲᠠᠢ ᠬᠦᠷᠢᠶᠡᠨ ᠴᠠᠷᠠᠭᠠᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ᠎ᠡ ᠃ ᠰᠢᠨ᠎ᠡ ᠱᠠᠲᠤ ᠦᠶ᠎ᠡ ᠶᠢᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠬᠢᠵᠠᠭᠠᠷᠯᠠᠬᠤ ᠰᠢᠨ᠎ᠡ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠢ ︽ᠬᠥᠬᠡᠭᠴᠢᠨ ᠲᠦᠷᠦᠯ ᠤᠨ ᠲᠠᠭᠰᠢᠭᠤᠷ ᠤᠨ ᠬᠠᠮᠢᠶᠠᠷᠤᠯᠲᠠ ᠥᠷᠨᠢᠭᠦᠯᠬᠦ︾᠎ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠬᠡᠷᠡᠭᠵᠢᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠨᠡᠩ ᠢᠯᠡᠭᠦᠦ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ᠂ ᠬᠤᠯᠤᠭᠠᠨ᠎ᠠ ᠶᠢᠨ ᠬᠢᠵᠢᠭ᠂ ᠪᠷᠦ᠋ᠼᠧᠯ ᠡᠪᠡᠳᠴᠢᠨ ᠵᠡᠷᠭᠡ ᠤᠯᠠᠨ ᠲᠥᠷᠥᠯ ᠤᠨ ᠡᠪᠡᠳᠴᠢᠨ ᠢ ᠬᠠᠮᠲᠤ ᠪᠠᠷ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠤᠯᠠᠨ ᠲᠦᠮᠡᠨ ᠤ ᠡᠷᠡᠭᠦᠯ ᠮᠡᠨᠳᠤ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠯᠠᠪᠳᠠᠭᠤᠨ ᠢᠶᠠᠷ ᠰᠢᠢᠳᠪᠦᠷᠢᠯᠡᠵᠦ᠂ 1.8 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠰᠢᠢᠳᠪᠦᠷᠢᠯᠡᠬᠦ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠪᠡᠯᠡ ᠬᠥᠷᠥᠩᠭᠡ ᠶᠢ ᠪᠦᠲᠦᠮᠵᠢᠲᠡᠶ ᠪᠠᠷ ᠰᠢᠢᠳᠪᠦᠷᠢᠯᠡᠵᠦ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠪᠠ ᠥᠷᠢ ᠥᠭᠴᠡᠭᠡ ᠠᠴᠠ ᠵᠠᠶᠢᠯᠠᠬᠤ ᠪᠠ ᠲᠡᠭᠦᠨ ᠢ ᠬᠦᠴᠦᠨ ᠦᠭᠡᠢ ᠪᠣᠯᠭᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠢ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠲᠤ ᠦᠢᠯᠡᠴᠢᠯᠡᠬᠦ ᠪᠠᠲᠤᠯᠠᠭ᠎ᠠ ᠶᠢ ᠴᠢᠩᠭᠠᠳᠬᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠡᠩ ᠤᠨ ᠴᠢᠨᠠᠷᠲᠠᠢ ᠵᠠᠷᠤᠯᠭ᠎ᠠ ᠪᠠ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠤᠨ ᠲᠥᠰᠥᠪ ᠤᠨ ᠲᠣᠬᠢᠷᠠᠭᠤᠯᠤᠯᠲᠠ ᠶᠢ ᠴᠢᠩᠭ᠎ᠠ ᠬᠢᠵᠠᠭᠠᠷᠯᠠᠨ᠎ᠠ᠃    ᠳᠥᠷᠪᠡ ᠳᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠳᠬᠠᠨ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ᠎ᠡ᠃ ᠤᠳᠤᠷᠢᠳᠤᠯᠭ᠎ᠠ ᠶᠢᠨ ᠵᠠᠬᠢᠲᠠᠯ ᠰᠤᠷᠪᠤᠯᠵᠢᠯᠠᠯ ᠢ ᠭᠥᠯᠢᠶᠡᠨ ᠠᠪᠬᠤ ᠪᠠ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠱᠠᠭᠠᠷᠳᠠᠯᠭ᠎ᠠ ᠭᠤᠶᠤᠴᠢᠯᠠᠯ ᠢ ᠬᠠᠤᠯᠢ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠨ᠎ᠡ᠃ ᠪᠦᠬᠦ ᠠᠷᠠᠳ ᠲᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠨᠡᠶᠢᠭᠡᠮ ᠳᠠᠶᠠᠭᠠᠷ ᠤᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠦᠨ᠎ᠡ᠃ ᠠᠮᠤᠷ ᠠᠮᠤᠭᠤᠯᠠᠩ ᠪᠠᠷᠠᠭᠤᠨ ᠦᠵᠦᠮᠦᠴᠢᠨ ᠤ ᠪᠠᠶᠢᠭᠤᠯᠤᠯᠲᠠ ᠶᠢ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ︽ᠬᠤᠯᠠᠭᠠᠶᠢᠯᠠᠬᠤ ᠪᠤᠯᠢᠶᠠᠬᠤ ᠮᠡᠬᠡᠯᠡᠬᠦ︾᠂ ︽ᠢᠳᠡᠭᠡᠨ ᠤ ᠵᠦᠢᠯ ᠡᠮ ᠤᠨ ᠵᠦᠢᠯ ᠤᠨ ᠬᠦᠷᠢᠶ᠎ᠡ ᠴᠠᠷᠠᠭᠠᠨ︾᠎ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠴᠣᠬᠢᠯᠲᠠ ᠥᠭᠬᠦ ᠡᠷᠴᠢᠮ ᠢᠶᠠᠨ ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ ᠤ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠬᠤ ᠶᠢ ᠪᠠᠲᠤᠯᠠᠨ᠎ᠠ᠃    ︵ᠨᠠᠢᠮᠠ︶ ᠬᠦᠴᠦᠨ ᠢᠶᠠᠨ ᠲᠥᠪᠯᠡᠷᠡᠭᠦᠯᠦᠨ ᠴᠢᠳᠠᠪᠤᠷᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠷᠮᠠᠶᠢᠨ ᠴᠢᠩᠭᠠᠳᠬᠠᠨ᠎ᠠ᠃ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠭᠤᠷᠪᠠᠨ ᠡᠷᠬᠡᠪᠰᠢ︾᠎ ᠶᠢ ᠢᠮᠠᠭᠲᠠ ᠪᠠᠲᠤ ᠴᠡᠭᠡᠵᠢᠯᠡᠨ᠂ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠨ᠎ᠠ ᠨᠢᠭᠡ ᠳᠤ᠂ ᠦᠨᠡᠨᠴᠢ ᠰᠢᠳᠤᠷᠭᠤ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠣᠨᠣᠪᠴᠢᠲᠠᠶ ᠡᠵᠡᠮᠰᠢᠵᠦ᠂ ᠪᠦᠬᠦ ᠲᠠᠯ᠎ᠠ ᠪᠠᠷ  ᠨᠠᠶᠢᠳᠠᠪᠤᠷᠢᠵᠢᠭᠤᠯᠤᠨ ᠂ ᠨᠠᠮ ᠤᠨ ᠤᠨᠤᠯ ᠤᠨ ᠰᠢᠨ᠎ᠡ ᠡᠭᠦᠳᠦᠯᠲᠡ ᠪᠠᠷ ᠬᠦᠰᠡᠯᠡᠩ ᠢᠶᠠᠨ ᠪᠠᠲᠤᠳᠬᠠᠵᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠲᠤᠭᠲᠠᠭᠠᠭᠰᠠᠨ︾᠎ ᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠨ᠎ᠠ᠃   ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠳᠦᠷᠢᠮ ᠢᠶᠠᠷ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠶᠠᠪᠤᠳᠠᠯ ᠭᠦᠢᠴᠡᠳᠬᠡᠬᠦ ᠶᠢ ᠪᠠᠷᠢᠮᠲᠠᠯᠠᠨ᠂ ᠪᠦᠬᠦ ᠶᠠᠪᠤᠴᠠ ᠳᠤ ᠠᠷᠠᠳ ᠤᠨ ᠠᠷᠠᠳᠴᠢᠯᠠᠯ ᠢ ᠪᠡᠶᠡᠯᠡᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠶᠤᠰᠤᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠳᠡᠮᠵᠢᠬᠦ ᠶᠢᠨ ᠳᠠᠭᠠᠤ᠂ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠠᠵᠢᠯᠯᠠᠭ᠎ᠠ ᠶᠢ ᠪᠦᠬᠦ ᠲᠠᠯ᠎ᠠ ᠪᠠᠷ ᠬᠠᠤᠯᠢᠵᠢᠯ ᠤᠨ ᠵᠠᠮ ᠢᠶᠠᠷ ᠵᠠᠮᠨᠠᠭᠤᠯᠤᠨ᠂ ᠵᠠᠰᠠᠭ ᠵᠠᠬᠢᠷᠭᠠᠨ ᠤ ᠦᠷ᠎ᠡ ᠠᠰᠢᠭᠯᠠᠮᠵᠢ ᠪᠠ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃    ᠭᠤᠷᠪᠠ ᠳᠤ᠂ ᠠᠷᠠᠳ ᠤᠨ ᠲᠥᠯᠥᠭᠡ ᠲᠦᠷᠦ ᠪᠠᠷᠢᠬᠤ ᠶᠢ ᠪᠠᠷᠢᠮᠲᠠᠯᠠᠨ᠎ᠠ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠵᠥᠪ ᠤᠨᠤᠪᠴᠢᠲᠠᠢ ᠵᠠᠰᠠᠭ ᠤᠨ ᠠᠵᠢᠯ ᠤᠨ ᠪᠦᠲᠦᠮᠵᠢ ᠤ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠵᠤᠷᠢᠭᠲᠠᠢ ᠬᠠᠷᠢᠭᠤᠴᠠᠯᠭ᠎ᠠ ᠡᠭᠦᠷᠭᠡᠯᠡᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠮᠠᠭᠲᠠ ᠤᠯᠠᠨ ᠲᠦᠮᠡᠨ ᠲᠠᠢ ᠬᠠᠮᠲᠤ ᠵᠣᠭᠰᠣᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨ ᠰᠡᠳᠬᠢᠯ ᠠᠴᠠ ᠪᠠᠨ ᠦᠨᠳᠦᠰᠦᠨ ᠱᠠᠲᠤᠨ ᠤ ᠪᠣᠳᠠᠲᠠᠢ ᠬᠦᠴᠢᠷᠳᠡᠯ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠤᠴᠢᠷ ᠶᠠᠪᠤᠳᠠᠯ ᠢ ᠰᠢᠢᠳᠪᠦᠷᠢᠯᠡᠨ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠳᠤ ᠲᠦᠰᠢᠭᠯᠡᠨ ᠠᠭᠤᠤ ᠶᠡᠭᠡ ᠠᠵᠢᠯ ᠦᠢᠯᠡᠰ ᠪᠠ ᠪᠤᠲᠠᠲᠤ ᠠᠵᠢᠯ ᠶᠠᠪᠤᠳᠠᠯ ᠪᠦᠲᠦᠭᠡᠨ᠂ ᠠᠷᠠᠳ ᠤᠨ ᠬᠦᠴᠦᠨ ᠢ ᠨᠢᠭᠲᠠᠷᠠᠭᠤᠯᠵᠤ᠂ ᠠᠷᠠᠳ ᠤᠨ ᠰᠡᠳᠬᠢᠯ ᠢ ᠲᠣᠯᠠᠭᠠᠴᠠᠭᠤᠯᠤᠨ᠎ᠠ᠃   ᠳᠥᠷᠪᠡ ᠳᠤ᠂ ᠦᠨᠡᠨ ᠪᠣᠳᠠᠲᠠᠢ ᠠᠵᠢᠯᠯᠠᠵᠤ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ︽ᠲᠤᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠰᠢᠢᠳᠪᠦᠷᠢᠯᠡᠵᠦ ᠴᠢᠳᠠᠨ᠎ᠠ ᠭᠡᠬᠦ ᠰᠡᠳᠬᠢᠬᠦᠢ︾᠎ ᠶᠢ ᠪᠠᠲᠤ ᠪᠠᠬᠢ ᠪᠤᠢ ᠪᠣᠯᠭᠠᠵᠤ᠂ ᠠᠵᠢᠯ ᠬᠢᠵᠦ ᠠᠵᠢᠯ ᠪᠦᠲᠦᠭᠡᠬᠦ ᠤᠬᠠᠮᠰᠠᠷ ᠢᠶᠠᠨ ᠴᠢᠩᠭᠠᠳᠬᠠᠨ᠂ ᠪᠤᠰᠤᠳ ᠠᠴᠠ ᠲᠦᠷᠦᠭᠦᠯᠡᠨ ᠠᠵᠢᠯᠯᠠᠵᠤ᠂ ᠥᠷᠢᠰᠦᠯᠳᠦᠨ ᠱᠠᠯᠠᠮᠠᠭᠠᠶᠢᠯᠠᠬᠤ ᠡᠷᠴᠢ ᠬᠦᠴᠦᠨ ᠢ ᠬᠥᠭᠵᠢᠭᠡᠨ᠂ ᠬᠦᠴᠢᠷᠳᠡᠯ ᠲᠠᠭᠠᠷᠠᠯᠳᠤᠪᠠᠯ ᠵᠠᠪᠠᠯ ᠰᠢᠢᠳᠪᠦᠷᠢᠯᠡᠬᠦ ᠰᠥᠰᠥ ᠵᠣᠷᠢᠭ ᠢ ᠪᠠᠳᠠᠷᠠᠭᠤᠯᠵᠤ᠂ ᠵᠣᠷᠢᠭᠲᠠᠢ ᠪᠠᠷ ᠭᠠᠪᠰᠢᠭᠠᠶᠢᠯᠠᠨ ᠠᠵᠢᠯᠯᠠᠵᠤ᠂ ᠡᠷᠴᠢ ᠵᠣᠷᠢᠭ ᠲᠠᠢ ᠪᠠᠨ ᠬᠠᠷᠠᠯᠲᠠ ᠪᠠᠨ ᠨᠠᠶᠢᠳᠠᠪᠤᠷᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠳᠬᠤᠨ᠂ ᠬᠤᠷᠳᠤᠴᠠ ᠶᠢ ᠪᠠᠲᠤᠯᠠᠵᠤ᠂ ᠦᠷ᠎ᠡ ᠪᠦᠲᠦᠮᠵᠢ ᠶᠢ ᠠᠳᠬᠤᠨ᠎ᠠ᠃   ᠲᠠᠪᠤ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠴᠢᠩᠭ᠎ᠠ ᠡᠭᠦᠷᠭᠡᠯᠡᠵᠦ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠦᠬᠦᠷᠡᠰᠢ ᠦᠭᠡᠢ ᠨᠠᠶᠢᠳᠠᠪᠤᠷᠢᠵᠢᠭᠤᠯᠤᠨ᠂ ︽ᠲᠦᠷᠪᠡᠨ ᠰᠤᠷᠲᠠᠯ︾ ᠢᠯᠠᠩᠭᠤᠶ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ ᠵᠠᠯᠠᠷᠠᠭᠤᠯᠵᠤ᠂ ︽ᠭᠤᠷᠪᠠᠨ ᠤᠯᠠᠨ᠂ ᠭᠤᠷᠪᠠᠨ ᠴᠥᠬᠡᠨ᠂ ᠭᠤᠷᠪᠠᠨ ᠤᠳᠠᠭᠠᠨ︾᠎ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠷᠬᠡ ᠲᠥᠪᠯᠡᠷᠡᠭᠰᠡᠨ᠂ ᠪᠡᠯᠡ ᠮᠥᠩᠭᠦ ᠬᠤᠷᠠᠮᠳᠤᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶ᠎ᠡ ᠴᠠᠷᠠᠭᠠᠨ ᠤ ᠬᠢᠨᠠᠯᠲᠠ ᠪᠠ ᠬᠢᠵᠠᠭᠠᠷᠯᠠᠯ ᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠤᠨ᠎ᠠ᠃    ᠲᠥᠯᠥᠭᠡᠯᠡᠭᠴᠢᠳ ᠠ᠋᠂ ᠨᠥᠬᠦᠳ ᠠ᠋︕ ᠲᠡᠦᠬᠡ ᠶᠢ ᠴᠢᠷᠮᠠᠶᠢᠨ ᠡᠭᠦᠳᠴᠦ᠂ ᠪᠣᠳᠠᠲᠠᠢ ᠠᠵᠢᠯᠯᠠᠪᠠᠯ ᠰᠠᠶ᠋ᠢ ᠢᠷᠡᠭᠡᠳᠦᠢ ᠶᠢ ᠲᠡᠮᠡᠴᠡᠨ ᠣᠯᠵᠤ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠴᠢᠩᠭ᠎ᠠ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠵᠢᠯᠣᠭᠤᠳᠤᠯᠭ᠎ᠠ ᠪᠣᠯᠣᠨ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠮᠣᠩᠭᠤᠯ ᠮᠣᠷᠢᠨ︾᠎ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠪᠦᠯᠬᠦᠮᠳᠡᠨ ᠲᠡᠮᠡᠴᠡᠵᠦ᠂ ᠥᠨᠥ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠂ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠶ᠎ᠡ︕
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号