ᠰᠢ ᠶᠢᠨ ᠫᠢᠩ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠣᠷᠣᠯᠴᠠᠵᠤ ᠪᠠᠶᠢᠭ᠎ᠠ ᠠᠷᠠᠳᠴᠢᠯᠠᠯ ᠢᠶᠠᠷ ᠤᠯᠤᠰ ᠢᠶᠠᠨ | ᠪᠠᠶᠢᠭᠤᠯᠬᠤ ᠬᠤᠷᠠᠯ ᠪᠠ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ | ᠦᠵᠡᠬᠦ ᠳᠡᠭᠡᠨ ᠴᠢᠬᠤᠯᠠᠴᠢᠯᠠᠭᠰᠠᠨ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠵᠦ ᠴᠢᠨᠠᠷ | ᠰᠠᠶᠢᠲᠠᠢ ᠭᠦᠭᠵᠢᠭᠦ ᠶᠢ ᠵᠥᠪ ᠢᠶᠠᠷ ᠬᠥᠲᠥᠯᠥᠨ ᠵᠢᠯᠤᠭᠤᠳᠬᠤ ᠬᠡᠷᠡᠭᠲᠡᠢ | ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠪᠠ | ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ | ᠶᠢᠨ ᠫᠢᠩ 6 ᠤ ᠦᠳᠡ ᠶᠢᠨ ᠬᠤᠶᠢᠨ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠷᠠᠳᠴᠢᠯᠠᠯ ᠢᠶᠠᠷ ᠤᠯᠤᠰ ᠢᠶᠠᠨ | ᠪᠠᠶᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ | ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ᠃ ᠲᠡᠷᠡ᠂ | ᠨᠠᠮ ᠤᠨ ᠲᠥᠪ ᠬᠤᠷᠢᠶ᠎ᠠ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾᠂ ︽ᠭᠤᠷᠪᠠᠨ ᠬᠤᠪᠢᠷᠠᠭ᠎ᠠ ᠦᠭᠡᠢ ᠪᠠᠶᠢᠬᠤ︾ | ᠶᠢ ᠢᠮᠠᠭᠲᠠ ᠪᠠᠷᠢᠮᠲᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠢ ᠢᠮᠠᠭᠲᠠ ᠥᠪᠡᠷ ᠤᠨ ᠬᠥᠮᠥᠨ ᠢᠶᠠᠨ ᠪᠣᠯᠭᠠᠨ ᠦᠵᠡᠪᠡ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠬᠥᠲᠥᠯᠥᠨ ᠵᠢᠯᠤᠭᠤᠳᠴᠤ ᠨᠠᠮ ᠤᠨ ᠲᠥᠪ | ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠵᠥᠪ ᠣᠶᠢᠯᠠᠭᠠᠭᠤᠯᠵᠤ᠂ ᠢᠲᠡᠭᠡᠯ ᠵᠣᠷᠢᠭ ᠢ ᠨᠢ ᠬᠥᠪᠴᠢᠯᠡᠵᠦ᠂ | ᠳᠠᠷᠤᠭᠠᠰᠤ ᠶᠢ ᠨᠢ ᠬᠥᠩᠭᠡᠷᠡᠭᠦᠯᠵᠦ᠂ ᠵᠣᠷᠢᠭᠲᠠᠢ ᠪᠠᠷ ᠬᠥᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠡᠷᠡᠭᠦᠯ ᠢᠶᠠᠷ ᠬᠥᠭᠵᠢᠵᠦ᠂ ᠴᠢᠨᠠᠷ ᠰᠠᠶᠢᠲᠠᠢ ᠭᠦᠭᠵᠢᠭᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ︽3·8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠳᠠᠯ ᠦᠭᠡᠢ ᠬᠦᠷᠴᠦ ᠢᠷᠡᠬᠦ | ᠲᠠᠰᠢᠷᠠᠮ ᠢᠶᠠᠷ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ︽ᠬᠤᠶᠠᠷ ᠬᠤᠷᠠᠯ︾ | ᠳᠤ ᠣᠷᠣᠯᠴᠠᠵᠤ ᠪᠠᠶᠢᠭ᠎ᠠ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ ᠡᠮᠡᠭᠲᠡᠢ ᠠᠵᠢᠯᠲᠠᠨ᠂ ᠪᠦᠭᠦ ᠤᠯᠤᠰ ᠤᠨ ᠡᠯ᠎ᠡ | ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ ᠣᠷᠣᠨ᠂ ᠣᠣᠮᠧᠨ | ᠵᠠᠰᠠᠭ ᠵᠠᠬᠢᠷᠭᠠᠨ ᠤ ᠣᠨᠴᠠᠭᠠᠢ ᠣᠷᠣᠨ ᠪᠣᠯᠣᠨ ᠲᠠᠶᠢᠸᠠᠨ ᠣᠷᠣᠨ ᠤ ᠡᠮᠡᠭᠲᠡᠶᠢᠴᠦᠳ᠂ ᠭᠠᠳᠠᠭᠠᠳᠤ ᠳᠤ ᠪᠠᠶᠢᠭ᠎ᠠ ᠡᠮᠡᠭᠲᠡᠢ | ᠬᠠᠷᠢᠶᠠᠲᠤ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ︕ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ | ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠬᠤᠷᠠᠯ ᠢ ᠡᠷᠭᠢᠯᠡᠭᠴᠢ ᠸᠠᠩ ᠬᠤ᠋ ᠨᠢᠩ᠂ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠼᠠᠢ ᠴᠢ᠂ ᠳ᠋ᠢᠩ ᠰᠢᠤᠸᠠᠢ ᠰᠢᠶᠠᠩ ᠡᠷᠭᠢᠨ ᠦᠵᠡᠬᠦ ᠪᠠ | ᠶᠠᠷᠢᠯᠴᠠᠬᠤ ᠳᠤ ᠣᠷᠣᠯᠴᠠᠪᠠ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠽᠧᠩ ᠢᠦᠢ ᠴᠢᠶᠦ᠋ᠨ᠂ ᠰᠢᠶᠧ ᠳ᠋ᠦᠩ᠂ ᠯᠢᠦ ᠵᠧᠨ ᠳ᠋ᠦᠩ᠂ | ᠴᠧᠨ ᠰᠢᠶᠣᠣ ᠫᠢᠩ᠂ ᠰᠢᠶᠧ ᠷᠦ᠋᠂ ᠰᠦᠨ ᠳ᠋ᠦᠩ ᠱᠧᠩ ᠵᠡᠷᠭᠡ 6 ᠭᠡᠰᠢᠭᠦᠨ᠂ ᠪᠦᠭᠦ ᠪᠥᠮᠪᠥᠷᠴᠡᠭ ᠤᠨ ᠰᠢᠨ᠎ᠡ | ᠡᠨᠧᠷᠭᠢ ᠶᠢᠨ ᠠᠵᠤ ᠦᠢᠯᠡᠰ ᠤᠨ ᠠᠰᠢᠭᠲᠠᠢ ᠪᠠᠶᠢᠷᠢ ᠶᠢ ᠡᠵᠡᠯᠡᠭᠦ᠂ ᠮᠥᠩᠭᠦᠨ ᠭᠦᠢᠯᠭᠡᠭᠡᠨ ᠢᠶᠠᠷ ᠰᠢᠨᠵᠢᠯᠡᠬᠦ ᠤᠬᠠᠭᠠᠨ | ᠲᠸᠭ᠍ᠨ᠋ᠶᠢᠠ᠋ ᠮᠡᠷᠭᠡᠵᠢᠯ ᠤᠨ ᠰᠢᠨ᠎ᠡ ᠶᠢ ᠡᠭᠦᠳᠭᠦ ᠶᠢ ᠳᠡᠮᠵᠢᠭᠦ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠳᠤ ᠨᠡᠩ | ᠰᠠᠶᠢᠨ ᠨᠥᠬᠦᠴᠡᠯ ᠡᠭᠦᠳᠴᠦ ᠦᠭᠭᠦ᠂ ᠲᠠᠪᠴᠠᠩ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ | ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠮᠠᠨᠳᠤᠯ ᠢ ᠠᠬᠢᠭᠤᠯᠬᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠳᠠᠪᠠᠭᠤᠯᠢᠭ ᠪᠠ ᠠᠮᠢᠵᠢᠷᠠᠯ ᠤᠨ ᠬᠦᠴᠦᠨ ᠢ ᠴᠢᠨᠠᠭᠰᠢᠳᠠ ᠪᠠᠳᠠᠷᠠᠭᠤᠯᠬᠤ ᠵᠡᠷᠭᠡ ᠶᠢᠨ ᠲᠣᠭᠤᠷᠢᠨ ᠳᠤ ᠦᠭᠡ | ᠬᠡᠯᠡᠪᠡ᠃ | ᠰᠢ ᠶᠢᠨ ᠫᠢᠩ ᠤᠯᠠᠨ ᠤ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ᠃ | ᠲᠡᠷᠡ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠤᠷᠤᠯᠴᠠᠵᠤ ᠪᠠᠶᠢᠭ᠎ᠠ ᠠᠷᠠᠳᠴᠢᠯᠠᠯ ᠢᠶᠠᠷ | ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ | ᠦᠵᠡᠵᠦ᠂ ᠤᠯᠠᠨ ᠲᠠᠢ ᠬᠠᠮᠲᠤ ᠶᠠᠷᠢᠯᠴᠠᠨ ᠪᠤᠳᠤᠯ ᠰᠠᠨᠠᠯ ᠢᠶᠠᠨ ᠰᠣᠯᠢᠯᠴᠠᠵᠤ ᠪᠠᠶᠢᠭ᠎ᠠ ᠳᠠᠭᠠᠨ ᠮᠠᠰᠢ ᠪᠠᠶᠠᠷ ᠲᠠᠢ ᠪᠠᠶᠢᠨ᠎ᠠ | ᠭᠡᠵᠦ ᠢᠯᠡᠳᠬᠡᠪᠡ᠃ ᠲᠡᠷᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠬᠤᠷᠠᠯ ᠳᠤ ᠣᠷᠣᠯᠴᠠᠬᠰᠠᠨ ᠭᠡᠰᠢᠭᠦᠳ ᠪᠠ | ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠥᠷᠭᠡᠨ ᠤᠯᠠᠨ | ᠪᠦᠷᠢᠯᠳᠦᠭᠦᠨ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ᠂ ᠥᠷᠭᠡᠨ ᠤᠯᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ᠂ 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠲᠤᠶᠢᠯ ᠤᠨ ᠴᠢᠬᠤᠯᠠ᠂ | ᠲᠤᠶᠢᠯ ᠤᠨ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠳᠡᠯᠡᠬᠡᠢ ᠶᠢᠨ ᠣᠷᠴᠢᠨ ᠰᠠᠯᠬᠢ ᠶᠡᠭᠡ ᠳᠠᠪᠠᠯᠭᠠᠨ ᠰᠢᠷᠦᠭᠦᠨ | ᠪᠠᠶᠢᠭᠰᠠᠨ ᠪᠠ ᠤᠯᠤᠰ ᠤᠨ ᠳᠣᠲᠣᠭᠠᠳᠤ ᠳᠤ ᠵᠢᠱᠢᠯᠲᠡ ᠠᠴᠠ ᠳᠠᠪᠠᠭᠰᠠᠨ ᠤᠯᠠᠨ ᠳᠠᠪᠬᠤᠷ ᠬᠦᠴᠦᠨ ᠵᠦᠢᠯ ᠤᠨ | ᠳᠠᠭᠠᠷᠢᠯᠲᠠ ᠳᠤ ᠲᠤᠯᠭᠠᠷᠠᠵᠤ ᠪᠠᠶᠢᠭᠰᠠᠨ ᠪᠠᠶᠢᠳᠠᠯ ᠳᠣᠣᠷ᠎ᠠ᠂ ᠪᠦᠭᠦ ᠠᠷᠠᠳ ᠲᠦᠮᠡᠨ ᠪᠦᠯᠬᠦᠮᠳᠡᠨ ᠲᠡᠮᠡᠴᠡᠵᠦ᠂ ᠨᠤᠭᠤᠷᠠᠰᠢ | ᠦᠭᠡᠢ ᠴᠢᠷᠮᠠᠶᠢᠭᠰᠠᠨ ᠢᠶᠠᠷ᠂ ᠪᠢᠳᠡ ᠴᠢᠬᠤᠯᠠ ᠶᠡᠭᠡ ᠪᠥᠭᠡᠳ ᠠᠯᠤᠰ ᠭᠡᠳᠤ ᠶᠢᠨ ᠨᠥᠯᠥᠭᠡ ᠦᠵᠡᠭᠦᠯᠭᠦ ᠬᠡᠳᠦᠨ ᠶᠡᠭᠡ | ᠶᠠᠪᠤᠳᠠᠯ ᠢ ᠪᠦᠲᠦᠭᠡᠵᠦ᠂ ᠨᠠᠮ ᠪᠠ ᠤᠯᠤᠰ ᠤᠨ ᠠᠵᠢᠯ ᠦᠢᠯᠡᠰ ᠦᠯᠡᠮᠵᠢ ᠦᠷ᠎ᠡ ᠪᠦᠲᠦᠭᠡᠯ ᠣᠯᠪᠠ᠃ ᠳᠤᠮᠳᠠᠳᠤ | ᠤᠯᠤᠰ ᠤᠨ ᠡᠪ ᠬᠠᠮᠲᠤ ᠨᠠᠮ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ | ᠢᠯᠠᠯᠲᠠ ᠲᠠᠢ ᠪᠠᠷ ᠬᠤᠷᠠᠯᠳᠤᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠠᠤᠭ᠎ᠠ ᠲᠥᠰᠥᠪ ᠢ ᠵᠢᠷᠤᠭᠯᠠᠪᠠ᠃ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠵᠡᠷᠭᠡ ᠬᠦᠴᠢᠷ ᠪᠡᠷᠬᠡ ᠪᠠ ᠥᠷᠢᠰᠦᠯᠳᠦᠭᠡᠨ ᠢ ᠢᠯᠠᠨ ᠳᠠᠪᠠᠵᠤ᠂ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ | ᠴᠤᠭᠯᠠᠭᠠᠨ ᠢ ᠲᠣᠭᠲᠠᠭᠰᠠᠨ ᠬᠤᠭᠤᠴᠠᠭᠠᠨ ᠳᠤ ᠠᠮᠤᠷ ᠲᠦᠪᠰᠢᠨ ᠢᠶᠠᠷ ᠤᠷᠤᠭᠰᠢᠲᠠᠢ ᠡᠷᠭᠢᠯᠡᠪᠡ᠃ ᠪᠢᠳᠡ ᠰᠡᠷᠭᠡᠶᠢᠯᠡᠨ | ᠡᠵᠡᠮᠳᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ ᠲᠣᠬᠢᠷᠠᠭᠤᠯᠵᠤ᠂ ᠨᠡᠯᠢᠶᠡᠳ | ᠣᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠰᠢᠯᠵᠢᠭᠦ ᠶᠢ | ᠪᠡᠶᠡᠯᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠢᠶᠠᠷ ᠦᠬᠦᠬᠦ ᠨᠣᠷᠮ᠎ᠠ ᠪᠦᠭᠦ ᠪᠥᠮᠪᠥᠷᠴᠡᠭ ᠤᠨ | ᠬᠠᠮᠤᠭ ᠤᠨ ᠳᠣᠣᠷ᠎ᠠ ᠲᠦᠪᠰᠢᠨ ᠳᠤ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ | ᠰᠢᠢᠳᠪᠦᠷᠢᠲᠦ ᠴᠢᠨᠠᠷᠲᠠᠢ ᠢᠯᠠᠯᠲᠠ ᠶᠢ ᠣᠯᠪᠠ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠬᠡᠮᠵᠢᠶ᠎ᠡ 40 ᠭᠠᠷᠤᠢ | ᠵᠢᠯ ᠤᠨ ᠲᠤᠷᠰᠢᠬᠢ ᠰᠢᠨ᠎ᠡ ᠥᠨᠳᠥᠷ ᠲᠦᠪᠰᠢᠨ ᠳᠤ ᠭᠦᠷᠦᠭᠰᠡᠨ ᠪᠠᠶᠢᠳᠠᠯ ᠳᠣᠣᠷ᠎ᠠ᠂ ᠮᠠᠨ ᠤ ᠤᠯᠤᠰ ᠤᠨ ᠪᠠᠷᠠᠭᠠᠨ ᠤ | ᠦᠨ᠎ᠡ ᠶᠢᠨ ᠶᠡᠷᠦᠩᠬᠡᠢ ᠲᠦᠪᠰᠢᠨ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠪᠦᠭᠦ ᠵᠢᠯ ᠤᠨ ᠠᠵᠤ ᠠᠬᠤᠢ ᠶᠢᠨ ᠨᠡᠮᠡᠭᠳᠡᠯ | 3% ᠳᠤ ᠬᠦᠷᠴᠦ᠂ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠳᠣᠲᠣᠷ᠎ᠠ ᠮᠠᠰᠢ ᠥᠨᠳᠥᠷ ᠲᠤ | ᠣᠷᠣᠵᠠᠢ᠃ ᠡᠳᠡᠭᠡᠷ ᠠᠮᠵᠢᠯᠲᠠ ᠶᠢ ᠣᠯᠣᠭᠰᠠᠨ ᠨᠢ ᠦᠨᠡᠬᠡᠷ ᠭᠢᠯᠪᠠᠷ ᠪᠤᠰᠤ ᠶᠤᠮ ᠭᠡᠵᠦ ᠴᠢᠬᠤᠯᠠᠴᠢᠯᠠᠵᠠᠢ ᠃ | ᠰᠢ ᠶᠢᠨ ᠫᠢᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ 5 ᠵᠢᠯ ᠪᠣᠯ ᠲᠤᠶᠢᠯ ᠤᠨ ᠶᠡᠷᠦ | ᠪᠤᠰᠤ ᠶᠢᠨ᠂ ᠲᠤᠶᠢᠯ ᠤᠨ ᠵᠢᠷ ᠤᠨ ᠪᠤᠰᠤ 5 ᠵᠢᠯ ᠪᠣᠯᠣᠨ᠎ᠠ᠃ ᠮᠠᠨ ᠤ ᠤᠯᠤᠰ ᠤᠨ ᠬᠥᠭᠵᠢᠯᠲᠡ ᠶᠢᠨ ᠭᠠᠳᠠᠭᠠᠳᠤ ᠣᠷᠴᠢᠨ | ᠨᠥᠬᠦᠴᠡᠯ ᠰᠢᠷᠦᠭᠦᠰᠦᠨ ᠬᠤᠪᠢᠷᠠᠵᠤ᠂ ᠲᠤᠬᠳᠠᠭᠠᠯᠳᠤ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ ᠵᠦᠢᠯ ᠢᠯᠡᠳᠲᠡ | ᠨᠡᠮᠡᠭᠳᠡᠪᠡ᠂ ᠢᠯᠠᠩᠭᠤᠶ᠎ᠠ ᠠᠮᠧᠷᠢᠺᠠ ᠪᠠᠷ ᠲᠣᠯᠣᠭᠠᠶᠢᠯᠠᠭᠤᠯᠤᠭᠰᠠᠨ ᠥᠷᠥᠨᠡᠳᠠᠬᠢᠨ ᠤ ᠤᠯᠤᠰ ᠤᠳ ᠮᠠᠨ ᠤ ᠤᠯᠤᠰ ᠢ ᠪᠦᠭᠦ | ᠲᠠᠯ᠎ᠠ ᠪᠠᠷ ᠬᠢᠵᠠᠭᠠᠷᠯᠠᠵᠤ᠂ ᠪᠦᠰᠡᠯᠡᠨ ᠬᠤᠷᠢᠵᠤ᠂ ᠳᠠᠷᠤᠯᠲᠠ ᠥᠭᠴᠦ᠂ ᠮᠠᠨ ᠤ ᠤᠯᠤᠰ ᠤᠨ ᠬᠥᠭᠵᠢᠯᠲᠡ ᠳᠤ ᠤᠷᠢᠳ | ᠡᠮᠦᠨ᠎ᠡ ᠪᠠᠶᠢᠭ᠎ᠠ ᠦᠭᠡᠢ ᠬᠠᠲᠠᠭᠤ ᠴᠢᠩᠭ᠎ᠠ ᠰᠢᠯᠭᠠᠯᠲᠠ ᠶᠢ ᠠᠪᠴᠢᠷᠠᠭᠰᠠᠨ ᠪᠠᠶᠢᠨ᠎ᠠ᠃ ᠡᠭᠦᠨ ᠤ ᠵᠡᠷᠭᠡ ᠪᠠᠷ ᠤᠯᠤᠰ ᠤᠨ | ᠳᠣᠲᠣᠭᠠᠳᠤ ᠳᠤ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠠᠭᠢᠨ ᠳᠠᠪᠲᠠᠨ | ᠳᠡᠯᠭᠡᠷᠡᠭᠰᠡᠨ᠂ ᠠᠵᠤ ᠠᠬᠤᠢ ᠤᠷᠤᠭᠤᠳᠠᠬᠤ ᠳᠠᠷᠤᠯᠲᠠ ᠨᠡᠮᠡᠭᠳᠡᠭᠰᠡᠨ ᠵᠡᠷᠭᠡ ᠤᠯᠠᠨ ᠵᠦᠢᠯ ᠤᠨ ᠬᠦᠴᠢᠷᠳᠡᠯ ᠳᠤ | ᠲᠤᠯᠭᠠᠷᠠᠪᠠ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠬᠦᠴᠢᠷ ᠢ ᠰᠥᠷᠦᠨ ᠤᠷᠤᠭᠰᠢᠯᠠᠵᠤ᠂ ᠯᠠᠪᠳᠠᠭᠤᠨ ᠢᠶᠠᠷ ᠠᠷᠭᠠᠴᠠᠭᠠᠵᠤ᠂ ᠭᠠᠵᠢᠭᠤ ᠪᠤᠷᠤᠭᠤ ᠶᠢ ᠢᠲᠡᠭᠡᠭᠦ | ᠦᠭᠡᠢ᠂ ᠳᠠᠷᠤᠯᠲᠠ ᠠᠴᠠ ᠠᠶᠤᠬᠤ ᠦᠭᠡᠢ᠂ ᠬᠦᠴᠢᠷ ᠠᠴᠠ ᠵᠠᠶᠢᠯᠠᠬᠤ ᠦᠭᠡᠢ ᠪᠠᠶᠢᠵᠤ᠂ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠳᠤᠮᠳᠠᠴᠢ ᠪᠠᠷ 5.2% ᠢᠶᠠᠷ ᠨᠡᠮᠡᠭᠳᠡᠵᠦ᠂ ᠲᠣᠭᠲᠠᠭᠰᠠᠨ | ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ | ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ | ᠣᠯᠬᠤ ᠶᠢ ᠠᠬᠢᠭᠤᠯᠵᠤ᠂ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠣᠷᠣᠬᠤ ᠶᠢ ᠠᠬᠢᠭᠤᠯᠪᠠ᠃ 5 ᠵᠢᠯ ᠤᠨ ᠲᠤᠷᠰᠢᠬᠢ ᠠᠮᠵᠢᠯᠲᠠ ᠪᠦᠲᠦᠮᠵᠢ ᠪᠣᠯ | ᠪᠦᠭᠦ ᠨᠠᠮ ᠪᠦᠭᠦ ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠪᠠᠰᠠ ᠴᠤ ᠥᠷᠭᠡᠨ | ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠤᠪᠢ ᠨᠡᠮᠡᠷᠢ ᠰᠢᠩᠭᠡᠵᠦ ᠪᠠᠶᠢᠭ᠎ᠠ ᠶᠤᠮ ᠭᠡᠵᠦ ᠵᠢᠭᠠᠵᠤ | ᠭᠠᠷᠭᠠᠵᠠᠢ᠃ | ᠰᠢ ᠶᠢᠨ ᠫᠢᠩ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠣᠷᠴᠢᠨ ᠨᠥᠬᠦᠴᠡᠯ ᠳᠤ ᠡᠭᠦᠰᠦᠭᠰᠡᠨ | ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠶᠢᠨ ᠡᠮᠦᠨ᠎ᠡ᠂ ᠡᠷᠬᠡᠪᠰᠢ ᠯᠠᠪᠳᠠᠭᠤᠨ ᠪᠣᠯᠭᠤᠮᠵᠢᠲᠠᠢ ᠪᠠᠶᠢᠵᠤ᠂ ᠲᠣᠭᠲᠠᠯ | ᠬᠦᠴᠦᠨ ᠢᠶᠠᠨ ᠪᠠᠲᠤᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠢᠳᠡᠪᠬᠢᠲᠡᠢ ᠠᠵᠢᠯᠯᠠᠵᠤ᠂ ᠪᠦᠯᠬᠦᠮᠳᠡᠨ | ᠨᠢᠭᠡᠳᠴᠦ᠂ ᠵᠣᠷᠢᠭᠲᠠᠢ ᠲᠡᠮᠡᠴᠡᠬᠦ ᠬᠡᠷᠡᠭᠲᠡᠢ᠃ ᠯᠠᠪᠳᠠᠭᠤᠨ ᠲᠣᠭᠲᠠᠭᠤᠨ ᠪᠠᠶᠢᠵᠤ᠂ ᠲᠣᠭᠲᠠᠯ ᠬᠦᠴᠦᠨ ᠢᠶᠠᠨ ᠪᠠᠲᠤᠯᠠᠬᠤ | ᠭᠡᠳᠡᠭ ᠨᠢ ᠳᠠᠷᠤᠢ ᠳᠡᠯᠡᠬᠡᠢ ᠶᠢᠨ ᠪᠠᠶᠢᠳᠠᠯ ᠤᠨ ᠭᠦᠨᠵᠡᠭᠡᠢ ᠬᠤᠪᠢᠷᠠᠯᠲᠠ ᠶᠢ ᠯᠠᠪᠳᠠᠭᠤᠨ ᠲᠣᠭᠲᠠᠭᠤᠨ ᠢᠶᠠᠷ ᠠᠵᠢᠭᠯᠠᠵᠤ᠂ | ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ᠂ ᠬᠤᠪᠢᠷᠠᠯᠲᠠ ᠶᠢ ᠵᠥᠪ | ᠲᠠᠨᠢᠵᠤ᠂ ᠰᠢᠨᠵᠢᠯᠡᠬᠦ ᠤᠬᠠᠭᠠᠨᠴᠢ ᠪᠠᠷ ᠠᠷᠭᠠᠴᠠᠭᠠᠨ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ | ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠪᠠᠨ ᠴᠠᠭ ᠲᠤᠬᠠᠢ ᠳᠤᠨᠢ ᠰᠢᠯᠢᠳᠡᠭᠵᠢᠭᠦᠯᠦᠨ ᠲᠣᠬᠢᠷᠠᠭᠤᠯᠬᠤ ᠮᠥᠷᠲᠡᠭᠡᠨ | ᠪᠠᠰᠠ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠰᠠᠨᠠᠭᠰᠠᠨ ᠳᠠᠭᠠᠨ ᠬᠦᠷᠬᠦ ᠪᠠᠷ ᠰᠢᠨᠲᠠᠷᠠᠰᠢ | ᠦᠭᠡᠢ ᠴᠢᠷᠮᠠᠶᠢᠵᠤ᠂ ᠡᠯ᠎ᠡ ᠵᠦᠢᠯ ᠤᠨ ᠠᠶᠤᠯ ᠲᠦᠭᠰᠢᠭᠦᠷᠢ ᠠᠴᠠ ᠡᠮᠢᠶᠡᠭᠦ ᠦᠭᠡᠢ᠂ ᠨᠢᠭᠡᠨᠲᠡ ᠲᠣᠭᠲᠠᠭᠠᠭᠰᠠᠨ ᠪᠠᠶᠢᠯᠳᠤᠬᠤ | ᠪᠣᠳᠣᠯᠭ᠎ᠠ ᠶᠢᠨ ᠬᠠᠷᠠᠯᠲᠠ ᠪᠠᠨ ᠵᠣᠷᠢᠵᠤ ᠡᠷᠡᠰ ᠭᠤᠶᠢᠪᠢᠰᠢ ᠦᠭᠡᠢ ᠤᠷᠤᠭᠰᠢᠯᠠᠬᠤ ᠶᠠᠪᠤᠳᠠᠯ ᠪᠣᠯᠣᠨ᠎ᠠ᠃ ᠲᠣᠭᠲᠠᠭᠤᠨ ᠤ | ᠳᠤᠮᠳᠠ ᠤᠷᠤᠭᠰᠢᠯᠠᠨ ᠳᠠᠪᠰᠢᠵᠤ᠂ ᠢᠳᠡᠪᠬᠢᠲᠡᠢ ᠪᠠᠷ ᠠᠵᠢᠯᠯᠠᠬᠤ ᠪᠣᠯ ᠳᠠᠷᠤᠢ ᠦᠨᠳᠦᠰᠦᠨ ᠴᠢᠭᠯᠡᠯ ᠢ ᠲᠣᠭᠲᠠᠭᠤᠨ | ᠪᠠᠶᠢᠯᠭᠠᠬᠤ᠂ ᠴᠢᠭᠯᠡᠯᠲᠡ ᠲᠦᠷᠦ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠬᠤ᠂ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠣᠭᠲᠠᠭᠤᠨ ᠪᠠᠶᠢᠯᠭᠠᠬᠤ᠂ ᠰᠠᠭᠤᠷᠢ ᠶᠢ ᠪᠠᠲᠤ ᠰᠠᠬᠢᠬᠤ᠂ ᠯᠠᠪᠳᠠᠭᠤᠨ ᠲᠣᠭᠲᠠᠭᠤᠨ ᠪᠠᠶᠢᠬᠤ ᠶᠢ | ᠪᠠᠲᠤᠯᠠᠭᠰᠠᠨ ᠰᠠᠭᠤᠷᠢᠨ ᠳᠡᠭᠡᠷ᠎ᠡ ᠢᠳᠡᠪᠬᠢᠲᠡᠢ ᠪᠠᠷ ᠤᠷᠤᠭᠰᠢᠯᠠᠨ ᠳᠠᠪᠰᠢᠵᠤ᠂ ᠵᠣᠭᠰᠣᠩᠭᠢᠷᠠᠬᠤ ᠦᠭᠡᠢ ᠪᠠᠶᠢᠵᠤ᠂ | ᠲᠦᠷᠭᠡᠨ ᠪᠤᠯᠭᠠᠵᠤ ᠴᠢᠳᠠᠪᠠᠯ ᠲᠦᠷᠭᠡᠨ ᠪᠤᠯᠭᠠᠵᠤ᠂ ᠬᠠᠮᠤᠭ ᠤᠨ ᠰᠠᠶᠢᠨ ᠦᠷ᠎ᠡ ᠳ᠋ᠦᠩ ᠢ ᠣᠯᠬᠤ ᠪᠠᠷ ᠴᠢᠷᠮᠠᠶᠢᠬᠤ | ᠶᠠᠪᠤᠳᠠᠯ ᠪᠣᠯᠣᠨ᠎ᠠ᠃ ᠪᠦᠯᠬᠦᠮᠳᠡᠨ ᠨᠢᠭᠡᠳᠴᠦ᠂ ᠵᠣᠷᠢᠭᠲᠠᠢ ᠪᠠᠷ ᠲᠡᠮᠡᠴᠡᠬᠦ ᠬᠡᠷᠡᠭᠲᠡᠢ᠃ ᠬᠦᠴᠦᠨ ᠴᠢᠳᠠᠯ ᠭᠡᠵᠦ | ᠪᠦᠯᠬᠦᠮᠳᠡᠯ ᠠᠴᠠ ᠢᠷᠡᠳᠡᠭ ᠶᠤᠮ᠃ ᠡᠳᠡᠭᠡᠷ ᠵᠢᠯ ᠤᠳ ᠲᠤ᠂ ᠪᠢᠳᠡᠨ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠠᠶᠤᠯ | ᠲᠦᠭᠰᠢᠭᠦᠷᠢ ᠪᠠ ᠥᠷᠢᠰᠦᠯᠳᠦᠭᠡᠨ ᠬᠤᠶᠢᠨ᠎ᠠ ᠬᠤᠶᠢᠨ᠎ᠠ ᠠᠴᠠ ᠪᠠᠨ ᠦᠷᠭᠦᠯᠵᠢᠯᠡᠵᠦ᠂ ᠶᠡᠭᠡ ᠳᠠᠶᠢᠯᠠᠯᠳᠤᠭᠠᠨ ᠬᠤᠶᠢᠨ᠎ᠠ | ᠬᠤᠶᠢᠨ᠎ᠠ ᠠᠴᠠ ᠪᠠᠨ ᠦᠷᠭᠦᠯᠵᠢᠯᠡᠵᠦ᠂ ᠳᠠᠶᠢᠯᠠᠯᠳᠤᠭᠠᠨ ᠨᠢᠭᠡ ᠪᠦᠷᠢ ᠨᠢ ᠴᠥᠮ ᠪᠦᠭᠦ ᠠᠷᠠᠳ ᠲᠦᠮᠡᠨ ᠤ ᠪᠦᠯᠬᠦᠮᠳᠡᠨ | ᠲᠡᠮᠡᠴᠡᠬᠦ᠂ ᠨᠤᠭᠤᠷᠠᠰᠢ ᠦᠭᠡᠢ ᠲᠡᠮᠡᠴᠡᠬᠦ ᠳᠤ ᠲᠦᠰᠢᠭᠯᠡᠨ ᠢᠯᠠᠯᠲᠠ ᠣᠯᠵᠤ ᠢᠷᠡᠭᠰᠡᠨ ᠶᠤᠮ᠃ ᠢᠷᠡᠭᠡᠳᠦᠢ ᠶᠢᠨ ᠬᠡᠰᠡᠭ | ᠬᠤᠭᠤᠴᠠᠭᠠᠨ ᠳᠤ᠂ ᠪᠢᠳᠡᠨ ᠳᠤ ᠲᠤᠯᠭᠠᠷᠠᠬᠤ ᠠᠶᠤᠯ ᠲᠦᠭᠰᠢᠭᠦᠷᠢ ᠥᠷᠢᠰᠦᠯᠳᠦᠭᠡᠨ ᠤᠯᠠᠮ ᠠᠴᠠ ᠤᠯᠠᠮ ᠣᠯᠠᠰᠢᠷᠠᠵᠤ᠂ | ᠤᠯᠠᠮ ᠠᠴᠠ ᠤᠯᠠᠮ ᠬᠦᠨᠳᠦ ᠬᠡᠴᠡᠭᠦᠦ ᠪᠤᠯᠬᠤ ᠪᠣᠯᠣᠨ᠎ᠠ᠃ ᠭᠠᠭᠴᠠ ᠬᠦ ᠪᠦᠭᠦ ᠠᠷᠠᠳ ᠲᠦᠮᠡᠨ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠤᠯᠠᠨ ᠤ ᠵᠣᠷᠢᠭ ᠢ ᠨᠢᠭᠡᠳᠬᠡᠵᠦ᠂ | ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠪᠡᠯ ᠰᠠᠶ᠋ᠢ ᠨᠡᠩ ᠶᠡᠭᠡ ᠰᠢᠨ᠎ᠡ ᠢᠯᠠᠯᠲᠠ ᠶᠢ ᠲᠠᠰᠤᠷᠠᠯᠳᠠ ᠦᠭᠡᠢ | ᠲᠡᠮᠡᠴᠡᠨ ᠣᠯᠵᠤ ᠴᠢᠳᠠᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠮᠠᠨ ᠤ ᠨᠠᠮ ᠤᠨ ᠤᠷᠳᠤ ᠬᠤᠭᠤᠴᠠᠭ᠎ᠠ ᠪᠠᠷ | ᠲᠦᠷᠦ ᠪᠠᠷᠢᠬᠤ᠂ ᠪᠦᠭᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ︽ᠬᠤᠣᠰ ᠵᠠᠭᠤᠨ ᠵᠢᠯ︾ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠴᠢᠬᠤᠯᠠ ᠬᠦᠴᠦᠨ ᠮᠥᠨ᠃ ᠪᠢᠳᠡ ᠢᠮᠠᠭᠲᠠ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠥᠪᠡᠷ ᠤᠨ ᠬᠥᠮᠥᠨ ᠢᠶᠠᠨ ᠪᠣᠯᠭᠠᠨ | ᠦᠵᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠳᠡᠮᠵᠢᠯᠭᠡ | ᠦᠵᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠥᠭᠡᠷᠢᠭᠳᠡᠯ ᠳᠤ ᠲᠤᠯᠭᠠᠷᠠᠭᠰᠠᠨ ᠦᠶ᠎ᠡ ᠳᠤ | ᠵᠢᠯᠣᠭᠤᠳᠤᠯᠭ᠎ᠠ ᠦᠵᠡᠭᠦᠯᠵᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ | ᠨᠥᠬᠦᠴᠡᠯ ᠢ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ | ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠶᠢ ᠬᠦᠯᠢᠶᠡᠰᠦᠯᠡᠵᠦ ᠪᠠᠶᠢᠭ᠎ᠠ ᠳᠦᠷᠢᠮ ᠤᠨ ᠬᠠᠷᠰᠢ ᠰᠠᠭᠠᠳ ᠢ | ᠠᠷᠢᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ | ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠳᠦᠷᠢᠮ ᠪᠣᠯᠣᠨ ᠬᠠᠤᠯᠢ ᠴᠠᠭᠠᠵᠠ ᠶᠢᠨ ᠲᠠᠯ᠎ᠠ ᠪᠠᠷ ᠤᠯᠤᠰ ᠤᠨ | ᠥᠮᠴᠢᠯᠡᠯ ᠤᠨ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠵᠣᠷᠢᠭᠵᠢᠭᠤᠯᠤᠨ ᠳᠡᠮᠵᠢᠵᠦ᠂ ᠵᠠᠬ᠎ᠠ ᠳᠡᠯᠭᠡᠭᠦᠷ ᠤᠨ | ᠵᠢᠱᠢᠯᠲᠡ ᠪᠣᠯᠣᠨ ᠢᠲᠡᠭᠡᠯ ᠢ ᠬᠥᠭᠵᠢᠭᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ | ᠢᠳᠡᠪᠬᠢᠲᠡᠢ ᠪᠠᠳᠠᠷᠠᠭᠤᠯᠵᠤ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠳᠤᠮᠳᠠ ᠵᠢᠵᠢᠭ ᠪᠢᠴᠢᠯ ᠠᠵᠤ ᠠᠬᠤᠶᠢᠯᠠᠯ | ᠪᠣᠯᠣᠨ ᠦᠢᠯᠡᠳᠪᠦᠷᠢ ᠬᠤᠳᠠᠯᠳᠤᠭᠠᠨ ᠤ ᠬᠤᠪᠢ ᠡᠷᠦᠭᠡ ᠶᠢᠨ ᠬᠥᠭᠵᠢᠯᠲᠡ ᠶᠢ ᠳᠡᠮᠵᠢᠵᠦ᠂ ᠲᠠᠪᠴᠠᠩ ᠤᠨ ᠠᠵᠤ | ᠠᠬᠤᠶᠢᠯᠠᠯ ᠤᠨ ᠠᠵᠢᠯ ᠣᠯᠭᠤᠯᠲᠠ ᠶᠢ ᠡᠭᠦᠳᠭᠦ᠂ ᠬᠡᠷᠡᠭᠯᠡᠭᠡ ᠶᠢ ᠥᠷᠭᠡᠳᠬᠡᠬᠦ᠂ ᠣᠯᠠᠨ ᠤᠯᠤᠰ ᠤᠨ ᠥᠷᠢᠰᠦᠯᠳᠦᠭᠡᠨ ᠳᠤ | ᠴᠢᠳᠠᠪᠤᠷᠢ ᠪᠠᠨ ᠪᠠᠳᠠᠷᠠᠭᠤᠯᠬᠤ ᠶᠢ ᠳᠡᠮᠵᠢᠭᠦ ᠬᠡᠷᠡᠭᠲᠡᠢ᠃ ᠳᠣᠲᠣᠨᠣ ᠪᠥᠭᠡᠳ ᠲᠣᠳᠣᠷᠬᠠᠢ ᠵᠠᠰᠠᠭ ᠬᠤᠳᠠᠯᠳᠤᠭᠠᠨ ᠤ | ᠬᠠᠷᠢᠴᠠᠭ᠎ᠠ ᠶᠢ ᠪᠠᠶᠢᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠦᠴᠢᠷ ᠵᠣᠪᠠᠭᠤᠷᠢ ᠶᠢ ᠨᠢ ᠰᠢᠢᠳᠪᠦᠷᠢᠯᠡᠨ ᠥᠭᠴᠦ᠂ ᠲᠡᠳᠡᠨ ᠢ | ᠵᠣᠷᠢᠭᠲᠠᠢ ᠠᠵᠢᠯᠯᠠᠵᠤ᠂ ᠳᠠᠷᠤᠭᠠᠰᠤ ᠦᠭᠡᠢ ᠪᠠᠷ ᠠᠵᠢᠯᠯᠠᠬᠤ ᠪᠤᠯᠭᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ | ᠶᠢ ᠬᠥᠭᠡᠭᠡᠴᠡᠯᠳᠦᠭᠦᠯᠬᠦ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠬᠥᠲᠥᠯᠥᠨ | ᠵᠢᠯᠤᠭᠤᠳᠴᠤ ᠨᠠᠮ ᠤᠨ ᠲᠥᠪ ᠬᠤᠷᠢᠶ᠎ᠠ ᠶᠢᠨ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾᠂ ︽ᠬᠤᠶᠠᠷ ᠡᠷᠡᠭᠦᠯ︾ | ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ ᠵᠥᠪ ᠣᠶᠢᠯᠠᠭᠠᠭᠤᠯᠵᠤ᠂ ᠡᠷᠡᠭᠡᠯᠵᠡᠯ ᠢ ᠨᠢ ᠠᠷᠢᠯᠭᠠᠵᠤ᠂ ᠳᠠᠷᠤᠭᠠᠰᠤ | ᠶᠢ ᠨᠢ ᠬᠥᠩᠭᠡᠷᠡᠭᠦᠯᠵᠦ᠂ ᠵᠣᠷᠢᠭᠲᠠᠢ ᠪᠠᠷ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠳᠤ ᠨᠡᠩ ᠥᠨᠳᠥᠷ ᠱᠠᠭᠠᠷᠳᠠᠯᠭ᠎ᠠ ᠳᠤᠷᠠᠳᠴᠠᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠨ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠳᠤ ᠣᠷᠣᠰᠢᠵᠤ ᠪᠠᠶᠢᠭ᠎ᠠ ᠳᠤᠲᠠᠭᠤᠳᠠᠯ ᠪᠣᠯᠣᠨ ᠲᠤᠯᠭᠠᠷᠠᠵᠤ ᠪᠠᠶᠢᠭ᠎ᠠ ᠥᠷᠢᠰᠦᠯᠳᠦᠭᠡᠨ ᠢ ᠭᠦᠨᠵᠡᠭᠡᠢ | ᠡᠵᠡᠮᠳᠡᠵᠦ᠂ ᠬᠥᠭᠵᠢᠯᠲᠡ ᠶᠢᠨ ᠭᠡᠯᠪᠡᠷᠢ ᠪᠠᠨ ᠬᠤᠪᠢᠷᠠᠭᠤᠯᠵᠤ᠂ ᠠᠵᠤ ᠦᠢᠯᠡᠰ ᠤᠨ ᠪᠦᠲᠦᠴᠡ ᠪᠠᠨ ᠲᠣᠬᠢᠷᠠᠭᠤᠯᠵᠤ᠂ | ᠨᠡᠮᠡᠭᠳᠡᠯ ᠤᠨ ᠬᠥᠳᠡᠯᠭᠡᠭᠦ ᠬᠦᠴᠦᠨ ᠢᠶᠠᠨ ᠬᠤᠪᠢᠷᠠᠭᠤᠯᠵᠤ᠂ ᠭᠤᠣᠯ ᠦᠢᠯᠡᠰ ᠢᠶᠠᠨ ᠪᠠᠲᠤ ᠰᠠᠬᠢᠵᠤ᠂ ᠪᠣᠳᠠᠲᠤ ᠴᠣᠭᠴᠠ | ᠶᠢᠨ ᠦᠢᠯᠡᠰ ᠢᠶᠠᠨ ᠬᠦᠴᠦᠷᠬᠡᠭᠵᠢᠭᠦᠯᠵᠦ᠂ ᠤᠬᠠᠮᠰᠠᠷ ᠠᠴᠠ ᠪᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ | ᠬᠡᠷᠡᠭᠲᠡᠢ᠃ ᠴᠢᠳᠠᠪᠤᠷᠢ ᠲᠠᠢ᠂ ᠨᠥᠬᠦᠴᠡᠯ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠨ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠭᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ | ᠳᠤᠮᠳᠠ ᠨᠡᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃ ᠠᠷᠠᠳ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠨᠠᠩ ᠣᠯᠠᠨ ᠠᠷᠠᠳ ᠤᠨ ᠬᠥᠷᠥᠩᠭᠡ ᠶᠢᠨ ᠤᠯᠤᠰ ᠤᠨ ᠴᠢᠬᠤᠯᠠ ᠶᠡᠭᠡ | ᠢᠨᠵᠧᠨᠧᠷᠢᠩ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠬᠤ ᠪᠠ ᠲᠠᠲᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠡᠯ᠎ᠡ | ᠲᠥᠷᠥᠯ ᠤᠨ ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠥᠲᠥᠯᠥᠨ | ᠵᠢᠯᠤᠭᠤᠳᠴᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠢᠯᠭᠠᠵᠤ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠭᠤᠣᠯᠴᠢ ᠪᠠᠷ ᠥᠷᠢᠰᠦᠯᠳᠦᠬᠦ᠂ ᠥᠷᠢᠰᠦᠯᠳᠦᠨ | ᠭᠦᠭᠵᠢᠭᠦ ᠣᠷᠴᠢᠨ ᠨᠥᠬᠦᠴᠡᠯ ᠢ ᠡᠭᠦᠳᠴᠦ ᠥᠭᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ ᠬᠠᠮᠲᠤ ᠪᠠᠷ | ᠪᠠᠶᠠᠵᠢᠬᠤ ᠣᠳᠣᠬᠢᠴᠢᠯᠠᠯᠲᠠ ᠮᠥᠨ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠭᠡᠰᠡᠨ ᠦᠭᠡᠢ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠴᠤ ᠭᠡᠰᠡᠨ ᠦᠭᠡᠢ᠂ ᠴᠥᠮ ᠬᠠᠮᠲᠤ ᠪᠠᠷ ᠪᠠᠶᠠᠵᠢᠬᠤ ᠶᠢ ᠠᠬᠢᠭᠤᠯᠬᠤ ᠴᠢᠬᠤᠯᠠ | ᠬᠦᠴᠦᠨ ᠮᠥᠨ᠂ ᠴᠥᠮ ᠬᠠᠮᠲᠤ ᠪᠠᠷ ᠪᠠᠶᠠᠵᠢᠬᠤ ᠶᠢ ᠠᠬᠢᠭᠤᠯᠬᠤ ᠨᠡᠶᠢᠭᠡᠮ ᠤᠨ ᠬᠠᠷᠢᠭᠤᠴᠠᠯᠭ᠎ᠠ ᠶᠢ ᠡᠷᠬᠡᠪᠰᠢ ᠡᠭᠦᠷᠭᠡᠯᠡᠬᠦ | ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ ᠨᠡᠮᠡᠭᠳᠡᠭᠦᠯᠵᠦ | ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠤᠷᠢᠳ ᠢᠶᠠᠷ ᠪᠠᠶᠠᠵᠢᠭᠰᠠᠨ ᠨᠢ ᠰᠡᠭᠦᠯᠡᠷ ᠪᠠᠶᠠᠵᠢᠬᠤ ᠪᠠᠨ ᠳᠠᠶᠢᠴᠢᠯᠠᠬᠤ᠂ ᠬᠠᠮᠲᠤ ᠪᠠᠷ | ᠪᠠᠶᠠᠵᠢᠬᠤ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠨ ᠴᠢᠩᠭᠠᠳᠬᠠᠬᠤ ᠬᠡᠷᠡᠭᠲᠡᠢ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠠᠵᠤ ᠠᠬᠤᠶᠢᠯᠠᠯ ᠤᠨ ᠳᠣᠲᠣᠭᠠᠳᠤ ᠳᠠᠭᠠᠨ ᠡᠶ᠎ᠡ ᠵᠣᠬᠢᠴᠠᠩᠭᠤᠢ | ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ᠂ ᠪᠦᠭᠦ ᠠᠵᠢᠯᠲᠠᠨ ᠤ ᠠᠰᠢᠭ ᠲᠤᠰᠠ ᠶᠢᠨ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ | ᠠᠵᠢᠯᠲᠠᠨ ᠳᠤ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ | ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠬᠠᠤᠯᠢ ᠶᠢ ᠰᠠᠬᠢᠵᠤ ᠡᠵᠡᠩᠨᠡᠬᠦ᠂ ᠦᠢᠯᠡᠰ ᠪᠣᠰᠬᠠᠵᠤ ᠰᠢᠨ᠎ᠡ ᠶᠢ | ᠡᠭᠦᠳᠭᠦ᠂ ᠨᠡᠶᠢᠭᠡᠮ ᠳᠤ ᠠᠴᠢ ᠬᠠᠷᠢᠭᠤᠯᠠᠬᠤ ᠥᠯᠢᠭᠡᠷ ᠳᠠᠭᠤᠷᠢᠶᠠᠯ ᠪᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ | ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠨᠡᠶᠢᠭᠡᠮ ᠤᠨ ᠨᠡᠶᠢᠲᠡ ᠶᠢᠨ ᠠᠰᠠᠷᠠᠮᠵᠢ | ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠤᠯᠴᠠᠬᠤ ᠪᠠ ᠡᠷᠭᠢᠯᠡᠵᠦ᠂ ᠪᠠᠶᠠᠵᠢᠭᠰᠠᠨ ᠴᠤ ᠬᠠᠷᠢᠭᠤᠴᠠᠯᠭ᠎ᠠ | ᠡᠭᠦᠷᠭᠡᠯᠡᠬᠦ᠂ ᠪᠠᠶᠠᠵᠢᠭᠰᠠᠨ ᠴᠤ ᠵᠢᠷᠤᠮ ᠢ ᠡᠷᠭᠢᠮᠯᠡᠭᠦ᠂ ᠪᠠᠶᠠᠵᠢᠭᠰᠠᠨ ᠴᠤ ᠬᠠᠶᠢᠷ᠎ᠠ ᠶᠢ ᠳᠡᠭᠡᠳᠦᠯᠡᠬᠦ ᠶᠢ ᠪᠡᠶᠡᠯᠡᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠱᠢ ᠲᠠᠢ ᠹᠧᠩ᠂ ᠾᠧ ᠯᠢ ᠹᠧᠩ᠂ ᠬᠤᠤ ᠮᠢᠩ ᠶᠢᠨ᠂ ᠭᠤᠤ ᠶᠦᠨ ᠯᠦᠩ ᠨᠠᠷ ᠳᠤᠭᠤᠶᠢᠯᠠᠩ ᠬᠠᠮᠲᠤᠷᠠᠭᠰᠠᠨ | ᠬᠤᠷᠠᠯ ᠳᠤ ᠣᠷᠣᠯᠴᠠᠪᠠ᠃ |