ᠵᠠᠰᠠᠭ ᠤᠨ ᠤᠷᠳᠤᠨ ᠤ ᠠᠵᠢᠯ ᠤᠨ ᠢᠯᠡᠳᠭᠡᠯ | 2023 ᠣᠨ ᠤ 2 ᠰᠠᠷ᠎ᠠ ᠶᠢᠨ 15 ᠤ ᠡᠳᠦᠷ ᠪᠠᠷᠠᠭᠤᠨ ᠦᠵᠦᠮᠦᠴᠢᠨ ᠬᠤᠰᠢᠭᠤᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠤᠳᠠᠭᠠᠨ ᠤ ᠬᠤᠷᠠᠯᠳᠤᠭᠠᠨ ᠳᠡᠭᠡᠷ᠎ᠡ | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠣᠣ | ᠬᠤᠩ ᠭᠠᠩ | ᠲᠥᠯᠥᠭᠡᠯᠡᠭᠴᠢᠳ ᠡ᠄ | ᠣᠲᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ | ᠬᠢᠶ᠎ᠠ᠂ ᠬᠢᠨᠠᠨ ᠵᠥᠪᠯᠡᠬᠦ ᠪᠣᠯᠪᠠᠤ᠂ ᠮᠦᠨᠴᠦ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ | ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ︕ | ᠨᠢᠭᠡ᠂ 2022 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2022 ᠣᠨ ᠪᠣᠯ ᠪᠠᠷᠠᠭᠤᠨ ᠦᠵᠦᠮᠦᠴᠢᠨ ᠬᠤᠰᠢᠭᠤᠨ ᠤ ᠲᠡᠦᠬᠡᠨ ᠳᠡᠭᠡᠷᠡᠬᠢ ᠴᠢᠬᠤᠯᠠ | ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠬᠤᠰᠢᠭᠤ ᠵᠠᠰᠠᠭ ᠤᠨ ᠣᠷᠳᠣᠨ ᠨᠢ ᠬᠤᠰᠢᠭᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠳᠠᠯᠠᠨ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ | ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠨᠡᠮᠡᠭᠳᠡᠯ ᠢ | ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ | ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠂ ᠪᠦᠬᠦ ᠵᠢᠯ ᠤᠨ ᠬᠠᠷᠠᠯᠲᠠ ᠡᠭᠦᠷᠭᠡ ᠪᠠᠨ | ᠨᠡᠯᠢᠶᠡᠳ ᠰᠠᠶᠢᠨ ᠪᠡᠶᠡᠯᠡᠭᠦᠯᠵᠦ᠂ ᠠᠶᠢᠮᠠᠭ ᠤᠨ ᠵᠠᠬᠢᠷᠭ᠎ᠠ ᠶᠢᠨ ᠣᠨ ᠤ ᠭᠤᠣᠯᠳᠠᠯᠭ᠎ᠠ ᠲᠠᠢ ᠠᠵᠢᠯ ᠤᠨ | ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠳᠤ ᠨᠢᠭᠡᠳᠦᠭᠡᠷ ᠲᠤ ᠣᠷᠣᠪᠠ᠃ | ︵ᠨᠢᠭᠡ︶ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠢ ᠶᠡᠬᠡᠪᠡᠷ ᠳᠡᠭᠡᠭᠰᠢᠯᠡᠬᠦᠯᠪᠡ᠃ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠤᠩᠬᠡᠢ ᠥᠷᠲᠡᠭ ᠠᠩᠬ᠎ᠠ ᠤᠳᠠᠭ᠎ᠠ 200 ᠳ᠋ᠦᠩᠰᠢᠭᠤᠷ ᠲᠥᠭᠦᠷᠢᠭ ᠢ ᠳᠠᠪᠠᠵᠤ | ᠂ 219.86 ᠳ᠋ᠦᠩᠰᠢᠭᠤᠷ ᠲᠥᠭᠦᠷᠢᠭ ᠢ ᠪᠡᠶᠡᠯᠡᠭᠦᠯᠤᠨ᠂ ᠠᠳᠠᠯᠢ ᠬᠤᠭᠤᠴᠠᠭᠠᠨ ᠤ ᠬᠢ ᠠᠴᠠ 10.6% ᠪᠠᠷ | ᠨᠡᠮᠡᠭᠳᠡᠪᠡ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 22.18 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠪᠡ᠃ ᠬᠤᠶᠠᠳᠤᠭᠠᠷ ᠠᠵᠤ | ᠦᠢᠯᠡᠰ ᠤᠨ ᠨᠡᠮᠡᠭᠳᠡᠯ ᠥᠷᠲᠡᠭ172.04 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ 13.5% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 25.65 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ | 16.5% ᠪᠠᠷ ᠨᠡᠮᠡᠭᠳᠡᠵᠡᠢ᠃ 100 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ | ᠲᠤᠬᠠᠢ ᠶᠢᠨ ᠵᠢᠯ ᠳᠤ 73 ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠡᠭᠦᠨ ᠳᠤ 12 ᠠᠶᠢᠮᠠᠭ ᠤᠨ ᠲᠠᠰ ᠤᠨ | ᠭᠤᠣᠯᠳᠠᠯᠭ᠎ᠠ ᠲᠠᠢ ᠲᠥᠷᠥᠯ ᠵᠦᠢᠯ ᠢ ᠪᠦᠬᠦᠨ ᠢ ᠡᠬᠢᠯᠡᠨ ᠪᠠᠶᠢᠭᠤᠯᠵᠤ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 48.37 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ | 39% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 23.9 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15.3% ᠪᠠᠷ ᠨᠡᠮᠡᠭᠳᠡᠪᠡ᠃ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 11.4 ᠳ᠋ᠦᠩᠰᠢᠭᠤᠷ ᠲᠥᠭᠦᠷᠢᠭ ᠢ | ᠪᠡᠶᠡᠯᠬᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠲᠣᠰ ᠲᠣᠰ 48094 ᠲᠥᠭᠦᠷᠢᠭ ᠪᠠ 35602 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ ᠲᠣᠰ ᠲᠣᠰ 5.1% ᠪᠠ 6.6% ᠪᠠᠷ ᠨᠡᠮᠡᠭᠳᠡᠪᠡ᠃ ᠪᠦᠬᠦ ᠵᠢᠯ ᠳᠤ ᠳᠡᠰ ᠳᠡᠪᠰᠢᠬᠦᠯᠦᠨ | ᠪᠦᠷᠢᠳᠬᠡᠯ ᠳᠤ ᠤᠷᠤᠭᠰᠠᠨ ᠠᠵᠤ ᠦᠶᠯᠡᠳᠪᠦᠷᠢ ᠶᠢᠨ ᠠᠵᠤ ᠠᠬᠤᠶᠢᠯᠠᠯ 2 ᠨᠡᠮᠡᠭᠳᠡᠵᠦ᠂ ᠭᠠᠶᠢᠯᠢ ᠲᠤᠰᠢᠶᠠᠬᠤ | ᠠᠵᠤ ᠠᠬᠤᠶᠢᠯᠠᠯ ᠰᠢᠨ᠎ᠡ ᠪᠠᠷ 5 ᠶᠢ ᠪᠣᠶᠢᠵᠢᠭᠤᠯᠤᠨ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠠᠵᠤ | ᠠᠬᠤᠶᠢᠯᠠᠯ ᠢ ᠬᠠᠷᠢᠶ᠎ᠠ ᠭᠠᠵᠠᠷ ᠲᠤ ᠪᠠᠨ 7 ᠶᠢ ᠳᠠᠩᠰᠠᠯᠠᠭᠤᠯᠬᠤ ᠶᠢ ᠪᠡᠶᠡᠯᠡᠭᠦᠯᠪᠡ᠃ ᠮᠥᠩᠭᠦᠨ ᠭᠦᠢᠯᠭᠡᠭᠡᠨ ᠤ | ᠲᠤᠯᠭᠠᠭᠤᠷᠢᠯᠠᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠡᠳ᠋ ᠤᠨ ᠵᠠᠰᠠᠭ ᠢᠲᠡᠭᠡᠮᠵᠢ ᠶᠢᠨ ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰ ᠲᠣᠰ 110.8 ᠳ᠋ᠦᠩᠰᠢᠭᠤᠷ ᠲᠥᠭᠦᠷᠢᠭ ᠪᠠ 95. | 7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 46% ᠪᠠ 24. | 8% ᠪᠠᠷ ᠨᠡᠮᠡᠭᠳᠡᠪᠡ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠶᠡᠷᠦᠩᠬᠡᠢ ᠬᠡᠮᠵᠢᠶ᠎ᠡ ᠪᠠ | ᠨᠡᠮᠡᠭᠳᠡᠯ ᠤᠨ ᠬᠤᠷᠳᠤᠴᠠ ᠨᠢ ᠴᠥᠮ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠤᠷᠤᠵᠦ᠂ 6 ᠵᠢᠯ ᠳᠠᠷᠠᠭᠠᠯᠠᠨ ︽ | ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ︾ ᠪᠠᠷ ᠰᠣᠩᠭᠤᠭᠳᠠᠪᠠ᠃ | ︵ᠬᠤᠶᠠᠷ︶ ᠠᠵᠤ ᠦᠢᠯᠡᠰ ᠤᠨ ᠲᠠᠰ ᠳᠡᠪᠰᠢᠬᠦ ᠠᠯᠬᠤᠴᠠ ᠶᠢ ᠢᠯᠡᠳᠲᠡ ᠲᠦᠷᠭᠡᠳᠬᠡᠪᠡ | — — ᠤᠳᠤᠬᠢᠴᠢᠯᠠᠭᠰᠠᠨ ᠮᠠᠯ ᠠᠵᠤ ᠠᠬᠤᠢ ᠶᠢ ᠲᠦᠷᠭᠡᠪᠴᠢᠯᠡᠨ ᠬᠥᠭᠵᠢᠭᠦᠯᠪᠡ᠃ ᠣᠯᠠᠮᠵᠢᠯᠠᠯᠲᠤ ᠮᠠᠯ | ᠠᠵᠤ ᠠᠬᠤᠢ ᠶᠢᠨ ᠤᠳᠤᠬᠢᠴᠢᠯᠠᠭᠰᠠ ᠠᠮᠢ ᠠᠬᠤᠢ ᠶᠢᠨ ᠠᠵᠤ ᠠᠬᠤᠢ ᠲᠡᠶᠢᠰᠢ ᠬᠤᠪᠢᠷᠠᠬᠤ ᠶᠢ ᠠᠬᠢᠭᠤᠯᠵᠤ᠂ | ᠤᠯᠤᠰ ᠤᠨ ᠲᠠᠯ᠎ᠠ ᠨᠤᠲᠤᠭ ᠤᠨ ᠮᠠᠯᠵᠢᠯ ᠤᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠬᠦ | ᠲᠤᠷᠰᠢᠯᠲᠠ ᠶᠢᠨ ᠴᠢᠭ ᠤᠨ ᠲᠥᠷᠥᠯ ᠵᠦᠢᠯ ᠢ ᠠᠮᠵᠢᠯᠳᠠᠳᠠᠢ ᠡᠷᠡᠮᠡᠯᠵᠡᠯᠡᠨ ᠣᠯᠪᠠ᠃ ᠮᠢᠬᠠᠨ ᠤ ᠦᠬᠡᠷ ᠤᠨ ᠠᠵᠤ | ᠦᠢᠯᠡᠰ ᠢ ᠶᠡᠬᠡᠪᠡᠷ ᠬᠥᠭᠵᠢᠭᠦᠯᠵᠦ᠂ 1300 ᠭᠠᠷᠤᠢ ᠲᠣᠯᠣᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ | ᠣᠷᠣᠭᠤᠯᠵᠤ᠂ 1 ᠳᠦᠮᠡ ᠭᠠᠷᠤᠢ ᠦᠨᠢᠶᠡᠨ ᠳᠤ ᠬᠡᠭᠡᠯᠲᠦᠭᠦᠯᠭᠡ ᠬᠢᠵᠦ᠂ ᠬᠤᠰᠢᠭᠤ ᠱᠠᠲᠤᠨ ᠤ ᠮᠢᠬᠠᠨ ᠤ ᠦᠬᠡᠷ | ᠤᠨ ᠭᠤᠣᠯᠳᠠᠯᠭᠠᠲᠤ ᠰᠦᠷᠦᠭ 6 ᠢ ᠪᠤᠶᠢᠵᠢᠭᠤᠯᠤᠨ᠂ ᠮᠢᠬᠠᠨ ᠤ ᠦᠬᠡᠷ 32 ᠲᠦᠮᠡ ᠳᠤ ᠬᠦᠷᠪᠡ᠃ ᠮᠢᠬᠠᠨ ᠤ | ᠬᠤᠨᠢᠨ ᠤ ᠠᠵᠤ ᠦᠢᠯᠡᠰ ᠢ ᠲᠡᠳᠬᠦᠨ ᠬᠥᠭᠵᠢᠭᠦᠯᠵᠦ᠂ ᠦᠵᠦᠮᠦᠴᠢᠨ ᠬᠤᠨᠢᠨ ᠤ ᠡᠭᠦᠯᠳᠡᠷ ᠰᠠᠶᠢᠵᠢᠷᠠᠭᠤᠯᠬᠤ | ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 1228 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ | ᠲᠠᠷᠬᠠᠭᠠᠪᠠ᠃ ᠦᠵᠦᠮᠦᠴᠢᠨ ᠬᠤᠨᠢ ᠶᠢ ᠦᠰᠬᠡᠨ ᠦᠷᠡᠵᠢᠬᠦᠯᠬᠦ ᠰᠢᠰᠲ᠋ᠧᠮ ᠢ ᠰᠢᠯᠢᠳᠡᠭᠵᠢᠭᠦᠯᠦᠨ᠂ ᠦᠵᠦᠮᠦᠴᠢᠨ | ᠬᠤᠨᠢᠨ ᠤ ᠭᠤᠣᠯᠳᠠᠯᠭᠠᠲᠤ ᠰᠦᠷᠦᠭ 20᠂ ᠪᠠᠷᠢᠮᠵᠢᠶᠠᠵᠢᠭᠰᠠᠨ ᠰᠦᠷᠦᠭ 100 ᠶᠢ ᠪᠣᠶᠢᠵᠢᠭᠤᠯᠵᠤ᠂ ᠥᠪᠥᠷ | ᠮᠣᠩᠭᠤᠯ ᠤᠨ ᠶᠡᠭᠡ ᠰᠤᠷᠭᠠᠭᠤᠯᠢ ᠲᠠᠢ ᠬᠠᠮᠲᠤᠷᠠᠨ ᠦᠵᠦᠮᠦᠴᠢᠨ ᠬᠤᠨᠢᠨ ᠤ ︽ᠢᠬᠡᠷ᠎ᠡ ᠬᠤᠷᠠᠭ᠎ᠠ︾ | ᠪᠣᠶᠢᠵᠢᠭᠤᠯᠬᠤ ᠲᠥᠷᠥᠯ ᠵᠦᠢᠯ ᠢ ᠬᠡᠷᠡᠭᠵᠢᠬᠦᠯᠪᠡ᠃ ᠠᠳᠤᠭᠤᠨ ᠤ ᠠᠵᠤ ᠦᠢᠯᠡᠰ ᠢ ᠬᠥᠭᠵᠢᠭᠦᠯᠵᠦ᠂ ᠤᠯᠤᠰ ᠤᠨ | ᠲᠡᠰ ᠤᠨ ᠮᠣᠩᠭᠤᠯ ᠠᠳᠤᠭᠤᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠲᠥᠷᠥᠯ ᠵᠦᠢᠯ ᠢ ᠬᠡᠷᠡᠭᠵᠢᠬᠦᠯᠵᠦ | ᠂ ᠮᠣᠩᠭᠤᠯ ᠠᠳᠤᠭᠤᠨ ᠤ 63 ᠭᠤᠤᠯᠳᠠᠯᠭᠠᠳᠤ ᠰᠦᠷᠦᠭ ᠢ ᠰᠢᠯᠢᠳᠡᠭᠵᠢᠬᠦᠯᠪᠡ᠃ ᠡᠭᠦᠨ ᠳᠤ ᠦᠵᠦᠮᠦᠴᠢᠨ ᠴᠠᠭᠠᠨ | ᠠᠳᠤᠭᠤᠨ ᠤ ᠭᠤᠤᠯᠳᠠᠯᠭᠠᠳᠤ ᠰᠦᠷᠦᠭ 25᠂ ᠪᠠᠷᠢᠮᠵᠢᠶᠠᠵᠢᠭᠤᠯᠤᠭᠰᠠᠨ ᠴᠡᠭᠡ ᠡᠳ᠋ᠰᠢᠭᠦᠯᠬᠦ ᠵᠢᠵᠢᠭ | ᠦᠢᠯᠡᠳᠬᠡᠯ ᠤᠨ ᠭᠠᠵᠠᠷ 2 ᠢ ᠰᠢᠨ᠎ᠡ ᠪᠠᠷ ᠪᠠᠶᠢᠭᠤᠯᠪᠠ᠃ ᠴᠠᠭᠠᠨ ᠢᠳᠡᠭᠡᠨ ᠤ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠵᠤ᠂ ᠣᠨᠴᠠᠯᠢᠭᠲᠤ ᠴᠠᠭᠠᠨ ᠢᠳᠡᠭᠡᠨ ᠢ ᠡᠳ᠋ᠰᠢᠭᠦᠯᠬᠦ 16 ᠵᠢᠵᠢᠭ ᠦᠢᠯᠡᠳᠬᠡᠯ ᠤᠨ | ᠭᠠᠵᠠᠷ ᠢ ᠲᠠᠰ ᠳᠡᠪᠰᠢᠭᠦᠯᠦᠨ ᠥᠭᠡᠷᠡᠴᠢᠯᠡᠪᠡ᠃ ᠵᠢᠦᠢ ᠪᠦᠦ ᠶᠤᠸᠠᠨ ᠤᠯᠠᠭᠠᠨ ᠢᠳᠡᠭᠡᠨ ᠡᠳ᠋ᠰᠢᠭᠦᠯᠬᠦ ᠲᠥᠷᠥᠯ | ᠵᠦᠢᠯ ᠢ ᠤᠷᠤᠭᠰᠢᠲᠠᠢ ᠠᠰᠢᠭᠯᠠᠯᠲᠠ ᠳᠤ ᠣᠷᠣᠭᠤᠯᠵᠤ᠂ ᠮᠠᠯ ᠤᠨ ᠠᠰᠢᠭ ᠰᠢᠮ᠎ᠡ ᠶᠢ ᠲᠤᠬᠠᠢ ᠶᠢᠨ ᠭᠠᠵᠠᠷ ᠲᠤᠨᠢ | ᠡᠳ᠋ᠰᠢᠭᠦᠯᠦᠨ ᠬᠤᠪᠢᠷᠠᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 60 ᠭᠡᠷ ᠪᠦᠯᠢ ᠶᠢᠨ | ᠮᠠᠯᠵᠢᠯ ᠤᠨ ᠲᠠᠯᠠᠪᠠᠶ ᠶᠢ ᠬᠢᠨᠠᠨ ᠲᠣᠭᠲᠠᠭᠠᠵᠤ᠂ ᠬᠤᠭᠤᠯᠠᠳᠤ ᠶᠢᠨ ᠭᠤᠣᠯ ᠪᠠᠯᠭᠠᠰᠤ ᠨᠢ ᠤᠯᠤᠰ ᠤᠨ ᠲᠠᠰ ᠤᠨ ︽ | ᠨᠢᠭᠡ ᠲᠣᠰᠬᠤᠨ ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠪᠠᠯᠭᠠᠰᠤ ᠪᠠᠷ ᠦᠨᠡᠯᠡᠭᠳᠡᠪᠡ᠃ ᠠᠮᠢᠲᠠᠨ ᠤ | ᠬᠢᠵᠢᠭ ᠢ ᠰᠡᠷᠭᠡᠶᠢᠯᠡᠬᠦ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠬᠦᠯᠪᠡ᠃ ᠪᠥᠬᠦ ᠵᠢᠯ ᠳᠤ ᠨᠡᠶᠢᠲᠡ 110 | ᠲᠦᠮᠡᠨ ᠲᠣᠯᠣᠭᠠᠢ ᠮᠠᠯ ᠤᠨ ᠭᠠᠷᠭᠠᠯᠲᠠ ᠬᠢᠵᠦ᠂ ᠡᠭᠦᠨ ᠳᠤ 18 ᠲᠦᠮᠡᠨ ᠪᠣᠳᠠ ᠮᠠᠯ᠂ 92 ᠲᠦᠮᠡᠨ ᠪᠣᠭ ᠮᠠᠯ | ᠪᠠᠭᠲᠠᠨ᠎ᠠ᠃ | — — ᠤᠳᠤᠬᠢᠴᠢᠯᠠᠭᠰᠠᠨ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠲᠠᠰᠤᠷᠠᠯᠳᠠ ᠦᠭᠡᠢ | ᠪᠤᠵᠠᠭᠠᠶᠢᠷᠠᠪᠠ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ 25 ᠠᠵᠤ ᠦᠶᠯᠡᠳᠪᠦᠷᠢ ᠶᠢᠨ ᠠᠵᠤ | ᠠᠬᠤᠶᠢᠯᠠᠯ ᠵᠢᠱᠢᠯᠲᠡ ᠪᠠᠷ 274 ᠳ᠋ᠦᠩᠰᠢᠭᠤᠷ ᠲᠥᠭᠦᠷᠢᠭ ᠤᠨ ᠦᠶᠯᠡᠳᠬᠦᠨ ᠤ ᠥᠷᠲᠡᠭ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 34.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ | ᠠᠶᠢᠮᠠᠭ ᠤᠨ ᠬᠤᠶᠠᠳᠤᠭᠠᠷ ᠲᠤ ᠤᠷᠤᠪᠠ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ | ᠪᠦᠯᠦᠭᠯᠡᠯ ᠤᠨ ᠪᠠᠶᠠᠨᠬᠤᠸᠠ ᠥᠪᠡᠷ ᠢ ᠪᠠᠨ ᠬᠠᠩᠭᠠᠬᠤ ᠴᠠᠬᠢᠯᠭᠠᠨ ᠦᠶᠯᠡᠳᠪᠦᠷᠢ ᠨᠢ ︽ᠬᠤᠣᠰ ᠪᠡᠯᠡ | ᠣᠷᠣᠭᠤᠯᠤᠯᠲᠠ︾ ᠶᠢ ᠪᠡᠶᠡᠯᠡᠭᠦᠯᠵᠦ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ 70 ᠲᠦᠮᠡᠨ | ᠺᠢᠯᠣᠸᠠᠲ ᠰᠢᠨ᠎ᠡ ᠪᠠᠷ ᠨᠡᠮᠡᠭᠳᠡᠬᠦᠯᠦᠨ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ | ᠪᠦᠯᠦᠭᠯᠡᠯ ᠤᠨ ᠪᠠᠶᠠᠨᠬᠤᠸᠠ ᠨᠡᠭᠦᠷᠡᠰᠦᠨ ᠠᠭᠤᠷᠬᠠᠢ ᠶᠢᠨ ᠳᠡᠷᠭᠡᠳᠡᠬᠢ ᠴᠠᠬᠢᠯᠭᠠᠨ ᠦᠢᠯᠡᠳᠪᠦᠷᠢ ᠶᠢ ᠪᠦᠬᠦ ᠲᠠᠯ᠎ᠠ ᠪᠠᠷ | ᠪᠠᠶᠢᠭᠤᠯᠵᠤ᠂ ᠰᠦ᠋ ᠨᠧᠩ ᠤᠨ ᠪᠠᠶᠠᠨᠬᠤᠸᠠ ᠶᠢᠨ ᠱᠠᠨ ᠴᠠᠬᠢᠯᠭᠠᠨ ᠦᠢᠯᠡᠳᠪᠦᠷᠢ ᠶᠢᠨ ᠲᠥᠷᠥᠯ ᠵᠦᠢᠯ ᠨᠢ | ᠥᠪᠡᠷᠲᠡᠭᠡᠨ ᠵᠠᠰᠠᠬᠤ ᠣᠷᠣᠨ ᠤ ᠬᠢᠨᠠᠨ ᠵᠥᠪᠰᠢᠶᠡᠷᠡᠯ ᠢ ᠣᠯᠪᠠ᠃ ᠬᠤᠸᠠ ᠷᠦᠨ ᠪᠦᠯᠦᠭᠯᠡᠯ ᠤᠨ ᠡᠦ ᠵᠢᠶᠠᠨ ᠹᠠᠩ | ᠤᠨ ᠪᠠᠷᠠᠭᠤᠨ ᠨᠢᠭᠡᠳᠦᠭᠡᠷ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠬᠤᠯᠪᠣᠭᠠᠯᠠᠨ ᠲᠤᠷᠰᠢᠨ ᠠᠵᠢᠯᠯᠠᠭᠤᠯᠬᠤ | ᠶᠢ ᠪᠡᠶᠡᠯᠡᠭᠦᠯᠵᠦ᠂ ᠵᠢᠷ ᠤᠨ ᠭᠤᠣᠯ ᠬᠤᠶᠠᠳᠤᠭᠠᠷ ᠠᠭᠤᠷᠬᠠᠢ ᠶᠢᠨ ᠳᠠᠬᠢᠨ ᠪᠠᠶᠢᠭᠤᠯᠬᠤ ᠶᠢ ᠡᠮᠬᠢ ᠵᠢᠷᠤᠮ ᠲᠠᠢ ᠪᠠᠷ | ᠠᠬᠢᠭᠤᠯᠤᠨ᠂ ᠵᠢᠯ ᠳᠤ 800 ᠲᠦᠮᠡᠨ ᠲᠣᠨ ᠦᠢᠯᠡᠳᠪᠦᠷᠢᠯᠡᠬᠦ ᠴᠢᠳᠠᠪᠤᠷᠢ ᠰᠢᠨ᠎ᠡ ᠪᠠᠷ ᠨᠡᠮᠡᠭᠳᠡᠪᠡ᠃ ᠤᠯᠤᠰ ᠤᠨ | ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠨᠠᠷᠢᠯᠢᠭᠵᠢᠭᠤᠯᠤᠭᠰᠠᠨ ᠬᠥᠩᠭᠡᠨᠴᠠᠭᠠᠨ ᠬᠠᠪᠲᠠᠰᠤ | ᠶᠢᠨ ᠲᠥᠷᠥᠯ ᠵᠦᠢᠯ ᠤᠷᠤᠭᠰᠢᠲᠠᠢ ᠠᠰᠢᠭᠯᠠᠯᠲᠠ ᠳᠤ ᠣᠷᠣᠵᠤ᠂ ᠪᠤᠤ ᠱᠦᠸᠧ ᠰᠢᠨ᠎ᠡ ᠮᠠᠲ᠋ᠧᠷᠢᠶᠠᠯ | ᠬᠥᠩᠭᠡᠨᠴᠠᠭᠠᠨ ᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠨᠢ ᠠᠰᠢᠭᠯᠠᠯᠲᠠ ᠳᠤ ᠣᠷᠣᠵᠤ᠂ ︽ᠨᠡᠭᠦᠷᠡᠰᠦ— | ᠴᠠᠬᠢᠯᠭᠠᠨ— ᠬᠥᠩᠭᠡᠨᠴᠠᠭᠠᠨ— ᠬᠥᠩᠭᠡᠨᠴᠠᠭᠠᠨ ᠢ ᠨᠠᠷᠢᠯᠢᠭ ᠪᠣᠯᠪᠠᠰᠤᠷᠠᠭᠤᠯᠬᠤ︾ ᠶᠢ ᠨᠢᠭᠡ ᠴᠣᠭᠴᠠᠵᠢᠭᠤᠯᠤᠭᠰᠠᠨ | ᠣᠷᠴᠢᠯ ᠠᠵᠤ ᠠᠬᠤᠢ ᠶᠢᠨ ᠠᠵᠤ ᠦᠢᠯᠡᠰ ᠤᠨ ᠬᠡᠯᠬᠢᠶᠡᠵᠢᠯ ᠢ ᠲᠦᠷᠭᠡᠳᠬᠡᠨ ᠪᠦᠷᠢᠯᠳᠦᠭᠦᠯᠪᠡ᠃ 5.7 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ 57 ᠲᠥᠷᠥᠯ ᠤᠨ ᠤᠶᠤᠨᠴᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠵᠦ᠂ ᠪᠠᠶᠠᠨᠬᠤᠸᠠ ᠬᠤᠶᠠᠳᠤᠭᠠᠷ᠂ ᠭᠤᠷᠪᠠᠳᠤᠭᠠᠷ ᠠᠭᠤᠷᠬᠠᠢ ᠶᠢᠨ | ᠵᠢᠯᠣᠭᠤᠴᠢ ᠦᠭᠡᠢ ᠪᠠᠷ ᠲᠡᠭᠡᠭᠡᠰᠢ ᠪᠠᠨ ᠥᠪᠡᠷᠲᠡᠭᠡᠨ ᠪᠠᠭᠤᠯᠭᠠᠬᠤ ᠲᠥᠷᠥᠯ ᠵᠦᠢᠯ ᠪᠠ ᠳᠥᠷᠪᠡᠳᠦᠭᠡᠷ ᠠᠭᠤᠷᠬᠠᠢ᠂ | ᠶᠢᠨ ᠮᠠᠨ 5G ᠣᠶᠤᠨᠲᠤ ᠠᠭᠤᠷᠬᠠᠢ ᠶᠢᠨ ᠲᠥᠷᠥᠯ ᠵᠦᠢᠯ ᠨᠢ ᠰᠢᠯᠢᠳᠡᠭ ᠵᠢᠱᠢᠶ᠎ᠡ ᠪᠠᠷ ᠦᠨᠡᠯᠡᠭᠳᠡᠪᠡ᠃ ᠪᠦᠬᠦ | ᠵᠢᠯ ᠤᠨ ᠨᠡᠭᠦᠷᠡᠰᠦᠨ ᠤ ᠭᠠᠷᠤᠯᠲᠠ 6016 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ15% ᠪᠠᠷ ᠨᠡᠮᠡᠭᠳᠡᠵᠦ᠂ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠬᠦᠷᠴᠦ᠂ ᠴᠠᠬᠢᠯᠭᠠᠨ | ᠭᠠᠷᠭᠠᠭᠰᠠᠨ ᠬᠡᠮᠵᠢᠶ᠎ᠡ 196 ᠳ᠋ᠦᠩᠰᠢᠭᠤᠷ ᠭᠷᠡᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5. | 9% ᠪᠠᠷ ᠨᠡᠮᠡᠭᠳᠡᠪᠡ᠃ | — — ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠯᠠᠪᠳᠠᠭᠤᠨ ᠢᠶᠠᠷ ᠬᠥᠭᠵᠢᠪᠡ᠃ ︽ᠪᠠᠷᠠᠭᠤᠨ | ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠢ ᠲᠡᠳᠬᠦᠨ ᠬᠥᠭᠵᠢᠭᠦᠯᠬᠦ ᠠᠷᠭ᠎ᠠ ︵ᠲᠤᠷᠰᠢᠨ | ᠬᠡᠷᠡᠭᠵᠢᠭᠦᠯᠬᠦ︶︾ ︵ᠵᠢᠭᠤᠯᠴᠢᠯᠠᠯ ᠤᠨ ᠠᠷᠪᠠᠨ ᠵᠤᠷᠪᠤᠰ︶ ᠶᠢ ᠲᠤᠭᠲᠠᠭᠠᠨ ᠨᠡᠶᠢᠲᠡᠯᠡᠵᠦ᠂ 138 ᠲᠦᠮᠡᠨ | ᠲᠥᠭᠦᠷᠢᠭ ᠤᠨ ᠳᠡᠳᠬᠦᠮᠵᠢ ᠶᠢᠨ ᠪᠡᠯᠡ ᠮᠥᠩᠭᠦ ᠣᠯᠭᠤᠪᠠ᠃ ᠤᠯᠠᠭᠠᠨ ᠤᠲᠠᠢ ᠶᠢᠨ ᠵᠤᠭᠠᠴᠠᠯ ᠤᠨ ᠤᠷᠤᠨ᠂ | ᠵᠢᠷ ᠤᠨ ᠭᠤᠣᠯ ᠵᠢᠭᠤᠯᠴᠢᠯᠠᠭᠴᠢᠳ ᠲᠤ ᠦᠢᠯᠡᠴᠢᠯᠡᠬᠦ ᠲᠥᠪ ᠢ ᠵᠠᠰᠠᠬᠤ ᠪᠠ ᠤᠯᠠᠭᠠᠨ ᠤᠲᠠᠢ ᠶᠢᠨ ᠪᠢ ᠶᠤᠸᠠᠨ | ᠪᠣᠯᠪᠠᠰᠤᠷᠠᠯ ᠤᠨ ᠲᠥᠪ ᠢ ᠬᠤᠳᠠᠯᠳᠤᠨ ᠠᠪᠴᠤ ᠵᠠᠰᠠᠵᠤ ᠴᠢᠮᠡᠭᠯᠡᠬᠦ ᠢᠨᠵᠧᠨᠧᠷᠢᠩ ᠢ ᠪᠡᠶᠡᠯᠡᠬᠦᠯᠵᠦ᠂ ᠣᠯᠠᠨ | ᠦᠵᠡᠮᠵᠢ ᠶᠢᠨ ᠣᠷᠣᠨ ᠪᠠ ᠮᠠᠯᠴᠢᠨ ᠠᠶᠢᠯ ᠤᠨ ᠵᠤᠭᠠᠴᠠᠯ ᠢ ᠬᠤᠯᠪᠣᠭᠰᠠᠨ ᠪᠠᠷᠠᠭᠤᠨ ᠦᠵᠦᠮᠦᠴᠢᠨ ᠬᠤᠰᠢᠭᠤᠨ ᠤ | ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠢ ᠪᠠᠶᠢᠭᠤᠯᠪᠠ᠃ ᠬᠥᠳᠡᠭᠡ ᠲᠣᠰᠬᠤᠨ ᠤ ᠵᠤᠭᠠᠴᠠᠯ ᠢ | ᠲᠦᠷᠭᠡᠳᠬᠡᠨ ᠬᠥᠭᠵᠢᠭᠦᠯᠵᠦ᠂ ᠵᠢᠭᠤᠯᠴᠢᠯᠠᠯ ᠤᠨ ᠳᠦᠷᠢ ᠳᠥᠷᠬᠦ ᠶᠢᠨ ᠡᠯᠴᠢ ᠶᠢ ᠤᠷᠢᠨ ᠬᠡᠷᠡᠭᠯᠡᠵᠦ᠂ ᠪᠠᠶᠠᠨᠪᠤᠯᠠᠭ | ᠭᠠᠴᠠᠭ᠎ᠠ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠣᠯᠳᠠᠯᠭ᠎ᠠ ᠲᠠᠢ ᠭᠠᠴᠠᠭ᠎ᠠ ᠪᠠᠷ ᠦᠨᠡᠯᠡᠭᠳᠡᠵᠦ᠂ 3 ᠮᠠᠯᠴᠢᠨ ᠠᠶᠢᠯ ᠵᠤᠭᠠᠴᠠᠯ ᠤᠨ ᠭᠠᠵᠠᠷ ᠨᠢ ᠥᠪᠡᠷᠲᠡᠭᠡᠨ | ᠵᠠᠰᠠᠬᠤ ᠣᠷᠣᠨ ᠤ ᠣᠳᠣᠨ ᠲᠠᠰ ᠤᠨ ᠬᠥᠳᠡᠭᠡ ᠲᠣᠰᠬᠤᠨ ᠤ ᠵᠤᠭᠠᠴᠠᠯ ᠤᠨ ᠭᠠᠵᠠᠷ ᠢᠶᠠᠷ ᠦᠨᠡᠯᠡᠭᠳᠡᠪᠡ᠃ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠪᠠᠷᠠᠭᠤᠨ | ᠦᠵᠦᠮᠦᠴᠢᠨ ᠬᠤᠰᠢᠭᠤᠨ ᠤ ᠴᠠᠭᠠᠨ ᠮᠤᠷᠢᠳᠦ ᠡᠷᠦᠬᠡ ᠶᠢᠨ ᠴᠡᠷᠢᠭ ᠤᠨ ᠥᠷᠲᠡᠭᠡ ᠶᠢ ᠪᠠᠶᠢᠭᠤᠯᠪᠠ᠃ ᠰᠣᠶᠣᠯ | ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠵᠤ᠂ ᠡᠪᠤᠯ ᠵᠤᠨ ᠤ ᠤᠯᠠᠷᠢᠯ ᠤᠨ ᠵᠤᠭᠠᠴᠠᠯ ᠤᠨ | ᠨᠠᠭᠠᠳᠤᠮ᠂ ᠬᠠᠪᠴᠢᠭᠠᠢ ᠵᠤᠭᠠᠴᠠᠯ ᠤᠨ ᠤᠷᠤᠨ ᠤ ᠳᠠᠭᠤᠤ ᠬᠥᠭᠵᠢᠮ ᠤᠨ ᠨᠠᠶᠢᠷ᠂ ᠤᠯᠠᠭᠠᠨ ᠤᠲᠠᠢ ᠦᠵᠡᠮᠵᠢ ᠶᠢᠨ | ᠣᠷᠣᠨ ᠤ ᠮᠢᠩᠭᠠᠨ ᠬᠥᠮᠦᠨ ᠤ ᠶᠠᠪᠠᠭᠠᠨ ᠠᠯᠬᠤᠬᠤ ᠤᠷᠤᠯᠳᠤᠭᠠᠨ᠂ ᠴᠠᠭᠠᠨ ᠠᠳᠤᠭᠤᠨ ᠤ ᠭᠤᠣᠯ ᠰᠡᠳᠦᠪᠳᠤ | ᠭᠡᠷᠡᠯ ᠵᠢᠷᠤᠭ ᠤᠨ ᠠᠵᠢᠯᠯᠠᠭ᠎ᠠ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠬᠢᠯᠡᠵᠦ᠂ | ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ ᠨᠡᠶᠢᠲᠡ 37.3 ᠲᠦᠮᠡᠨ ᠬᠥᠮᠦᠨ ᠤᠳᠠᠭ᠎ᠠ | ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 1.42 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠲᠣᠰᠪᠣᠷᠢ 55% ᠪᠠ 18% ᠪᠠᠷ ᠨᠡᠮᠡᠭᠳᠡᠪᠡ᠃ ᠠᠷᠠᠳ ᠲᠤ ᠠᠰᠢᠭ ᠬᠦᠷᠲᠡᠭᠡᠬᠦ | ᠬᠡᠷᠡᠭᠯᠡᠭᠡᠨ ᠤ ᠲᠡᠮᠳᠡᠭᠲᠦ ᠶᠢ 300 ᠲᠦᠮᠡᠨ ᠲᠥᠭᠦᠷᠢᠭ ᠲᠠᠷᠬᠠᠭᠠᠵᠤ᠂ 800 ᠭᠠᠷᠤᠶ ᠲᠦᠮᠡᠨ ᠲᠥᠭᠦᠷᠢᠭ ᠤᠨ | ᠬᠡᠷᠡᠭᠯᠡᠭᠡ ᠶᠢ ᠳᠠᠶᠢᠴᠢᠯᠠᠪᠠ᠃ ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ | ᠴᠢᠳᠠᠪᠤᠷᠢᠲᠠᠨ ᠢ 30 ᠭᠠᠷᠤᠢ ᠨᠡᠷ᠎ᠡ ᠬᠦᠮᠦᠵᠢᠭᠦᠯᠵᠦ᠂ ᠡᠯᠧᠺᠲᠷᠣᠨ ᠬᠤᠳᠠᠯᠳᠤᠭᠠᠨ ᠤ ᠪᠣᠷᠣᠯᠠᠭᠤᠯᠤᠭᠰᠠᠨ ᠥᠷᠲᠡᠭ | ᠨᠢ 4000 ᠲᠦᠮᠡᠨ ᠲᠥᠭᠦᠷᠢᠭ ᠢ ᠳᠠᠪᠠᠵᠠᠢ᠃ | ︵ᠭᠤᠷᠪᠠ︶ ᠠᠮᠢ ᠠᠬᠤᠢ ᠣᠷᠴᠢᠨ ᠳᠤᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠠᠬᠢᠭᠤᠯᠵᠤ᠂ ᠭᠤᠷᠪᠠᠨ ᠣᠷᠣᠨ ᠭᠤᠷᠪᠠᠨ ᠱᠤᠭᠤᠮ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠵᠢᠩᠬᠢᠨᠢ ᠪᠠᠷ | ᠡᠬᠢᠯᠡᠨ ᠬᠡᠷᠡᠭᠵᠢᠭᠦᠯᠪᠡ᠃ ᠠᠭᠤᠷᠬᠠᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠪᠣᠬᠢᠷᠳᠤᠯ ᠦᠭᠡᠢ | ᠠᠭᠤᠷᠬᠠᠢ ᠶᠢ ᠪᠦᠲᠦᠭᠡᠨ ᠪᠠᠶᠢᠭᠤᠯᠬᠤ ᠶᠢ ᠶᠡᠬᠡᠪᠡᠷ ᠠᠬᠢᠭᠤᠯᠵᠤ᠂ 2.5 ᠳ᠋ᠦᠩᠰᠢᠭᠤᠷ ᠲᠥᠭᠦᠷᠢᠭ ᠤᠨ ᠪᠡᠯᠡ | ᠤᠷᠤᠭᠤᠯᠤᠨ᠂ 14 ᠲᠡᠭᠰᠢ ᠳᠥᠷᠪᠡᠯᠵᠢᠨ ᠺᠢᠯᠣᠮᠧᠲᠷ ᠭᠠᠵᠠᠷ ᠢ ᠵᠠᠰᠠᠨ ᠴᠡᠭᠴᠡᠯᠡᠪᠡ᠃ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ᠂ 10 ᠲᠡᠭᠰᠢ ᠳᠥᠷᠪᠡᠯᠵᠢᠨ ᠺᠢᠯᠣᠮᠧᠲᠷ | ᠵᠢᠵᠢᠭ ᠰᠠᠪᠠ ᠭᠠᠵᠠᠷ ᠢ ᠵᠠᠰᠠᠵᠤ᠂ ᠤᠰᠤᠨ ᠰᠤᠷᠪᠤᠯᠵᠢ ᠶᠢᠨ ᠢᠨᠵᠧᠨᠧᠷᠢᠩ ᠢ 220 ᠪᠡᠶᠡᠯᠡᠭᠦᠯᠦᠨ᠂ ᠭᠤᠷᠣᠬᠠᠨ | ᠭᠤᠣᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠪᠠ᠃ 8 ᠲᠦᠮᠡᠨ ᠮᠦ ᠨᠤᠲᠤᠭ | ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠥᠷᠥᠯ ᠵᠦᠢᠯ᠂ 9000 ᠮᠦ ᠣᠢ ᠰᠢᠭᠤᠢ ᠶᠢᠨ ᠠᠮᠢ ᠠᠬᠤᠢ | ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠦᠨᠳᠦᠰᠦᠨ ᠨᠤᠲᠤᠭ ᠪᠡᠯᠴᠢᠭᠡᠷ ᠢ | ᠬᠤᠪᠢᠶᠠᠷᠢᠯᠠᠨ ᠲᠣᠭᠲᠠᠭᠠᠬᠤ ᠪᠠ ᠲᠣᠬᠢᠷᠠᠭᠤᠯᠤᠯᠲᠠ ᠬᠢᠬᠦ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ | ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠲᠥᠷᠥ ᠶᠢᠨ ᠪᠣᠳᠣᠯᠭ᠎ᠠ ᠪᠠ ᠨᠤᠲᠤᠭ ᠪᠡᠯᠴᠢᠭᠡᠷ ᠤᠨ ︽ᠭᠤᠷᠪᠠᠨ | ᠮᠠᠯᠵᠢᠯ︾ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 1.2 ᠳ᠋ᠦᠩᠰᠢᠭᠤᠷ ᠲᠥᠭᠦᠷᠢᠭ ᠤᠨ ᠱᠠᠩᠨᠠᠯ ᠤᠨ | ᠨᠥᠬᠦᠪᠥᠷᠢ ᠮᠥᠩᠭᠦ ᠣᠯᠭᠤᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ | ᠶᠢ 62% ᠣᠷᠴᠢᠮ ᠳᠤ ᠲᠣᠭᠲᠠᠪᠤᠷᠢᠵᠢᠭᠤᠯᠪᠠ᠃ ᠲᠠᠯ᠎ᠠ ᠨᠤᠲᠤᠭ ᠤᠨ ᠣᠶᠢᠲᠤ ᠭᠠᠵᠠᠷ ᠢ ᠡᠪᠳᠡᠬᠦ ᠳᠤ | ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ | ᠶᠢ ᠭᠦᠨᠵᠡᠭᠡᠶ ᠠᠬᠢᠭᠤᠯᠵᠤ᠂ ᠮᠠᠨ ᠤ ᠬᠤᠰᠢᠭᠤᠨ ᠳᠤ ᠤᠷᠤᠰᠢᠵᠤ ᠪᠠᠶᠢᠭ᠎ᠠ 97 ᠠᠰᠠᠭᠤᠳᠠᠯ ᠤᠨ 87 ᠶᠢ ᠨᠢ | ᠨᠢᠭᠡᠨᠲᠡ ᠵᠠᠰᠠᠨ ᠴᠡᠭᠴᠡᠯᠡᠵᠦ᠂ ᠱᠠᠲᠤᠴᠢ ᠴᠢᠨᠠᠷᠲᠠᠶ ᠪᠠᠷ ᠵᠠᠰᠠᠨ ᠴᠡᠭᠴᠡᠯᠡᠭᠰᠡᠨ ᠨᠢ 9 ᠪᠠᠶᠢᠵᠦ᠂ 1 ᠠᠰᠠᠭᠤᠳᠠᠯ ᠢ | ᠶᠠᠭ ᠵᠠᠰᠠᠨ ᠴᠡᠭᠴᠡᠯᠡᠵᠦ ᠪᠠᠶᠢᠨ᠎ᠠ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠶᠢᠨ ᠣᠷᠴᠢᠨ ᠲᠣᠭᠤᠷᠢᠨ | ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢ ᠤᠭᠲᠤᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠮᠠᠨ ᠤ ᠬᠤᠰᠢᠭᠤᠨ ᠳᠤ ᠬᠤᠯᠪᠤᠭᠳᠠᠭᠰᠠᠨ 13 ᠠᠰᠠᠭᠤᠳᠠᠯ ᠤᠨ 9 ᠶᠢ ᠨᠢ ᠨᠢᠭᠡᠨᠲᠡ ᠵᠠᠰᠠᠨ ᠰᠠᠶᠢᠵᠢᠷᠠᠭᠤᠯᠵᠤ᠂ | ᠦᠯᠡᠳᠡᠭᠰᠡᠨ 4 ᠵᠦᠶᠯ ᠤᠨ ᠠᠰᠠᠭᠤᠳᠠᠯ ᠢ ᠰᠢᠢᠳᠪᠦᠷᠢᠯᠡᠬᠦ ᠠᠬᠢᠴᠠ ᠨᠢ ᠴᠥᠮ ᠴᠠᠭ ᠤᠨ ᠳᠠᠷᠠᠭᠠᠯᠠᠯ ᠳᠤ ᠨᠡᠶᠢᠴᠡᠵᠤ | ᠂ 19 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠪᠦᠬᠦᠨ ᠢ ᠳᠡᠭᠡᠭᠰᠢ ᠮᠡᠳᠡᠭᠦᠯᠦᠨ ᠰᠢᠢᠳᠪᠦᠷᠢᠯᠡᠪᠡ᠃ ︽ᠲᠠᠪᠤ | ᠶᠢ ᠡᠴᠦᠰ ᠲᠤᠨᠢ ᠲᠤᠯᠲᠠᠯ᠎ᠠ ᠬᠢᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 28 ᠲᠥᠷᠥᠯ ᠵᠦᠢᠯ ᠢ | ᠰᠡᠷᠭᠦᠭᠡᠵᠦ᠂ 3000 ᠲᠦᠮᠡᠨ ᠲᠥᠭᠦᠷᠢᠭ ᠤᠨ ᠪᠡᠯᠡ ᠮᠥᠩᠭᠦ᠂ 800 ᠮᠦ ᠰᠢᠬᠠᠮ ᠰᠣᠯᠠ ᠭᠠᠵᠠᠷ ᠰᠢᠷᠣᠢ ᠶᠢ | ᠰᠢᠢᠳᠪᠦᠷᠢᠯᠡᠨ ᠠᠰᠢᠭᠯᠠᠯᠳᠠ ᠳᠤ ᠤᠷᠤᠭᠤᠯᠪᠠ᠃ | ︵ᠳᠥᠷᠪᠡ︶ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠪᠠ᠃ 4.7 | ᠳ᠋ᠦᠩᠰᠢᠭᠤᠷ ᠳᠦᠬᠦᠷᠢᠭ ᠵᠠᠷᠤᠴᠠᠭᠤᠯᠤᠨ᠂ 16 ᠵᠤᠷᠪᠤᠰ 371 ᠺᠢᠯᠣᠮᠧᠲᠷ ᠵᠠᠰᠠᠮᠠᠯ ᠵᠠᠮ ᠢ ᠦᠷᠭᠦᠯᠵᠢᠯᠡᠨ | ᠪᠠᠶᠢᠭᠤᠯᠬᠤ ᠪᠤᠶᠤ ᠰᠢᠨ᠎ᠡ ᠪᠠᠷ ᠪᠠᠶᠢᠭᠤᠯᠵᠤ᠂ 35 ᠵᠤᠷᠪᠤᠰ 556 ᠺᠢᠯᠣᠮᠧᠲᠷ ᠵᠠᠰᠠᠮᠠᠯ ᠵᠠᠮ ᠢ ᠠᠷᠠᠴᠢᠯᠠᠨ | ᠬᠠᠮᠠᠭᠠᠯᠠᠪᠠ᠃ ᠪᠠᠶ᠋ᠬᠠᠭᠤᠯᠠ ᠨᠢᠰᠬᠡᠯ ᠤᠨ ᠪᠠᠭᠤᠳᠠᠯ ᠤᠨ ᠪᠦᠲᠦᠭᠡᠨ ᠪᠠᠢᠭᠤᠯᠤᠯᠲᠠ ᠶᠢ ᠲᠦᠷᠭᠡᠳᠬᠡᠵᠦ᠂ ᠬᠤᠷᠠᠯ ᠪᠠ | ᠦᠵᠡᠰᠬᠦᠯᠡᠩ ᠤᠨ ᠲᠥᠪ ᠤᠨ ᠲᠥᠷᠦᠯ ᠵᠦᠢᠯ ᠤᠳᠠᠯ ᠦᠭᠡᠢ ᠠᠵᠢᠯ ᠳᠠᠭᠤᠰᠬᠤ ᠪᠤᠯᠵᠦ᠂ ᠭᠠᠯᠲᠤ ᠲᠡᠷᠭᠡᠨ | ᠥᠷᠲᠡᠭᠡᠨ ᠤ ᠡᠮᠦᠨᠡᠬᠢ ᠠᠭᠤᠳᠠᠮ ᠲᠠᠯᠠᠪᠠᠢ ᠶᠢᠨ ᠪᠠᠷᠢᠯᠭ᠎ᠠ ᠶᠢᠨ ᠠᠵᠢᠯ ᠢ ᠳᠠᠭᠤᠰᠬᠠᠵᠦ ᠠᠰᠢᠭᠯᠠᠯᠳᠠ ᠳᠤ | ᠤᠷᠤᠭᠤᠯᠪᠠ᠃ ᠪᠠᠶᠠᠨᠬᠤᠸᠠ ᠪᠠᠯᠭᠠᠰᠤᠨ ᠲᠣᠭᠤᠷᠢᠭ ᠢ ᠲᠡᠰ ᠲᠡᠪᠰᠢᠭᠦᠯᠦᠨ ᠥᠭᠡᠷᠡᠴᠢᠯᠡᠬᠦ ᠠᠵᠢᠯ ᠢ ᠡᠮᠬᠢ ᠴᠡᠭᠴᠡ | ᠲᠠᠢ ᠠᠬᠢᠭᠤᠯᠵᠤ᠂ ᠭᠤᠷᠣᠬᠠᠨ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠭᠤᠣᠯ | ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ | ᠠᠮᠢᠳᠤᠷᠠᠯ ᠤᠨ ᠬᠤᠭ ᠨᠣᠪᠰᠢ ᠵᠢᠴᠢ ᠬᠤᠭᠤᠯᠠᠨ ᠭᠡᠷ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ᠂ | ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠦᠨᠡᠰᠦ ᠰᠢᠭᠠᠷᠤ ᠶᠢᠨ ᠲᠠᠯᠠᠪᠠᠢ ᠬᠦᠷᠬᠦ ᠵᠠᠮ᠂ ᠪᠤᠵᠠᠷ ᠤᠰᠤ | ᠶᠢ ᠰᠢᠢᠳᠪᠦᠷᠢᠯᠡᠬᠦ ᠦᠶᠯᠡᠳᠪᠦᠷᠢ ᠶᠢᠨ ᠡᠬᠢ ᠪᠠᠶᠠᠯᠢᠭᠵᠢᠭᠤᠯᠤᠨ ᠠᠰᠢᠭᠯᠠᠬᠤ᠂ ᠪᠠᠯᠭᠠᠷᠭᠤᠤᠯ ᠠᠵᠤ ᠦᠢᠯᠡᠰ ᠤᠨ | ᠬᠦᠷᠢᠶᠡᠯᠡᠩ ᠤᠨ ᠲᠥᠪᠯᠡᠷᠡᠭᠦᠯᠦᠨ ᠲᠣᠯᠠᠭᠠᠯᠭ᠎ᠠ ᠬᠠᠩᠭᠠᠬᠤ ᠵᠡᠷᠭᠡ ᠲᠥᠷᠥᠯ ᠵᠦᠢᠯ ᠢ ᠪᠠᠶᠢᠭᠤᠯᠣᠨ᠂ ᠮᠦ ᠪᠦᠷᠢ ᠶᠢᠨ | ᠳᠤᠮᠳᠠᠴᠢ ᠦᠢᠯᠡᠳᠬᠦᠨ ᠤ ᠥᠷᠲᠡᠭ ᠨᠢ 33 ᠲᠦᠮᠡᠨ ᠲᠥᠭᠦᠷᠢᠭ ᠢ ᠪᠡᠶᠡᠯᠡᠭᠦᠯᠵᠦ᠂ ᠪᠦᠬᠦ ᠤᠷᠤᠨ ᠤ ᠡᠮᠦᠨ᠎ᠡ | ᠡᠩᠨᠡᠭᠡᠨ ᠳᠤ ᠤᠷᠤᠪᠠ᠃ 3.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠠᠶᠠᠨᠬᠤᠸᠠ ᠪᠠᠯᠭᠠᠰᠤᠨ ᠤ | ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ᠂ ᠪᠠᠯᠭᠠᠷᠭᠤᠤᠯ ᠪᠠᠯᠭᠠᠰᠤᠨ ᠤ ᠠᠮᠢᠳᠤᠷᠠᠯ ᠤᠨ | ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ᠂ ᠤᠰᠤ ᠬᠠᠩᠭᠠᠬᠤ ᠰᠢᠰᠲ᠋ᠧᠮ ᠤᠨ ᠬᠠᠭᠤᠴᠢᠨ ᠲᠥᠬᠦᠭᠡᠷᠦᠮᠵᠢ | ᠶᠢ ᠥᠭᠡᠷᠡᠴᠢᠯᠡᠨ ᠰᠠᠶᠢᠵᠢᠷᠠᠭᠤᠯᠬᠤ᠂ ᠰᠤᠷᠭᠠᠭᠤᠯᠢ ᠶᠢᠨ ᠵᠡᠭᠡᠯᠢ ᠶᠢ ᠥᠷᠭᠡᠳᠬᠡᠬᠦ᠂ ᠬᠠᠭᠭᠤᠯᠠ ᠵᠡᠭᠡᠯᠢ ᠪᠠ | ᠪᠠᠶᠠᠨᠭᠤᠣᠯ ᠵᠠᠮ ᠤᠨ ᠨᠣᠭᠤᠭᠠᠷᠠᠭᠤᠯᠤᠯᠲᠠ ᠶᠢᠨ ᠦᠵᠡᠮᠵᠢ ᠶᠢ ᠳᠡᠭᠡᠭᠰᠢᠯᠡᠭᠦᠯᠬᠦ ᠵᠡᠷᠭᠡ ᠢᠨᠵᠧᠨᠧᠷᠢᠩ ᠢ ᠪᠡᠶᠡᠯᠡᠭᠦᠯᠪᠡ᠃ | ᠴᠠᠶᠢᠳᠠᠮ ᠵᠠᠮ᠂ ᠦᠵᠦᠮᠦᠴᠢᠨ ᠵᠡᠭᠡᠯᠢ᠂ ᠪᠠᠯᠭᠠᠷ ᠵᠡᠭᠡᠯᠢ ᠶᠢᠨ ᠵᠠᠮ ᠤᠨ ᠭᠠᠳᠠᠷᠭᠤ ᠶᠢ 18.6 ᠲᠦᠮᠡᠨ ᠲᠡᠭᠰᠢ | ᠳᠥᠷᠪᠡᠯᠵᠢᠨ ᠮᠧᠲᠷ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠢ 18.7 ᠺᠢᠯᠣᠮᠧᠲᠷ ᠲᠠᠰ ᠳᠡᠪᠰᠢᠭᠦᠯᠦᠨ | ᠥᠭᠡᠷᠡᠴᠢᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ 6 ᠭᠤᠳᠤᠮᠵᠢᠨ ᠵᠠᠮ ᠢ ᠵᠠᠰᠠᠨ ᠰᠠᠶᠢᠵᠢᠷᠠᠭᠤᠯᠵᠦ᠂ | ᠪᠠᠯᠭᠠᠷᠭᠤᠣᠯ ᠪᠠᠯᠭᠠᠰᠤᠨ ᠠᠴᠠ ᠪᠠᠷᠢᠯᠭ᠎ᠠ ᠶᠢᠨ ᠮᠠᠲ᠋ᠧᠷᠢᠶᠠᠯ ᠤᠨ ᠬᠦᠷᠢᠶᠡᠯᠡᠩ ᠬᠦᠷᠬᠦ ᠵᠠᠮ᠂ ᠴᠠᠶᠢᠳᠠᠮ ᠵᠡᠭᠡᠯᠢ ᠶᠢᠨ | ᠬᠤᠷᠠᠯ ᠪᠠ ᠦᠵᠡᠰᠭᠦᠯᠡᠩ ᠤᠨ ᠲᠥᠪ ᠬᠦᠷᠬᠦ ᠵᠠᠮ ᠢ ᠡᠬᠢᠯᠡᠭᠦᠯᠦᠨ ᠪᠠᠶᠢᠭᠤᠯᠪᠠ᠃ ᠳᠥᠭᠦᠮ ᠪᠦᠲᠦᠴᠡᠲᠦ ᠣᠷᠣᠨ | ᠰᠠᠭᠤᠴᠠ ᠶᠢᠨ ᠲᠣᠭᠤᠷᠢᠭ ᠢ ᠨᠤᠷᠠᠭᠠᠵᠤ ᠨᠡᠭᠦᠯᠭᠡᠬᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ 288 ᠡᠷᠦᠬᠡ | ᠲᠠᠢ ᠭᠡᠷ ᠪᠠᠶᠢᠰᠢᠩ ᠲᠠᠲᠠᠪᠤᠷᠢᠯᠠᠬᠤ ᠵᠥᠪᠳᠡᠯᠴᠡᠬᠡᠷ ᠲᠣᠭᠲᠠᠪᠠ᠃ 8 ᠬᠠᠭᠤᠴᠢᠨ ᠰᠠᠭᠤᠭᠠᠯᠢ ᠲᠣᠭᠤᠷᠢᠭ ᠢ ᠵᠠᠰᠠᠨ | ᠦᠭᠡᠷᠡᠴᠢᠯᠡᠵᠦ᠂ 2600 ᠭᠠᠷᠤᠢ ᠡᠷᠦᠬᠡ ᠳᠤ ᠠᠰᠢᠭ ᠭᠥᠷᠳᠡᠪᠡ᠃ ᠪᠠᠯᠭᠠᠷᠭᠤᠤᠯ ᠪᠠᠯᠭᠠᠰᠤᠨ ᠤ ᠰᠦᠨᠢ ᠶᠢᠨ | ᠵᠠᠬ᠎ᠠ ᠢ ᠥᠷᠭᠡᠳᠬᠡᠨ ᠪᠠᠶᠢᠭᠤᠯᠵᠦ᠂ 200 ᠭᠠᠷᠤᠢ ᠰᠢᠯᠵᠢᠮᠡᠯ ᠬᠤᠳᠠᠯᠳᠤᠭ᠎ᠠ ᠨᠡᠭᠡᠭᠡᠪᠡ᠃ ᠪᠠᠷᠠᠭᠤᠨ ᠦᠵᠦᠮᠦᠴᠢᠨ | ᠬᠤᠰᠢᠭᠤᠨ ᠠᠴᠠ ᠰᠢᠯᠢᠩᠬᠤᠲᠠ ᠬᠦᠷᠬᠦ ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡ ᠪᠠ 2 | ᠵᠤᠷᠪᠤᠰ ᠬᠤᠰᠢᠭᠤ ᠲᠤᠭᠤᠷᠢᠭ ᠤᠨ ᠨᠡᠶᠢᠲᠡ ᠶᠢᠨ ᠮᠠᠰᠢᠨ ᠲᠡᠷᠭᠡ ᠶᠢᠨ ᠵᠠᠮ ᠱᠤᠭᠤᠮ ᠢ ᠨᠡᠭᠡᠭᠡᠵᠦ᠂ 7.4 ᠲᠦᠮᠡᠨ | ᠬᠦᠮᠦᠨ ᠤᠳᠠᠭ᠎ᠠ ᠳᠤ ᠠᠰᠢᠭ ᠬᠦᠷᠲᠡᠭᠡᠪᠡ᠃ | ︵ᠲᠠᠪᠤ︶ ᠬᠥᠳᠡᠭᠡ ᠲᠣᠰᠬᠤᠨ ᠮᠠᠯᠵᠢᠬᠤ ᠤᠷᠤᠨ ᠢ ᠬᠥᠭᠵᠢᠭᠦᠯᠦᠨ ᠮᠠᠨᠳᠤᠭᠤᠯᠬᠤ ᠠᠵᠢᠯ ᠢᠯᠡᠳᠲᠡ ᠦᠷ᠎ᠡ | ᠪᠦᠲᠦᠮᠵᠢ ᠣᠯᠪᠠ᠃ ︽ᠲᠤᠷᠰᠢᠯᠲᠠ ᠶᠢᠨ ᠴᠢᠭ ᠤᠷᠢᠳᠠᠪᠠᠷ ᠬᠢᠵᠦ᠂ ᠵᠢᠱᠢᠶ᠎ᠡ ᠦᠵᠡᠭᠦᠯᠦᠨ ᠬᠥᠲᠥᠯᠥᠨ | ᠳᠠᠭᠠᠭᠤᠯᠬᠤ︾ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ᠂ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ | ᠬᠥᠳᠡᠭᠡ ᠲᠣᠰᠬᠤᠨ ᠤ ᠵᠠᠰᠠᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠪᠠ᠃ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠶᠢ ᠬᠢᠨᠠᠨ ᠬᠡᠮᠵᠢᠬᠦ ᠠᠵᠢᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ 25286 ᠲᠥᠭᠦᠷᠢᠭ ᠲᠤ ᠬᠦᠷᠴᠦ᠂ 14% ᠪᠠᠷ | ᠨᠡᠮᠡᠭᠳᠡᠪᠡ᠃ ᠲᠤᠰᠬᠠᠢ ᠵᠦᠢᠯ ᠤᠨ ᠪᠡᠯᠡ ᠮᠥᠩᠭᠦ ᠪᠠ ᠨᠢᠭᠡᠳᠬᠡᠭᠰᠡᠨ ᠪᠡᠯᠡ ᠮᠦᠩᠬᠦ ᠶᠢ 2 ᠳ᠋ᠦᠩᠰᠢᠭᠤᠷ | ᠲᠥᠭᠦᠷᠢᠭ ᠵᠠᠷᠤᠴᠠᠭᠤᠯᠵᠦ᠂ ᠠᠶᠢᠮᠠᠭ ᠬᠤᠰᠢᠭᠤ ᠬᠤᠶᠠᠷ ᠱᠠᠲᠤᠨ ᠤ 14 ᠵᠢᠱᠢᠶ᠎ᠡ ᠦᠵᠡᠭᠦᠯᠬᠦ ᠭᠠᠴᠠᠭ᠎ᠠ᠂ | ᠭᠤᠣᠯᠳᠠᠯᠭ᠎ᠠ ᠲᠠᠢ ᠭᠠᠴᠠᠭᠠᠨ ᠤ ᠪᠦᠲᠦᠭᠡᠨ ᠪᠠᠶᠢᠭᠤᠯᠤᠯᠲᠠ ᠶᠢ ᠲᠥᠪᠯᠡᠷᠡᠭᠦᠯᠦᠨ ᠠᠬᠢᠭᠤᠯᠵᠤ᠂ ᠭᠠᠴᠠᠭᠠᠨ ᠤ | ᠬᠠᠮᠲᠤ ᠶᠢᠨ ᠠᠵᠤ ᠠᠬᠤᠢ ᠶᠢᠨ 15 ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠮᠠᠯᠵᠢᠬᠤ ᠣᠷᠣᠨ ᠤ ᠵᠠᠮ ᠢ 332 | ᠺᠢᠯᠣᠮᠧᠲᠷ ᠰᠢᠨ᠎ᠡ ᠪᠠᠷ ᠵᠠᠰᠠᠵᠤ᠂ 129 ᠬᠤᠳᠳᠤᠭ᠂ 51 ᠤᠰᠤ ᠬᠠᠳᠠᠭᠠᠯᠠᠬᠤ ᠵᠣᠭᠤᠷᠢ ᠶᠢ ᠰᠢᠨ᠎ᠡ ᠪᠠᠷ | ᠪᠠᠶᠢᠭᠤᠯᠤᠨ᠂ 506 ᠮᠠᠯᠵᠢᠬᠤ ᠡᠷᠦᠬᠡ ᠳᠤ ᠴᠠᠬᠢᠯᠭᠠᠨ ᠨᠠᠪᠲᠠᠷᠡᠭᠦᠯᠤᠨ᠂ ᠮᠠᠯᠵᠢᠬᠤ ᠣᠷᠣᠨ ᠤ ᠨᠡᠶᠢᠲᠡ ᠶᠢᠨ | ᠵᠣᠷᠯᠣᠩ ᠢ 10 ᠰᠢᠨ᠎ᠡ ᠪᠠᠷ ᠪᠠᠶᠢᠭᠤᠯᠵᠤ᠂ 268 ᠮᠠᠯᠵᠢᠬᠤ ᠡᠷᠦᠬᠡ ᠳᠤ ᠡᠷᠦᠬᠡ ᠶᠢᠨ ᠵᠣᠷᠯᠣᠩ ᠢ ᠰᠢᠨ᠎ᠡ ᠪᠠᠷ | ᠪᠠᠶᠢᠭᠤᠯᠤᠨ᠂ 4800 ᠭᠠᠷᠤᠢ ᠮᠠᠯᠴᠢᠳ ᠲᠤ ᠥᠷᠭᠡᠨ ᠪᠦᠰᠡᠲᠦ ᠰᠦᠯᠵᠢᠶ᠎ᠡ ᠨᠠᠪᠲᠠᠷᠡᠭᠦᠯᠵᠦ᠂ ᠴᠠᠬᠢᠯᠭᠠᠨ | ᠨᠡᠪᠲᠡᠷᠡᠭᠡᠳᠦᠢ 7 ᠭᠠᠴᠠᠭᠠᠨ ᠤ ᠠᠯᠪᠠᠨ ᠭᠡᠷ ᠲᠤ ᠴᠠᠬᠢᠯᠭᠠᠨ ᠨᠡᠪᠲᠡᠷᠡᠭᠦᠯᠬᠦ ᠨᠥᠬᠦᠴᠡᠯ ᠢ ᠪᠦᠷᠢᠳᠦᠭᠦᠯᠤᠨ᠂ | ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ 3᠂ | ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠭᠠᠴᠠᠭ᠎ᠠ 1᠂ ᠠᠶᠢᠮᠠᠭ ᠤᠨ ᠲᠠᠰ ᠤᠨ ᠵᠢᠱᠢᠶ᠎ᠡ | ᠦᠵᠡᠭᠦᠯᠬᠦ ᠭᠠᠴᠠᠭ᠎ᠠ 3 ᠶᠢ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠪᠡ᠃ | ︵ᠵᠢᠷᠭᠤᠭ᠎ᠠ︶ ᠥᠭᠡᠷᠡᠴᠢᠯᠡᠯᠲᠡ ᠨᠡᠭᠡᠭᠡᠯᠲᠡ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠪᠠ᠃ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠪᠠᠷᠠᠭᠤᠨ ᠦᠵᠦᠮᠦᠴᠢᠨ ᠬᠤᠰᠢᠭᠤᠨ | ᠤ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠠᠬᠢᠭᠤᠯᠬᠤ ᠠᠷᠪᠠᠨ ᠵᠤᠷᠪᠤᠰ ᠲᠥᠷᠦ ᠶᠢᠨ ᠪᠣᠳᠣᠯᠭ᠎ᠠ ᠶᠢᠨ ᠠᠷᠭ᠎ᠠ | ᠠᠪᠴᠠᠯ︾ ᠢ ᠨᠡᠶᠢᠲᠡᠯᠡᠨ᠂ ᠪᠦᠬᠦ ᠠᠶᠢᠮᠠᠭ ᠤᠨ ᠬᠥᠩᠭᠡᠨᠴᠠᠭᠠᠨ ᠤ ᠠᠵᠤ ᠦᠢᠯᠡᠰ ᠤᠨ ᠠᠷᠠᠯᠵᠢᠶᠠᠴᠢᠨ ᠤᠷᠢᠵᠤ | ᠲᠠᠨᠢᠯᠴᠠᠭᠤᠯᠬᠤ ᠬᠤᠷᠠᠯ ᠢ ᠠᠮᠵᠢᠯᠲᠠ ᠲᠠᠢ ᠡᠷᠬᠢᠯᠡᠪᠡ᠃ 97 ᠲᠥᠷᠥᠯ ᠵᠦᠶᠯ ᠤᠨ ᠲᠤᠬᠠᠶ ᠶᠠᠷᠢᠯᠴᠠᠵᠤ᠂ 12 | ᠲᠥᠷᠥᠯ ᠵᠦᠶᠯ ᠤᠨ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠪᠡᠯᠡ ᠮᠦᠩᠭᠦ ᠨᠢ 30 ᠳ᠋ᠦᠩᠰᠢᠭᠤᠷ ᠲᠥᠭᠦᠷᠢᠭ ᠲᠤ | ᠬᠦᠷᠴᠦ᠂ 39.4 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠤᠨ᠂ 2022 ᠣᠨ ᠳᠤ | ᠪᠥᠬᠦ ᠠᠶᠢᠮᠠᠭ ᠤᠨ ᠠᠷᠠᠯᠵᠢᠶᠠᠴᠢᠨ ᠤᠷᠢᠵᠤ ᠪᠡᠯᠡ ᠲᠠᠲᠠᠬᠤ ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠳᠤ | ᠬᠤᠶᠠᠳᠤᠭᠠᠷ ᠲᠤ ᠣᠷᠣᠪᠠ᠃ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ 111 ᠵᠦᠶᠯᠡᠰ ᠢ ︽ᠣᠷᠣᠨ ᠪᠦᠰᠡ ᠠᠯᠤᠰᠯᠠᠨ | ᠨᠡᠶᠢᠳᠡᠮ ᠭᠦᠶᠴᠡᠳᠬᠡᠬᠦ︾᠂ 35 ᠵᠦᠢᠯᠡᠰ ᠢ ︽ᠪᠥᠬᠦ ᠠᠶᠢᠮᠠᠭ ᠲᠤ ᠨᠡᠶᠢᠳᠡᠮ ᠭᠦᠶᠴᠡᠳᠬᠡᠬᠦ︾ ᠶᠢ ᠪᠡᠶᠡᠯᠡᠭᠦᠯᠪᠡ᠃ | 14 ᠵᠦᠢᠯᠡᠰ ᠢ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠶᠴᠡᠳᠬᠡᠬᠦ︾ ᠶᠢ ᠪᠡᠶᠡᠯᠡᠭᠦᠯᠪᠡ᠃ ᠪᠦᠬᠦ | ᠠᠶᠢᠮᠠᠭ ᠲᠤ ᠲᠦᠷᠦᠭᠦᠯᠡᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠤᠷᠢᠳᠠᠪᠠᠷ ᠥᠷᠨᠢᠭᠦᠯᠵᠦ᠂ ︽ᠨᠢᠭᠡ | ᠴᠤᠩᠬᠤᠪᠴᠢ︾ ᠪᠠᠷ ᠭᠥᠯᠢᠶᠡᠨ ᠠᠪᠴᠤ ᠰᠢᠶᠳᠪᠦᠷᠢᠯᠡᠭᠰᠡᠨ ᠨᠣᠷᠮ᠎ᠠ 100% ᠳᠤ ᠬᠥᠷᠪᠡ᠃ ᠳᠠᠭᠠᠭᠠᠴᠢᠯᠠᠨ | ᠡᠷᠬᠢᠯᠡᠬᠦ ᠦᠢᠯᠡᠴᠢᠯᠡᠭᠡᠨ ᠤ ᠡᠩᠨᠡᠭᠡ ᠶᠢ ᠤᠷᠤᠭᠤᠯᠤᠨ ᠠᠪᠴᠢᠷᠠᠵᠤ᠂ ᠵᠢᠯᠣᠭᠤᠳᠤᠨ ᠭᠦᠢᠴᠡᠳᠬᠡᠬᠦ᠂ ᠬᠠᠪᠰᠤᠷᠤᠨ | ᠭᠦᠢᠴᠡᠳᠬᠡᠬᠦ᠂ ᠤᠷᠤᠭᠯᠠᠨ ᠭᠦᠢᠴᠡᠳᠬᠡᠬᠦ ᠶᠢ ᠲᠡᠰ ᠲᠡᠪᠰᠢᠭᠦᠯᠦᠨ᠂ 93 ᠲᠥᠷᠥᠯ ᠵᠦᠶᠯ ᠢ ᠰᠠᠨᠠᠭᠠᠴᠢᠯᠠᠭ᠎ᠠ ᠠᠴᠠ | ᠪᠠᠨ ᠣᠷᠣᠯᠠᠨ ᠬᠠᠪᠰᠤᠷᠤᠨ ᠬᠦᠢᠴᠡᠳᠬᠡᠪᠡ᠃ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ | ᠲᠤᠬᠠᠶᠢᠯᠠᠭᠰᠠᠨ ᠠᠵᠢᠯ ᠪᠠ ᠰᠤᠮᠤ ᠪᠠᠯᠭᠠᠰᠤᠨ ᠤ ᠲᠤᠬᠠᠶᠢᠯᠠᠭᠰᠠᠨ ᠠᠵᠢᠯ ᠢ ᠬᠠᠷᠢᠯᠴᠠᠨ ᠤᠶᠠᠯᠳᠤᠭᠤᠯᠤᠭᠰᠠᠨ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠢ ᠪᠠᠶᠢᠭᠤᠯᠵᠤ᠂ ᠵᠢᠷ ᠤᠨ ᠭᠤᠤᠯ ᠪᠠᠯᠭᠠᠰᠤᠨ ᠳᠤ ᠪᠥᠬᠦ | ᠠᠶᠢᠮᠠᠭ ᠤᠨ ᠪᠠᠷᠢᠮᠵᠢᠶᠠᠵᠢᠭᠰᠠᠨ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ | ᠲᠥᠪ ᠢ ᠪᠠᠶᠢᠭᠤᠯᠪᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ | ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠶᠢᠨ ᠲᠢᠶᠠᠨ ᠹᠯᠣᠷ ᠬᠢᠮᠢ ᠶᠢᠨ ᠠᠵᠤ ᠦᠢᠯᠡᠳᠪᠦᠷᠢ ᠶᠢᠨ ᠰᠤᠳᠤᠯᠤᠨ | ᠨᠡᠭᠡᠭᠡᠬᠦ ᠲᠥᠪ ᠨᠢ ᠥᠪᠡᠷᠲᠡᠭᠡᠨ ᠵᠠᠰᠠᠬᠤ ᠣᠷᠣᠨ ᠤ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠲᠥᠪ ᠢᠶᠠᠷ ᠦᠨᠡᠯᠡᠭᠳᠡᠪᠡ᠃ | ︵ᠳᠤᠯᠤᠭ᠎ᠠ︶ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠬᠢᠷᠢ ᠳᠦᠪᠰᠢᠨ ᠢ ᠳᠠᠰᠤᠷᠠᠯᠳᠠ ᠦᠭᠡᠢ | ᠳᠡᠭᠡᠭᠰᠢᠯᠡᠬᠦᠯᠪᠡ | — — ᠰᠤᠷᠭᠠᠨ ᠬᠥᠮᠦᠵᠢᠯ ᠤᠨ ᠠᠵᠢᠯ ᠤᠨ ᠲᠠᠯ᠎ᠠ ᠪᠠᠷ᠃ ︽ᠪᠠᠷᠠᠭᠤᠨ ᠦᠵᠦᠮᠦᠴᠢᠨ ᠬᠤᠰᠢᠭᠤᠨ ᠤ | ᠨᠠᠷᠠᠲᠤ ᠰᠢᠯᠢᠳᠡᠭ ᠪᠠᠭᠰᠢ ᠶᠢ ᠤᠷᠢᠨ ᠠᠪᠴᠢᠷᠠᠬᠤ ᠠᠵᠢᠯ ᠤᠨ ᠬᠡᠷᠡᠭᠵᠢᠭᠦᠯᠬᠦ ᠠᠷᠭ᠎ᠠ︾᠂ ︽ᠪᠠᠷᠠᠭᠤᠨ | ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ | ᠶᠢ ᠠᠬᠢᠭᠤᠯᠬᠤ ᠬᠡᠷᠡᠭᠵᠢᠭᠦᠯᠬᠦ ᠲᠥᠰᠦᠯ︾᠂ ︽ᠪᠠᠷᠠᠭᠤᠨ ᠦᠵᠦᠮᠦᠴᠢᠨ ᠬᠤᠰᠢᠭᠤᠨ ᠤ ᠵᠢᠭᠠᠨ ᠰᠤᠷᠭᠠᠯᠲᠠ ᠶᠢᠨ | ᠬᠢᠷᠢ ᠪᠦᠲᠦᠮᠵᠢ ᠲᠣᠪᠣᠶᠢᠮ᠎ᠠ ᠪᠠᠭᠰᠢ ᠶᠢ ᠤᠷᠮᠠᠰᠢᠭᠤᠯᠬᠤ ᠲᠣᠭᠲᠠᠴᠠ︾ ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠨ᠂ | ᠰᠤᠷᠭᠠᠨ ᠬᠥᠮᠦᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠨᠠᠷ ᠲᠤ | 478 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠣᠯᠭᠤᠪᠠ᠃ ᠲᠤᠰᠬᠠᠢ ᠮᠡᠷᠭᠡᠵᠢᠯᠲᠡᠨ ᠤ ᠬᠡᠯᠪᠡᠷᠢ ᠶᠢᠨ | ᠵᠢᠭᠠᠨ ᠰᠣᠳᠣᠯᠭᠠᠲᠠᠨ 4 ᠨᠡᠷ᠎ᠡ᠂ ᠳᠡᠭᠡᠳᠦ ᠲᠡᠰ ᠤᠨ ᠰᠤᠷᠭᠠᠨ ᠬᠥᠮᠦᠵᠢᠯ ᠤᠨ ᠴᠢᠳᠠᠪᠤᠷᠢᠲᠠᠨ 10 ᠨᠡᠷ᠎ᠡ ᠤᠷᠢᠨ | ᠠᠪᠴᠢᠷᠠᠵᠤ᠂ 101 ᠨᠡᠷ᠎ᠡ ᠪᠠᠭᠰᠢ ᠡᠯᠰᠡᠨ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ | ᠵᠢᠩᠬᠢᠨᠢ ᠠᠩᠭᠢ ᠳᠤ ᠰᠣᠷᠣᠭᠴᠢ ᠡᠯᠰᠡᠭᠳᠡᠭᠰᠡᠨ ᠨᠣᠷᠮ᠎ᠠ ᠨᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ | 11 ᠵᠠᠭᠤᠨ ᠤ ᠬᠤᠪᠢ ᠶᠢᠨ ᠴᠡᠭ ᠳᠠᠪᠠᠵᠤ᠂ ᠠᠩᠬ᠎ᠠ ᠵᠡᠷᠭᠡ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠠᠴᠠ | ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠳᠤ 600 ᠬᠤᠪᠢ ᠠᠴᠠ ᠳᠡᠭᠡᠭᠰᠢᠬᠢ ᠤᠯᠤᠭᠰᠠᠨ ᠰᠤᠷᠤᠭᠴᠢ ᠶᠢᠨ | ᠲᠤᠭ᠎ᠠ ᠪᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠳᠤ | ᠰᠢᠯᠭᠠᠨ ᠤᠷᠤᠭᠰᠠᠨ ᠰᠤᠷᠤᠭᠴᠢ ᠶᠢᠨ ᠲᠤᠭ᠎ᠠ ᠨᠢ ᠴᠥᠮ ᠪᠥᠬᠦ ᠠᠶᠢᠮᠠᠭ ᠤᠨ ᠨᠢᠭᠡᠳᠦᠭᠡᠷ ᠲᠤ ᠵᠢᠭᠰᠠᠭᠠᠭᠳᠠᠨ᠂ | ᠠᠩᠬ᠎ᠠ ᠵᠡᠷᠭᠡ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠪᠠ ᠡᠯ᠎ᠡ ᠪᠠᠭ᠎ᠠ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ᠂ ᠡᠯ᠎ᠡ ᠬᠡᠦᠬᠡᠳ ᠤᠨ ᠴᠡᠴᠡᠷᠯᠢᠭ ᠤᠨ ᠠᠰᠠᠷᠠᠨ ᠬᠥᠮᠥᠵᠢᠭᠦᠯᠬᠦ | ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠠᠵᠢᠯ ᠮᠡᠷᠭᠡᠵᠢᠯ ᠤᠨ ᠵᠢᠭᠠᠨ ᠰᠤᠷᠭᠠᠯᠲᠠ ᠶᠢᠨ ᠠᠰᠠᠷ᠂ ᠠᠩᠬ᠎ᠠ ᠵᠡᠷᠭᠡ ᠶᠢᠨ ᠨᠢᠭᠡᠳᠦᠭᠡᠷ | ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠭᠤᠣᠯ ᠴᠣᠭᠴᠠ ᠶᠢᠨ ᠪᠠᠷᠢᠯᠭ᠎ᠠ ᠶᠢ | ᠳᠠᠭᠤᠰᠬᠠᠵᠤ᠂ 8 ᠳᠤᠮᠳᠠᠳᠤ ᠪᠠᠭ᠎ᠠ ᠰᠤᠷᠭᠠᠭᠤᠯᠢ ᠶᠢᠨ ᠭᠠᠯ ᠤᠨᠲᠠᠷᠠᠭᠠᠬᠤ ᠥᠭᠡᠷᠡᠴᠢᠯᠡᠯᠲᠡ ᠶᠢᠨ ᠲᠥᠷᠥᠯ ᠵᠦᠢᠯ | ᠢ ᠲᠦᠷᠭᠡᠳᠬᠡᠨ ᠬᠡᠷᠡᠭᠵᠢᠭᠦᠯᠵᠦ᠂ ᠬᠤᠭᠤᠯᠠᠲᠤ ᠶᠢᠨ ᠭᠤᠣᠯ ᠬᠡᠦᠬᠡᠳ ᠤᠨ ᠴᠡᠴᠡᠷᠯᠢᠭ ᠢ ᠪᠠᠶᠢᠭᠤᠯᠬᠤ ᠡᠮᠦᠨᠡᠬᠢ | ᠬᠤᠭᠤᠴᠠᠭᠠᠨ ᠤ ᠠᠵᠢᠯ ᠢ ᠡᠬᠢᠯᠡᠭᠦᠯᠪᠡ᠃ | — — ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠠᠯ᠎ᠠ ᠪᠠᠷ᠃ ᠬᠠᠯᠳᠠᠪᠤᠷᠢᠲᠤ ᠡᠪᠡᠳᠴᠢᠨ ᠤ | ᠲᠣᠭᠤᠷᠢᠭ ᠢ ᠰᠢᠨ᠎ᠡ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠂ ᠪᠠᠯᠭᠠᠷᠭᠤᠣᠯ | ᠪᠠᠯᠭᠠᠰᠤᠨ ᠤ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠰᠢᠨ᠎ᠡ ᠠᠯᠪᠠᠨ | ᠠᠰᠠᠷ ᠲᠤ ᠰᠢᠯᠵᠢᠪᠡ᠃ ᠪᠠᠷᠠᠭᠤᠨ ᠦᠵᠦᠮᠦᠴᠢᠨ ᠬᠤᠰᠢᠭᠤᠨ ᠤ ᠶᠡᠷᠤᠩᠬᠡᠢ ᠡᠮᠨᠡᠯᠭᠡ ᠶᠢᠨ ᠬᠤᠷᠢᠶ᠎ᠡ ᠶᠢ ᠪᠠᠶᠢᠭᠤᠯᠵᠦ | ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ 2᠂ ᠳᠦᠭᠦᠮ ᠲᠤᠷᠰᠢᠯᠲᠠ ᠶᠢᠨ ᠲᠠᠰᠤᠭ 2 | ᠢ ᠪᠠᠶᠢᠭᠤᠯᠵᠤ᠂ ᠰᠢᠯᠭᠠᠨ ᠪᠠᠶᠢᠴᠠᠭᠠᠬᠤ ᠲᠤᠨᠤᠭ ᠲᠦᠬᠦᠭᠡᠷᠦᠮᠵᠢ 37 ᠶᠢ ᠲᠣᠬᠢᠷᠠᠭᠤᠯᠵᠦ᠂ ᠡᠷᠡᠭᠦᠯ ᠬᠠᠮᠠᠭᠠᠯᠠᠯ ᠤᠨ | ᠲᠤᠰᠬᠠᠢ ᠮᠡᠷᠭᠡᠵᠢᠯ ᠤᠨ ᠴᠢᠳᠠᠪᠤᠷᠢᠲᠠᠨ 9 ᠶᠢ ᠢᠯᠡ ᠪᠠᠷ ᠡᠯᠰᠡᠪᠡ᠃ ᠠᠷᠠᠳ ᠤᠨ ᠡᠮᠨᠡᠯᠭᠡ ᠶᠢᠨ ᠬᠤᠷᠢᠶᠠᠨ ᠤ | ᠬᠥᠩᠭᠡᠵᠢᠭᠦᠯᠬᠦ ᠰᠠᠯᠠᠭ᠎ᠠ᠂ ᠬᠡᠦᠬᠡᠳ ᠤᠨ ᠰᠠᠯᠠᠭ᠎ᠠ ᠨᠢ 2 ᠨᠡᠷ᠎ᠡ ᠲᠤᠰᠬᠠᠶ ᠮᠡᠷᠭᠡᠵᠢᠯᠲᠡᠨ ᠢ ᠤᠷᠢᠵᠤ᠂ 10 | ᠲᠥᠷᠥᠯ ᠤᠨ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ᠂ ᠮᠣᠩᠭᠤᠯ ᠡᠮᠨᠡᠯᠭᠡ ᠶᠢᠨ ᠬᠤᠷᠢᠶᠠᠨ ᠤ ︽ᠲᠤᠰᠠᠭᠠᠷ | ᠵᠣᠷ ᠤᠨ ᠮᠣᠩᠭᠤᠯ ᠡᠮ ᠨᠠᠶᠢᠷᠠᠭᠤᠯᠬᠤ︾ ᠲᠠᠰᠤᠭ ᠢ ᠠᠰᠢᠭᠯᠠᠯᠲᠠ ᠳᠤ ᠣᠷᠣᠭᠤᠯᠤᠨ᠂ ᠡᠯ᠎ᠡ ᠡᠮᠴᠢᠯᠡᠭᠡᠨ ᠤ | ᠪᠠᠶᠢᠭᠤᠯᠤᠮᠵᠢ ᠳᠤ ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ 5᠂ ᠠᠮᠢᠰᠬᠤᠯ ᠤᠨ ᠮᠠᠰᠢᠨ 30᠂ | ᠴᠢᠰᠤᠨ ᠤ ᠬᠦᠴᠢᠯᠲᠥ᠋ᠷᠥᠭᠴᠢ ᠶᠢᠨ ᠬᠡᠮᠵᠢᠭᠦᠷᠯᠢᠭ 1000 ᠶᠢ ᠬᠤᠳᠠᠯᠳᠤᠨ ᠠᠪᠴᠦ ᠥᠭᠭᠦᠨ᠂ 14 ᠬᠦᠨᠳᠦ | ᠡᠪᠡᠳᠴᠢᠲᠡᠨ ᠤ ᠣᠷᠣ ᠲᠣᠬᠢᠷᠠᠭᠤᠯᠵᠤ᠂ ᠣᠯᠠᠨ ᠲᠦᠮᠡᠨ ᠤ ᠬᠤᠰᠢᠭᠤᠨ ᠳᠠᠭᠠᠨ ᠴᠢᠨᠠᠷᠯᠢᠭ ᠡᠮᠴᠢᠯᠡᠭᠡᠨ ᠤ | ᠦᠶᠯᠡᠴᠢᠯᠡᠭᠡ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠵᠤ ᠴᠢᠳᠠᠬᠤ ᠪᠤᠯᠪᠠ᠃ ᠠᠯᠪᠠᠨ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠳᠤ ᠡᠷᠡᠬᠦᠯ ᠮᠡᠨᠳᠦ ᠶᠢᠨ ᠪᠠᠶᠢᠴᠠᠭᠠᠯᠳᠠ ᠶᠢᠨ ᠠᠵᠢᠯ | ᠦᠷᠨᠢᠭᠦᠯᠪᠡ᠃ | — — ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠠᠯ᠎ᠠ ᠪᠠᠷ᠃ ᠬᠤᠲᠠ ᠬᠥᠳᠡᠭᠡ ᠶᠢᠨ ᠨᠠᠭᠠᠳᠤ ᠵᠠᠬ᠎ᠠ | ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠦᠰ ᠢ ᠠᠪᠤᠷᠠᠨ ᠲᠤᠰᠠᠯᠠᠬᠤ᠂ ᠲᠦᠷ ᠴᠠᠭ ᠤᠨ | ᠠᠪᠤᠷᠠᠨ ᠲᠤᠰᠠᠯᠠᠬᠤ ᠵᠡᠷᠭᠡ ᠪᠡᠯᠡ ᠮᠥᠩᠭᠦ ᠶᠢ 2075 ᠲᠦᠮᠡᠨ ᠲᠥᠭᠦᠷᠢᠭ ᠲᠠᠷᠬᠠᠭᠠᠵᠤ᠂ ᠣᠷᠣᠯᠭ᠎ᠠ ᠪᠠᠭᠠᠲᠠᠢ | ᠬᠦᠮᠦᠰ ᠲᠤ ᠨᠡᠶᠢᠭᠡᠮ ᠤᠨ ᠪᠠᠲᠤᠯᠠᠭ᠎ᠠ᠂ ᠳᠤᠯᠠᠭᠠᠯᠠᠭ᠎ᠠ ᠬᠠᠩᠭᠠᠬᠤ᠂ ᠣᠷᠣᠨ ᠰᠠᠭᠤᠴᠠ ᠶᠢᠨ ᠨᠥᠬᠦᠪᠦᠷᠢ ᠶᠢ 72 | ᠲᠦᠮᠡᠨ ᠲᠥᠭᠦᠷᠢᠭ ᠨᠠᠶᠢᠳᠠᠪᠤᠷᠢᠵᠢᠭᠤᠯᠤᠨ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠤᠯᠭᠠᠨ ᠤ ᠰᠠᠷ᠎ᠠ ᠪᠦᠷᠢ ᠶᠢᠨ 780 ᠲᠥᠭᠦᠷᠢᠭ ᠪᠠᠶᠢᠭᠰᠠᠨ ᠠᠴᠠ 820 | ᠲᠥᠭᠦᠷᠢᠭ ᠪᠣᠯᠭᠠᠨ ᠳᠡᠭᠡᠭᠰᠢᠯᠡᠭᠦᠯᠪᠡ᠃ ᠣᠷᠣᠰᠢᠭᠤᠯᠭ᠎ᠠ ᠶᠢᠨ ᠦᠶᠯᠡᠴᠢᠯᠡᠭᠡᠨ ᠤ ᠪᠥᠬᠦ ᠠᠷᠠᠳ ᠲᠤ ᠲᠦᠭᠡᠮᠡᠯ | ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠷᠣᠰᠢᠭᠤᠯᠭ᠎ᠠ ᠶᠢᠨ ᠳᠥᠷᠪᠡᠨ ᠵᠦᠶᠯ ᠤᠨ | ᠦᠨᠳᠦᠰᠦᠨ ᠦᠶᠯᠡᠴᠢᠯᠡᠭᠡᠨ ᠤ ᠰᠦᠶᠳᠬᠡᠯ ᠢ 50 ᠭᠠᠷᠤᠶ ᠲᠦᠮᠡᠨ ᠲᠥᠭᠦᠷᠢᠭ ᠬᠡᠯᠲᠦᠷᠢᠭᠦᠯᠵᠦ᠂ ᠨᠥᠬᠦᠪᠥᠷᠢ ᠶᠢᠨ | ᠪᠠᠯᠠ ᠮᠥᠩᠭᠦ ᠶᠢ 8 ᠲᠦᠮᠡᠨ ᠲᠥᠭᠦᠷᠢᠭ ᠲᠠᠷᠬᠠᠭᠠᠵᠤ᠂ ᠴᠢᠨᠳᠠᠷ ᠢ ᠬᠠᠶᠢᠯᠤᠭᠤᠯᠬᠤ ᠨᠣᠷᠮ᠎ᠠ ᠶᠢ ᠢᠯᠡᠳᠲᠡ | ᠳᠡᠭᠡᠭᠰᠢᠯᠡᠭᠦᠯᠪᠡ᠃ 15912 ᠮᠠᠯᠵᠢᠬᠤ ᠡᠷᠦᠬᠡ ᠳᠤ ᠡᠩ ᠤᠨ ᠦᠨ᠎ᠡ ᠶᠢᠨ ᠨᠡᠭᠦᠷᠡᠰᠦ 31824 ᠲᠣᠨ | ᠲᠠᠷᠬᠠᠭᠠᠵᠦ᠂ ᠪᠠᠶᠠᠨᠭᠤᠣᠯ ᠨᠡᠶᠢᠭᠡᠮ ᠲᠣᠭᠤᠷᠢᠭ ᠢ ᠪᠠᠶᠢᠭᠤᠯᠪᠠ᠃ | — — ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠢᠯ ᠤᠨ ᠲᠠᠯ᠎ᠠ ᠪᠠᠷ᠃ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠢᠳᠡᠪᠬᠢᠲᠡᠢ ᠪᠠᠷ ᠲᠣᠬᠢᠷᠠᠭᠤᠯᠵᠤ᠂ ᠶᠡᠭᠡ ᠰᠤᠷᠭᠠᠭᠤᠯᠢ | ᠲᠡᠭᠦᠰᠦᠭᠰᠡᠳ ᠵᠡᠷᠭᠡ 114 ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠵᠦ᠂ ᠦᠶᠯᠡᠰ ᠴᠣᠭᠴᠠᠯᠠᠬᠤ | ᠪᠠᠲᠤᠯᠠᠭᠠᠲᠤ ᠵᠢᠭᠡᠯᠡᠯᠭᠡ 1363 ᠲᠦᠮᠡᠨ ᠲᠥᠭᠦᠷᠢᠭ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ | ᠠᠵᠢᠯᠴᠢᠨ ᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ 1300 ᠲᠦᠮᠡᠨ ᠲᠥᠭᠦᠷᠢᠭ ᠲᠠᠷᠬᠠᠭᠠᠵᠤ᠂ ᠬᠤᠰᠢᠭᠤ | ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠰᠠᠭᠤᠷᠢᠨ ᠭᠠᠵᠠᠷ ᠨᠢ ᠳᠠᠬᠢᠨᠲᠠ ᠥᠪᠡᠷᠲᠡᠭᠡᠨ ᠵᠠᠰᠠᠬᠤ ᠣᠷᠣᠨ ᠤ | ᠲᠠᠰ ᠤᠨ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠦᠨᠡᠯᠡᠭᠳᠡᠪᠡ᠃ ᠪᠥᠬᠦ ᠬᠦᠴᠦᠨ ᠢᠶᠠᠷ ᠢᠶᠠᠨ | ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠨᠥᠬᠦᠪᠦᠷᠢ ᠵᠡᠷᠭᠡ ᠪᠡᠯᠡ ᠮᠥᠩᠭᠦ ᠶᠢ 1700 ᠭᠠᠷᠤᠢ ᠲᠦᠮᠡᠨ ᠲᠥᠭᠦᠷᠢᠭ ᠲᠠᠷᠬᠠᠭᠠᠵᠤ᠂ | 243 ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ 472 ᠲᠦᠮᠡᠨ ᠲᠥᠭᠦᠷᠢᠭ ᠬᠥᠩᠭᠡᠯᠡᠨ | ᠲᠠᠲᠠᠪᠤᠷᠢᠯᠠᠪᠠ᠃ ᠴᠠᠯᠢᠩ ᠥᠷᠢᠲᠦᠭᠰᠡᠨ ᠬᠡᠷᠡᠭ ᠢ 1053 ᠬᠤᠪᠢ ᠰᠢᠢᠳᠪᠦᠷᠢᠯᠡᠵᠦ᠂ 6400 ᠭᠠᠷᠤᠢ | ᠬᠦᠯᠦᠰᠦᠨ ᠠᠵᠢᠯᠳᠠᠨ ᠳᠤ 9400 ᠭᠠᠷᠤᠢ ᠲᠦᠮᠡᠨ ᠲᠥᠭᠦᠷᠢᠭ ᠤᠨ ᠴᠠᠯᠢᠩ ᠢ ᠨᠡᠬᠡᠮᠵᠢᠯᠡᠨ ᠣᠯᠭᠤᠪᠠ᠃ | — — ᠰᠣᠶᠣᠯ ᠪᠡᠶ᠎ᠡ ᠶᠢᠨ ᠲᠠᠮᠢᠷ ᠤᠨ ᠠᠵᠢᠯ ᠤᠨ ᠲᠠᠯ᠎ᠠ ᠪᠠᠷ᠃ ᠪᠦᠬᠦ ᠠᠷᠠᠳ ᠤᠨ ᠪᠡᠶ᠎ᠡ | ᠴᠢᠬᠢᠷᠠᠭᠵᠢᠭᠤᠯᠬᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠭᠡᠷ ᠤᠨ ᠭᠠᠳᠠᠨᠠᠬᠢ ᠤᠯᠠᠨ ᠨᠡᠶᠢᠲᠡ ᠶᠢᠨ | ᠬᠥᠳᠡᠯᠭᠡᠭᠡᠨ ᠤ ᠭᠠᠵᠠᠷ 2 ᠶᠢ ᠪᠠᠶᠢᠭᠤᠯᠤᠨ᠂ ᠬᠥᠯ ᠪᠥᠮᠪᠦᠭᠡ ᠶᠢᠨ ᠣᠷᠳᠣᠨ ᠢ ᠡᠬᠢᠯᠡᠨ ᠪᠠᠶᠢᠭᠤᠯᠵᠤ᠂ ᠮᠥᠰᠥ | ᠴᠠᠰᠤᠨ ᠤ ᠨᠠᠶᠢᠷ ᠤᠨ ᠰᠢᠷᠢᠰ ᠠᠵᠢᠯᠯᠠᠭ᠎ᠠ᠂ ᠪᠦᠬᠦ ᠠᠶᠢᠮᠠᠭ ᠤᠨ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ | ᠶᠢᠨ ᠤᠷᠤᠯᠳᠤᠭᠠᠨ ᠵᠡᠷᠭᠡ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ 12 ᠤᠳᠠᠭ᠎ᠠ | ᠡᠷᠬᠢᠯᠡᠪᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠤᠯᠠᠭᠠᠨᠮᠥ᠋ᠴᠢᠷ ᠤᠨ | ᠤᠷᠠᠯᠢᠭ ᠤᠨ ᠲᠥᠪ ᠤᠨ ᠭᠤᠣᠯ ᠴᠣᠭᠴᠠ ᠶᠢᠨ ᠢᠨᠵᠧᠨᠧᠷᠢᠩ ᠢ ᠪᠦᠲᠦᠭᠡᠨ ᠪᠠᠶᠢᠭᠤᠯᠵᠤ ᠳᠠᠭᠤᠰᠬᠠᠨ᠂ ᠬᠤᠰᠢᠭᠤ | ᠬᠠᠮ ᠵᠠᠭᠤᠴᠢᠯᠠᠭᠤᠷ ᠤᠨ ᠲᠥᠪ ᠤᠨ ᠳᠡᠭᠡᠳᠦ ᠲᠣᠳᠣ ᠰᠤᠪᠠᠭ ᠢ ᠵᠢᠩᠬᠢᠨᠢ ᠪᠠᠷ ᠡᠬᠢᠯᠡᠨ ᠨᠠᠪᠲᠠᠷᠡᠭᠦᠯᠵᠦ᠂ ᠬᠤᠰᠢᠭᠤ | ᠤᠯᠠᠭᠠᠨᠮᠥ᠋ᠴᠢᠷ ᠨᠢ ᠶᠢᠰᠦᠳᠦᠭᠡᠷ ᠬᠤᠭᠤᠴᠠᠭᠠᠨ ᠤ ᠪᠥᠬᠦ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ | ︽ᠬᠠᠮᠳᠦ ᠨᠡᠶᠢᠲᠡ ᠶᠢᠨ ᠠᠯᠲᠠᠨ ᠱᠠᠩᠨᠠᠯ︾ ᠢ ᠬᠦᠷᠲᠡᠵᠦ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ | ᠠᠵᠢᠯᠯᠠᠭ᠎ᠠ ᠶᠢ 100 ᠭᠠᠷᠤᠢ ᠲᠠᠯᠠᠪᠤᠷ ᠦᠷᠨᠢᠬᠦᠯᠦᠨ᠂ 5 ᠲᠦᠮᠡ ᠰᠢᠬᠠᠮ ᠬᠥᠮᠥᠨ ᠤᠳᠠᠭ᠎ᠠ ᠳᠤ ᠠᠰᠢᠭ | ᠬᠦᠷᠲᠡᠭᠡᠵᠦ᠂ ᠮᠣᠩᠭᠤᠯ ᠵᠦᠴᠦᠭᠡ ︽ᠰᠡᠷᠡᠯ ᠮᠣᠷᠢ︾ ᠨᠢ ᠳᠥᠷᠪᠡᠳᠦᠭᠡᠷ ᠬᠤᠭᠤᠴᠠᠭᠠᠨ ᠤ ᠪᠥᠬᠦ ᠣᠷᠣᠨ ᠤ | ᠰᠢᠯᠢᠳᠡᠭ ᠵᠦᠴᠦᠭᠡ ᠶᠢᠨ ᠦᠵᠡᠭᠦᠯᠦᠯᠭᠡ ᠶᠢᠨ ᠲᠣᠭᠯᠠᠯᠲᠠ ᠶᠢᠨ 7 ᠲᠣᠮᠣ ᠱᠠᠩᠨᠠᠯ ᠢ ᠬᠦᠷᠲᠡᠵᠦ᠂ 4 ᠮᠠᠯᠴᠢᠨ | ᠡᠷᠦᠬᠡ ᠥᠪᠡᠷᠲᠡᠭᠡᠨ ᠵᠠᠰᠠᠬᠤ ᠣᠷᠣᠨ ᠤ ᠲᠡᠰ ᠤᠨ ᠰᠣᠶᠣᠯ ᠤᠨ ᠵᠢᠱᠢᠶᠡᠴᠢ ᠡᠷᠦᠬᠡ ᠪᠠᠷ ᠦᠨᠡᠯᠡᠭᠳᠡᠪᠡ᠃ | ︵ᠨᠠᠢᠮᠠ︶ ᠦᠨᠳᠦᠰᠦᠲᠡᠨ ᠤ ᠪᠦᠯᠬᠦᠮᠳᠡᠯ ᠤᠨ ᠪᠠᠶᠢᠳᠠᠯ ᠪᠠᠬᠢᠵᠢᠨ ᠬᠦᠭᠵᠢᠪᠡ᠃ ᠤᠯᠤᠰ ᠤᠨ ᠲᠠᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ | ᠡᠬᠢᠯᠡᠭᠦᠯᠵᠦ᠂ 3 ᠬᠠᠮᠲᠤ ᠨᠡᠶᠢᠲᠡ ᠨᠢ ᠠᠶᠢᠮᠠᠭ ᠤᠨ ᠲᠡᠰ ᠠᠴᠠ ᠳᠡᠭᠡᠭᠰᠢᠬᠢ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ ᠶᠢᠨ ᠴᠣᠯᠠ ᠬᠦᠷᠲᠡᠵᠦ᠂ 5 ᠬᠥᠮᠦᠨ | ᠠᠶᠢᠮᠠᠭ ᠤᠨ ᠲᠡᠰ ᠠᠴᠠ ᠳᠡᠭᠡᠭᠰᠢᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ | ᠢᠶᠠᠷ ᠦᠨᠡᠯᠡᠭᠳᠡᠨ᠂ ᠮᠠᠨ ᠤ ᠬᠤᠰᠢᠭᠤ ᠨᠢ ᠲᠠᠪᠤᠳᠤᠭᠠᠷ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠨᠢᠭᠡᠴᠡ ᠶᠢ 50 ᠨᠡᠷᠡᠯᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠬᠥᠮᠦᠵᠢᠯ ᠪᠣᠯᠪᠠᠰᠤᠷᠠᠯ ᠤᠨ ᠢᠨᠵᠧᠨᠧᠷᠢᠩ ᠢ ᠶᠡᠬᠡᠪᠡᠷ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠢ | ᠪᠠᠶᠢᠭᠤᠯᠵᠤ᠂ ᠪᠦᠭᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠨ ᠠᠬᠢᠭᠤᠯᠬᠤ ᠨᠡᠶᠢᠭᠡᠮᠯᠢᠭ ᠢ ᠪᠠᠶᠢᠭᠤᠯᠵᠤ᠂ 118 ᠬᠤᠭᠤᠴᠠᠭ᠎ᠠ ᠲᠤᠰᠬᠠᠢ ᠰᠡᠳᠦᠪᠲᠦ ᠪᠣᠯᠪᠠᠰᠤᠷᠠᠯ ᠪᠠ | 50 ᠬᠤᠭᠤᠴᠠᠭ᠎ᠠ ᠤᠬᠠᠭᠤᠯᠤᠨ ᠲᠠᠶᠢᠯᠠᠪᠤᠷᠢᠯᠠᠯᠳᠠ ᠬᠢᠵᠦ᠂ 460 ᠭᠠᠷᠤᠢ ᠤᠳᠠᠭ᠎ᠠ ᠪᠤᠰᠤᠳ ᠬᠠᠮᠢᠶ᠎ᠠ ᠪᠦᠬᠦᠢ | ᠠᠵᠢᠯᠯᠠᠭ᠎ᠠ ᠶᠢ ᠶᠠᠪᠤᠭᠳᠠᠭᠤᠯᠵᠠᠢ᠃ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ | ᠪᠠᠶᠢᠭᠠᠳ ︽ᠭᠤᠷᠪᠠᠨ ᠰᠠᠯᠵᠤ ᠴᠢᠳᠠᠰᠢ ᠥᠬᠡᠶ︾᠂ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ | ᠪᠠ ︽ᠳᠥᠷᠪᠡ ᠶᠢ ᠬᠠᠮᠲᠤᠪᠠᠷ ᠡᠳ᠋ᠯᠡᠬᠦ︾ ᠤᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠤᠷᠤᠨ ᠢ ᠪᠠᠶᠢᠭᠤᠯᠪᠠ᠃ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠦᠷᠭᠦᠯᠵᠢᠯᠡᠨ ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ | ᠭᠤᠷᠪᠠᠨ ᠲᠦᠷᠦᠯ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ︵ᠶᠢᠰᠦ︶ ᠬᠦᠨᠳᠦ ᠶᠡᠭᠡ ᠲᠦᠭᠰᠢᠭᠦᠷᠢ ᠤᠨ ᠳᠠᠯᠳᠠ ᠭᠡᠮ ᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃ ︽ | ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠳᠠᠬᠢᠨ ᠳᠡᠯᠭᠡᠷᠡᠬᠦ ᠶᠢ | ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠪᠠ ︽ᠬᠥᠳᠡᠯᠦᠩᠭᠦᠶ ᠪᠠᠷ ᠦᠭᠡᠶᠢᠰᠬᠡᠬᠦ︾ ᠶᠡᠷᠦᠩᠬᠡᠶ ᠴᠢᠭᠯᠡᠯᠲᠡ ᠶᠢ | ᠪᠠᠷᠢᠮᠲᠠᠯᠠᠵᠤ᠂ ᠪᠥᠬᠦ ᠵᠢᠯ ᠳᠤ ᠳ᠋ᠦᠩᠰᠢᠭᠤᠷ ᠲᠥᠭᠦᠷᠢᠭ ᠤᠷᠴᠢᠮ ᠤᠨ ᠬᠢᠵᠢᠭ ᠲᠠᠢ ᠲᠡᠮᠡᠴᠡᠬᠦ ᠪᠠᠯᠠ ᠮᠥᠩᠭᠦ | ᠵᠠᠷᠤᠴᠠᠭᠤᠯᠪᠠ᠃ ᠡᠭᠦᠨ ᠳᠤ ᠨᠢᠭᠡᠳᠦᠭᠡᠷ ᠹᠷᠣᠨᠲ ᠤᠨ ᠬᠥᠮᠦᠰ ᠲᠤ 640 ᠲᠦᠮᠡᠨ ᠲᠥᠭᠦᠷᠢᠭ ᠤᠨ ᠨᠥᠬᠦᠪᠥᠷᠢ | ᠣᠯᠭᠤᠪᠠ᠃ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠣᠪᠴᠢᠲᠠᠶ ᠪᠠᠷ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠠᠶᠢᠨ ᠦᠷ᠎ᠡ ᠪᠦᠲᠦᠮᠵᠢ ᠣᠯᠵᠤ᠂ | ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ | ᠶᠡᠭᠡ ᠬᠡᠮᠵᠢᠶ᠎ᠡ ᠪᠠᠷ ᠬᠠᠮᠠᠭᠠᠯᠠᠪᠠ᠃ ᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠤᠷᠪᠤᠰ︾ ᠬᠠᠲᠠᠭᠤ | ᠠᠷᠭ᠎ᠠ ᠬᠡᠮᠵᠢᠶ᠎ᠡ ᠪᠣᠯᠤᠨ ︽ᠵᠠᠭᠤᠨ ᠡᠳᠦᠷ ᠤᠨ ᠪᠠᠬᠢᠯᠡᠯᠲᠡ ᠰᠢᠪᠲᠤᠯᠬᠤ︾ ᠪᠠᠶᠢᠩᠭᠤᠵᠢᠭᠰᠠᠨ ᠠᠵᠢᠯ ᠤᠨ | ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ | ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ | ᠶᠢᠨ ᠭᠡᠮ ᠰᠤᠭᠤᠭ ᠢ ᠶᠡᠬᠡᠪᠡᠷ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠲᠤᠰᠬᠠᠶ ᠵᠦᠢᠯ ᠤᠨ ᠠᠵᠢᠯᠯᠠᠭ᠎ᠠ ᠶᠢ | ᠯᠠᠪᠳᠠᠭᠤᠨ ᠪᠠᠲᠤᠲᠠᠶ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ | ᠪᠠᠶᠢᠵᠤ᠂ ᠠᠶᠤᠯᠭᠦᠢ ᠦᠢᠯᠡᠳᠪᠦᠷᠢᠯᠡᠯ ᠤᠨ ᠨᠡᠯᠢᠶᠡᠳ ᠶᠡᠭᠡ ᠠᠳᠡᠯ ᠬᠡᠷᠡᠭ ᠭᠠᠷᠤᠭᠰᠠᠨ ᠦᠭᠡᠶ᠃ ᠵᠠᠰᠠᠭ ᠤᠨ | ᠣᠷᠳᠣᠨ ᠤ ᠥᠷᠢ ᠥᠭᠴᠡᠭᠡᠨ ᠤ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ᠂ ᠵᠠᠰᠠᠭ ᠤᠨ ᠣᠷᠳᠣᠨ ᠤ ᠳᠠᠯᠳᠠ | ᠥᠷᠢ ᠥᠭᠴᠡᠭᠡ ᠶᠢ ᠨᠡᠶᠢᠲᠡ 2 ᠳ᠋ᠦᠩᠰᠢᠭᠤᠷ ᠲᠥᠭᠦᠷᠢᠭ ᠪᠣᠴᠠᠭᠠᠵᠤ᠂ ᠣᠨ ᠤ ᠡᠭᠦᠷᠭᠡ ᠪᠠᠨ 178% ᠪᠠᠷ | ᠪᠡᠶᠡᠯᠡᠭᠦᠯᠦᠨ᠂ ᠠᠷᠠᠳ ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭᠰᠠᠨ 1179 | ᠲᠦᠮᠡᠨ ᠲᠥᠭᠦᠷᠢᠭ ᠢ ᠳᠥᠯᠥᠵᠦ᠂ ᠳᠥᠯᠥᠵᠦ ᠳᠠᠭᠤᠰᠬᠠᠭᠰᠠᠨ ᠨᠣᠷᠮ᠎ᠠ ᠨᠢ 100% ᠳᠤ ᠬᠥᠷᠪᠡ᠃ | ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠪᠠ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ | ᠵᠡᠷᠭᠡ ᠳᠦᠷᠢᠮ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠳᠡᠭᠡᠷ᠎ᠡ ᠱᠠᠳᠤᠨ ᠠᠴᠠ ᠲᠤᠰᠢᠶᠠᠭᠰᠠᠨ 101 ᠬᠤᠪᠢ᠂ ᠮᠠᠨ | ᠤ ᠬᠤᠰᠢᠭᠤᠨ ᠤ ᠪᠠᠶᠢᠴᠠᠭᠠᠨ ᠡᠮᠬᠢᠯᠡᠭᠰᠡᠨ 27 ᠬᠤᠪᠢ ᠵᠠᠬᠢᠳᠠᠯ ᠰᠤᠷᠪᠤᠯᠵᠢᠯᠠᠯ ᠤᠨ ᠵᠦᠢᠯᠡᠰ ᠢ ᠪᠦᠬᠦᠨ ᠢ | ᠰᠢᠢᠳᠪᠦᠷᠢᠯᠡᠵᠦ ᠳᠠᠭᠤᠰᠬᠠᠨ᠂ ᠪᠡᠭᠡᠵᠢᠩ ᠪᠠ ᠣᠷᠣᠨ ᠳᠤ ᠤᠴᠢᠵᠤ ᠵᠠᠭᠢᠲᠠᠯ ᠰᠤᠷᠪᠤᠯᠵᠢᠯᠠᠯ ᠬᠢᠭᠰᠡᠳ ᠤᠨ ᠲᠤᠭ᠎ᠠ | ᠨᠢ ︽ᠬᠤᠣᠰ ᠪᠠᠭᠤᠷᠠᠯᠲᠠ︾ ᠶᠢ ᠪᠡᠶᠡᠯᠡᠭᠦᠯᠪᠡ᠃ ᠨᠡᠶᠢᠭᠡᠮ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ | ᠢᠶᠠᠨ ᠬᠠᠮᠠᠭᠠᠯᠠᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ 540 ᠤᠳᠠᠭ᠎ᠠ ᠠᠮᠵᠢᠯᠲᠠ ᠲᠠᠢ | ᠡᠶᠡᠳᠡᠭᠦᠯᠦᠨ ᠰᠢᠢᠳᠪᠦᠷᠢᠯᠡᠵᠦ᠂ ︽ᠭᠠᠴᠠᠭᠠᠨ ᠤ ᠡᠵᠡᠷᠬᠡᠭᠴᠢ︾ ᠪᠠ ᠣᠪᠣᠭ ᠲᠥᠷᠥᠯ ᠤᠨ ᠬᠦᠴᠦᠨ ᠢ ᠴᠡᠭᠴᠡᠯᠡᠨ | ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠪᠠ ᠫᠤᠤ | ᠵᠡᠪᠰᠡᠭ ᠳᠡᠯᠪᠡᠷᠡᠬᠦ ᠪᠣᠳᠠᠰ ᠤᠨ ᠬᠠᠮᠢᠶᠠᠲᠠᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ | ᠥᠭᠴᠦ᠂ ᠲᠠᠪᠤᠨ ᠵᠢᠯ ᠳᠠᠷᠠᠭᠠᠯᠠᠨ ᠠᠮᠢᠨ ᠬᠡᠷᠡᠭ ︽ᠭᠠᠷᠤᠭᠰᠠᠨ ᠦᠭᠡᠢ︾ ᠪᠠᠶᠢᠨ᠎ᠠ᠃ ᠬᠤᠰᠢᠭᠤ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠨᠢ ︽ᠪᠥᠬᠦ ᠤᠯᠤᠰ ᠤᠨ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠢᠰᠲ᠋ᠧᠮ ᠤᠨ ᠲᠡᠷᠢᠭᠦᠨ ᠤ ᠬᠠᠮᠲᠤ ᠨᠢᠭᠡᠴᠡ︾ ᠶᠢᠨ ᠢᠷᠠᠭᠤ ᠠᠯᠳᠠᠷ ᠢ ᠬᠦᠷᠲᠡᠵᠦ᠂ | ᠪᠠᠶᠠᠨᠠᠭᠤᠯᠠ ᠨᠡᠶᠢᠭᠡᠮ ᠲᠣᠭᠤᠷᠢᠭ ᠨᠢ ︽ᠪᠥᠬᠦ ᠤᠯᠤᠰ ᠤᠨ ᠠᠷᠠᠳᠴᠢᠯᠠᠭᠰᠠᠨ ᠬᠠᠤᠯᠢ ᠪᠠᠷ ᠵᠠᠰᠠᠬᠤ ᠵᠢᠱᠢᠶ᠎ᠡ | ᠦᠵᠡᠭᠦᠯᠬᠦ ᠨᠡᠶᠢᠭᠡᠮ ᠲᠣᠭᠤᠷᠢᠭ︾ ᠢᠶᠠᠷ ᠦᠨᠡᠯᠡᠭᠳᠡᠪᠡ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ | ᠪᠡᠶ᠎ᠡ ᠶᠢᠨ ᠲᠠᠮᠢᠷ ᠤᠨ ᠴᠤᠭᠯᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠵᠡᠷᠭᠡ ᠴᠢᠬᠤᠯᠠ ᠴᠠᠭ ᠬᠤᠭᠤᠴᠠᠭᠠᠨ ᠤ | ᠠᠮᠤᠷ ᠲᠣᠭᠲᠠᠭᠤᠨ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠳᠥᠷᠪᠡᠨ ᠲᠥᠷᠥᠯ ᠤᠨ | ᠶᠠᠪᠤᠳᠠᠯ ᠡᠭᠦᠰᠬᠦ ᠦᠭᠡᠢ︾ ᠬᠠᠷᠠᠯᠲᠠ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠬᠤᠰᠢᠭᠤ ᠵᠠᠰᠠᠭ ᠤᠨ ᠣᠷᠳᠣᠨ ᠨᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ | ᠢᠮᠠᠭᠲᠠ ᠪᠠᠷᠢᠮᠲᠠᠯᠠᠵᠤ᠂ ᠴᠢᠬᠤᠯᠠ ᠶᠡᠭᠡ ᠤᠴᠢᠷ ᠶᠠᠪᠤᠳᠠᠯ᠂ ᠴᠢᠬᠤᠯᠠ ᠠᠰᠠᠭᠤᠳᠠᠯ ᠳᠤ ᠵᠢᠭᠠᠪᠤᠷᠢ ᠠᠪᠴᠤ | ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠦᠨ᠂ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ 153 | ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 102 ᠬᠤᠪᠢ | ᠭᠦᠢᠴᠡᠳᠬᠡᠵᠦ᠂ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ 11 ᠬᠤᠪᠢ ᠲᠣᠭᠲᠠᠭᠠᠨ ᠨᠡᠶᠢᠲᠡᠯᠡᠵᠦ᠂ | ᠸᠢᠴᠠᠲ ᠤᠨ ᠠᠵᠢᠯ ᠤᠨ ᠬᠤᠯᠪᠤᠭ᠎ᠠ ᠶᠢ 30 ᠭᠠᠷᠤᠢ ᠶᠢ ᠠᠷᠢᠯᠭᠠᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ | ᠴᠡᠷᠢᠭ ᠤᠨ ᠠᠯᠪᠠᠨ ᠠᠴᠠ ᠪᠠᠭᠤᠭᠰᠠᠳ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠴᠥᠮ ᠰᠢᠨ᠎ᠡ | ᠠᠮᠵᠢᠯᠲᠠ ᠣᠯᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ ᠲᠠᠩᠰᠠ ᠡᠪᠬᠡᠮᠡᠯ | ᠲᠡᠦᠬᠡ ᠤᠶᠢᠯᠠᠯᠭ᠎ᠠ᠂ ᠭᠠᠵᠠᠷ ᠬᠥᠳᠡᠯᠦᠯᠲᠡ ᠴᠠᠭ ᠠᠭᠤᠷ ᠤᠨ ᠦᠢᠯᠡᠰ ᠴᠥᠮ ᠰᠢᠨ᠎ᠡ ᠲᠠᠪᠰᠢᠯᠳᠠ ᠲᠠᠢ ᠪᠣᠯᠵᠤ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠤᠳᠬ᠎ᠠ ᠤᠷᠠᠯᠢᠭ ᠤᠨ | ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠵᠣᠬᠢᠶᠠᠨ ᠪᠠᠶᠢᠭᠤᠯᠤᠯᠲᠠ ᠴᠥᠮ ᠰᠢᠨ᠎ᠡ ᠳᠦᠷᠰᠦ ᠪᠠᠶᠢᠳᠠᠯ ᠲᠠᠢ | ᠪᠣᠯᠪᠠ᠃ | ᠲᠥᠯᠥᠭᠡᠯᠡᠭᠴᠢᠳ ᠠ᠋᠂ ᠡᠲᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ | ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠬᠠᠲᠠᠭᠤ | ᠪᠡᠷᠬᠡᠰᠢᠶᠡᠯ ᠢ ᠬᠠᠮᠲᠤ ᠪᠠᠷ ᠳᠤᠭᠤᠯᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ︕ ᠠᠳᠡ᠂ ᠪᠢ ᠬᠤᠰᠢᠭᠤ ᠠᠷᠠᠳ ᠤᠨ | ᠵᠠᠰᠠᠭ ᠤᠨ ᠣᠷᠳᠣᠨ ᠢ ᠳᠦᠯᠦᠭᠡᠯᠡᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ | ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠪᠦᠬᠦ ᠨᠥᠬᠦᠳ᠂ | ᠨᠠᠶᠢᠵᠠ ᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠳᠠᠭᠠᠣ ᠤᠷᠤᠭᠰᠢᠯᠠᠯᠲᠠ ᠶᠢᠨ ᠵᠠᠮ ᠳᠡᠭᠡᠷᠡᠬᠢ ᠬᠦᠴᠢᠷᠳᠡᠯ ᠪᠠ | ᠥᠷᠢᠰᠦᠯᠳᠦᠭᠡᠨ ᠢ ᠡᠷᠬᠡᠪᠰᠢ ᠰᠡᠷᠭᠡᠭ ᠢᠶᠠᠷ ᠣᠯᠵᠤ ᠲᠠᠨᠢᠬᠤ ᠬᠡᠷᠡᠭᠲᠡᠢ᠂ ᠡᠭᠦᠨ ᠳᠤ ᠭᠤᠣᠯᠳᠠᠭᠤ᠄ ᠠᠵᠤ | ᠠᠬᠤᠢ ᠶᠢᠨ ᠪᠦᠲᠦᠴᠡ ᠵᠣᠬᠢᠰ ᠦᠭᠡᠢ᠂ ᠠᠵᠤ ᠦᠢᠯᠡᠰ ᠤᠨ ᠬᠡᠯᠬᠢᠶ᠎ᠡ ᠲᠡᠭᠦᠯᠳᠡᠷᠵᠢᠭᠡᠳᠦᠢ ᠪᠠᠶᠢᠨ᠎ᠠ᠃ ᠠᠮᠢ | ᠠᠬᠤᠢ ᠶᠢᠨ ᠣᠷᠴᠢᠨ ᠨᠥᠬᠦᠴᠡᠯ ᠤᠨ ᠰᠠᠭᠤᠷᠢ ᠨᠢᠮᠭᠡᠨ ᠪᠠᠭᠤᠷᠠᠢ ᠪᠠᠶᠢᠵᠤ᠂ ᠠᠮᠢ ᠠᠬᠤᠢ ᠶᠢ ᠰᠡᠷᠭᠦᠭᠡᠬᠦ ᠪᠠ | ᠡᠨᠧᠷᠭᠢ ᠠᠷᠪᠢᠯᠠᠵᠤ ᠪᠣᠬᠢᠷᠳᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠪᠡᠷᠬᠡ ᠬᠠᠲᠠᠭᠤᠵᠢᠯᠲᠠᠢ | ᠪᠠᠶᠢᠨ᠎ᠠ᠃ ᠬᠤᠲᠠ ᠶᠢᠨ ᠶᠠᠪᠤᠳᠠᠯ᠂ ᠵᠠᠮ ᠬᠠᠷᠢᠯᠴᠠᠭ᠎ᠠ᠂ ᠮᠠᠯᠵᠢᠬᠤ ᠤᠷᠤᠨ ᠵᠡᠷᠭᠡ ᠰᠠᠭᠤᠷᠢ ᠪᠡᠯᠡᠳᠬᠡᠮᠵᠢ ᠶᠢᠨ | ᠬᠦᠷᠢᠶᠡᠨ ᠳᠤ ᠨᠡᠯᠢᠶᠡᠳ ᠶᠡᠭᠡ ᠥᠷᠢᠲᠦᠵᠦ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠦᠢᠯᠡᠰ ᠤᠨ | ᠬᠥᠭᠵᠢᠯᠲᠡ ᠨᠢ ᠣᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠳᠤ ᠪᠠᠰᠠ ᠴᠥᠭᠡᠨ ᠪᠤᠰᠤ ᠬᠦᠴᠢᠷ ᠲᠦᠪᠡᠭᠲᠡᠶ ᠠᠰᠠᠭᠤᠳᠠᠯ | ᠣᠷᠣᠰᠢᠵᠤ ᠪᠠᠶᠢᠨ᠎ᠠ᠃ ᠺᠠᠳ᠋ᠷᠴᠤᠳ ᠦᠵᠡᠯ ᠰᠠᠨᠠᠭ᠎ᠠ ᠪᠠᠨ ᠴᠢᠯᠦᠭᠡᠯᠡᠬᠦ᠂ ᠠᠵᠢᠯ ᠢᠶᠠᠨ ᠵᠣᠷᠢᠭᠲᠠᠢ ᠬᠢᠬᠦ ᠵᠠᠷᠭᠡ | ᠲᠠᠯ᠎ᠠ ᠳᠤ ᠠᠰᠠᠭᠤᠳᠠᠯ ᠤᠷᠤᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠡᠷᠬᠡᠪᠰᠢ ᠡᠷᠡᠰ ᠴᠢᠩᠭ᠎ᠠ ᠬᠦᠴᠦᠲᠡᠢ | ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠢ ᠰᠢᠢᠳᠪᠦᠷᠢᠯᠡᠨ᠎ᠡ᠃ | ᠬᠤᠶᠠᠷ᠂ 2023 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠᠴᠦ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ | ᠵᠠᠩᠭᠢᠯᠠᠭ᠎ᠠ ᠶᠢᠨ ᠨᠢᠭᠡ ᠵᠢᠯ ᠮᠥᠨ᠃ ᠲᠥᠪ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠡᠨᠡ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠪᠥᠬᠦ | ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠶᠯᠡᠳᠪᠦᠷᠢᠯᠡᠯ ᠤᠨ ᠶᠡᠷᠦᠩᠬᠡᠶ ᠥᠷᠲᠡᠭ ᠢ 6% ᠪᠠᠷ ᠨᠡᠮᠡᠭᠳᠡᠭᠦᠯᠦᠨ᠎ᠡ᠃ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 10% ᠪᠠᠷ ᠨᠡᠮᠡᠭᠳᠡᠬᠦᠯᠦᠨ᠎ᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | 4% ᠠᠴᠠ ᠳᠡᠭᠡᠭᠰᠢ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠤᠩᠬᠡᠢ ᠲᠤᠭ᠎ᠠ ᠶᠢᠨ ᠨᠡᠮᠡᠭᠳᠡᠯ ᠤᠨ ᠬᠡᠮᠵᠢᠶ᠎ᠡ ᠶᠢ ᠳᠡᠭᠡᠷ᠎ᠡ ᠵᠢᠯ ᠤᠨ ᠬᠢ ᠠᠴᠠ ᠦᠨᠳᠦᠷ ᠪᠤᠯᠭᠠᠨ᠎ᠠ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ | 5% ᠪᠠ 7% ᠠᠴᠠ ᠳᠡᠭᠡᠭᠰᠢ ᠨᠡᠮᠡᠭᠳᠡᠬᠦᠯᠦᠨ᠎ᠡ᠃ ᠡᠨᠧᠷᠭᠢ ᠶᠢᠨ ᠬᠤᠷᠤᠭᠳᠠᠯ ᠤᠨ ᠬᠦᠴᠦᠯᠡᠴᠡ ᠪᠠ ᠪᠣᠬᠢᠷᠳᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠦᠢᠴᠡᠳᠬᠡᠬᠦ ᠲᠤᠭ᠎ᠠ ᠶᠢ ᠳᠡᠭᠡᠳᠦ ᠱᠠᠲᠤᠨ ᠤ ᠱᠠᠭᠠᠷᠳᠠᠯᠭ᠎ᠠ | ᠶᠣᠰᠣᠭᠠᠷ ᠪᠠᠶᠢᠷᠢᠯᠠᠭᠤᠯᠤᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠲᠣᠭᠲᠠᠭᠠᠭᠰᠠᠨ ᠨᠢ ᠨᠠᠮ ᠤᠨ ᠲᠥᠪ | ᠬᠤᠷᠢᠶᠠᠨ ᠤ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠲᠦᠯᠬᠢᠨ ᠠᠬᠢᠭᠤᠯᠬᠤ | ᠴᠢᠬᠤᠯᠠ ᠱᠠᠭᠠᠷᠳᠠᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢ ᠲᠦᠷᠭᠡᠳᠬᠡᠬᠦ᠂ | ᠴᠢᠨᠠᠷᠯᠢᠭ ᠬᠥᠭᠵᠢᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠮᠥᠷᠲᠡᠭᠡᠨ ᠪᠠᠰᠠ ᠪᠥᠬᠦ | ᠠᠶᠢᠮᠠᠭ᠂ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠱᠠᠭᠠᠷᠳᠠᠯᠭ᠎ᠠ ᠶᠢ | ᠵᠢᠷᠤᠮᠯᠠᠵᠤ᠂ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠤ | ᠲᠣᠭᠲᠠᠭᠠᠭᠰᠠᠨ ᠬᠠᠷᠠᠯᠲᠠ ᠶᠢ ᠵᠣᠯᠭᠠᠭᠤᠯᠤᠭᠰᠠᠨ ᠪᠠᠶᠢᠨ᠎ᠠ᠃ ᠬᠤᠰᠢᠭᠤ ᠵᠠᠰᠠᠭ ᠤᠨ ᠣᠷᠳᠣᠨ ᠨᠢ ︽ᠬᠤᠶᠠᠷ | ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠶᠢ ᠤᠬᠠᠮᠰᠠᠷ ᠠᠴᠠ ᠪᠠᠨ ᠰᠠᠬᠢᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠵᠠᠮᠨᠠᠵᠤ᠂ | ᠪᠣᠳᠠᠲᠠᠢ ᠠᠵᠢᠯ ᠤᠨ ᠳᠤᠮᠳᠠ ᠪᠠᠨ ᠨᠠᠩ ᠰᠠᠶᠢᠨ ᠦᠷ᠎ᠡ ᠳ᠋ᠦᠩ ᠣᠯᠬᠤ ᠪᠠᠷ ᠴᠢᠷᠮᠠᠶᠢᠨ᠎ᠠ᠃ | ᠦᠨᠥ ᠵᠢᠯ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠬᠦᠴᠦᠨ ᠢᠶᠠᠨ ᠲᠥᠪᠯᠡᠷᠡᠭᠦᠯᠦᠨ ᠲᠣᠭᠲᠠᠭᠤᠨ ᠢᠶᠠᠷ ᠨᠡᠮᠡᠭᠳᠡᠭᠦᠯᠵᠦ᠂ ᠠᠵᠤ ᠠᠬᠤᠢ ᠶᠢᠨ ᠴᠢᠨᠠᠷᠯᠢᠭ | ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠪᠣᠶᠢᠵᠢᠭᠤᠯᠤᠨ᠎ᠠ᠃ 6% ᠶᠢᠨ ᠨᠡᠮᠡᠭᠳᠡᠯ ᠤᠨ ᠬᠠᠷᠠᠯᠲᠠ ᠶᠢ | ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠴᠢᠩᠭ᠎ᠠ ᠠᠳᠬᠤᠵᠤ᠂ ︽ᠲᠣᠭᠲᠠᠭᠤᠨ ᠢᠶᠠᠷ ᠰᠠᠶᠢᠨ ᠡᠬᠢᠯᠡᠬᠦᠯᠬᠦ︾ ᠶᠢ ᠪᠡᠶᠡᠯᠡᠭᠦᠯᠵᠦ᠂ ᠠᠵᠤ ᠠᠬᠤᠢ ᠶᠢ ︽ | ᠲᠣᠭᠲᠠᠭᠤᠨ ᠢᠶᠠᠷ ᠤᠷᠤᠭᠰᠢᠯᠠᠭᠤᠯᠬᠤ︾᠂ ︽ᠲᠣᠭᠲᠠᠭᠤᠨ ᠢᠶᠠᠷ ᠲᠦᠷᠭᠡᠨ ᠬᠥᠭᠵᠢᠭᠦᠯᠬᠦ︾ ᠶᠢ ᠦᠨᠡᠨᠬᠦ ᠪᠠᠲᠤᠯᠠᠨ᠎ᠠ | ᠃ | ᠨᠢᠭᠡ ᠳᠤ᠂ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠢ ᠶᠡᠬᠡᠪᠡᠷ ᠥᠷᠨᠢᠭᠦᠯᠤᠨ᠎ᠠ᠃ ᠥᠪᠡᠷᠲᠡᠭᠡᠨ | ᠵᠠᠰᠠᠬᠤ ᠣᠷᠣᠨ ᠠᠴᠠ ᠠᠷᠠᠯᠵᠢᠶᠠᠴᠢᠨ ᠤᠷᠢᠵᠤ ᠪᠠᠯᠠ ᠲᠠᠲᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ | ᠲᠣᠭᠲᠠᠭᠠᠨ ᠨᠡᠶᠢᠲᠡᠯᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠦᠨᠥ ᠵᠢᠯ ᠢ ︽ᠠᠷᠠᠯᠵᠢᠶᠠᠴᠢᠨ | ᠤᠷᠢᠵᠤ ᠪᠡᠯᠡ ᠲᠠᠲᠠᠬᠤ ᠣᠨ︾ ᠢᠶᠠᠷ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ | ᠵᠠᠬᠢᠷᠭ᠎ᠠ ᠠᠴᠠ ᠠᠷᠠᠯᠵᠢᠶᠠᠴᠢᠨ ᠤᠷᠢᠵᠤ ᠪᠡᠯᠡ ᠲᠠᠲᠠᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠡᠭᠡ ᠬᠤᠷᠠᠯ ᠢ ᠵᠠᠯᠭᠠᠭ᠎ᠠ ᠪᠠᠷ ᠬᠤᠷᠠᠯᠳᠤᠭᠤᠯᠵᠤ᠂ ᠠᠷᠠᠯᠵᠢᠶᠠᠴᠢᠨ ᠤᠷᠢᠬᠤ ᠶᠢ ᠶᠡᠬᠡᠪᠡᠷ | ᠠᠳᠬᠤᠬᠤ᠂ ᠪᠥᠬᠦ ᠲᠠᠯ᠎ᠠ ᠪᠠᠷ ᠠᠷᠠᠯᠵᠢᠶᠠᠴᠢᠨ ᠤᠷᠢᠬᠤ ᠴᠢᠩᠭ᠎ᠠ ᠱᠠᠭᠠᠷᠳᠠᠯᠭ᠎ᠠ ᠶᠢ ᠭᠠᠷᠭᠠᠭᠰᠠᠨ ᠪᠠᠶᠢᠨ᠎ᠠ᠃ ᠦᠨᠥ | ᠵᠢᠯ ᠠᠶᠢᠮᠠᠭ ᠤᠨ ᠵᠠᠬᠢᠷᠭ᠎ᠠ ᠠᠴᠠ ᠮᠠᠨ ᠤ ᠬᠤᠰᠢᠭᠤᠨ ᠳᠤ ᠤᠯᠤᠰ ᠤᠨ ᠳᠤᠳᠤᠭᠠᠳᠦ ᠠᠴᠠ 47.7 ᠳ᠋ᠦᠩᠰᠢᠭᠤᠷ | ᠲᠥᠭᠦᠷᠢᠭ ᠤᠨ ᠠᠷᠠᠯᠵᠢᠶᠠᠴᠢᠨ ᠤᠷᠢᠵᠤ ᠪᠡᠯᠡ ᠲᠠᠲᠠᠬᠤ ᠡᠭᠦᠷᠭᠡ ᠶᠢ ᠪᠠᠭᠤᠯᠭᠠᠵᠤ᠂ ᠳᠡᠭᠡᠷ᠎ᠡ ᠵᠢᠯ ᠤᠨ ᠬᠢ ᠠᠴᠠ | 21% ᠪᠠᠷ ᠨᠡᠮᠡᠭᠳᠡᠪᠡ᠃ ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠᠨ ᠨᠢᠭᠡᠳᠬᠡᠨ᠂ ᠮᠠᠨ ᠤ ᠬᠤᠰᠢᠭᠤᠨ ᠤ | ᠡᠬᠢ ᠪᠠᠶᠠᠯᠢᠭ᠂ ᠠᠵᠤ ᠦᠶᠯᠡᠰ ᠤᠨ ᠰᠠᠭᠤᠷᠢ ᠪᠠ ᠭᠤᠤᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ | ᠲᠠᠢ ᠪᠠᠨ ᠤᠶᠠᠯᠳᠤᠭᠤᠯᠤᠨ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢ ᠲᠡᠵᠢᠭᠡᠨ ᠦᠷᠡᠵᠢᠭᠦᠯᠬᠦ᠂ | ᠬᠥᠩᠭᠡᠨᠴᠠᠭᠠᠨ ᠢ ᠨᠠᠷᠢᠯᠢᠭ ᠪᠤᠯᠪᠠᠰᠤᠷᠠᠭᠤᠯᠬᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠵᠡᠷᠭᠡ ᠭᠤᠤᠯᠳᠠᠯᠭ᠎ᠠ | ᠲᠠᠢ ᠬᠦᠷᠢᠶ᠎ᠡ ᠬᠡᠪᠴᠢᠶᠡᠨ ᠳᠤ ᠠᠩᠬᠠᠷᠤᠯ ᠢᠶᠠᠨ ᠲᠥᠪᠯᠡᠷᠡᠭᠦᠯᠤᠨ᠂ ︽ᠭᠠᠳᠠᠭᠰᠢ ᠭᠠᠷᠴᠦ᠂ ᠤᠷᠢᠵᠤ ᠠᠪᠴᠢᠷᠠᠬᠤ︾ | ᠶᠢ ᠪᠠᠷᠢᠮᠲᠠᠯᠠᠵᠤ᠂ ᠠᠵᠤ ᠠᠬᠤᠶᠢᠯᠠᠯ ᠪᠠ ᠠᠷᠠᠯᠵᠢᠶᠠᠴᠢᠨ ᠤ ᠡᠪᠯᠡᠯ ᠵᠡᠷᠭᠡ ᠶᠢᠨ ᠦᠢᠯᠡᠳᠦᠯ ᠢ ᠪᠠᠳᠠᠷᠠᠭᠤᠯᠬᠤ ᠶᠢ | ᠨᠡᠩ ᠴᠢᠬᠤᠯᠠᠴᠢᠯᠠᠵᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠤᠷᠢᠬᠤ ᠬᠤᠷᠠᠯ ᠢᠶᠠᠷ | ᠠᠷᠠᠯᠵᠢᠶᠠᠴᠢᠨ ᠤᠷᠢᠬᠤ᠂ ᠠᠵᠤ ᠦᠶᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠲᠤᠰᠬᠠᠢ ᠠᠩᠭᠢ ᠪᠠᠷ | ᠠᠷᠠᠯᠵᠢᠶᠠᠴᠢᠨ ᠤᠷᠢᠬᠤ ᠵᠡᠷᠭᠡ ᠠᠷᠭ᠎ᠠ ᠬᠡᠯᠪᠡᠷᠢ ᠶᠢ ᠠᠪᠴᠦ᠂ ᠨᠢᠭᠡ ᠪᠦᠯᠦᠭ ᠪᠦᠷᠢᠨ ᠪᠦᠲᠦᠨ ᠠᠵᠤ ᠦᠢᠯᠡᠰ ᠤᠨ | ᠬᠡᠯᠬᠢᠶ᠎ᠡ ᠶᠢ ᠪᠠᠶᠢᠭᠤᠯᠬᠤ᠂ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠠᠵᠤ | ᠠᠬᠤᠶᠢᠯᠠᠯ ᠪᠠ ᠳᠦᠷᠦᠯ ᠵᠦᠢᠯ ᠢ ᠨᠠᠷᠢᠯᠢᠭ ᠤᠨᠤᠪᠴᠢᠳᠠᠢ ᠪᠠᠷ ᠣᠷᠣᠭᠤᠯᠵᠤ ᠠᠪᠴᠢᠷᠠᠨ᠎ᠠ᠃ ︽ᠣᠷᠣᠨ | ᠪᠦᠰᠡ ᠶᠢᠨ ᠦᠨᠡᠯᠡᠨ ᠵᠢᠱᠢᠯᠲᠡ + ᠪᠠᠷᠢᠮᠵᠢᠶᠠᠲᠤ ᠭᠠᠵᠠᠷ︾ ᠤᠨ ᠵᠠᠭᠪᠤᠷ ᠢ ᠶᠡᠬᠡᠪᠡᠷ ᠬᠡᠷᠡᠭᠵᠢᠭᠦᠯᠵᠦ᠂ | ᠵᠦᠪᠳᠡᠯᠴᠡᠭᠰᠡᠨ ᠲᠥᠷᠥᠯ ᠵᠦᠢᠯ ᠢ ᠡᠷᠲᠡᠬᠡᠨ ᠭᠡᠷ᠎ᠡ ᠲᠣᠭᠲᠠᠬᠤ᠂ ᠭᠡᠷ᠎ᠡ ᠲᠤᠭᠳᠠᠭᠰᠠᠨ ᠲᠥᠷᠥᠯ ᠵᠦᠢᠯ ᠢ ᠡᠷᠲᠡᠬᠡᠨ | ᠠᠵᠢᠯ ᠡᠬᠢᠯᠡᠬᠦᠯᠬᠦ᠂ ᠠᠵᠢᠯ ᠡᠬᠢᠯᠡᠭᠦᠯᠬᠦ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠤᠷᠤᠭᠤᠯᠬᠤ ᠶᠢ | ᠠᠬᠢᠭᠤᠯᠤᠨ᠎ᠠ᠃ ︽ᠶᠡᠭᠡ︾ ᠶᠢ ᠠᠳᠬᠤᠬᠤ ᠶᠢᠨ ᠳᠠᠭᠠᠤ ︽ᠪᠠᠭ᠎ᠠ︾ ᠶᠢ ᠲᠠᠯᠪᠢᠬᠤ ᠦᠭᠡᠢ᠂ ︽ᠰᠢᠨ᠎ᠡ︾ ᠶᠢ | ᠡᠷᠬᠢᠮᠯᠡᠬᠦ ᠶᠢᠨ ᠳᠠᠭᠠᠤ ︽ᠬᠠᠭᠤᠴᠢᠨ︾ ᠢᠶᠠᠨ ᠬᠠᠶᠠᠬᠤ ᠦᠭᠡᠢ ᠪᠠᠶᠢᠬᠤ ᠶᠢ ᠪᠠᠷᠢᠮᠲᠠᠯᠠᠵᠤ᠂ ︽ᠪᠠᠷᠠᠭᠤᠨ | ᠦᠵᠦᠮᠦᠴᠢᠨ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠠᠷᠪᠠᠨ ᠵᠤᠷᠪᠤᠰ ᠲᠦᠷᠦ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠳᠠᠷ ᠣᠷᠣᠨ ᠤ ᠠᠵᠤ | ᠠᠬᠤᠶᠢᠯᠠᠯ ᠤᠨ ᠪᠡᠯᠡ ᠣᠷᠣᠭᠤᠯᠤᠨ ᠦᠢᠯᠡᠰ ᠪᠣᠰᠬᠠᠬᠤ ᠶᠢ ᠳᠡᠮᠵᠢᠬᠦ ᠪᠠᠷ ᠪᠠᠷᠠᠬᠤ ᠦᠭᠡᠢ ᠪᠠᠰᠠ ᠲᠤᠰ | ᠭᠠᠵᠠᠷ ᠤᠨ ᠢᠶᠠᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠨ᠎ᠡ᠃ ᠠᠵᠤ ᠠᠬᠤᠶᠢᠯᠠᠯ ᠤᠨ | ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠪᠦᠬᠦ | ᠲᠠᠯ᠎ᠠ ᠪᠠᠷ ᠬᠠᠮᠠᠭᠠᠯᠠᠵᠤ᠂ ᠠᠵᠤ ᠠᠬᠤᠶᠢᠯᠠᠯᠲᠠᠨ ᠢ ᠪᠠᠷᠠᠭᠤᠨ ᠦᠵᠦᠮᠦᠴᠢᠨ ᠬᠤᠰᠢᠭᠤᠨ ᠳᠤ ᠨᠢᠭᠡ ᠰᠡᠳᠬᠢᠯ ᠢᠶᠠᠷ | ᠦᠢᠯᠡᠰ ᠪᠤᠰᠬᠠᠨ᠂ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠯᠳᠡ ᠬᠢᠬᠦ ᠪᠤᠯᠭᠠᠨ᠎ᠠ᠃ | ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠶᠢᠴᠢᠯᠠᠨ᠂ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠳᠤ | ᠤᠷᠤᠯᠴᠠᠭᠤᠯᠤᠨ᠎ᠠ᠃ | ᠬᠤᠶᠠᠷ ᠲᠤ᠂ ᠭᠤᠣᠯᠳᠠᠯᠭ᠎ᠠ ᠲᠠᠢ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠦᠷᠭᠡᠨ ᠠᠬᠢᠭᠤᠯᠤᠨ᠎ᠠ | ᠃ ᠦᠨᠥ ᠵᠢᠯ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ᠶᠢᠨ ᠲᠥᠷᠥᠯ ᠵᠦᠢᠯ ᠢ 54 ᠲᠣᠬᠢᠷᠠᠭᠤᠯᠵᠤ᠂ 53.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠬᠦ ᠪᠠᠷ ᠲᠥᠯᠥᠪᠯᠡᠵᠦ ᠪᠤᠢ᠃ ᠡᠭᠦᠨ ᠳᠤ᠂ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ | 13 ᠪᠠᠶᠢᠵᠤ᠂ 44 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠡᠭᠦᠨ ᠠᠴᠠ | ᠭᠠᠳᠠᠨ᠎ᠠ᠂ ᠠᠶᠢᠮᠠᠭ ᠤᠨ ᠲᠠᠰ ᠤᠨ 7 ᠵᠦᠢᠯ ᠤᠨ ᠨᠦᠭᠡᠴᠡ ᠲᠥᠷᠥᠯ ᠵᠦᠢᠯ ᠢ ᠠᠩᠬ᠎ᠠ ᠠᠯᠬᠤᠮ ᠲᠥᠯᠥᠪᠯᠡᠵᠦ᠂ 2. | 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠃ ᠭᠤᠣᠯᠳᠠᠯᠭ᠎ᠠ ᠲᠠᠢ ᠲᠥᠷᠥᠯ | ᠵᠦᠢᠯ ᠢ 4 ᠰᠠᠷ᠎ᠠ ᠶᠢᠨ 15 ᠤ ᠡᠳᠦᠷ ᠠᠴᠠ ᠡᠮᠦᠨ᠎ᠡ ᠪᠦᠬᠦ ᠭᠠᠷ ᠬᠦᠢᠴᠡᠳᠬᠡᠯ ᠢ ᠭᠦᠢᠴᠡᠳᠬᠡᠨ᠂ ᠠᠵᠢᠯ | ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠨᠥᠭᠡᠴᠡᠯᠡᠬᠦ ᠲᠥᠷᠥᠯ ᠵᠦᠢᠯ ᠢ ᠲᠣᠭᠲᠠᠭᠠᠬᠤ ᠵᠡᠷᠭᠡ | ᠡᠮᠦᠨᠡᠬᠢ ᠬᠤᠭᠤᠴᠠᠭᠠᠨ ᠤ ᠠᠵᠢᠯ ᠢ ᠨᠠᠷᠢᠯᠢᠭ ᠤᠨᠤᠪᠴᠢᠳᠠᠢ ᠪᠠᠷ ᠲᠦᠯᠬᠢᠨ ᠠᠬᠢᠭᠤᠯᠵᠤ᠂ ᠲᠥᠷᠥᠯ ᠵᠦᠢᠯ ᠤᠨ | ᠶᠠᠰᠤ ᠴᠢᠨᠠᠷ ᠪᠠ ᠪᠣᠯᠪᠠᠰᠤᠷᠠᠩᠭᠤᠢ ᠬᠡᠮᠵᠢᠶ᠎ᠡ ᠶᠢ ᠳᠡᠭᠡᠭᠰᠢᠯᠡᠭᠦᠯᠦᠨ᠂ ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ | ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠥᠲᠥᠭᠡᠨ ᠪᠠᠶᠢᠭᠤᠯᠬᠤ ᠦᠷᠭᠦᠯᠵᠢᠯᠡᠭᠰᠡᠨ ᠪᠠᠶᠢᠷᠢᠰᠢᠯ ᠢ ᠪᠦᠷᠢᠯᠳᠦᠭᠦᠯᠬᠦ | ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠬᠥᠲᠥᠯᠥᠨ ᠵᠢᠯᠣᠭᠤᠳᠬᠤ ᠦᠶᠯᠡᠳᠦᠯ ᠢ | ᠰᠠᠶᠢᠲᠤᠷ ᠪᠠᠳᠠᠷᠠᠭᠤᠯᠵᠤ᠂ ᠰᠠᠭᠤᠷᠢ ᠲᠥᠬᠦᠭᠡᠷᠦᠮᠵᠢ᠂ ᠬᠤᠲᠠ ᠶᠢᠨ ᠰᠢᠨᠡᠴᠢᠯᠡᠯᠲᠡ᠂ ᠮᠠᠯᠵᠢᠬᠤ ᠣᠷᠣᠨ ᠤ | ᠬᠦᠭᠵᠢᠯᠳᠡ ᠳᠤ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠶ᠂ ᠲᠤᠲᠠᠭᠳᠠᠯ ᠢ ᠨᠥᠬᠦᠪᠥᠷᠢᠯᠡᠬᠦ ᠵᠡᠷᠭᠡ | ᠬᠦᠷᠢᠶᠡᠨ ᠤ ᠳᠤᠭᠤᠷᠢᠨ ᠳᠤ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠬᠢᠵᠦ | ᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠢᠯᠠᠩᠭᠤᠶ᠎ᠠ ᠲᠤᠰᠬᠠᠶ ᠵᠢᠭᠡᠯᠡᠯᠭᠡ ᠶᠢᠨ ᠲᠡᠮᠳᠡᠭᠲᠦ | ᠶᠢᠨ ᠳᠡᠮᠵᠢᠯᠭᠡ ᠶᠢ ᠢᠳᠡᠪᠬᠢᠲᠡᠶ ᠡᠷᠡᠮᠡᠯᠵᠡᠯᠡᠨ ᠤᠯᠤᠨ᠎ᠠ᠃ ︽ᠲᠠᠪᠤᠨ ᠶᠡᠭᠡ ᠡᠭᠦᠷᠭᠡ︾ ᠳᠤ ᠰᠠᠭᠤᠷᠢᠯᠠᠨ᠂ | ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠲᠥᠯᠥᠪᠵᠢᠭᠦᠯᠵᠦ᠂ ᠨᠠᠩ ᠣᠯᠠᠨ | ᠲᠥᠷᠥᠯ ᠵᠦᠶᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ︽ᠶᠡᠭᠡ ᠲᠠᠯ᠎ᠠ︾ ᠳᠤ ᠣᠷᠣᠭᠤᠯᠬᠤ ᠪᠠᠷ ᠴᠢᠷᠮᠠᠶᠢᠵᠤ | ᠂ ︽ᠠᠷᠪᠠᠨ ᠳᠥᠷᠪᠡᠳᠦᠭᠡᠷ ᠲᠠᠪᠤᠨ ᠵᠢᠯ︾ ᠴᠢᠨᠠᠭᠰᠢᠯᠠᠪᠠᠯ ᠨᠠᠩ ᠣᠷᠳᠣ ᠬᠤᠭᠤᠴᠠᠭᠠᠨ ᠤ ᠬᠥᠭᠵᠢᠯᠲᠡ ᠳᠤ | ᠬᠦᠴᠦᠨ ᠴᠢᠳᠠᠯ ᠨᠡᠮᠡᠷᠢᠯᠡᠨ᠎ᠡ᠃ | ︵ᠬᠤᠶᠠᠷ︶ ᠬᠦᠴᠦ ᠪᠠᠨ ᠲᠥᠪᠯᠡᠷᠡᠭᠦᠯᠦᠨ ᠪᠦᠲᠦᠴᠡ ᠶᠢ ᠲᠣᠬᠢᠷᠠᠭᠤᠯᠵᠤ᠂ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠬᠥᠭᠵᠢᠭᠦᠯᠬᠦ ᠲᠡᠷᠢᠭᠦᠨ | ᠴᠢᠬᠤᠯᠠ ᠡᠭᠦᠷᠭᠡ ᠶᠢ ᠭᠤᠶᠢᠪᠢᠰᠢ ᠦᠭᠡᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ | ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠣᠨᠴᠠᠯᠢᠭ ᠲᠠᠢ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ | ᠨᠢᠭᠡ ᠳᠤ᠂ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠤᠨ᠎ᠠ᠃ ᠤᠯᠤᠰ ᠤᠨ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠭᠦᠯᠬᠦ ᠲᠤᠷᠰᠢᠯᠲᠠ ᠶᠢᠨ ᠴᠢᠭ ᠤᠨ ᠲᠥᠷᠥᠯ ᠵᠦᠢᠯ ᠢ ᠬᠡᠷᠡᠭᠵᠢᠬᠦᠯᠦᠨ᠂ ᠮᠠᠯ ᠠᠵᠤ ᠠᠬᠤᠶ ᠶᠢᠨ ᠬᠡᠪᠴᠢᠶᠡᠵᠢᠬᠦ | ᠂ ᠠᠵᠤ ᠦᠶᠯᠡᠰᠴᠢᠯᠡᠬᠦ᠂ ᠪᠠᠷᠢᠮᠵᠢᠶᠠᠵᠢᠭᠤᠯᠬᠤ ᠪᠠ ᠰᠢᠨᠵᠢᠯᠡᠬᠦ ᠤᠬᠠᠭᠠᠨᠴᠢ ᠮᠡᠷᠭᠡᠵᠢᠯᠵᠢᠬᠦ ᠬᠢᠷᠢ ᠬᠡᠮᠵᠢᠶ᠎ᠡ ᠶᠢ ᠪᠦᠬᠦ | ᠲᠠᠯ᠎ᠠ ᠪᠠᠷ ᠳᠡᠭᠡᠭᠰᠢᠯᠡᠭᠦᠯᠤᠨ᠎ᠠ᠃ ︽ᠦᠵᠦᠮᠦᠴᠢᠨ ᠴᠠᠭᠠᠨ ᠦᠬᠡᠷ︾ ᠣᠷᠣᠨ ᠤ ᠲᠡᠰ ᠤᠨ ᠭᠤᠣᠯᠳᠠᠯᠭᠠᠲᠤ | ᠡᠭᠦᠯᠳᠡᠷ ᠪᠣᠶᠢᠵᠢᠭᠤᠯᠬᠤ ᠲᠠᠯᠠᠪᠠᠢ ᠶᠢᠨ ᠲᠥᠷᠥᠯ ᠵᠦᠢᠯ᠂ ᠣᠳᠣ ᠦᠶ᠎ᠡ ᠶᠢᠨ ᠰᠢᠯᠢᠳᠡᠭ ᠡᠭᠦᠯᠳᠡᠷ ᠤᠨ ᠮᠢᠬᠠᠨ ᠤ | ᠦᠬᠡᠷ ᠦᠷᠡᠵᠢᠭᠦᠯᠦᠨ ᠪᠣᠶᠢᠵᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠳᠣᠲᠣᠷ᠎ᠠ 11 ᠲᠦᠮᠡᠨ | ᠲᠣᠯᠣᠭᠠᠢ ᠮᠢᠬᠠᠨ ᠤ ᠦᠬᠡᠷ ᠢ ᠡᠭᠦᠯᠳᠡᠷ ᠰᠠᠶᠢᠵᠢᠷᠠᠭᠤᠯᠵᠤ᠂ ᠠᠶᠢᠮᠠᠭ ᠤᠨ ᠲᠡᠰ ᠤᠨ ᠭᠤᠣᠯᠳᠠᠯᠭᠠᠲᠤ ᠰᠦᠷᠦᠭ ᠢ | 35 ᠰᠦᠷᠦᠭ ᠲᠤ ᠬᠦᠷᠭᠡᠨ᠂ ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠬᠠᠷᠢᠴᠠᠯ ᠢ 82% ᠠᠴᠠ | ᠳᠡᠭᠡᠭᠰᠢ ᠳᠤ ᠬᠦᠷᠭᠡᠨ᠎ᠡ᠃ ︽ᠦᠷ᠎ᠡ ᠶᠢᠨ ᠮᠠᠯ ᠤᠨ ᠲᠠᠯᠠᠪᠠᠢ + ᠲᠡᠵᠢᠭᠡᠨ ᠦᠷᠡᠵᠢᠭᠦᠯᠬᠦ ᠲᠠᠯᠠᠪᠠᠢ + | ᠪᠠᠷᠢᠮᠵᠢᠶᠠᠵᠢᠭᠰᠠᠨ ᠰᠦᠷᠦᠭ︾ ᠦᠵᠦᠮᠦᠴᠢᠨ ᠬᠤᠨᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠢ ᠦᠷᠭᠦᠯᠵᠢᠯᠡᠨ | ᠠᠬᠢᠭᠤᠯᠵᠤ᠂ ᠦᠵᠦᠮᠦᠴᠢᠨ ᠬᠤᠨᠢᠨ ᠤ ᠤᠶᠤᠨᠴᠢᠯᠠᠭᠰᠠᠨ ᠡᠭᠦᠯᠳᠡᠷ ᠪᠣᠶᠢᠵᠢᠭᠤᠯᠬᠤ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠤᠨ᠂ ᠵᠢᠯ ᠤᠨ ᠳᠣᠲᠣᠷ᠎ᠠ ᠭᠤᠤᠯᠳᠠᠯᠭᠠᠳᠤ ᠰᠦᠷᠦᠭ ᠢ 300 ᠰᠦᠷᠦᠭ ᠲᠤ ᠬᠦᠷᠭᠡᠵᠦ | ᠂ ᠪᠠᠷᠢᠮᠵᠢᠶᠠᠵᠢᠭᠰᠠᠨ ᠰᠦᠷᠦᠭ ᠢ 2800 ᠰᠦᠷᠦᠭ ᠲᠤ ᠬᠦᠷᠭᠡᠨ᠎ᠡ᠃ | ᠴᠢᠨ ᠶᠤᠸᠠᠨ ᠤᠯᠠᠭᠠᠨ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠤᠯᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠥᠨᠳᠥᠷ ᠦᠷ᠎ᠡ | ᠪᠦᠲᠦᠮᠵᠢᠲᠡᠶ ᠪᠠᠷ ᠠᠵᠢᠯᠯᠠᠬᠤ ᠶᠢ ᠪᠠᠲᠤᠯᠠᠨ᠂ ᠡᠳ᠋ᠰᠢᠭᠦᠯᠦᠨ ᠪᠣᠯᠪᠠᠰᠤᠷᠠᠭᠤᠯᠬᠤ ᠨᠣᠷᠮ᠎ᠠ ᠶᠢ 68% ᠠᠴᠠ ᠳᠡᠭᠡᠭᠰᠢ | ᠳᠤ ᠬᠦᠷᠭᠡᠨ᠎ᠡ᠃ ᠤᠯᠤᠰ ᠤᠨ ᠲᠡᠰ ᠤᠨ ᠮᠣᠩᠭᠤᠯ ᠠᠳᠤᠭᠤᠨ ᠤ ᠬᠠᠮᠠᠭᠠᠯᠠᠯᠲᠠ ᠶᠢᠨ ᠣᠷᠣᠨ ᠤ ᠢᠨᠵᠧᠨᠧᠷᠢᠩ ᠢ | ᠦᠷᠭᠦᠯᠵᠢᠯᠡᠨ ᠨᠠᠶᠢᠳᠠᠪᠤᠷᠢᠵᠢᠭᠤᠯᠵᠦ᠂ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠭᠤᠤᠯᠳᠠᠯᠭᠠᠳᠤ ᠰᠦᠷᠦᠭ ᠢ | ᠪᠠᠬᠢᠵᠢᠭᠦᠯᠦᠨ ᠳᠡᠭᠡᠭᠰᠢᠯᠡᠭᠦᠯᠵᠦ᠂ ︽ᠦᠵᠦᠮᠦᠴᠢᠨ ᠴᠠᠭᠠᠨ ᠠᠳᠤᠭᠤ︾ ᠴᠡᠭᠡᠨ ᠤ ᠨᠡᠷᠡᠲᠦ ᠳᠡᠮᠳᠡᠭ ᠢ ᠬᠦᠴᠦᠯᠡᠨ | ᠪᠠᠶᠢᠭᠤᠯᠤᠨ᠎ᠠ᠃ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠮᠠᠯᠴᠢᠳ ᠤᠨ ᠰᠦ | ᠰᠠᠭᠠᠯᠢ ᠪᠠᠨ ᠰᠠᠭᠠᠵᠤ ᠪᠣᠷᠣᠯᠠᠭᠤᠯᠤᠨ ᠬᠤᠳᠠᠯᠳᠤᠬᠤ ᠶᠢ ᠵᠣᠷᠢᠭᠵᠢᠭᠤᠯᠵᠦ᠂ ᠬᠤᠯᠠᠨᠳ᠋᠂ ᠮᠣᠮᠪᠧᠷᠢᠶᠠ ᠠᠴᠠ | ᠰᠢᠯᠢᠳᠡᠭ ᠡᠭᠦᠯᠳᠡᠷ ᠤᠨ ᠰᠠᠭᠠᠯᠢ ᠶᠢᠨ ᠦᠨᠢᠶ᠎ᠡ ᠣᠷᠣᠭᠤᠯᠬᠤ ᠶᠢ ᠳᠡᠮᠵᠢᠵᠦ᠂ ᠰᠦ ᠶᠢᠨ ᠢᠷᠡᠯᠲᠡ ᠶᠢᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠵᠤ᠂ ᠰᠦ ᠶᠢᠨ ᠭᠠᠷᠤᠯᠲᠠ ᠶᠢ 2 ᠲᠦᠮᠡᠨ ᠲᠣᠨ ᠠᠴᠠ ᠳᠡᠭᠡᠭᠰᠢ ᠳᠤ ᠬᠦᠷᠦᠭᠦᠯᠬᠦ ᠪᠠᠷ | ᠴᠢᠷᠮᠠᠶᠢᠵᠤ᠂ 3—6 ᠤᠯᠠᠮᠵᠢᠯᠠᠯᠲᠤ ᠴᠠᠭᠠᠨ ᠢᠳᠡᠭᠡᠨ ᠤ ᠪᠠᠷᠢᠮᠵᠢᠶᠠᠵᠢᠭᠰᠠᠨ ᠵᠢᠵᠢᠭ ᠦᠢᠯᠡᠳᠬᠡᠯ ᠤᠨ ᠭᠠᠵᠠᠷ ᠢ | ᠳᠡᠮᠵᠢᠵᠦ᠂ ᠦᠵᠦᠮᠦᠴᠢᠨ ᠴᠠᠭᠠᠨ ᠢᠳᠡᠭᠡᠨ ᠢ ᠪᠥᠬᠦ ᠤᠯᠤᠰ ᠤᠨ ᠨᠠᠷᠠᠲᠤ ᠰᠢᠯᠢᠳᠡᠭ ᠣᠨᠴᠠ ᠰᠢᠨ᠎ᠡ | ᠲᠠᠷᠢᠶᠠᠯᠠᠩ ᠤᠨ ᠪᠦᠲᠦᠭᠡᠭᠳᠡᠬᠦᠨ ᠤ ᠭᠠᠷᠴᠠᠭ ᠲᠤ ᠣᠷᠣᠭᠤᠯᠬᠤ ᠶᠢ ᠠᠬᠢᠭᠤᠯᠤᠨ᠎ᠠ᠃ ᠮᠠᠯ ᠤᠨᠤᠭ᠎ᠠ ᠶᠢ | ᠦᠷᠡᠵᠢᠭᠦᠯᠦᠨ ᠪᠣᠶᠢᠵᠢᠭᠤᠯᠬᠤ᠂ ᠠᠮᠢᠲᠠᠨ ᠢ ᠣᠨᠣᠰᠢᠯᠠᠨ ᠡᠮᠨᠡᠬᠦ᠂ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ | ᠂ ᠡᠪᠡᠰᠦ ᠪᠣᠷᠳᠤᠭ᠎ᠠ ᠶᠢ ᠨᠥᠭᠡᠴᠡᠯᠡᠨ ᠠᠷᠠᠯᠵᠢᠶᠠᠯᠠᠬᠤ ᠵᠡᠷᠭᠡ ᠬᠦᠷᠢᠶ᠎ᠡ ᠴᠠᠷᠠᠭ᠎ᠠ ᠶᠢ ᠬᠠᠮᠤᠷᠤᠭᠰᠠᠨ ᠮᠠᠯᠵᠢᠬᠤ | ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠮᠠᠯ ᠠᠵᠤ ᠠᠬᠤᠢ ᠶᠢᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃ | ᠬᠤᠶᠠᠷ ᠲᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠯᠢᠳᠡᠭᠵᠢᠨ ᠲᠡᠰ ᠳᠡᠪᠰᠢᠬᠦ ᠶᠢ ᠬᠦᠴᠦᠯᠡᠨ | ᠠᠬᠢᠭᠤᠯᠤᠨ᠎ᠠ᠃ ᠲᠡᠷᠢᠭᠦᠨ ᠤ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ | ᠬᠤᠸᠠ ᠷᠦᠨ ᠪᠦᠯᠦᠭᠯᠡᠯ ᠤᠨ ᠡᠦ ᠵᠢᠶᠠᠨ ᠹᠠᠩ ᠳᠠᠬᠢ ᠪᠠᠷᠠᠭᠤᠨ ᠨᠢᠭᠡᠳᠦᠭᠡᠷ ᠠᠭᠤᠷᠬᠠᠢ ᠶᠢᠨ ᠪᠠᠷᠢᠯᠭ᠎ᠠ ᠶᠢ | ᠳᠠᠭᠤᠰᠬᠠᠵᠤ ᠰᠢᠯᠭᠠᠨ ᠠᠪᠬᠤ ᠶᠢᠨ ᠬᠠᠮᠳᠤ ᠳᠡᠰ ᠳᠡᠪᠰᠢᠬᠦᠯᠦᠨ ᠪᠦᠷᠢᠳᠬᠡᠯ ᠳᠤ ᠤᠷᠤᠭᠤᠯᠤᠨ᠂ ᠵᠢᠷ ᠤᠨ ᠭᠤᠣᠯ | ᠬᠤᠶᠠᠳᠤᠭᠠᠷ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠵᠢᠯ ᠳᠤ ᠨᠡᠭᠦᠷᠡᠰᠦᠨ ᠤ | ᠭᠠᠷᠤᠯᠲᠠ ᠶᠢ 6100 ᠲᠦᠮᠡᠨ ᠲᠣᠨ ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ᠵᠢᠯ ᠤᠨ ᠳᠣᠲᠣᠷ᠎ᠠ | ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠪᠠᠶᠠᠨᠬᠤᠸᠠ ᠨᠡᠭᠦᠷᠡᠰᠦᠨ | ᠠᠭᠤᠷᠬᠠᠶ ᠶᠢᠨ ᠳᠡᠷᠭᠡᠳᠡᠬᠢ ᠴᠠᠬᠢᠯᠭᠠᠨ ᠦᠶᠯᠡᠳᠪᠦᠷᠢ ᠶᠢ ᠲᠣᠬᠢᠷᠠᠭᠤᠯᠤᠨ ᠲᠤᠷᠰᠢᠬᠤ ᠨᠥᠬᠦᠴᠡᠯ ᠢ ᠪᠦᠷᠢᠯᠳᠦᠭᠦᠯᠵᠦ | ᠂ ᠰᠦ᠋ ᠨᠸᠡᠭ ᠤᠨ ᠪᠠᠶᠠᠨᠬᠤᠸᠠ ᠴᠠᠬᠢᠯᠭᠠᠨ ᠦᠶᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠪᠥᠬᠦ | ᠲᠠᠯ᠎ᠠ ᠪᠠᠷ ᠡᠬᠢᠯᠡᠭᠦᠯᠤᠨ᠂ ᠢᠯᠴᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ 748 ᠲᠦᠮᠡᠨ ᠺᠢᠯᠣᠸᠠᠲ | ᠲᠤ ᠬᠦᠷᠭᠡᠵᠦ᠂ ᠴᠠᠬᠢᠯᠭᠠᠨ ᠭᠠᠷᠭᠠᠬᠤ ᠬᠡᠮᠵᠢᠶ᠎ᠡ ᠶᠢ 207 ᠳ᠋ᠦᠩᠰᠢᠭᠤᠷ ᠭᠷᠡᠳᠦ᠋ᠰ ᠲᠤ ᠬᠦᠷᠭᠡᠬᠦ ᠪᠠᠷ ᠴᠢᠷᠮᠠᠶᠢᠨ᠎ᠠ᠃ | ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ᠂ ᠦᠪᠡᠷ ᠢ ᠪᠠᠨ ᠬᠠᠩᠭᠠᠬᠤ | ᠲᠦᠯᠡᠰᠢᠨ ᠨᠡᠭᠦᠷᠡᠰᠦᠨ ᠤ ᠴᠠᠬᠢᠯᠭᠠᠨ ᠦᠶᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢ ᠣᠷᠣᠯᠠᠭᠤᠯᠬᠤ | ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠵᠢᠩ ᠨᠧᠩ ᠰᠠᠯᠬᠢᠨ | ᠡᠨᠧᠷᠭᠢ ᠪᠠᠷ ᠤᠰᠤᠲᠥ᠋ᠷᠥᠭᠴᠢ ᠬᠠᠳᠠᠭᠠᠯᠠᠬᠤ ᠰᠢᠰᠲ᠋ᠧᠮ ᠤᠨ ᠥᠨᠳᠥᠷ ᠪᠦᠲᠦᠮᠵᠢᠲᠡᠢ ᠰᠢᠨ᠎ᠡ ᠶᠢ ᠡᠭᠦᠳᠬᠦ ᠵᠢᠱᠢᠶ᠎ᠡ | ᠦᠵᠡᠭᠦᠯᠬᠦ ᠲᠥᠷᠥᠯ ᠵᠦᠢᠯ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ | ᠪᠠᠶᠠᠨᠬᠤᠸᠠ ᠥᠪᠡᠷ ᠢ ᠪᠠᠨ ᠬᠠᠩᠭᠠᠬᠤ ᠴᠠᠬᠢᠯᠭᠠᠨ ᠦᠶᠯᠡᠳᠪᠦᠷᠢ ᠶᠢᠨ 30 ᠲᠦᠮᠡᠨ ᠺᠢᠯᠣᠸᠠᠲ ᠤᠨ ᠭᠡᠷᠡᠯ | ᠴᠡᠨᠡᠭ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠬᠦᠢᠴᠡᠳᠬᠡᠯ ᠢ ᠲᠦᠷᠭᠡᠳᠬᠡᠨ ᠠᠬᠢᠭᠤᠯᠤᠨ᠎ᠠ᠃ | ᠪᠠᠶᠠᠨᠬᠤᠸᠠ ᠬᠥᠩᠭᠡᠨᠴᠠᠭᠠᠨ ᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠲᠣᠭᠤᠷᠢᠨ ᠳᠤ᠂ ᠤᠯᠤᠰ ᠤᠨ | ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠨᠢᠭᠡᠳᠦᠭᠡᠷ ᠬᠤᠭᠤᠴᠠᠭᠠᠨ ᠤ ᠵᠢᠯ ᠳᠤ 40 ᠲᠦᠮᠡᠨ ᠲᠣᠨ | ᠥᠨᠳᠥᠷ ᠨᠠᠷᠢᠯᠢᠭ ᠬᠥᠩᠭᠡᠨ ᠴᠠᠭᠠᠨ ᠤ ᠬᠠᠪᠳᠠᠰᠤ ᠦᠢᠯᠡᠳᠪᠦᠷᠢᠯᠡᠬᠦ ᠲᠥᠷᠥᠯ ᠵᠦᠢᠯ ᠤᠨ ᠭᠦᠢᠴᠡᠳ | ᠳᠠᠭᠠᠭᠠᠴᠠ ᠲᠠᠢ ᠦᠢᠯᠡᠳᠪᠦᠷᠢᠯᠡᠬᠦ ᠶᠢ ᠬᠦᠴᠦᠯᠡᠨ ᠠᠬᠢᠭᠤᠯᠵᠤ᠂ ᠪᠦᠦ ᠱᠦᠥᠸ᠋ ᠵᠢᠯ ᠳᠤ 60 ᠲᠦᠮᠡᠨ ᠲᠣᠨ | ᠬᠥᠩᠭᠡᠨ ᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠲᠥᠷᠥᠯ ᠵᠦᠢᠯ ᠢ ᠵᠢᠯ ᠤᠨ ᠳᠣᠲᠣᠷ᠎ᠠ ᠳᠡᠰ | ᠳᠡᠪᠰᠢᠬᠦᠯᠦᠨ ᠪᠦᠷᠢᠳᠬᠡᠯ ᠳᠤ ᠤᠷᠤᠭᠤᠯᠵᠦ᠂ ᠬᠥᠩᠭᠡᠨᠴᠠᠭᠠᠨ ᠢ ᠳᠠᠷᠤᠵᠤ ᠴᠢᠳᠬᠤᠬᠤ ᠬᠡᠯᠪᠡᠷᠢ ᠶᠢᠨ ᠮᠠᠲ᠋ᠧᠷᠢᠶᠠᠯ᠂ | ᠬᠥᠩᠭᠡᠨᠴᠠᠭᠠᠨ ᠪᠣᠯᠪᠠᠰᠤᠷᠠᠭᠤᠯᠬᠤ ᠲᠣᠨᠤᠭ ᠵᠡᠷᠭᠡ ᠰᠡᠭᠦᠯᠴᠢ ᠶᠢᠨ ᠠᠵᠤ ᠦᠢᠯᠡᠰ ᠤᠨ ᠬᠡᠯᠬᠢᠶᠡᠵᠢᠭᠰᠡᠨ ᠠᠵᠤ | ᠠᠬᠤᠶᠢᠯᠠᠯ ᠢ ᠢᠳᠡᠪᠬᠢᠲᠡᠢ ᠤᠷᠢᠨ ᠣᠷᠣᠭᠤᠯᠵᠤ᠂ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠤᠨ᠎ᠠ᠃ ᠪᠡᠭᠡᠵᠢᠩ ᠤᠨ ᠬᠤᠸᠠ ᠱᠧᠩ᠂ ᠱᠠᠨᠳᠦ᠋ᠩ ᠤᠨ ᠬᠠᠢ | ᠹᠧᠢ᠂ ᠬᠤᠤᠯᠢᠩᠭᠤᠣᠯ ᠤᠨ ᠯᠢ ᠸᠧᠢ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠶᠡᠷᠦᠩᠬᠡᠶᠢᠯᠡᠭᠰᠡᠨ ᠲᠥᠷᠦᠯ | ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠲᠤᠬᠠᠢ ᠶᠢᠨ ᠭᠠᠵᠠᠷ ᠲᠤᠨᠢ ᠰᠢᠩᠭᠡᠭᠡᠬᠦ ᠪᠠ ᠥᠨᠳᠥᠷ ᠦᠷᠳᠡᠭ ᠲᠠᠢ ᠤᠯᠠᠷᠢᠭᠤᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ ᠤᠶᠤᠨᠲᠤ ᠬᠦᠷᠢᠶᠡᠯᠡᠩ ᠲᠣᠭᠤᠷᠢᠭ ᠤᠨ ᠲᠣᠮᠣ ᠳ᠋ᠠᠶᠢᠲ᠋ᠠ ᠶᠢᠨ | ᠬᠡᠷᠡᠭᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠵᠤ᠂ 8 ᠨᠡᠭᠦᠷᠡᠰᠦᠨ ᠠᠭᠤᠷᠬᠠᠢ᠂ 3 ᠨᠡᠭᠦᠷᠡᠰᠦᠨ ᠤ ᠪᠤᠰᠤ | ᠠᠭᠤᠷᠬᠠᠢ ᠳᠤ ᠣᠶᠤᠨᠴᠢᠯᠠᠭᠰᠠᠨ ᠲᠥᠷᠥᠯ ᠵᠦᠢᠯ 71 ᠶᠢ ᠬᠡᠷᠡᠭᠵᠢᠭᠦᠯᠵᠦ᠂ ᠣᠶᠤᠨᠴᠢᠯᠠᠭᠰᠠᠨ ᠶᠡᠷᠦᠩᠬᠡᠶᠢᠯᠡᠨ | ᠮᠠᠯᠲᠠᠬᠤ᠂ ᠨᠦᠭᠡᠯᠡᠨ ᠮᠠᠯᠲᠠᠬᠤ ᠠᠭᠤᠷᠬᠠᠢ ᠶᠢ ᠲᠤᠰ ᠲᠤᠰ 1 ᠰᠢᠨ᠎ᠡ ᠪᠠᠷ ᠪᠠᠶᠢᠭᠤᠯᠵᠤ᠂ 4 ᠨᠡᠭᠦᠷᠡᠰᠦᠨ | ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠰᠢᠯᠭᠠᠨ | ᠪᠠᠶᠢᠴᠠᠭᠠᠯᠳᠠ ᠳᠤ ᠬᠢᠷᠢ ᠲᠡᠩᠴᠡᠬᠦ ᠶᠢ ᠦᠨᠡᠨᠬᠦ ᠪᠠᠲᠤᠯᠠᠨ᠎ᠠ᠃ | ᠭᠤᠷᠪᠠ ᠳᠤ᠂ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠳᠦᠷᠭᠡᠳᠬᠡᠨ ᠬᠦᠭᠵᠢᠬᠦᠯᠦᠨ᠎ᠡ᠃ ᠪᠠᠷᠠᠭᠤᠨ | ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠢᠵᠢ ᠪᠦᠷᠢᠳᠦᠭᠰᠡᠨ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠢᠯᠢ ᠶᠢᠨ ᠭᠤᠣᠯ ᠠᠶᠢᠮᠠᠭ ᠴᠢᠨᠠᠭᠰᠢᠯᠠᠪᠠᠯ ᠥᠪᠥᠷ ᠮᠣᠩᠭᠤᠯ ᠤᠨ | ᠵᠢᠭᠤᠯᠴᠢᠯᠠᠯ ᠤᠨ ᠰᠢᠨ᠎ᠡ ᠭᠠᠵᠠᠷ ᠤᠨ ᠲᠡᠮᠳᠡᠭ ᠢ ᠴᠢᠷᠮᠠᠶᠢᠨ ᠪᠠᠶᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ | ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠪᠴᠢᠭᠠᠢ | ᠤᠯᠤᠰ ᠤᠨ ᠡᠯᠡᠰᠦᠨ ᠴᠡᠴᠡᠷᠯᠢᠭ ᠤᠨ ᠳᠦᠷᠦᠯ ᠵᠦᠢᠯ ᠢ ᠬᠡᠷᠡᠭᠵᠢᠬᠦᠯᠦᠨ᠎ᠡ᠃ ᠠᠷᠪᠠᠨ ᠳᠥᠷᠪᠡᠳᠦᠭᠡᠷ | ᠬᠤᠭᠤᠴᠠᠭᠠᠨ ᠤ ᠨᠠᠭᠠᠳᠤᠮ᠂ ︽99 ᠨᠣᠮᠧᠷᠲᠤ ᠵᠠᠰᠠᠮᠠᠯ ᠵᠠᠮ︾ ᠳᠠᠭᠤᠤ ᠬᠥᠭᠵᠢᠮ ᠤᠨ ᠨᠠᠶᠢᠷ ᠵᠡᠷᠭᠡ ᠵᠣᠬᠢᠬᠤ | ᠨᠥᠯᠥᠭᠡᠯᠡᠬᠦ ᠬᠦᠴᠦᠨ ᠲᠠᠢ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠡᠷᠬᠢᠯᠡᠵᠦ᠂ ᠡᠯ᠎ᠡ ᠦᠵᠡᠮᠵᠢ ᠶᠢᠨ ᠣᠷᠣᠨ ᠨᠢ ᠵᠢᠵᠢᠭ ᠬᠡᠯᠪᠡᠷᠢ ᠶᠢᠨ ᠨᠠᠭᠠᠳᠤᠮ ᠲᠣᠭᠯᠠᠯᠲᠠ ᠡᠷᠬᠢᠯᠡᠬᠦ ᠵᠡᠷᠭᠡ | ᠣᠨᠴᠠᠯᠢᠭᠲᠤ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠵᠢᠭᠤᠯᠴᠢᠯᠠᠯ ᠤᠨ | ᠲᠤᠰᠬᠠᠢ ᠭᠠᠯᠳᠤ ᠲᠡᠷᠭᠡ ᠶᠢ ᠨᠡᠪᠲᠡᠷᠡᠭᠦᠯᠬᠦ ᠪᠠᠷ ᠴᠢᠷᠮᠠᠶᠢᠨ᠂ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ︾᠂ | ︽ᠳᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ︾ ᠵᠡᠷᠭᠡ ᠨᠡᠷᠡᠲᠦ ᠲᠡᠮᠳᠡᠭ ᠤᠨ ᠠᠯᠳᠠᠷᠰᠢᠯ ᠢ | ᠦᠷᠭᠦᠯᠵᠢᠯᠡᠨ ᠳᠡᠭᠡᠭᠰᠢᠯᠡᠭᠦᠯᠵᠦ᠂ ᠨᠠᠩ ᠣᠯᠠᠨ ᠵᠤᠭᠠᠴᠠᠭᠰᠠᠳ ᠢ ᠲᠠᠲᠠᠨ᠎ᠠ᠃ ᠭᠤᠣᠯᠳᠠᠯᠭ᠎ᠠ ᠲᠠᠢ ᠠᠵᠢᠯ ᠲᠥᠷᠥᠯ | ᠤᠨ ᠦᠢᠯᠡᠳᠪᠦᠷᠢᠯᠡᠯ ᠦᠢᠯᠡᠴᠢᠯᠡᠭᠡᠨ ᠤ ᠴᠢᠨᠠᠷᠲᠠᠢ ᠠᠵᠤ ᠠᠬᠤᠶᠢᠯᠠᠯ ᠤᠨ ᠬᠠᠷᠢᠶ᠎ᠠ ᠭᠠᠵᠠᠷ ᠲᠠᠭᠠᠨ ᠳᠠᠩᠰᠠᠯᠠᠭᠤᠯᠬᠤ | ᠶᠢ ᠦᠷᠭᠦᠯᠵᠢᠯᠡᠨ ᠠᠬᠢᠭᠤᠯᠵᠤ᠂ ᠨᠠᠩ ᠣᠯᠠᠨ ᠦᠢᠯᠡᠳᠬᠦᠨ ᠤ ᠥᠷᠲᠡᠭ ᠪᠠ ᠭᠠᠶᠢᠯᠢ ᠲᠠᠲᠠᠪᠤᠷᠢ ᠶᠢ ᠲᠤᠬᠠᠢ ᠶᠢᠨ | ᠭᠠᠵᠠᠷ ᠲᠠᠭᠠᠨ ᠦᠯᠡᠳᠡᠭᠡᠬᠦ ᠪᠠᠷ ᠴᠢᠷᠮᠠᠶᠢᠨ᠎ᠠ᠃ ᠰᠦᠯᠵᠢᠶᠡᠨ ᠤ ᠨᠡᠷᠡᠳᠦ ᠬᠥᠮᠦᠰ ᠤᠨ ᠰᠢᠨ᠎ᠡ ᠡᠵᠡᠩᠨᠡᠯᠲᠡ ᠶᠢᠨ | ᠬᠡᠯᠪᠡᠷᠢ ᠶᠢ ᠶᠡᠬᠡᠪᠡᠷ ᠲᠡᠳᠬᠦᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠶᠯᠡᠰ ᠤᠨ ᠬᠦᠷᠢᠶᠡᠯᠡᠩ | ᠲᠣᠭᠤᠷᠢᠭ ᠢ ᠠᠵᠢᠯ ᠡᠬᠢᠯᠡᠭᠦᠯᠦᠨ ᠪᠠᠶᠢᠭᠤᠯᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠥᠷᠥᠯ | ᠵᠦᠢᠯ ᠢ ᠪᠠᠷᠢᠯᠭ᠎ᠠ ᠡᠬᠢᠯᠡᠭᠦᠯᠬᠦ ᠪᠠᠷ ᠴᠢᠷᠮᠠᠶᠢᠨ᠎ᠠ᠃ ᠵᠢᠭᠤᠯᠴᠢᠯᠠᠯ ᠤᠨ ᠬᠡᠯᠬᠢᠶ᠎ᠡ ᠶᠢ ᠪᠥᠬᠦ ᠲᠠᠯ᠎ᠠ ᠪᠠᠷ ᠤᠷᠲᠤᠳᠬᠠᠨ᠂ | ᠢᠳᠡᠵᠦ ᠤᠤᠭᠤᠬᠤ᠂ ᠬᠤᠨᠣᠵᠤ ᠬᠡᠪᠲᠡᠬᠦ᠂ ᠵᠤᠭᠠᠴᠠᠬᠤ᠂ ᠬᠤᠳᠠᠯᠳᠤᠭ᠎ᠠ ᠮᠠᠶᠢᠮᠠᠢ ᠬᠢᠬᠦ ᠶᠢ ᠨᠢᠭᠡ | ᠴᠤᠭᠴᠠᠵᠢᠭᠤᠯᠤᠭᠰᠠᠨ ᠬᠦᠭᠵᠢᠯᠳᠡ ᠶᠢ ᠠᠬᠢᠭᠤᠯᠵᠤ᠂ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ ᠢ ᠲᠠᠰ | ᠳᠡᠪᠰᠢᠭᠦᠯᠦᠨ᠂ ᠨᠢᠭᠡ ᠪᠦᠯᠦᠭ ᠰᠣᠳᠣᠨ ᠵᠢᠭᠤᠯᠴᠢᠯᠠᠯ ᠤᠨ ᠪᠠᠭᠤᠳᠠᠯ ᠪᠠ ᠠᠷᠠᠳ ᠤᠨ ᠣᠷᠣᠨ ᠰᠠᠭᠤᠴᠠ ᠶᠢ ᠪᠣᠶ | ᠪᠣᠯᠭᠠᠨ᠎ᠠ᠃ ᠰᠥᠨᠢ ᠶᠢᠨ ᠵᠠᠬ᠎ᠠ ᠳᠡᠯᠭᠡᠭᠦᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠡᠷᠲᠡ ᠶᠢᠨ ᠵᠠᠬ᠎ᠠ ᠳᠡᠯᠭᠡᠭᠦᠷ ᠢ | ᠵᠢᠷᠤᠮᠵᠢᠭᠤᠯᠤᠨ᠂ ᠳᠠᠶᠢᠴᠢᠯᠠᠬᠤ ᠬᠦᠴᠦᠨ ᠢᠶᠠᠷ ᠨᠡᠩ ᠴᠢᠩᠭ᠎ᠠ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠴᠠᠭ | ᠲᠤᠨᠢ ᠲᠣᠬᠢᠷᠠᠭᠤᠯᠤᠨ ᠥᠷᠨᠢᠭᠦᠯᠵᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠰᠡᠯᠡᠭᠦᠴᠡᠯ | ᠵᠤᠭ᠎ᠠ ᠴᠡᠩᠭᠡᠯ ᠵᠡᠷᠭᠡ ᠬᠡᠷᠡᠭᠯᠡᠭᠡ ᠶᠢ ᠦᠷᠭᠦᠯᠵᠢᠯᠡᠨ ᠰᠡᠷᠭᠦᠭᠡᠬᠦ ᠶᠢ ᠠᠬᠢᠭᠤᠯᠵᠤ᠂ ᠡᠯ᠎ᠡ ᠲᠦᠷᠦᠯ ᠤᠨ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢ ᠣᠯᠠᠰᠢᠷᠠᠭᠤᠯᠤᠨ ᠠᠮᠢᠳᠤᠯᠢᠭ ᠪᠣᠯᠭᠠᠬᠤ ᠪᠠᠷ ᠴᠢᠷᠮᠠᠶᠢᠨ᠎ᠠ᠃ ᠤᠳᠬ᠎ᠠ | ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠪᠠ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠪᠦᠲᠦᠭᠡᠨ | ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠭᠤᠷᠪᠠ︶ ᠬᠦᠴᠦᠨ ᠢᠶᠠᠨ ᠲᠥᠪᠯᠡᠷᠡᠭᠦᠯᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠬᠥᠬᠡᠮᠳᠦᠭ ᠠᠭᠤᠯᠠ ᠴᠡᠩᠬᠡᠭ | ᠤᠰᠤ ᠪᠣᠯ ᠦᠨᠢᠳᠡ ᠶᠢᠨ ᠥᠪ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠭᠤᠯᠠ | ᠤᠰᠤ ᠤᠢ ᠮᠤᠳᠤ ᠨᠠᠭᠤᠷ ᠴᠦᠬᠦᠷᠦᠮ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠠᠷᠪᠢᠴᠢ ᠭᠠᠮᠲᠠᠢ᠂ ᠪᠣᠬᠢᠷᠳᠤᠯ ᠦᠭᠡᠢ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠯᠬᠢᠨ ᠠᠬᠢᠭᠤᠯᠤᠨ᠎ᠠ | ᠃ | ᠨᠢᠭᠡ ᠳᠤ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ︽ᠣᠯᠠᠨ | ᠲᠥᠯᠥᠪᠵᠢᠭᠦᠯᠭᠡ ᠶᠢ ᠨᠢᠭᠡᠳᠬᠡᠬᠦ︾ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ | ᠲᠣᠭᠲᠠᠯᠴᠠᠭ᠎ᠠ ᠪᠠᠶᠢᠭᠤᠯᠬᠤ ᠶᠢ ᠠᠬᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠥᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠪᠡᠶᠡᠯᠡᠭᠦᠯᠵᠦ᠂ ᠬᠠᠮᠢᠶ᠎ᠠ ᠪᠦᠬᠦᠢ ᠲᠤᠰᠬᠠᠢ ᠲᠥᠷᠥᠯ | ᠤᠨ ᠲᠥᠯᠥᠪᠵᠢᠭᠦᠯᠭᠡ ᠵᠢᠴᠢ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠠᠬᠢᠭᠤᠯᠤᠨ᠎ᠠ᠃ | ᠪᠠᠶᠢᠭᠠᠯᠢᠭ ᠲᠠᠯ᠎ᠠ ᠨᠤᠲᠤᠭ ᠢ ᠬᠠᠮᠠᠭᠠᠯᠠᠬᠤ ᠪᠠ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢ ᠴᠢᠩᠭᠠᠳᠬᠠᠵᠤ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠪᠣᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ | ᠥᠭᠴᠦ ᠱᠠᠩᠨᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠪᠤᠷ ᠤᠨ ᠤᠯᠠᠷᠢᠯ ᠤᠨ | ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠢ ᠦᠷᠭᠦᠯᠵᠢᠯᠡᠨ ᠬᠡᠷᠡᠭᠵᠢᠭᠦᠯᠵᠦ᠂ | ᠤᠢ ᠮᠤᠳᠤ ᠲᠠᠯ᠎ᠠ ᠨᠤᠲᠤᠭ ᠤᠨ ᠭᠠᠢ ᠭᠠᠮᠰᠢᠭ ᠤᠨ ᠰᠡᠷᠭᠡᠶᠢᠯᠡᠯᠲᠡ ᠶᠢ ᠴᠢᠩᠭ᠎ᠠ ᠠᠳᠬᠤᠨ᠂ ᠲᠠᠯ᠎ᠠ ᠨᠤᠲᠤᠭ ᠤᠢ | ᠰᠢᠭᠤᠢ ᠶᠢᠨ ᠡᠬᠢ ᠪᠠᠶᠠᠯᠢᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠠᠮᠢ ᠠᠬᠤᠢ ᠶᠢᠨ ᠵᠠᠰᠠᠯᠲᠠ ᠶᠢᠨ | ᠴᠢᠬᠤᠯᠠ ᠶᠡᠭᠡ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ 8 ᠲᠦᠮᠡᠨ ᠮᠦ ᠲᠠᠴᠢᠷᠳᠠᠭᠰᠠᠨ ᠨᠤᠲᠤᠭ ᠪᠡᠯᠴᠢᠭᠡᠷ | ᠤᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ᠂ 2.3 ᠲᠦᠮᠡᠨ ᠮᠦ ᠣᠢ ᠰᠢᠭᠤᠢ ᠶᠢᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠬᠦ ᠪᠠᠷ ᠲᠥᠯᠥᠪᠯᠡᠵᠦ ᠪᠤᠢ᠃ ᠠᠭᠤᠷᠬᠠᠢ ᠶᠢᠨ ᠭᠠᠵᠠᠷ | ᠤᠨ ᠣᠷᠴᠢᠨ ᠲᠣᠭᠤᠷᠢᠨ ᠢ ᠵᠠᠰᠠᠬᠤ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠳᠤᠯᠠᠨ᠂ ᠬᠤᠭᠤᠴᠠᠭᠠᠨ ᠳᠤ | ᠪᠠᠶᠢᠭ᠎ᠠ ᠠᠭᠤᠷᠬᠠᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ | ᠬᠠᠭᠠᠭᠰᠠᠨ ᠠᠭᠤᠷᠬᠠᠢ ᠵᠢᠴᠢ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠶᠢ ᠵᠠᠰᠠᠬᠤ ᠵᠢᠯ ᠤᠨ | ᠵᠠᠰᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ | ᠶᠡᠬᠡᠪᠡᠷ ᠠᠬᠢᠭᠤᠯᠵᠦ᠂ ᠵᠢᠯ ᠤᠨ ᠰᠡᠭᠦᠯᠴᠢ ᠠᠴᠠ ᠡᠮᠦᠨ᠎ᠡ ᠪᠣᠶ ᠪᠦᠬᠦᠢ ᠬᠤᠭᠤᠴᠠᠭᠠᠨ ᠳᠤ ᠪᠠᠶᠢᠭ᠎ᠠ᠂ | ᠦᠢᠯᠡᠳᠪᠦᠷᠢᠯᠡᠯ ᠡᠷᠬᠢᠯᠡᠵᠦ ᠪᠠᠶᠢᠭ᠎ᠠ ᠠᠭᠤᠷᠬᠠᠢ ᠶᠢ ᠪᠦᠬᠦᠨ ᠢ ᠪᠣᠬᠢᠷᠳᠤᠯ ᠦᠭᠡᠢ ᠠᠭᠤᠷᠬᠠᠢ ᠪᠣᠯᠭᠠᠨ ᠪᠦᠲᠦᠭᠡᠨ | ᠪᠠᠶᠢᠭᠤᠯᠬᠤ ᠪᠠᠷ ᠴᠢᠷᠮᠠᠶᠢᠨ᠎ᠠ᠃ | ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠢ ᠠᠬᠢᠭᠤᠯᠤᠨ᠎ᠠ᠃ | ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠶᠢ ᠴᠢᠩᠭᠠᠳᠬᠠᠵᠤ᠂ 4 ᠵᠠᠳᠠᠭᠠᠢ ᠠᠭᠤᠷᠬᠠᠢ ᠶᠢᠨ ᠪᠢᠲᠡᠭᠦᠮᠵᠢᠯᠡᠭᠰᠡᠨ ᠬᠡᠯᠪᠡᠷᠢ ᠶᠢᠨ ᠨᠡᠭᠦᠷᠡᠰᠦ ᠬᠠᠳᠠᠭᠠᠯᠠᠬᠤ | ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠴᠢᠨᠠᠷ | ᠴᠢᠨᠰᠠᠭ᠎ᠠ ᠶᠢᠨ 3 ᠵᠦᠢᠯ ᠤᠨ ᠭᠦᠢᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠂ ᠣᠷᠴᠢᠨ ᠲᠣᠭᠤᠷᠢᠨ ᠤ | ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠬᠤᠶᠠᠳᠤᠭᠠᠷ ᠳᠡᠰ ᠤᠨ ᠪᠠᠷᠢᠮᠵᠢᠶᠠᠨ ᠳᠤ ᠬᠦᠷᠦᠭᠦᠯᠬᠦ ᠶᠢ ᠦᠨᠡᠨᠬᠦ | ᠪᠠᠲᠤᠯᠠᠨ᠎ᠠ᠃ ᠭᠤᠤᠯᠳᠠᠯᠭ᠎ᠠ ᠲᠠᠢ ᠰᠠᠪᠠ ᠭᠠᠵᠠᠷ ᠢ ᠪᠠᠶᠢᠩᠭᠤᠵᠢᠭᠤᠯᠤᠨ ᠵᠠᠰᠠᠬᠤ ᠲᠤᠰᠬᠠᠶ ᠠᠵᠢᠯᠯᠠᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠤᠰᠤ ᠳᠠᠰᠤᠯᠤᠭᠳᠠᠭᠰᠨᠨ 4 ᠣᠷᠣᠨ ᠤ ᠤᠰᠤᠨ ᠤ ᠴᠢᠨᠠᠷ ᠢ ᠲᠣᠭᠲᠠᠭᠤᠨ | ᠪᠠᠶᠢᠯᠭᠠᠨ᠎ᠠ᠃ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ ᠤ | ᠪᠠᠶᠢᠳᠠᠯ ᠢ ᠪᠠᠶᠢᠴᠠᠭᠠᠨ ᠦᠨᠡᠯᠡᠬᠦ ᠪᠠ ᠤᠰᠤᠨ ᠤ ᠴᠢᠨᠠᠷ ᠢ ᠬᠢᠨᠠᠨ ᠰᠢᠨᠵᠢᠬᠦ ᠶᠢ ᠦᠷᠭᠦᠯᠵᠢᠯᠡᠨ ᠥᠷᠨᠢᠭᠦᠯᠵᠦ᠂ | ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ | ᠪᠠᠯᠭᠠᠰᠤ ᠪᠣᠯᠤᠨ ᠠᠵᠤ ᠦᠶᠯᠡᠳᠪᠦᠷᠢ ᠶᠢᠨ ᠬᠦᠷᠢᠶᠡᠯᠡᠩ ᠤᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠪᠡᠯᠡᠳᠬᠡᠮᠵᠢ ᠶᠢᠨ | ᠲᠣᠭᠲᠠᠭᠤᠨ ᠢᠶᠠᠷ ᠠᠵᠢᠯᠯᠠᠬᠤ᠂ ᠪᠣᠬᠢᠷᠲᠤᠯ ᠡᠳ᠋ ᠢ ᠪᠠᠷᠢᠮᠵᠢᠶᠠᠨ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨᠬᠦ | ᠪᠠᠲᠤᠯᠠᠨ᠂ ᠪᠤᠬᠢᠷᠳᠤᠯ ᠲᠠᠢ ᠤᠰᠤᠨ ᠤ ᠳᠠᠬᠢᠨ ᠠᠰᠢᠭᠯᠠᠯᠲᠠ ᠶᠢ ᠳᠡᠭᠡᠭᠰᠢᠯᠡᠭᠦᠯᠦᠨ᠎ᠡ᠃ ᠬᠠᠲᠠᠭᠤ ᠪᠡᠶᠡᠲᠦ | ᠬᠠᠶᠠᠭᠳᠠᠮᠠᠯ ᠪᠤᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠤᠰᠬᠠᠶ ᠠᠵᠢᠯᠯᠠᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠡᠩ ᠤᠨ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠤᠨ | ᠪᠠᠷᠢᠮᠵᠢᠶᠠᠵᠢᠭᠰᠠᠨ ᠬᠠᠳᠠᠭᠠᠯᠠᠬᠤ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠢᠯᠴᠢ ᠪᠠᠷ ᠴᠠᠬᠢᠯᠭᠠᠨ ᠭᠠᠷᠭᠠᠬᠤ 3 ᠠᠵᠤ ᠠᠬᠤᠶᠢᠯᠠᠯ ᠤᠨ ᠨᠤᠨᠲᠠᠭ ᠨᠡᠭᠦᠷᠡᠰᠦᠨ ᠤ ᠦᠨᠡᠰᠦ ᠶᠢ ᠢᠯᠭᠠᠨ | ᠰᠣᠩᠭᠤᠬᠤ ᠲᠥᠬᠦᠭᠡᠷᠦᠮᠵᠢ ᠶᠢ ᠪᠦᠬᠦᠨ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠤᠶᠤᠨᠲᠤ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠲᠤᠬᠠᠶ ᠶᠢᠨ ᠲᠠᠯᠠᠪᠠᠶ ᠶᠢᠨ ᠪᠤᠰᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠳᠤᠭᠠᠷ | ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠵᠤ᠂ ᠣᠨ ᠤ ᠡᠭᠦᠷᠭᠡ ᠪᠠᠨ | ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠨ᠎ᠠ᠃ | ᠭᠤᠷᠪᠠ ᠳᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠬᠢᠯᠳᠡᠳᠤ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠲᠥᠷᠥ ᠶᠢᠨ ᠪᠣᠳᠣᠯᠭ᠎ᠠ | ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠵᠦᠢ ᠵᠣᠬᠢᠰᠲᠠᠶ ᠪᠠᠲᠤᠯᠠᠨ᠂ ᠡᠨᠧᠷᠭᠢ ᠶᠢᠨ ᠬᠤᠷᠣᠭᠳᠠᠯ ᠶᠡᠬᠡᠲᠡᠶ ᠪᠠ ᠪᠣᠬᠢᠷᠲᠤᠯ ᠶᠡᠬᠡᠲᠡᠶ ᠲᠥᠷᠥᠯ | ᠵᠦᠢᠯ ᠤᠨ ᠬᠥᠭᠵᠢᠯᠲᠡ ᠶᠢ ᠡᠷᠡᠰ ᠬᠤᠷᠢᠭᠯᠠᠨ᠎ᠠ᠃ ︽ᠲᠠᠪᠤ ᠶᠢ ᠡᠴᠦᠰ ᠲᠤᠨᠢ ᠲᠤᠯᠲᠠᠯ᠎ᠠ ᠬᠢᠬᠦ︾ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠵᠢᠯ ᠤᠨ ᠳᠣᠲᠣᠷ᠎ᠠ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ᠂ ᠰᠤᠯᠠ ᠪᠠᠶᠢᠭ᠎ᠠ ᠭᠠᠵᠠᠷ | ᠰᠢᠷᠣᠶ ᠶᠢ 356 ᠮᠦ ᠶᠢ ᠰᠢᠶᠳᠪᠦᠷᠢᠯᠡᠬᠦ ᠪᠠᠷ ᠲᠥᠯᠥᠪᠯᠡᠵᠦ᠂ ᠢ ᠾᠧ ᠸᠠᠨ ᠲᠤᠭᠤᠷᠢᠭ ᠤᠨ ᠤᠯᠠᠨ ᠵᠢᠯ | ᠬᠠᠶᠠᠭᠳᠠᠭᠰᠠᠨ ᠠᠰᠠᠷ ᠢ ᠲᠠᠬᠢᠨ ᠠᠰᠢᠭᠯᠠᠨ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ 4 ᠭᠤᠣᠯᠳᠠᠯᠭ᠎ᠠ ᠲᠠᠢ ᠡᠨᠧᠷᠭᠢ ᠬᠡᠷᠡᠭᠯᠡᠬᠦ | ᠠᠵᠤ ᠠᠬᠤᠶᠢᠯᠠᠯ ᠤᠨ 1.1 ᠲᠦᠮᠡᠨ ᠲᠣᠨ ᠪᠠᠷᠢᠮᠵᠢᠶᠠᠭᠰᠠᠨ ᠨᠡᠭᠦᠷᠡᠰᠦ ᠠᠷᠪᠢᠯᠠᠬᠤ ᠶᠢ ᠠᠬᠢᠭᠤᠯᠤᠨ᠎ᠠ᠃ ᠰᠢᠨ᠎ᠡ | ᠬᠡᠯᠪᠡᠷᠢ ᠶᠢᠨ ᠠᠵᠤ ᠦᠶᠯᠡᠳᠪᠦᠷᠢ ᠶᠢᠨ ᠪᠣᠬᠢᠷᠲᠤᠯ ᠥᠬᠡᠶ ᠪᠢᠴᠢᠯ ᠴᠠᠬᠢᠯᠭᠠᠨ ᠲᠣᠣᠷ᠂ ᠲᠦᠯᠡᠰᠢᠨ ᠨᠡᠭᠦᠷᠡᠰᠦ ᠶᠢᠨ | ᠦᠪᠡᠷ ᠢ ᠪᠠᠨ ᠬᠠᠩᠭᠠᠬᠤ ᠴᠠᠬᠢᠯᠭᠠᠨ ᠦᠶᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢ ᠣᠷᠣᠯᠠᠭᠤᠯᠬᠤ | ᠵᠡᠷᠭᠡ ᠲᠥᠷᠥᠯ ᠵᠦᠢᠯ ᠢ ᠢᠳᠡᠪᠬᠢᠲᠡᠢ ᠠᠬᠢᠭᠤᠯᠵᠤ᠂ ᠪᠠᠶᠠᠨᠬᠤᠸᠠ ᠨᠡᠭᠡᠭᠡᠯᠲᠡ ᠶᠢᠨ ᠲᠣᠭᠤᠷᠢᠭ ᠤᠨ ᠪᠣᠬᠢᠷᠲᠤᠯ | ᠥᠬᠡᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠳᠥᠷᠪᠡ︶ ᠬᠦᠴᠦᠨ ᠢᠶᠠᠨ ᠲᠥᠪᠯᠡᠷᠡᠭᠦᠯᠦᠨ ᠳᠤᠲᠠᠭᠳᠠᠯ ᠢᠶᠠᠨ ᠨᠥᠬᠦᠪᠦᠷᠢᠯᠡᠵᠦ᠂ ᠬᠤᠲᠠ ᠬᠥᠳᠡᠭᠡ ᠶᠢᠨ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠪᠣᠯᠣᠨ ᠬᠥᠮᠥᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠨᠠᠷᠯᠢᠭ ᠬᠥᠭᠵᠢᠯᠲᠡ ᠶᠢᠨ ᠰᠠᠭᠤᠷᠢ ᠶᠢ ᠲᠠᠰᠤᠷᠠᠯᠳᠡ ᠦᠭᠡᠢ | ᠪᠠᠬᠢᠵᠢᠭᠦᠯᠦᠨ᠎ᠡ᠃ | ᠨᠢᠭᠡ ᠳᠤ᠂ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ | ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ | ᠠᠬᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠪᠠ ᠵᠥᠪ ᠣᠨᠣᠪᠴᠢᠲᠠᠶ ᠪᠠᠷ | ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠳᠡᠮᠵᠢᠬᠦ ᠵᠤᠬᠢᠰᠳᠠᠢ ᠶᠢ ᠨᠢ ᠪᠦᠬᠦᠨ ᠢ ᠳᠡᠮᠵᠢᠨ᠎ᠡ᠃ ᠠᠵᠤ | ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠤᠯᠤᠰ᠂ ᠥᠪᠡᠷᠲᠡᠭᠡᠨ ᠵᠠᠰᠠᠬᠤ | ᠣᠷᠣᠨ᠂ ᠠᠶᠢᠮᠠᠭ᠂ ᠬᠤᠰᠢᠭᠤ ᠱᠠᠲᠤᠨ ᠤ ᠵᠢᠱᠢᠶ᠎ᠡ ᠦᠵᠡᠭᠦᠯᠬᠦ ᠭᠠᠴᠠᠭ᠎ᠠ᠂ ᠭᠤᠣᠯᠳᠠᠯᠭ᠎ᠠ ᠲᠠᠢ ᠭᠠᠴᠠᠭ᠎ᠠ ᠶᠢ | ᠲᠡᠳᠬᠦᠬᠦ ᠡᠷᠴᠢᠮ ᠢᠶᠠᠨ ᠴᠢᠩᠭᠠᠳᠬᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ | ᠵᠢᠯᠤᠭᠤᠳᠬᠤ ᠪᠡᠯᠡ ᠮᠥᠩᠭᠦ᠂ ᠵᠣᠯᠭᠠᠭᠤᠯᠬᠤ ᠪᠡᠯᠡ ᠮᠥᠩᠭᠦ ᠶᠢ 1320 ᠲᠦᠮᠡᠨ ᠲᠥᠭᠦᠷᠢᠭ ᠲᠣᠬᠢᠷᠠᠭᠤᠯᠵᠤ᠂ | ᠠᠵᠤ ᠦᠶᠢᠯᠡᠰᠵᠢᠯᠲᠡ ᠶᠢᠨ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠮᠠᠯᠵᠢᠬᠤ ᠣᠷᠣᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ 11 ᠵᠤᠷᠪᠤᠰ 273 ᠺᠢᠯᠣᠮᠧᠲᠷ ᠤᠨ | ᠦᠷᠭᠦᠯᠵᠢᠯᠡᠨ ᠪᠠᠶᠢᠭᠤᠯᠬᠤ ᠵᠠᠰᠠᠮᠠᠯ ᠵᠠᠮ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠢ | ᠪᠠᠲᠤᠯᠠᠭᠰᠠᠨ ᠰᠠᠭᠤᠷᠢᠨ ᠳᠡᠭᠡᠷ᠎ᠡ᠂ ᠪᠠᠰᠠ 1.5 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ ᠮᠠᠯᠵᠢᠬᠤ | ᠣᠷᠣᠨ ᠤ ᠬᠡᠰᠡᠭ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠤᠢ᠂ ᠪᠠᠯᠭᠠᠷᠭᠤᠣᠯ ᠠᠴᠠ | ᠪᠠᠶᠠᠨᠬᠤᠸᠠ ᠬᠦᠷᠬᠦ ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡ ᠨᠡᠪᠲᠡᠷᠡᠭᠦᠯᠬᠦ ᠪᠠᠷ ᠲᠥᠯᠥᠪᠯᠡᠨ᠂ ᠮᠠᠯᠵᠢᠬᠤ | ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠶᠢ ᠦᠷᠭᠦᠯᠵᠢᠯᠡᠨ ᠬᠡᠷᠡᠭᠵᠢᠭᠦᠯᠵᠦ᠂ 96 | ᠬᠤᠳᠳᠤᠭ ᠰᠢᠨ᠎ᠡ ᠪᠠᠷ ᠮᠠᠯᠲᠠᠬᠤ ᠪᠠᠷ ᠲᠥᠯᠥᠪᠯᠡᠵᠦ᠂ 51 ᠭᠠᠴᠠᠭᠠᠨ ᠤ 1100 ᠭᠠᠷᠤᠢ ᠮᠠᠯᠵᠢᠬᠤ ᠡᠷᠦᠬᠡ ᠳᠤ | ᠰᠦᠯᠵᠢᠶ᠎ᠡ ᠨᠡᠪᠲᠡᠷᠡᠭᠦᠯᠦᠨ᠂ 479 ᠮᠠᠯᠵᠢᠬᠤ ᠡᠷᠥᠭᠡ ᠳᠤ ᠪᠠᠶᠢᠩᠭᠤ ᠶᠢᠨ ᠴᠠᠬᠢᠯᠭᠠᠨ ᠨᠡᠪᠲᠡᠷᠡᠭᠦᠯᠵᠦ᠂ ᠵᠢᠱᠢᠶ᠎ᠡ | ᠦᠵᠡᠭᠦᠯᠬᠦ ᠭᠠᠴᠠᠭ᠎ᠠ᠂ ᠭᠤᠣᠯᠳᠠᠯᠭ᠎ᠠ ᠲᠠᠢ ᠭᠠᠴᠠᠭᠠᠨ ᠤ ᠪᠠᠶᠢᠩᠭᠤ ᠶᠢᠨ ᠴᠠᠬᠢᠯᠭᠠᠨ ᠤᠷᠤᠬᠤ ᠨᠡᠪᠲᠡᠷᠡᠭᠦᠯᠬᠦ | ᠨᠥᠬᠦᠴᠡᠯ ᠪᠦᠷᠢᠳᠦᠭᠦᠯᠦᠭᠡᠳᠦᠢ ᠮᠠᠯᠵᠢᠬᠤ ᠡᠷᠥᠭᠡ ᠳᠤ 3 ᠺᠢᠯᠣᠸᠠᠲ ᠠᠴᠠ ᠳᠡᠭᠡᠭᠰᠢᠬᠢ ᠴᠢᠳᠠᠮᠵᠢ ᠲᠠᠢ ᠰᠠᠯᠬᠢ | ᠭᠡᠷᠡᠯᠬᠠᠷᠢᠯᠴᠠᠨ ᠨᠥᠬᠦᠪᠦᠷᠢᠯᠡᠬᠦ ᠴᠠᠬᠢᠯᠭᠠᠨ ᠭᠠᠷᠭᠠᠬᠤ ᠲᠥᠬᠦᠭᠡᠷᠦᠮᠵᠢ ᠤᠭᠰᠠᠷᠠᠵᠤ᠂ ᠮᠠᠯᠵᠢᠬᠤ ᠣᠷᠣᠨ ᠤ | ᠴᠢᠮᠡᠭᠡ ᠬᠤᠯᠪᠣᠭᠠᠨ ᠤ ᠳᠣᠬᠢᠶ᠎ᠠ ᠶᠢᠨ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ | ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠵᠣᠷᠯᠣᠩ ᠤᠨ ᠬᠤᠪᠢᠰᠬᠠᠯ︾ | ᠢ ᠲᠤᠬᠠᠢ ᠶᠢᠨ ᠭᠠᠵᠠᠷ ᠳᠤᠨᠢ ᠲᠣᠬᠢᠷᠠᠭᠤᠯᠤᠨ ᠠᠬᠢᠭᠤᠯᠵᠤ᠂ ᠨᠢᠭᠡᠨᠲᠡ ᠪᠠᠶᠢᠭ᠎ᠠ ᠡᠷᠦᠬᠡ ᠶᠢᠨ ᠵᠣᠷᠯᠣᠩ ᠢ | ᠥᠭᠡᠷᠡᠴᠢᠯᠡᠬᠦ ᠪᠠ ᠬᠠᠮᠠᠭᠠᠯᠠᠬᠤ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠵᠢᠯ ᠤᠨ ᠳᠣᠲᠣᠷ᠎ᠠ ᠮᠠᠯᠵᠢᠬᠤ | ᠣᠷᠣᠨ ᠤ 292 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠣᠶ᠃ ᠬᠥᠳᠡᠭᠡ | ᠲᠣᠰᠬᠤᠨ ᠤ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠮᠠᠯᠵᠢᠬᠤ ᠣᠷᠣᠨ ᠤ ᠵᠠᠰᠠᠯᠲᠠ ᠶᠢᠨ ᠨᠠᠩ ᠪᠦᠲᠦᠮᠵᠢᠲᠡᠶ᠂ ᠠᠮᠢᠵᠢᠷᠠᠯ ᠤᠨ ᠬᠦᠴᠦᠨ ᠢᠶᠠᠷ ᠲᠡᠭᠦᠯᠳᠡᠷ᠂ ᠡᠶ᠎ᠡ | ᠵᠣᠬᠢᠴᠠᠯ ᠲᠠᠢ ᠡᠮᠬᠢ ᠵᠢᠷᠤᠮ ᠲᠠᠢ ᠪᠠᠶᠢᠬᠤ ᠶᠢ ᠠᠬᠢᠭᠤᠯᠤᠨ᠎ᠠ᠃ | ᠬᠤᠶᠠᠷ ᠲᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠶᠡᠬᠡᠪᠡᠷ ᠰᠠᠶᠢᠵᠢᠷᠠᠭᠤᠯᠤᠨ᠎ᠠ᠃ ᠤᠳᠤ ᠦᠶ᠎ᠡ ᠶᠢᠨ | ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠪᠠᠶ᠋ᠬᠠᠭᠤᠯᠠ ᠨᠡᠶᠢᠲᠡ | ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠲᠤᠰ ᠵᠢᠯ ᠳᠡᠭᠡᠨ ᠪᠠᠶᠢᠭᠤᠯᠵᠤ ᠳᠠᠭᠤᠰᠬᠠᠬᠤ ᠶᠢ ᠪᠠᠲᠤᠯᠠᠨ᠂ | ᠤᠯᠤᠰ ᠤᠨ ᠲᠡᠰ ᠤᠨ ᠵᠠᠰᠠᠮᠠᠯ ᠵᠠᠮ ᠤᠨ 306 ᠱᠤᠭᠤᠮ ᠤᠨ ᠪᠠᠯᠭᠠᠷᠭᠤᠤᠯ ᠠᠴᠠ ᠤᠯᠢᠶᠠᠰᠤᠲᠠᠢ ᠬᠦᠷᠬᠦ ᠬᠡᠰᠡᠭ | ᠤᠨ ᠵᠠᠰᠠᠮᠠᠯ ᠵᠠᠮ ᠢ ᠠᠰᠢᠭᠯᠠᠯᠲᠠ ᠳᠤ ᠤᠷᠤᠭᠤᠯᠤᠨ᠂ ᠤᠯᠤᠰ ᠤᠨ ᠲᠡᠰ ᠤᠨ ᠵᠠᠰᠠᠮᠠᠯ ᠵᠠᠮ ᠤᠨ 305 ᠱᠤᠭᠤᠮ | ᠤᠨ ᠪᠠᠶᠠᠨᠬᠤᠸᠠ ᠠᠴᠠ ᠬᠥᠨᠳᠡᠯᠡᠨ ᠬᠦᠷᠬᠦ ᠬᠡᠰᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠤᠯᠤᠰ ᠤᠨ | ᠲᠡᠰ ᠤᠨ ᠵᠠᠰᠠᠮᠠᠯ ᠵᠠᠮ ᠤᠨ 207 ᠱᠤᠭᠤᠮ ᠤᠨ ᠰᠢᠯᠢ ᠶᠢᠨ ᠬᠤᠲᠠ ᠠᠴᠠ ᠪᠠᠶᠠᠨᠬᠤᠸᠠ ᠬᠦᠷᠬᠦ ᠬᠡᠰᠡᠭ ᠢ ᠳᠡᠰ | ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠬᠦ ᠪᠠᠷ ᠢᠳᠡᠪᠬᠢᠲᠡᠢ ᠭᠤᠶᠤᠴᠢᠯᠠᠨ᠎ᠠ᠃ ᠰᠦ᠋ ᠨᠧᠩ | ᠪᠠᠶᠠᠨᠬᠤᠸᠠ ᠴᠠᠬᠢᠯᠭᠠᠨ ᠦᠢᠯᠡᠳᠪᠦᠷᠢ ᠶᠢᠨ ᠭᠠᠳᠠᠭᠰᠢ ᠳᠠᠮᠵᠢᠭᠤᠯᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ | ᠠᠵᠢᠯ ᠢ ᠡᠬᠢᠯᠡᠭᠦᠯᠵᠦ᠂ ᠪᠤᠯᠠᠭ 500 ᠺᠢᠯᠣᠸᠠᠲ ᠤᠨ ᠴᠠᠬᠢᠯᠭᠠᠨ ᠬᠤᠪᠢᠰᠬᠠᠬᠤ ᠢᠨᠵᠧᠨᠧᠷᠢᠩ᠂ ᠤᠯᠤᠰ ᠤᠨ | ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠺᠣᠮᠫᠠᠨᠢ ᠶᠢᠨ ᠪᠠᠶᠠᠨᠬᠤᠸᠠ ᠨᠡᠭᠦᠷᠡᠰᠦᠨ ᠠᠭᠤᠷᠬᠠᠢ ᠶᠢᠨ | ᠳᠡᠷᠭᠡᠳᠡᠬᠢ ᠴᠠᠬᠢᠯᠭᠠᠨ ᠦᠢᠯᠡᠳᠪᠦᠷᠢ ᠶᠢᠨ ᠭᠠᠳᠠᠭᠰᠢ ᠳᠠᠮᠵᠢᠭᠤᠯᠬᠤ ᠢᠨᠵᠧᠨᠧᠷᠢᠩ ᠤᠨ ᠠᠰᠢᠭᠯᠠᠯᠲᠠ ᠳᠤ ᠣᠷᠣᠬᠤ | ᠶᠢ ᠪᠠᠲᠤᠯᠠᠵᠤ᠂ ᠠᠮᠤᠷ ᠲᠦᠪᠰᠢᠨ ᠨᠠᠶᠢᠳᠠᠪᠤᠷᠢᠲᠠᠢ ᠴᠠᠬᠢᠯᠭᠠᠨ ᠲᠣᠣᠷ ᠤᠨ ᠰᠢᠰᠲ᠋ᠧᠮ ᠢ ᠪᠠᠶᠢᠭᠤᠯᠤᠨ᠎ᠠ᠃ | ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠢ ᠲᠥᠯᠥᠪᠵᠢᠭᠦᠯᠭᠡ᠂ ᠠᠵᠤ ᠦᠢᠯᠡᠰ | ᠤᠨ ᠬᠥᠭᠵᠢᠯᠲᠡ ᠶᠢᠨ ᠲᠥᠯᠥᠪᠵᠢᠭᠦᠯᠭᠡ᠂ ᠡᠵᠡᠮᠳᠡᠯ ᠤᠨ ᠴᠢᠨᠠᠷᠲᠠᠢ ᠨᠠᠷᠢᠨ ᠲᠥᠯᠥᠪᠵᠢᠭᠦᠯᠭᠡ ᠵᠡᠷᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠵᠤ᠂ ᠬᠥᠩᠭᠡᠨᠴᠠᠭᠠᠨ ᠤ ᠨᠠᠷᠢᠯᠢᠭᠵᠢᠭᠤᠯᠤᠭᠰᠠᠨ ᠪᠦᠲᠦᠭᠡᠭᠳᠡᠭᠦᠨ ᠤ | ᠪᠠᠷᠢᠮᠵᠢᠶᠠᠵᠢᠭᠰᠠᠨ ᠦᠶᠯᠡᠳᠪᠦᠷᠢ ᠶᠢᠨ ᠭᠡᠷ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ | ᠦᠵᠡᠭᠦᠯᠦᠯᠭᠡ ᠶᠢᠨ ᠲᠥᠪ᠂ ᠬᠦᠷᠢᠶᠡᠯᠡᠩ ᠲᠣᠭᠤᠷᠢᠭ ᠤᠨ 4 ᠵᠤᠷᠪᠤᠰ ᠵᠠᠮ᠂ ᠪᠠᠶᠠᠨᠬᠤᠸᠠ ᠡᠮᠦᠨ᠎ᠡ ᠥᠷᠲᠡᠭᠡᠨ ᠤ | ᠡᠮᠦᠨᠡᠬᠢ ᠠᠭᠤᠳᠠᠮ ᠲᠠᠯᠠᠪᠠᠢ ᠵᠡᠷᠭᠡ ᠢᠨᠵᠧᠨᠧᠷᠢᠩ ᠢ ᠡᠬᠢᠯᠡᠨ ᠪᠠᠶᠢᠭᠤᠯᠵᠤ᠂ ᠪᠠᠶᠠᠨᠬᠤᠸᠠ ᠪᠤᠳᠠᠰ ᠤᠨ ᠭᠦᠢᠯᠭᠡᠭᠡᠨ ᠤ | ᠤᠷᠤᠨ ᠤ ᠰᠠᠭᠤᠷᠢ ᠲᠦᠭᠦᠭᠡᠷᠦᠮᠵᠢ ᠶᠢ ᠲᠡᠰ ᠲᠡᠪᠰᠢᠭᠦᠯᠦᠨ᠂ ᠦ᠋ ᠵᠢᠶᠠᠨ ᠹᠠᠩ ᠠᠭᠤᠷᠬᠠᠢ ᠶᠢᠨ ᠤᠷᠤᠨ ᠢ | ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠳᠤ ᠤᠷᠤᠭᠤᠯᠤᠨ᠂ ᠪᠠᠶᠠᠨᠬᠤᠸᠠ ᠨᠡᠭᠡᠭᠡᠯᠲᠡ ᠶᠢᠨ ᠣᠷᠣᠨ ᠢ ᠥᠪᠡᠷᠲᠡᠭᠡᠨ | ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠬᠦᠷᠢᠶᠡᠯᠡᠩ ᠲᠣᠭᠤᠷᠢᠭ ᠪᠣᠯᠭᠠᠨ ᠳᠡᠰ ᠳᠡᠪᠰᠢᠭᠦᠯᠬᠦ ᠪᠠᠷ ᠢᠳᠡᠪᠬᠢᠲᠡᠢ | ᠭᠤᠶᠤᠴᠢᠯᠠᠨ᠎ᠠ᠃ | ᠭᠤᠷᠪᠠ ᠳᠤ᠂ ᠬᠤᠳᠡ ᠶᠢ ᠰᠢᠨᠡᠳᠬᠡᠬᠦ ᠠᠵᠢᠯᠯᠠᠭ᠎ᠠ ᠶᠢ ᠯᠠᠪᠳᠠᠭᠤᠨ ᠢᠶᠠᠷ ᠬᠡᠷᠡᠭᠵᠢᠭᠦᠯᠦᠨ᠎ᠡ᠃ ᠪᠠᠶᠠᠨᠬᠤᠸᠠ | ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠠᠰᠠᠭᠤᠳᠠᠯ ᠢ | ᠯᠠᠪᠳᠠᠭᠤᠨ ᠢᠶᠠᠷ ᠰᠢᠢᠳᠪᠦᠷᠢᠯᠡᠵᠦ᠂ ᠪᠠᠯᠭᠠᠷᠭᠤᠣᠯ ᠪᠠᠯᠭᠠᠰᠤᠨ ᠤ ᠤᠯᠤᠰ ᠤᠨ ᠥᠮᠴᠢᠯᠡᠯᠲᠦ ᠭᠠᠵᠠᠷ ᠰᠢᠷᠣᠢ ᠶᠢ | ᠬᠤᠷᠢᠶᠠᠨ ᠠᠪᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠭᠤᠷᠣᠬᠠᠨ ᠵᠡᠭᠡᠯᠢ ᠶᠢ ᠵᠡᠭᠦᠨᠰᠢ ᠥᠷᠭᠡᠳᠬᠡᠨ | ᠭᠠᠳᠠᠷ ᠲᠣᠭᠤᠷᠢᠯ ᠵᠠᠮ ᠬᠦᠷᠭᠡᠬᠦ ᠪᠠ ᠪᠠᠷᠠᠭᠤᠨᠰᠢ ᠦᠷᠭᠡᠳᠬᠡᠬᠦ ᠢᠨᠵᠧᠨᠧᠷᠢᠩ ᠢ ᠡᠬᠢᠯᠡᠭᠦᠯᠵᠦ᠂ ᠬᠤᠲᠠ ᠬᠥᠳᠡᠭᠡ ᠶᠢ | ᠠᠭᠤᠰᠤᠯᠴᠠᠭᠤᠯᠤᠭᠰᠠᠨ ᠶᠡᠷᠦᠩᠬᠡᠶᠢᠯᠡᠭᠰᠡᠨ ᠴᠤᠭᠴᠠ ᠪᠠᠷ ᠭᠤᠣᠯ ᠪᠤᠯᠭᠠᠭᠰᠠᠨ ᠬᠤᠲᠠ ᠶᠢᠨ ᠦᠵᠡᠮᠵᠢ ᠶᠢᠨ | ᠪᠦᠰᠡ ᠶᠢ ᠠᠯᠬᠤᠮ ᠠᠯᠬᠤᠮ ᠢᠶᠠᠷ ᠴᠣᠭᠴᠠᠯᠠᠨ᠎ᠠ᠃ ᠪᠠᠯᠭᠠᠷᠭᠤᠤᠯ ᠪᠠᠯᠭᠠᠰᠤᠨ ᠤ ᠬᠤᠲᠠ ᠳᠤᠭᠤᠷᠢᠭ ᠠᠴᠠ ᠪᠠᠷᠢᠯᠭ᠎ᠠ | ᠶᠢᠨ ᠮᠠᠲ᠋ᠧᠷᠢᠶᠠᠯ ᠤᠨ ᠠᠵᠤ ᠦᠶᠯᠡᠳᠪᠦᠷᠢ ᠶᠢᠨ ᠬᠦᠷᠢᠶᠡᠯᠡᠩ ᠬᠦᠷᠬᠦ ᠵᠠᠮ᠂ ᠴᠠᠶᠢᠳᠠᠮ ᠵᠠᠮ ᠤᠨ ᠬᠤᠷᠠᠯ ᠪᠠ | ᠦᠵᠡᠰᠬᠦᠯᠡᠩ ᠤᠨ ᠲᠥᠪ ᠤᠨ ᠵᠠᠮ ᠤᠨ ᠪᠦᠲᠦᠭᠡᠨ ᠪᠠᠶᠢᠭᠤᠯᠤᠯᠲᠠ ᠪᠠ ᠴᠡᠴᠡᠷᠯᠢᠭ ᠤᠨ ᠪᠠᠷᠠᠭᠤᠨ ᠵᠡᠭᠡᠯᠢ ︵ᠶᠠᠩ | ᠭᠤᠸᠠᠩ ᠲᠤᠭᠤᠷᠢᠭ ᠠᠴᠠ ᠶᠢᠨ ᠱᠠᠨ ᠴᠠᠬᠢᠯᠭᠠᠨ ᠤ ᠦᠢᠯᠡᠳᠪᠦᠷᠢ ᠬᠦᠷᠬᠦ︶ ᠶᠢ ᠥᠷᠭᠡᠳᠬᠡᠬᠦ ᠢᠨᠵᠧᠨᠧᠷᠢᠩ ᠶᠢ | ᠠᠬᠢᠭᠤᠯᠵᠤ᠂ ᠪᠠᠶ᠋ᠬᠠᠭᠤᠯᠠ ᠵᠡᠭᠡᠯᠢ ᠵᠠᠷᠭᠡ 9 ᠵᠤᠷᠪᠤᠰ ᠬᠤᠲᠠ ᠶᠢᠨ ᠵᠠᠮ ᠤᠨ 30 ᠲᠦᠮᠡᠨ ᠲᠡᠭᠰᠢ ᠳᠥᠷᠪᠡᠯᠵᠢᠨ | ᠮᠧᠲᠷ ᠤᠨ ᠵᠠᠮ ᠢ ᠰᠢᠨᠡᠳᠬᠡᠨ᠂ ᠭᠠᠵᠠᠷ ᠳᠤᠤᠷᠠᠬᠢ ᠤᠰᠤᠨ ᠬᠤᠭᠤᠯᠠᠢ᠂ ᠵᠠᠮ ᠤᠨ ᠳ᠋ᠧᠩ ᠵᠡᠷᠭᠡ ᠢᠵᠢ | ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠵᠠᠮ ᠤᠨ ᠪᠦᠲᠦᠴᠡ ᠪᠠ ᠶᠠᠪᠤᠵᠤ ᠰᠠᠭᠤᠬᠤ ᠨᠥᠬᠦᠴᠡᠯ ᠢ ᠤᠯᠠᠮ ᠨᠢᠭᠡ | ᠠᠯᠬᠤᠮ ᠰᠢᠯᠢᠳᠡᠭᠵᠢᠭᠦᠯᠦᠨ᠂ ᠬᠤᠲᠠ ᠲᠤᠭᠤᠷᠢᠭ ᠤᠨ ︽ᠲᠡᠷᠭᠡ ᠵᠤᠭᠰᠤᠭᠠᠬᠤ ᠳᠤ ᠬᠦᠴᠢᠷ︾ ᠠᠰᠠᠭᠤᠳᠠᠯ ᠢ | ᠰᠢᠢᠳᠪᠦᠷᠢᠯᠡᠨ᠎ᠡ᠃ ᠪᠠᠯᠭᠠᠷᠭᠤᠣᠯ ᠪᠠᠯᠭᠠᠰᠤᠨ ᠤ ᠡᠮᠦᠨ᠎ᠡ ᠬᠤᠶᠢᠨ᠎ᠠ ᠤᠷᠤᠵᠤ ᠭᠠᠷᠬᠤ ᠵᠠᠮ ᠤᠨ ᠠᠭᠤᠯᠵᠠᠭᠤᠷ ᠲᠤ | ᠲᠣᠰᠪᠣᠷᠢ ᠨᠢᠭᠡ ᠰᠠᠭᠤᠷᠢ ᠭᠤᠣᠯ ᠰᠡᠳᠦᠪᠲᠦ ᠱᠤᠭᠤᠮᠠᠯ ᠱᠤᠭᠤᠵᠤ᠂ ᠰᠣᠶᠣᠯ ᠪᠡᠶ᠎ᠡ ᠶᠢᠨ ᠲᠠᠮᠢᠷ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠤᠨ ᠲᠥᠪ ᠤᠨ ᠶᠡᠷᠦᠩᠬᠡᠶᠢᠯᠡᠭᠰᠡᠨ ᠣᠷᠳᠣᠨ ᠢ ᠰᠢᠨ᠎ᠡ ᠪᠠᠷ ᠪᠠᠶᠢᠭᠤᠯᠬᠤ᠂ ᠵᠡᠭᠡᠯᠢ | ᠳᠠᠭᠠᠤ ᠠᠰᠠᠷ ᠢ ᠭᠡᠷᠡᠯᠲᠦᠭᠦᠯᠬᠦ᠂ ᠴᠡᠴᠡᠷᠯᠢᠭ ᠢ ᠭᠤᠶᠣᠵᠢᠭᠤᠯᠬᠤ ᠵᠡᠷᠭᠡ ᠲᠥᠷᠥᠯ ᠵᠦᠢᠯ ᠢ ᠲᠥᠯᠥᠪᠵᠢᠭᠦᠯᠦᠨ | ᠬᠡᠷᠡᠭᠵᠢᠭᠦᠯᠵᠦ᠂ ᠬᠤᠲᠠ ᠶᠢᠨ ᠵᠡᠷᠭᠡ ᠳᠡᠰ ᠢ ᠳᠡᠭᠡᠭᠰᠢᠯᠡᠭᠦᠯᠦᠨ᠎ᠡ᠃ ᠪᠠᠯᠭᠠᠷᠭᠤᠤᠯ ᠪᠠᠯᠭᠠᠰᠤᠨ ᠤ ᠬᠠᠭᠤᠴᠢᠨ | ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠰᠤᠷᠭᠠᠨ ᠬᠦᠮᠦᠵᠢᠯ ᠤᠨ | ᠲᠤᠪᠴᠢᠶᠠᠨ ᠤ ᠠᠵᠢᠯᠲᠠᠨ ᠤ ᠰᠠᠭᠤᠭᠠᠯᠢ ᠠᠷᠠᠳ ᠤᠨ ᠲᠤᠭᠤᠷᠢᠭ ᠵᠡᠷᠭᠡ 6 ᠰᠠᠭᠤᠭᠠᠯᠢ ᠠᠷᠠᠳ ᠤᠨ ᠲᠣᠭᠤᠷᠢᠭ ᠤᠨ | 9 ᠰᠠᠭᠤᠷᠢ ᠠᠰᠠᠷ ᠢ 1.9 ᠲᠦᠮᠡᠨ ᠲᠡᠭᠰᠢ ᠳᠥᠷᠪᠡᠯᠵᠢᠨ ᠮᠧᠲᠷ ᠰᠢᠨᠡᠳᠬᠡᠨ ᠵᠠᠰᠠᠨ᠎ᠠ᠃ ᠬᠤᠳᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠰᠠᠭᠤᠭᠠᠯᠢ ᠠᠷᠠᠳ ᠤᠨ ᠲᠤᠭᠤᠷᠢᠭ ᠤᠨ ᠠᠳᠠᠯ | ᠠᠬᠤᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠤᠬᠠᠭᠤᠯᠭ᠎ᠠ ᠶᠢᠨ ᠵᠦᠢᠯ᠂ | ᠬᠤᠳᠠᠯᠳᠤᠭᠠᠨ ᠤ ᠳᠡᠯᠭᠡᠭᠦᠷ ᠤᠨ ᠫᠠᠶᠢᠰᠠ ᠢᠯᠡᠷᠬᠡᠶᠢᠯᠡᠯ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠵᠠᠮ ᠢ ᠡᠵᠡᠯᠡᠨ | ᠠᠷᠠᠯᠵᠢᠶ᠎ᠠ ᠡᠵᠡᠩᠨᠡᠬᠦ᠂ ᠡᠮᠬᠢ ᠵᠢᠷᠤᠮ ᠦᠭᠡᠢ ᠪᠠᠷ ᠲᠡᠷᠭᠡ ᠵᠣᠭᠰᠤᠭᠠᠬᠤ ᠵᠡᠷᠭᠡ ᠠᠰᠠᠭᠤᠳᠠᠯ ᠢ ᠴᠡᠭᠴᠡᠯᠡᠨ ᠵᠠᠰᠠᠨ᠎ᠠ᠃ | ︵ᠲᠠᠪᠤ︶ ᠬᠦᠴᠦᠨ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠬᠢᠭᠤᠯᠵᠤ᠂ ᠬᠠᠮᠤᠭ ᠤᠨ ᠰᠢᠯᠢᠳᠡᠭ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠤᠯᠭᠠᠨ᠎ᠠ᠃ ᠵᠠᠰᠠᠭ ᠤᠨ ᠶᠠᠪᠤᠳᠠᠯ | ᠤᠨ ᠦᠶᠯᠡᠴᠢᠯᠡᠭᠡᠨ ᠤ ᠵᠦᠶᠯᠡᠰ ᠢ ᠪᠠᠷᠢᠮᠵᠢᠶᠠᠵᠢᠭᠤᠯᠬᠤ ᠶᠢ ᠶᠡᠬᠡᠪᠡᠷ ᠠᠬᠢᠭᠤᠯᠵᠤ᠂ ᠬᠠᠤᠯᠢ ᠪᠠᠷ ᠲᠣᠭᠲᠠᠭᠠᠭᠰᠠᠨ | ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠢ ᠪᠦᠬᠦᠨ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ | ᠣᠷᠣᠭᠤᠯᠤᠨ᠎ᠠ᠃ ᠤᠶᠤᠨᠴᠢᠯᠠᠭᠰᠠᠨ ᠵᠠᠰᠠᠭ ᠤᠨ ᠤᠷᠳᠤᠨ ᠢ ᠪᠦᠲᠦᠭᠡᠨ ᠪᠠᠶᠢᠭᠤᠯᠬᠤ ᠶᠢ ᠴᠢᠩᠭᠠᠳᠬᠠᠵᠤ᠂ ︽ᠨᠢᠭᠡ | ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠶᠢ ᠭᠦᠨᠵᠡᠭᠡᠶᠢᠷᠡᠭᠦᠯᠵᠦ᠂ ︽ᠮᠥᠩᠬᠡ ᠰᠤᠪᠠᠭ︾ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠥᠨᠳᠥᠷ ᠳᠠᠪᠲᠠᠮᠵᠢᠲᠤ ᠬᠡᠷᠡᠭᠯᠡᠯᠲᠡ ᠶᠢ ︽ᠪᠠᠶᠢᠴᠠᠭᠠᠵᠤ ᠪᠣᠯᠬᠤ︾ | ᠠᠴᠠ ︽ᠭᠦᠶᠴᠡᠳᠬᠡᠵᠦ ᠪᠣᠯᠬᠤ︾᠂ ᠰᠦᠯᠵᠢᠶᠡᠨ ᠭᠠᠳᠠᠨ᠎ᠠ ᠪᠤᠶᠤ ᠰᠦᠯᠵᠢᠶᠡᠨ ᠳᠡᠭᠡᠷ᠎ᠡ ᠭᠦᠶᠴᠡᠳᠬᠡᠬᠦ ᠪᠠᠶᠢᠭᠰᠠᠨ | ᠠᠴᠠ ᠭᠠᠷ ᠤᠳᠠᠰᠤᠨ ᠳᠡᠭᠡᠷ᠎ᠡ ᠭᠦᠶᠴᠡᠳᠬᠡᠬᠦ ᠳᠡᠶᠢᠯᠬᠦ ᠪᠣᠯᠭᠠᠵᠤ᠂ ᠪᠣᠳᠠᠲᠠᠶ ᠰᠦᠯᠵᠢᠶ᠎ᠡ ᠪᠠᠷ ᠭᠦᠶᠴᠡᠳᠬᠡᠬᠦ ᠨᠣᠷᠮ᠎ᠠ | ᠶᠢ 60% ᠠᠴᠠ ᠳᠡᠭᠡᠭᠰᠢ ᠳᠤ ᠬᠦᠷᠦᠭᠦᠯᠦᠨ᠎ᠡ᠃ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠬᠤᠶᠠᠷ ᠢ ᠲᠤᠰᠢᠶᠠᠬᠤ ᠶᠢ ᠬᠡᠯᠲᠦᠷᠢᠭᠦᠯᠬᠦ︾ ᠶᠢ ᠬᠡᠷᠡᠭᠵᠢᠭᠦᠯᠦᠨ᠂ | ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ︽ᠦᠨᠡᠮᠯᠡᠯ ᠢ ᠨᠢ ᠬᠠᠰᠤᠵᠤ | ᠭᠦᠶᠴᠡᠳᠬᠡᠬᠦ︾᠂ ︽ᠦᠨᠡᠮᠯᠡᠯ ᠢ ᠨᠢ ᠬᠡᠯᠲᠦᠷᠢᠭᠦᠯᠵᠦ ᠭᠦᠶᠴᠡᠳᠬᠡᠬᠦ︾ ᠶᠢ ᠠᠬᠢᠭᠤᠯᠤᠨ᠎ᠠ᠃ ᠠᠵᠤ ᠠᠬᠤᠶᠢᠯᠠᠯ ᠪᠠ | ᠣᠯᠠᠨ ᠲᠦᠮᠡᠨ ᠤ ᠴᠢᠬᠤᠯᠠ ᠱᠠᠲᠤ ᠦᠶ᠎ᠡ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ | ᠲᠣᠭᠤᠷᠢᠨ ᠳᠤ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠶᠴᠡᠳᠬᠡᠬᠦ︾ ᠶᠢ ᠪᠡᠶᠡᠯᠡᠭᠦᠯᠦᠨ᠎ᠡ᠃ ᠠᠷᠠᠳ ᠲᠤ | ᠳᠥᠭᠦᠮ ᠦᠵᠡᠭᠦᠯᠬᠦ 107 ᠦᠢᠯᠡᠴᠢᠯᠡᠭᠡᠨ ᠤ ᠲᠥᠪ ᠲᠤ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ | ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠣᠩᠭᠤᠯ ᠬᠢᠲᠠᠳ ᠬᠤᠶᠠᠷ ᠬᠡᠯᠡ ᠪᠠᠷ ᠰᠦᠯᠵᠢᠶᠡᠨ ᠳᠡᠭᠡᠷ᠎ᠡ | ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠰᠦᠪᠡᠭᠴᠢᠯᠡᠨ ᠬᠡᠷᠡᠭᠵᠢᠭᠦᠯᠦᠨ᠎ᠡ᠃ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ︽24 ᠴᠠᠭ ᠡᠭᠦᠳᠡ ᠪᠠᠨ ᠬᠠᠭᠠᠬᠤ ᠥᠬᠡᠶ︾ | ᠤᠶᠤᠨᠳᠤ ᠦᠶᠯᠡᠴᠢᠯᠡᠭᠡ ᠶᠢ ᠲᠡᠭᠦᠯᠳᠡᠷᠵᠢᠭᠦᠯᠵᠦ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠵᠠᠰᠠᠭ ᠤᠨ | ᠶᠠᠪᠤᠳᠠᠯ ᠤᠨ ᠲᠢᠩᠬᠢᠮ ᠤᠨ ᠣᠶᠤᠨᠴᠢᠯᠠᠭᠰᠠᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | 12345 ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠬᠠᠷᠢᠯᠴᠠᠬᠤ ᠤᠲᠠᠰᠤ | ᠶᠢ ᠪᠠᠷᠢᠮᠵᠢᠶᠠᠵᠢᠭᠤᠯᠬᠤ ᠪᠠ ᠤᠶᠤᠨᠴᠢᠯᠠᠬᠤ ᠪᠠᠶᠢᠭᠤᠯᠤᠯᠲᠠ ᠶᠢ ᠠᠬᠢᠭᠤᠯᠵᠤ᠂ ︽ᠵᠠᠷᠭᠤ ᠶᠢ ᠭᠥᠯᠢᠶᠡᠨ ᠠᠪᠤᠪᠠᠯ | ᠳᠠᠷᠤᠶᠢᠬᠠᠨ ᠭᠦᠶᠴᠡᠳᠬᠡᠬᠦ︾ ᠪᠦᠬᠦᠯᠢ ᠴᠣᠭᠴᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠥᠷᠥᠯ | ᠵᠦᠶᠯ ᠤᠨ ︽ᠪᠥᠬᠦ ᠦᠶᠡᠯᠡᠯ ᠤᠨ ᠬᠤᠭᠤᠴᠠᠭ᠎ᠠ︾ ᠶᠢᠨ ᠲᠣᠭᠤᠷᠢᠨ ᠳᠤ ᠨᠢᠭᠡ ᠥᠷᠲᠡᠭᠡ ᠮᠠᠶ᠋ᠢᠭ ᠤᠨ | ᠦᠶᠯᠡᠴᠢᠯᠡᠭᠡ ᠬᠠᠩᠭᠠᠵᠤ᠂ ᠲᠥᠷᠥᠯ ᠵᠦᠶᠯ ᠤᠨ ᠬᠢᠨᠠᠨ ᠵᠥᠪᠰᠢᠶᠡᠷᠡᠬᠦ ᠬᠤᠷᠳᠤᠴᠠ ᠶᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠨᠡᠯᠡᠯᠲᠡ ᠶᠢᠨ ᠲᠦᠷᠢᠮ | ᠢ ᠰᠠᠶᠢᠲᠤᠷ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ | ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠦᠯᠬᠦ ᠶᠢ ᠲᠦᠷᠭᠡᠳᠬᠡᠨ | ᠬᠥᠭᠵᠢᠭᠦᠯᠵᠦ᠂ ᠨᠢᠭᠡ ᠪᠦᠯᠦᠭ ︽ᠲᠤᠰᠬᠠᠶᠢᠵᠢᠭᠰᠠᠨ᠂ ᠨᠠᠷᠢᠯᠢᠭᠵᠢᠭᠤᠯᠤᠭᠰᠠᠨ᠂ ᠣᠨᠴᠠᠯᠢᠭᠵᠢᠭᠰᠠᠨ᠂ ᠰᠢᠨ᠎ᠡ | ᠰᠡᠪᠡᠭᠦᠨ︾ ᠳᠤᠮᠳᠠ ᠪᠠᠭ᠎ᠠ ᠠᠵᠤ ᠠᠬᠤᠶᠢᠯᠠᠯ ᠢ ᠬᠦᠮᠦᠵᠢᠭᠦᠯᠵᠦ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ | ᠠᠬᠤᠶᠢᠯᠠᠯ ᠤᠨ ︽ᠬᠤᠶᠠᠷ ᠲᠠᠬᠢᠨ ᠢᠶᠠᠷ ᠨᠡᠮᠡᠭᠳᠡᠭᠦᠯᠵᠦ᠂ ᠬᠤᠶᠠᠷ ᠢ ᠳᠡᠭᠡᠭᠰᠢᠯᠡᠭᠦᠯᠬᠦ︾ ᠠᠵᠢᠯᠯᠠᠭ᠎ᠠ ᠶᠢ ᠠᠬᠢᠭᠤᠯᠤᠨ | ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠭᠦᠨᠵᠡᠭᠡᠢ ᠠᠭᠤᠰᠤᠯᠴᠠᠭᠤᠯᠬᠤ ᠶᠢ ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠬᠦᠴᠦᠨ ᠢᠶᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ | ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠲᠤᠲᠠᠭᠳᠠᠯ ᠢ | ᠴᠢᠷᠮᠠᠶᠢᠨ ᠨᠥᠬᠦᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠬᠥᠭᠵᠢᠯᠲᠡ ᠶᠢᠨ | ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠨ᠎ᠡ᠃ | ᠨᠢᠭᠡ ᠳᠤ᠂ ᠠᠷᠠᠳ ᠲᠦᠮᠡᠨ ᠤ ᠰᠡᠳᠬᠢᠯ ᠬᠠᠨᠤᠮᠵᠢᠳᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ | ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠩᠬ᠎ᠠ | ᠵᠡᠷᠭᠡ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠢ ᠠᠰᠢᠭᠯᠠᠯᠲᠠ ᠳᠤ | ᠤᠷᠤᠭᠤᠯᠬᠤ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠵᠢᠯ ᠮᠡᠷᠭᠡᠵᠢᠯ ᠤᠨ ᠵᠢᠭᠠᠨ | ᠰᠤᠷᠭᠠᠯᠲᠠ ᠶᠢᠨ ᠠᠰᠠᠷ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠳᠠᠭᠤᠰᠬᠠᠬᠤ ᠶᠢ ᠪᠠᠲᠤᠯᠠᠵᠤ᠂ | ᠬᠤᠭᠤᠯᠠᠳᠤ ᠶᠢᠨ ᠭᠤᠣᠯ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠠᠵᠢᠯ ᠡᠬᠢᠯᠡᠭᠦᠯᠦᠨ ᠪᠠᠶᠢᠭᠤᠯᠵᠤ᠂ | ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶ᠎ᠡ ᠶᠢ ᠥᠷᠭᠡᠳᠬᠡᠨ ᠪᠠᠶᠢᠭᠤᠯᠬᠤ ᠲᠥᠷᠥᠯ ᠵᠦᠢᠯ ᠢ | ᠬᠡᠷᠡᠭᠵᠢᠭᠦᠯᠵᠤ᠂ ᠪᠠᠶᠠᠨᠬᠤᠸᠠ ᠪᠠᠭ᠎ᠠ ᠰᠤᠷᠭᠠᠭᠤᠯᠢ ᠶᠢᠨ ᠰᠢᠨ᠎ᠡ ᠪᠠᠷ ᠪᠠᠶᠢᠭᠤᠯᠬᠤ ᠪᠠᠶᠢᠷᠢ᠂ ᠪᠡᠶ᠎ᠡ ᠲᠠᠮᠢᠷ ᠤᠨ ᠲᠠᠯᠠᠪᠠᠶ | ᠵᠢᠴᠢ ᠨᠢᠭᠡᠳᠦᠭᠡᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠰᠢᠨ᠎ᠡ ᠪᠠᠷ | ᠪᠠᠶᠢᠭᠤᠯᠬᠤ ᠪᠡᠶ᠎ᠡ ᠲᠠᠮᠢᠷ ᠤᠨ ᠲᠠᠯᠠᠪᠠᠶ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ | ᠃ ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠨ ᠠᠪᠴᠢᠷᠠᠬᠤ ᠠᠵᠢᠯ ᠢ ᠴᠢᠩᠭᠠᠳᠬᠠᠵᠤ᠂ ᠳᠡᠭᠡᠳᠦ ᠲᠠᠰ | ᠳᠠᠪᠬᠤᠷᠭ᠎ᠠ ᠶᠢᠨ ᠰᠤᠷᠭᠠᠨ ᠬᠥᠮᠦᠵᠢᠯ ᠤᠨ 15 ᠴᠢᠳᠠᠪᠤᠷᠢᠲᠠᠨ ᠢ ᠤᠷᠢᠨ ᠠᠪᠴᠢᠷᠠᠵᠤ᠂ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠤᠨ 184 ᠪᠠᠭᠰᠢ ᠶᠢ ᠢᠯᠡ ᠪᠠᠷ ᠡᠯᠰᠡᠨ᠎ᠡ᠃ ︽ᠬᠡᠦᠬᠡᠳ ᠤᠨ ᠬᠡᠯᠡ ᠶᠢ | ᠠᠳᠠᠯᠢ ᠳᠠᠭᠤᠳᠠᠯᠭ᠎ᠠ ᠲᠠᠢ ᠪᠠᠶᠢᠯᠭᠠᠬᠤ︾ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ 90% ᠠᠴᠠ ᠳᠡᠭᠡᠭᠰᠢᠬᠢ | ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠦᠭᠡ ᠬᠡᠯᠡ ᠥᠰᠥᠭ ᠪᠢᠴᠢᠭ ᠤᠨ | ᠳᠦᠷᠢᠮᠵᠢᠭᠦᠯᠦᠯᠲᠡ ᠨᠢ ᠪᠠᠷᠢᠮᠵᠢᠶ᠎ᠠ ᠳᠤ ᠬᠦᠷᠦᠭᠰᠡᠨ ᠰᠤᠷᠭᠠᠭᠤᠯᠢ ᠶᠢᠨ ᠬᠦᠷᠢᠶᠡᠨ ᠤ ᠰᠢᠯᠭᠠᠨ ᠪᠠᠶᠢᠴᠠᠭᠠᠯᠲᠠ ᠪᠠᠷ | ᠳᠠᠮᠵᠢᠭᠤᠯᠤᠨ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠵᠢᠴᠢ ᠬᠠᠮᠢᠶ᠎ᠠ ᠪᠦᠬᠦᠢ | ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠵᠢᠭᠠᠨ ᠰᠤᠷᠭᠠᠯᠲᠠ ᠶᠢᠨ ᠬᠢᠷᠢ ᠪᠦᠲᠦᠮᠵᠢ ᠪᠠᠷ | ᠲᠣᠪᠣᠶᠢᠮ᠎ᠠ ᠪᠠᠭᠰᠢ ᠨᠠᠷ ᠢ ᠤᠷᠮᠠᠰᠢᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠤᠭᠤᠲᠤ᠂ | ᠬᠥᠬᠡᠬᠤᠲᠠ ᠵᠡᠷᠭᠡ ᠭᠠᠵᠠᠷ ᠣᠷᠣᠨ ᠤ ᠨᠠᠷᠠᠲᠤ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠶᠢ | ᠭᠦᠨᠵᠡᠭᠡᠶᠢᠷᠡᠭᠦᠯᠦᠨ᠂ ᠲᠤᠰ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ | ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ᠤᠷᠣᠬᠤ ᠨᠣᠷᠮ᠎ᠠ᠂ ᠳᠤᠮᠳᠠ ᠵᠡᠷᠭᠡ ᠶᠢᠨ ᠳᠤᠮᠳᠠᠳᠤ | ᠰᠤᠷᠭᠠᠭᠤᠯᠢ ᠠᠴᠠ ᠭᠤᠣᠯᠳᠠᠯᠭ᠎ᠠ ᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠨᠣᠷᠮ᠎ᠠ ᠳᠤ | ᠲᠠᠬᠢᠨ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ | ᠬᠤᠶᠠᠷ ᠲᠤ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠵᠢᠯ | ᠣᠯᠭᠤᠯᠲᠠ ᠶᠢ ᠠᠬᠢᠭᠤᠯᠬᠤ ︽ᠲᠠᠪᠤᠨ ᠶᠡᠭᠡ ᠠᠵᠢᠯᠯᠠᠭ᠎ᠠ︾ ᠶᠢ ᠰᠠᠶᠢᠲᠤᠷ ᠥᠷᠨᠢᠭᠦᠯᠵᠦ᠂ ᠵᠢᠯ ᠤᠨ ᠳᠣᠲᠣᠷ᠎ᠠ | ᠬᠤᠲᠠ ᠪᠠᠯᠭᠠᠰᠤᠨ ᠤ 1200 ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠮᠠᠯᠴᠢᠨ | ᠲᠠᠷᠢᠶᠠᠴᠢᠨ ᠢ 4000 ᠬᠥᠮᠥᠨ ᠤᠳᠠᠭ᠎ᠠ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ ᠪᠦᠬᠦ ᠠᠷᠠᠳ ᠤᠨ | ᠳᠠᠭᠠᠳᠬᠠᠯ ᠳᠤ ᠣᠷᠣᠬᠤ ᠲᠥᠯᠥᠪᠵᠢᠭᠦᠯᠭᠡ ᠶᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠳᠤ ᠣᠷᠤᠯᠴᠠᠬᠤ ᠨᠤᠷᠮ᠎ᠠ ᠶᠢ ᠳᠡᠭᠡᠭᠰᠢᠯᠡᠭᠦᠯᠵᠦ᠂ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠤᠯᠴᠠᠬᠤ ᠨᠤᠷᠮ᠎ᠠ ᠶᠢ ᠲᠣᠭᠲᠠᠪᠤᠷᠢᠵᠢᠭᠤᠯᠤᠨ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ | ᠲᠡᠭᠦᠯᠳᠡᠷᠵᠢᠭᠦᠯᠵᠦ᠂ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠴᠠᠯᠢᠩ ᠮᠦᠩᠭᠦ | ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠯᠥᠰᠦᠨ | ᠠᠵᠢᠯᠴᠢᠨ ᠤ ᠴᠠᠭ ᠲᠤᠬᠠᠢ ᠳᠤ ᠪᠠᠨ ᠲᠤᠭ᠎ᠠ ᠶᠣᠰᠣᠭᠠᠷ ᠴᠠᠯᠢᠩ ᠣᠯᠬᠤ ᠶᠢ ᠦᠨᠡᠨᠬᠦ ᠪᠠᠲᠤᠯᠠᠨ᠎ᠠ᠃ ᠨᠠᠰᠤᠵᠢᠯ ᠤᠨ | ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠠᠶ᠋ᠬᠠᠭᠤᠯᠠ ᠨᠠᠰᠤᠵᠢᠯ ᠤᠨ ᠬᠦᠷᠢᠶᠡᠯᠡᠩ ᠲᠣᠭᠤᠷᠢᠭ ᠢ ᠰᠢᠨ᠎ᠡ ᠪᠠᠷ | ᠠᠵᠢᠯ ᠡᠬᠢᠯᠡᠭᠦᠯᠦᠨ ᠪᠠᠶᠢᠭᠤᠯᠵᠤ᠂ 100 ᠡᠷᠦᠬᠡ ᠤᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠳᠤ | ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢ ᠬᠡᠷᠡᠭᠵᠢᠭᠦᠯᠬᠦ ᠪᠠᠷ ᠲᠥᠯᠥᠪᠯᠡᠵᠦ ᠪᠤᠢ᠃ ᠣᠷᠣᠰᠢᠭᠤᠯᠭ᠎ᠠ ᠶᠢᠨ | ᠬᠦᠷᠢᠶ᠎ᠡ ᠴᠠᠷᠠᠭᠠᠨ ᠤ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ︽ᠭᠤᠷᠪᠠᠨ ᠵᠠᠮ ᠳᠠᠭᠠᠤ ᠲᠤᠯᠤᠭᠠᠨ | ᠣᠷᠣᠨ︾ ᠤ ᠰᠤᠯᠠ ᠵᠠᠳᠠᠭᠠᠢ ᠣᠩᠭᠤᠨ ᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠴᠠᠭᠠᠨᠬᠤᠰᠢᠭᠤ ᠣᠩᠭᠤᠨ ᠤ | ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | ᠭᠤᠷᠪᠠ ᠳᠤ᠂ ᠡᠷᠡᠭᠦᠯ ᠡᠩᠬᠡ ᠪᠠᠷᠠᠭᠤᠨ ᠦᠵᠦᠮᠦᠴᠢᠨ ᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠶᠡᠷᠦᠩᠬᠡᠶᠢᠯᠡᠭᠰᠡᠨ ᠠᠰᠠᠷ ᠢ ᠰᠢᠨ᠎ᠡ ᠪᠠᠷ ᠪᠠᠶᠢᠭᠤᠯᠵᠤ᠂ | ᠪᠠᠶᠠᠨᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠢ ᠡᠨᠡ ᠵᠢᠯ | ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠪᠥᠬᠦ ᠠᠶᠢᠮᠠᠭ ᠤᠨ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠴᠢᠨᠠᠷᠯᠢᠭ ᠬᠥᠭᠵᠢᠯᠲᠡ ᠶᠢᠨ ᠲᠤᠷᠰᠢᠯᠲᠠ ᠶᠢᠨ ᠬᠤᠰᠢᠭᠤ ᠰᠢᠶᠠᠨ ᠢ ᠪᠦᠲᠦᠭᠡᠨ | ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ | ᠠᠬᠢᠭᠤᠯᠵᠤ᠂ ᠴᠢᠨᠠᠷᠯᠢᠭ ᠬᠢᠲᠠᠳ ᠡᠮᠨᠡᠯᠭᠡ ᠶᠢᠨ ᠣᠷᠳᠣᠨ ︵ᠮᠣᠩᠭᠤᠯ ᠡᠮᠨᠡᠯᠭᠡ ᠶᠢᠨ ᠣᠷᠳᠣᠨ︶ ᠤ ᠬᠠᠷᠢᠴᠠᠯ ᠢ | 60% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠡᠮ ᠡᠮᠨᠡᠯᠭᠡ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠪᠠᠶᠢᠩᠭᠤ ᠲᠣᠬᠢᠶᠠᠯᠳᠤᠳᠠᠭ ᠡᠪᠡᠳᠴᠢᠨ᠂ ᠤᠯᠠᠨ ᠡᠭᠦᠰᠳᠡᠭ | ᠡᠪᠡᠳᠴᠢᠨ ᠢ ᠣᠨᠣᠰᠢᠯᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠴᠢ ᠰᠤᠪᠢᠯᠠᠭᠴᠢᠳ ᠢ ᠤᠯᠠᠮ ᠨᠢᠭᠡ | ᠠᠯᠬᠤᠮ ᠬᠠᠯᠠᠮᠵᠢᠯᠠᠨ ᠬᠠᠷᠠᠭᠠᠯᠵᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ | ᠡᠩᠨᠡᠭᠡ ᠶᠢ ᠲᠣᠭᠲᠠᠪᠤᠷᠢᠵᠢᠭᠤᠯᠤᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠤᠷᠮᠠᠰᠢᠭᠤᠯᠬᠤ | ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠂ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ︽ᠨᠢᠭᠡᠳᠦᠯᠲᠡᠢ ᠡᠯᠰᠡᠬᠦ᠂ | ᠨᠢᠭᠡᠳᠦᠯᠲᠡᠢ ᠬᠠᠮᠢᠶᠠᠷᠬᠤ᠂ ᠨᠢᠭᠡᠳᠦᠯᠲᠡᠢ ᠬᠡᠷᠡᠭᠯᠡᠬᠦ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠪᠠᠴᠢᠮ | ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ ᠪᠠ | ᠬᠥᠮᠥᠵᠢᠭᠦᠯᠦᠨ᠎ᠡ᠃ ︽ᠦᠨᠳᠦᠰᠦᠨ ᠱᠠᠲᠤᠨ ᠳᠤ ᠴᠢᠨᠠᠷᠯᠢᠭ ᠦᠢᠯᠡᠴᠢᠯᠡᠬᠦ ᠠᠵᠢᠯᠯᠠᠭ᠎ᠠ︾ ᠶᠢ ᠭᠦᠨᠵᠡᠭᠡᠢ | ᠬᠡᠷᠡᠭᠵᠢᠭᠦᠯᠵᠦ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠬᠡᠦᠬᠡᠳ ᠵᠡᠷᠭᠡ ᠬᠦᠮᠦᠰ ᠲᠤ ᠴᠢᠭᠯᠡᠭᠦᠯᠦᠨ ︽ | ᠳᠥᠷᠪᠡᠨ ᠨᠢᠭᠡ︾ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠪᠦᠬᠦ ᠲᠠᠯ᠎ᠠ ᠪᠠᠷ ᠥᠷᠨᠢᠭᠦᠯᠵᠦ᠂ ᠪᠠᠶᠢᠩᠭᠤ ᠰᠠᠭᠤᠭ᠎ᠠ | ᠭᠤᠣᠯᠳᠠᠯᠭ᠎ᠠ ᠲᠠᠢ ᠬᠥᠮᠥᠰ ᠤᠨ ᠭᠡᠷ᠎ᠡ ᠲᠣᠭᠲᠠᠬᠤ ᠨᠣᠷᠮ᠎ᠠ ᠶᠢ 70% ᠠᠴᠠ ᠳᠡᠭᠡᠭᠰᠢ ᠳᠤ ᠪᠠᠶᠢᠯᠭᠠᠨ᠎ᠠ᠃ | ᠤᠯᠤᠰ ᠤᠨ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ᠂ ᠤᠯᠤᠰ ᠤᠨ ᠡᠷᠡᠭᠦᠯ | ᠬᠠᠮᠠᠭᠠᠯᠠᠯ ᠤᠨ ᠬᠤᠰᠢᠭᠤ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠤᠰ ᠤᠨ | ᠳᠠᠬᠢᠨ ᠪᠠᠶᠢᠴᠠᠭᠠᠯᠳᠠ ᠶᠢ ᠤᠭᠲᠤᠬᠤ ᠪᠡᠯᠡᠳᠬᠡᠯ ᠠᠵᠢᠯ ᠢ ᠰᠠᠶᠢᠲᠤᠷ ᠬᠢᠨ᠎ᠡ᠃ | ︵ᠳᠣᠯᠤᠭ᠎ᠠ︶ ᠬᠦᠴᠦᠨ ᠢᠶᠠᠨ ᠲᠥᠪᠯᠡᠷᠡᠭᠦᠯᠦᠨ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃ ᠤᠯᠤᠰ ᠤᠨ ᠶᠡᠷᠦᠩᠬᠡᠢ ᠴᠣᠭᠴᠠ ᠶᠢᠨ ᠠᠮᠤᠷ | ᠲᠦᠪᠰᠢᠨ ᠤ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠡᠯ᠎ᠡ ᠬᠦᠷᠢᠶᠡᠨ ᠤ ᠠᠮᠤᠷ ᠲᠦᠪᠰᠢᠨ ᠤ ᠲᠦᠭᠰᠢᠭᠦᠷᠢ ᠶᠢ | ᠨᠢᠭᠡᠳᠦᠯᠲᠡᠢ ᠲᠥᠯᠥᠪᠯᠡᠨ ᠠᠷᠭᠠᠴᠠᠭᠠᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ | ᠂ ᠨᠠᠩ ᠥᠨᠳᠥᠷ ᠬᠢᠷᠢ ᠲᠦᠪᠰᠢᠨ ᠪᠦᠬᠦᠢ ᠠᠮᠤᠷ ᠠᠮᠤᠭᠤᠯᠠᠩ ᠪᠠᠷᠠᠭᠤᠨ ᠦᠵᠦᠮᠦᠴᠢᠨ ᠬᠤᠰᠢᠭᠤ ᠶᠢ ᠪᠦᠲᠦᠭᠡᠨ | ᠪᠠᠶᠢᠭᠤᠯᠤᠨ᠎ᠠ᠃ | ᠨᠢᠭᠡ ᠳᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠦᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ | ᠰᠢᠵᠢᠮ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ | ᠬᠤᠰᠢᠭᠤ ᠶᠢ ᠴᠢᠷᠮᠠᠶᠢᠨ ᠡᠭᠦᠳᠬᠦ ᠪᠠᠷ ᠨᠢᠭᠡᠳᠦᠯᠲᠡᠢ ᠵᠢᠯᠣᠭᠤᠳᠤᠭᠤᠯᠤᠨ᠂ ᠦᠨᠳᠦᠰᠦᠲᠡᠨ ᠤ ᠬᠦᠷᠢᠶᠡᠨ ᠤ ᠡᠯ᠎ᠡ | ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ︽ᠪᠠᠷᠠᠭᠤᠨ ᠦᠵᠦᠮᠦᠴᠢᠨ ᠬᠤᠰᠢᠭᠤᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠭᠵᠢᠯᠲᠡ ᠶᠢᠨ ᠲᠠᠪᠤᠨ ᠵᠢᠯ ᠤᠨ ᠲᠥᠯᠦᠪᠵᠢᠭᠦᠯᠭᠡ︾ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠡᠳ᠋ᠯᠡᠵᠦ | ᠬᠠᠮᠲᠤ ᠪᠠᠷ ᠪᠠᠶᠢᠭᠤᠯᠬᠤ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠠᠩ ᠪᠦᠷᠢᠨ ᠲᠡᠭᠦᠯᠳᠡᠷ ᠨᠡᠶᠢᠭᠡᠮ ᠤᠨ | ᠨᠥᠬᠦᠴᠡᠯ ᠢ ᠡᠭᠦᠳᠴᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠶᠢ ᠳᠠᠪᠰᠢᠭᠤᠯᠬᠤ︾ ᠠᠵᠢᠯᠯᠠᠭ᠎ᠠ ᠶᠢ ᠦᠷᠭᠦᠯᠵᠢᠯᠡᠨ | ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠤᠷᠭᠠᠨ ᠬᠥᠮᠦᠵᠢᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠣᠳᠠᠲᠠᠢ ᠪᠠᠷ ᠠᠳᠬᠤᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠤᠬᠠᠭᠤᠯᠭ᠎ᠠ ᠬᠥᠮᠦᠵᠢᠯ ᠢ ᠪᠦᠲᠦᠮᠵᠢᠲᠡᠶ | ᠥᠷᠨᠢᠭᠦᠯᠵᠦ᠂ ︽ᠭᠤᠷᠪᠠᠨ ᠰᠠᠯᠵᠦ ᠴᠢᠳᠠᠬᠤ ᠦᠭᠡᠢ︾᠂ ︽ᠲᠠᠪᠤᠨ ᠬᠠᠮᠳᠤ ᠶᠢᠨ ᠲᠠᠨᠢᠯᠲᠠ︾᠂ ︽ᠳᠥᠷᠪᠡ ᠶᠢ | ᠬᠠᠮᠳᠤᠪᠠᠷ ᠡᠳ᠋ᠯᠡᠬᠦ︾ ᠣᠶᠢᠯᠭᠠᠭᠳᠠᠬᠤᠨ ᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ | ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠠᠰᠠᠭᠤᠳᠠᠯ ᠢ ᠴᠠᠭ ᠲᠤᠬᠠᠢ ᠳᠤᠨᠢ ᠯᠠᠪᠳᠠᠭᠤᠨ | ᠪᠣᠯᠭᠤᠮᠵᠢᠲᠠᠢ ᠰᠢᠢᠳᠪᠦᠷᠢᠯᠡᠵᠦ᠂ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢᠨ | ᠳᠠᠯᠳᠠ ᠬᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ | ᠬᠤᠶᠠᠷ ᠲᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠶᠤᠯᠬᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠪᠣᠯᠣᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠠᠶᠤᠯᠬᠦᠢ ᠦᠢᠯᠡᠳᠪᠦᠷᠢᠯᠡᠯ ᠤᠨ ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠠᠵᠤ ᠠᠬᠤᠶᠢᠯᠠᠯ ᠤᠨ ᠠᠶᠤᠯᠬᠦᠢ ᠪᠠᠶᠢᠬᠤ ᠶᠢ ᠦᠨᠡᠯᠡᠨ | ᠵᠢᠱᠢᠵᠦ ᠬᠠᠮᠲᠤᠷᠠᠨ ᠣᠨᠣᠰᠢᠯᠠᠬᠤ ᠶᠢ ᠪᠠᠶᠢᠩᠭᠤ ᠥᠷᠨᠢᠭᠦᠯᠵᠦ᠂ ᠬᠦᠨᠳᠦ ᠣᠨᠴᠠ ᠶᠡᠭᠡ ᠡ᠊ᠨᠳᠡᠯ ᠭᠠᠷᠬᠤ ᠶᠢ ᠡᠷᠡᠰ | ᠰᠡᠷᠭᠡᠶᠢᠯᠡᠨ᠎ᠡ᠃ ᠦᠢᠯᠡᠳᠪᠦᠷᠢ ᠠᠭᠤᠷᠬᠠᠢ ᠶᠢᠨ ᠠᠶᠤᠯᠲᠠᠢ ᠬᠢᠮᠢ ᠶᠢᠨ ᠠᠵᠤ ᠦᠢᠯᠡᠳᠪᠦᠷᠢ᠂ ᠵᠠᠮ ᠬᠠᠷᠢᠯᠴᠠᠭ᠎ᠠ | ᠲᠡᠭᠡᠭᠡᠪᠦᠷᠢ᠂ ᠪᠠᠷᠢᠯᠭ᠎ᠠ ᠶᠢᠨ ᠭᠠᠵᠠᠷ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠡᠵᠡᠩᠨᠡᠯᠲᠡ ᠶᠢᠨ ᠴᠢᠨᠠᠷᠲᠠᠢ | ᠥᠪᠡᠰᠦᠪᠡᠨ ᠭᠡᠷ ᠪᠠᠷᠢᠬᠤ᠂ ᠬᠥᠮᠥᠨ ᠬᠠᠷ᠎ᠠ ᠬᠤᠷᠠᠨ ᠴᠤᠭᠯᠠᠷᠠᠭᠰᠠᠨ ᠭᠠᠵᠠᠷ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠪᠠ ᠭᠠᠮᠰᠢᠭ ᠢ ᠰᠡᠷᠭᠡᠶᠢᠯᠡᠨ ᠬᠤᠷᠬᠢᠷᠠᠯ ᠢ ᠪᠠᠭᠠᠰᠬᠠᠬᠤ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ | ᠬᠦᠴᠦᠨ ᠢᠶᠠᠷ ᠢᠶᠠᠨ ᠪᠠᠲᠤᠯᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠬᠡᠮᠵᠢᠵᠦ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠣᠯᠠᠨ ᠲᠦᠮᠡᠨ ᠤ | ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠨ᠎ᠠ᠃ | ᠭᠤᠷᠪᠠ ᠳᠤ᠂ ᠭᠤᠣᠯᠳᠠᠯᠭ᠎ᠠ ᠲᠠᠢ ᠬᠦᠷᠢᠶᠡᠨ ᠴᠠᠷᠠᠭᠠᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ᠎ᠡ | ᠃ ᠰᠢᠨ᠎ᠡ ᠱᠠᠲᠤ ᠦᠶ᠎ᠡ ᠶᠢᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠬᠢᠵᠠᠭᠠᠷᠯᠠᠬᠤ ᠰᠢᠨ᠎ᠡ | ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠢ ︽ᠬᠥᠬᠡᠭᠴᠢᠨ ᠲᠦᠷᠦᠯ ᠤᠨ ᠲᠠᠭᠰᠢᠭᠤᠷ ᠤᠨ | ᠬᠠᠮᠢᠶᠠᠷᠤᠯᠲᠠ ᠥᠷᠨᠢᠭᠦᠯᠬᠦ︾ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠬᠡᠷᠡᠭᠵᠢᠭᠦᠯᠦᠨ᠎ᠡ᠃ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠨᠡᠩ ᠢᠯᠡᠭᠦᠦ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ᠂ | ᠬᠤᠯᠤᠭᠠᠨ᠎ᠠ ᠶᠢᠨ ᠬᠢᠵᠢᠭ᠂ ᠪᠷᠦ᠋ᠼᠧᠯ ᠡᠪᠡᠳᠴᠢᠨ ᠵᠡᠷᠭᠡ ᠤᠯᠠᠨ ᠲᠥᠷᠥᠯ ᠤᠨ ᠡᠪᠡᠳᠴᠢᠨ ᠢ ᠬᠠᠮᠲᠤ ᠪᠠᠷ | ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠤᠯᠠᠨ ᠲᠦᠮᠡᠨ ᠤ ᠡᠷᠡᠭᠦᠯ ᠮᠡᠨᠳᠤ ᠶᠢᠨ ᠠᠮᠤᠷ | ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ | ᠲᠦᠭᠰᠢᠭᠦᠷᠢ ᠶᠢ ᠯᠠᠪᠳᠠᠭᠤᠨ ᠢᠶᠠᠷ ᠰᠢᠢᠳᠪᠦᠷᠢᠯᠡᠵᠦ᠂ 1.8 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ | ᠰᠢᠢᠳᠪᠦᠷᠢᠯᠡᠬᠦ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠡᠷᠡᠭᠦᠯ ᠪᠤᠰᠤ ᠪᠡᠯᠡ ᠬᠥᠷᠥᠩᠭᠡ ᠶᠢ ᠪᠦᠲᠦᠮᠵᠢᠲᠡᠶ ᠪᠠᠷ ᠰᠢᠢᠳᠪᠦᠷᠢᠯᠡᠵᠦ᠂ ᠬᠠᠤᠯᠢ ᠪᠤᠰᠤ | ᠮᠥᠩᠭᠦᠨ ᠭᠦᠢᠯᠭᠡᠭᠡᠨ ᠤ ᠠᠵᠢᠯᠯᠠᠭ᠎ᠠ ᠪᠠ ᠥᠷᠢ ᠥᠭᠴᠡᠭᠡ ᠠᠴᠠ ᠵᠠᠶᠢᠯᠠᠬᠤ ᠪᠠ ᠲᠡᠭᠦᠨ ᠢ ᠬᠦᠴᠦᠨ ᠦᠭᠡᠢ | ᠪᠣᠯᠭᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠢ ᠣᠷᠣᠨ ᠪᠦᠰᠡ ᠶᠢᠨ ᠴᠢᠨᠠᠷᠲᠠᠢ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ | ᠴᠡᠷᠢᠭ ᠤᠨ ᠠᠯᠪᠠᠨ ᠠᠴᠠ ᠪᠠᠭᠤᠭᠰᠠᠳ ᠲᠤ ᠦᠢᠯᠡᠴᠢᠯᠡᠬᠦ ᠪᠠᠲᠤᠯᠠᠭ᠎ᠠ ᠶᠢ ᠴᠢᠩᠭᠠᠳᠬᠠᠵᠤ᠂ ᠴᠡᠷᠢᠭ ᠵᠠᠰᠠᠭ ᠴᠡᠷᠢᠭ | ᠠᠷᠠᠳ ᠤᠨ ᠪᠦᠯᠬᠦᠮᠳᠡᠯ ᠤᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ ᠠᠷᠪᠢᠯᠠᠨ ᠭᠠᠮᠨᠠᠬᠤ ᠶᠢ ᠪᠠᠷᠢᠮᠲᠠᠯᠠᠵᠤ᠂ | ᠡᠩ ᠤᠨ ᠴᠢᠨᠠᠷᠲᠠᠢ ᠵᠠᠷᠤᠯᠭ᠎ᠠ ᠪᠠ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠲᠥᠰᠥᠪ ᠤᠨ | ᠲᠣᠬᠢᠷᠠᠭᠤᠯᠤᠯᠲᠠ ᠶᠢ ᠴᠢᠩᠭ᠎ᠠ ᠬᠢᠵᠠᠭᠠᠷᠯᠠᠨ᠎ᠠ᠃ | ᠳᠥᠷᠪᠡ ᠳᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ | ᠡᠷᠴᠢᠮ ᠢᠶᠠᠨ ᠴᠢᠩᠭᠠᠳᠬᠠᠨ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ᠎ᠡ᠃ | ᠤᠳᠤᠷᠢᠳᠤᠯᠭ᠎ᠠ ᠶᠢᠨ ᠵᠠᠬᠢᠲᠠᠯ ᠰᠤᠷᠪᠤᠯᠵᠢᠯᠠᠯ ᠢ ᠭᠥᠯᠢᠶᠡᠨ ᠠᠪᠬᠤ ᠪᠠ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ | ᠠᠵᠢᠯ ᠤᠨ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠱᠠᠭᠠᠷᠳᠠᠯᠭ᠎ᠠ | ᠭᠤᠶᠤᠴᠢᠯᠠᠯ ᠢ ᠬᠠᠤᠯᠢ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠨ᠎ᠡ᠃ ᠪᠦᠬᠦ ᠠᠷᠠᠳ ᠲᠤ ᠬᠠᠤᠯᠢ ᠴᠠᠭᠠᠵᠠ ᠶᠢ | ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠨᠡᠶᠢᠭᠡᠮ ᠳᠠᠶᠠᠭᠠᠷ ᠤᠨ ᠬᠠᠤᠯᠢ ᠶᠢ ᠬᠦᠨᠳᠦᠳᠬᠡᠬᠦ᠂ ᠬᠠᠤᠯᠢ ᠶᠢ | ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠦᠨ᠎ᠡ᠃ ᠠᠮᠤᠷ ᠠᠮᠤᠭᠤᠯᠠᠩ ᠪᠠᠷᠠᠭᠤᠨ | ᠦᠵᠦᠮᠦᠴᠢᠨ ᠤ ᠪᠠᠶᠢᠭᠤᠯᠤᠯᠲᠠ ᠶᠢ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ | ᠲᠣᠭᠲᠠᠴᠠ ᠶᠢ ᠪᠦᠷᠢᠨᠰᠢᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠠᠬᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ︽ᠬᠤᠯᠠᠭᠠᠶᠢᠯᠠᠬᠤ ᠪᠤᠯᠢᠶᠠᠬᠤ | ᠮᠡᠬᠡᠯᠡᠬᠦ︾᠂ ︽ᠢᠳᠡᠭᠡᠨ ᠤ ᠵᠦᠢᠯ ᠡᠮ ᠤᠨ ᠵᠦᠢᠯ ᠤᠨ ᠬᠦᠷᠢᠶ᠎ᠡ ᠴᠠᠷᠠᠭᠠᠨ︾ ᠳᠠᠬᠢ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠴᠣᠬᠢᠯᠲᠠ ᠥᠭᠬᠦ ᠡᠷᠴᠢᠮ ᠢᠶᠠᠨ ᠴᠢᠩᠭᠠᠳᠬᠠᠵᠤ᠂ ᠨᠡᠶᠢᠭᠡᠮ ᠤᠨ ᠠᠮᠤᠷ | ᠲᠦᠪᠰᠢᠨ ᠤ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠬᠤ ᠶᠢ ᠪᠠᠲᠤᠯᠠᠨ᠎ᠠ᠃ | ︵ᠨᠠᠢᠮᠠ︶ ᠬᠦᠴᠦᠨ ᠢᠶᠠᠨ ᠲᠥᠪᠯᠡᠷᠡᠭᠦᠯᠦᠨ ᠴᠢᠳᠠᠪᠤᠷᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠣᠰ | ᠪᠡᠶ᠎ᠡ ᠶᠢᠨ ᠪᠠᠶᠢᠭᠤᠯᠤᠯᠲᠠ ᠶᠢ ᠴᠢᠷᠮᠠᠶᠢᠨ ᠴᠢᠩᠭᠠᠳᠬᠠᠨ᠎ᠠ᠃ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ | ᠶᠡᠬᠡᠪᠡᠷ ᠪᠠᠳᠠᠷᠠᠭᠤᠯᠵᠤ᠂ ︽ᠭᠤᠷᠪᠠᠨ ᠡᠷᠬᠡᠪᠰᠢ︾ ᠶᠢ ᠢᠮᠠᠭᠲᠠ ᠪᠠᠲᠤ ᠴᠡᠭᠡᠵᠢᠯᠡᠨ᠂ ᠦᠨᠡᠨᠴᠢ ᠰᠢᠳᠤᠷᠭᠤ᠂ | ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠨ᠎ᠠ | ᠃ | ᠨᠢᠭᠡ ᠳᠤ᠂ ᠦᠨᠡᠨᠴᠢ ᠰᠢᠳᠤᠷᠭᠤ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠣᠨᠣᠪᠴᠢᠲᠠᠶ ᠡᠵᠡᠮᠰᠢᠵᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ | ᠂ ᠨᠠᠮ ᠤᠨ ᠤᠨᠤᠯ ᠤᠨ ᠰᠢᠨ᠎ᠡ ᠡᠭᠦᠳᠦᠯᠲᠡ ᠪᠠᠷ ᠬᠦᠰᠡᠯᠡᠩ ᠢᠶᠠᠨ ᠪᠠᠲᠤᠳᠬᠠᠵᠤ᠂ ᠨᠠᠮᠴᠢ ᠴᠢᠨᠠᠷ ᠢᠶᠠᠨ ᠳᠠᠪᠲᠠᠨ | ᠪᠣᠯᠪᠠᠰᠤᠷᠠᠭᠤᠯᠵᠤ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠵᠤ᠂ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠨ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ | ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠯᠭᠠᠨ᠎ᠠ᠃ | ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ | ᠳᠦᠷᠢᠮ ᠢᠶᠠᠷ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠶᠠᠪᠤᠳᠠᠯ | ᠭᠦᠢᠴᠡᠳᠬᠡᠬᠦ ᠶᠢ ᠪᠠᠷᠢᠮᠲᠠᠯᠠᠨ᠂ ᠪᠦᠬᠦ ᠶᠠᠪᠤᠴᠠ ᠳᠤ ᠠᠷᠠᠳ ᠤᠨ ᠠᠷᠠᠳᠴᠢᠯᠠᠯ ᠢ ᠪᠡᠶᠡᠯᠡᠭᠦᠯᠦᠨ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠶᠤᠰᠤᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠳᠡᠮᠵᠢᠬᠦ ᠶᠢᠨ | ᠳᠠᠭᠠᠤ᠂ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ | ᠠᠵᠢᠯᠯᠠᠭ᠎ᠠ ᠶᠢ ᠪᠦᠬᠦ ᠲᠠᠯ᠎ᠠ ᠪᠠᠷ ᠬᠠᠤᠯᠢᠵᠢᠯ ᠤᠨ ᠵᠠᠮ ᠢᠶᠠᠷ ᠵᠠᠮᠨᠠᠭᠤᠯᠤᠨ᠂ ᠵᠠᠰᠠᠭ ᠵᠠᠬᠢᠷᠭᠠᠨ ᠤ ᠦᠷ᠎ᠡ ᠠᠰᠢᠭᠯᠠᠮᠵᠢ | ᠪᠠ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ | ᠭᠤᠷᠪᠠ ᠳᠤ᠂ ᠠᠷᠠᠳ ᠤᠨ ᠲᠥᠯᠥᠭᠡ ᠲᠦᠷᠦ ᠪᠠᠷᠢᠬᠤ ᠶᠢ ᠪᠠᠷᠢᠮᠲᠠᠯᠠᠨ᠎ᠠ᠃ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠵᠥᠪ | ᠤᠨᠤᠪᠴᠢᠲᠠᠢ ᠵᠠᠰᠠᠭ ᠤᠨ ᠠᠵᠢᠯ ᠤᠨ ᠪᠦᠲᠦᠮᠵᠢ ᠤ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠵᠤᠷᠢᠭᠲᠠᠢ | ᠬᠠᠷᠢᠭᠤᠴᠠᠯᠭ᠎ᠠ ᠡᠭᠦᠷᠭᠡᠯᠡᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠮᠠᠭᠲᠠ ᠤᠯᠠᠨ ᠲᠦᠮᠡᠨ ᠲᠠᠢ | ᠬᠠᠮᠲᠤ ᠵᠣᠭᠰᠣᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨ ᠰᠡᠳᠬᠢᠯ ᠠᠴᠠ ᠪᠠᠨ | ᠦᠨᠳᠦᠰᠦᠨ ᠱᠠᠲᠤᠨ ᠤ ᠪᠣᠳᠠᠲᠠᠢ ᠬᠦᠴᠢᠷᠳᠡᠯ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠤᠴᠢᠷ ᠶᠠᠪᠤᠳᠠᠯ ᠢ | ᠰᠢᠢᠳᠪᠦᠷᠢᠯᠡᠨ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠳᠤ ᠲᠦᠰᠢᠭᠯᠡᠨ ᠠᠭᠤᠤ ᠶᠡᠭᠡ ᠠᠵᠢᠯ | ᠦᠢᠯᠡᠰ ᠪᠠ ᠪᠤᠲᠠᠲᠤ ᠠᠵᠢᠯ ᠶᠠᠪᠤᠳᠠᠯ ᠪᠦᠲᠦᠭᠡᠨ᠂ ᠠᠷᠠᠳ ᠤᠨ ᠬᠦᠴᠦᠨ ᠢ ᠨᠢᠭᠲᠠᠷᠠᠭᠤᠯᠵᠤ᠂ ᠠᠷᠠᠳ ᠤᠨ | ᠰᠡᠳᠬᠢᠯ ᠢ ᠲᠣᠯᠠᠭᠠᠴᠠᠭᠤᠯᠤᠨᠠ᠃ | ᠳᠥᠷᠪᠡ ᠳᠤ᠂ ᠦᠨᠡᠨ ᠪᠣᠳᠠᠲᠠᠢ ᠠᠵᠢᠯᠯᠠᠵᠤ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ | ︽ᠲᠤᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠰᠢᠢᠳᠪᠦᠷᠢᠯᠡᠵᠦ ᠴᠢᠳᠠᠨ᠎ᠠ | ᠭᠡᠬᠦ ᠰᠡᠳᠬᠢᠬᠦᠢ︾ ᠶᠢ ᠪᠠᠲᠤ ᠪᠠᠬᠢ ᠪᠤᠢ ᠪᠣᠯᠭᠠᠵᠤ᠂ ᠠᠵᠢᠯ ᠬᠢᠵᠦ ᠠᠵᠢᠯ ᠪᠦᠲᠦᠭᠡᠬᠦ ᠤᠬᠠᠮᠰᠠᠷ ᠢᠶᠠᠨ | ᠴᠢᠩᠭᠠᠳᠬᠠᠨ᠂ ᠪᠤᠰᠤᠳ ᠠᠴᠠ ᠲᠦᠷᠦᠭᠦᠯᠡᠨ ᠠᠵᠢᠯᠯᠠᠵᠤ᠂ ᠥᠷᠢᠰᠦᠯᠳᠦᠨ ᠱᠠᠯᠠᠮᠠᠭᠠᠶᠢᠯᠠᠬᠤ ᠡᠷᠴᠢ ᠬᠦᠴᠦᠨ ᠢ | ᠬᠥᠭᠵᠢᠭᠡᠨ᠂ ᠬᠦᠴᠢᠷᠳᠡᠯ ᠲᠠᠭᠠᠷᠠᠯᠳᠤᠪᠠᠯ ᠵᠠᠪᠠᠯ ᠰᠢᠢᠳᠪᠦᠷᠢᠯᠡᠬᠦ ᠰᠥᠰᠥ ᠵᠣᠷᠢᠭ ᠢ ᠪᠠᠳᠠᠷᠠᠭᠤᠯᠵᠤ᠂ ᠵᠣᠷᠢᠭᠲᠠᠢ ᠪᠠᠷ | ᠭᠠᠪᠰᠢᠭᠠᠶᠢᠯᠠᠨ ᠠᠵᠢᠯᠯᠠᠵᠤ᠂ ᠡᠷᠴᠢ ᠵᠣᠷᠢᠭ ᠲᠠᠢ ᠪᠠᠨ ᠬᠠᠷᠠᠯᠲᠠ ᠪᠠᠨ ᠨᠠᠶᠢᠳᠠᠪᠤᠷᠢᠵᠢᠭᠤᠯᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠳᠬᠤᠨ᠂ ᠬᠤᠷᠳᠤᠴᠠ ᠶᠢ ᠪᠠᠲᠤᠯᠠᠵᠤ᠂ ᠦᠷ᠎ᠡ ᠪᠦᠲᠦᠮᠵᠢ ᠶᠢ ᠠᠳᠬᠤᠨ᠎ᠠ᠃ | ᠲᠠᠪᠤ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠨᠠᠮ ᠢ ᠬᠠᠮᠢᠶᠠᠷᠴᠤ ᠨᠠᠮ ᠢ ᠵᠠᠰᠠᠬᠤ | ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠴᠢᠩᠭ᠎ᠠ ᠡᠭᠦᠷᠭᠡᠯᠡᠵᠦ᠂ ᠲᠥᠪ ᠬᠤᠷᠢᠶᠠᠨ ᠤ ᠨᠠᠢᠮᠠᠨ ᠵᠤᠷᠪᠤᠰ | ᠲᠣᠭᠲᠠᠭᠠᠯ ᠤᠨ ᠵᠣᠷᠢᠭ ᠰᠠᠨᠠᠭ᠎ᠠ ᠶᠢ ᠴᠦᠬᠦᠷᠡᠰᠢ ᠦᠭᠡᠢ ᠨᠠᠶᠢᠳᠠᠪᠤᠷᠢᠵᠢᠭᠤᠯᠤᠨ᠂ ︽ᠲᠦᠷᠪᠡᠨ ᠰᠤᠷᠲᠠᠯ︾ | ᠢᠯᠠᠩᠭᠤᠶ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ ᠵᠠᠯᠠᠷᠠᠭᠤᠯᠵᠤ᠂ ︽ᠭᠤᠷᠪᠠᠨ ᠤᠯᠠᠨ᠂ | ᠭᠤᠷᠪᠠᠨ ᠴᠥᠬᠡᠨ᠂ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠷᠬᠡ ᠲᠥᠪᠯᠡᠷᠡᠭᠰᠡᠨ᠂ | ᠪᠡᠯᠡ ᠮᠥᠩᠭᠦ ᠬᠤᠷᠠᠮᠳᠤᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶ᠎ᠡ ᠴᠠᠷᠠᠭᠠᠨ ᠤ ᠬᠢᠨᠠᠯᠲᠠ ᠪᠠ | ᠬᠢᠵᠠᠭᠠᠷᠯᠠᠯ ᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠲᠡᠮᠵᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ | ᠠᠬᠢᠭᠤᠯᠤᠨ᠎ᠠ᠃ | ᠲᠥᠯᠥᠭᠡᠯᠡᠭᠴᠢᠳ ᠠ᠋᠂ ᠨᠥᠬᠦᠳ ᠠ᠋︕ ᠲᠡᠦᠬᠡ ᠶᠢ ᠴᠢᠷᠮᠠᠶᠢᠨ ᠡᠭᠦᠳᠴᠦ᠂ ᠪᠣᠳᠠᠲᠠᠢ ᠠᠵᠢᠯᠯᠠᠪᠠᠯ ᠰᠠᠶ᠋ᠢ | ᠢᠷᠡᠭᠡᠳᠦᠢ ᠶᠢ ᠲᠡᠮᠡᠴᠡᠨ ᠣᠯᠵᠤ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠤᠯᠠᠮ ᠴᠢᠩᠭ᠎ᠠ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭᠠᠨ ᠤ ᠵᠢᠯᠣᠭᠤᠳᠤᠯᠭ᠎ᠠ ᠪᠣᠯᠣᠨ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ︽ᠮᠣᠩᠭᠤᠯ ᠮᠣᠷᠢᠨ︾ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ | ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠪᠦᠯᠬᠦᠮᠳᠡᠨ ᠲᠡᠮᠡᠴᠡᠵᠦ᠂ ᠥᠨᠥ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠂ ᠣᠳᠣᠬᠢᠴᠢᠯᠠᠭᠰᠠᠨ ᠪᠠᠷᠠᠭᠤᠨ | ᠦᠵᠦᠮᠦᠴᠢᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠶ᠎ᠡ︕ | | | | | | | | |