ᠲᠥᠯᠥᠭᠡᠯᠡᠭᠴᠢ ᠭᠡᠰᠢᠭᠦᠳ ᠤᠨ ᠵᠢᠪᠬᠤᠭ᠎ᠠ— | ᠶᠣᠣ ᠴᠦᠨ ᠮᠢᠩ ᠦᠨᠳᠦᠰᠦᠨ ᠱᠠᠲᠤᠨ ᠳᠤ ᠣᠯᠠᠨ | ᠲᠦᠮᠡᠨ ᠤ ᠡᠷᠡᠭᠦᠯ ᠮᠡᠨᠳᠦ ᠶᠢ ᠰᠠᠬᠢᠨ ᠬᠠᠮᠠᠭᠠᠯᠠᠨ᠎ᠠ | | | ᠶᠣᠣ ᠴᠦᠨ ᠮᠢᠩ ᠪᠣᠯ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠣᠯ ᠪᠠᠯᠭᠠᠰᠤᠨ ᠤ ᠪᠠᠶᠠᠩᠭᠤᠣᠯ ᠡᠷᠡᠭᠦᠯ | ᠬᠠᠮᠠᠭᠠᠯᠠᠯ ᠤᠨ ᠬᠤᠷᠢᠶᠠᠨ ᠤ ᠳᠠᠷᠤᠭ᠎ᠠ ᠪᠥᠭᠡᠳ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ | ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ ᠪᠣᠯᠣᠨ᠎ᠠ᠂ 20 | ᠭᠠᠷᠤᠢ ᠵᠢᠯ ᠤᠨ ᠲᠤᠷᠰᠢ ᠲᠡᠷᠡ ᠦᠨᠳᠦᠰᠦᠨ ᠱᠠᠲᠤᠨ ᠳᠤ ᠡᠮᠴᠢᠯᠡᠭᠡᠨ ᠤ ᠰᠡᠷᠭᠡᠶᠢᠯᠡᠯᠲᠡ ᠶᠢᠨ ᠠᠵᠢᠯ ᠢ ᠢᠮᠠᠭᠲᠠ ᠰᠠᠶᠢᠨ | ᠬᠢᠵᠦ᠂ ᠮᠠᠯᠴᠢᠨ ᠲᠦᠮᠡᠨ ᠤ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠭᠰᠠᠭᠠᠷ ᠢᠷᠡᠵᠡᠶ᠃ ᠦᠨᠳᠦᠰᠦᠨ ᠱᠠᠲᠤᠨ | ᠤ ᠡᠷᠡᠭᠦᠯ ᠬᠠᠮᠠᠭᠠᠯᠠᠯ ᠤᠨ ᠠᠵᠢᠯ ᠤᠨ ᠣᠨᠴᠠᠯᠢᠭ ᠵᠢᠴᠢ ᠪᠣᠳᠠᠲᠤ ᠪᠠᠶᠢᠳᠠᠯ ᠢ ᠦᠨᠳᠦᠰᠦᠯᠡᠨ᠂ ᠲᠡᠷᠡ ᠰᠢᠨ᠎ᠡ ᠮᠡᠳᠡᠯᠭᠡ᠂ | ᠰᠢᠨ᠎ᠡ ᠤᠷ᠎ᠠ ᠮᠡᠷᠭᠡᠵᠢᠯ ᠢ ᠲᠠᠰᠤᠷᠠᠯᠲᠠ ᠦᠭᠡᠢ ᠰᠤᠷᠤᠯᠴᠠᠵᠤ᠂ ᠥᠪᠡᠷ ᠤᠨ ᠲᠤᠰᠬᠠᠢ ᠮᠡᠷᠭᠡᠵᠢᠯ ᠤᠨ ᠲᠦᠪᠰᠢᠨ ᠢᠶᠠᠨ | ᠳᠡᠭᠡᠭᠰᠢᠯᠡᠭᠦᠯᠵᠦ᠂ ᠠᠵᠢᠯ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠤᠳ ᠢ ᠢᠯᠠᠨ ᠳᠠᠪᠠᠭᠰᠠᠭᠠᠷ ᠢᠷᠡᠪᠡ᠃ | ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠲᠡᠷᠡ | ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠣᠨᠴᠠ ᠴᠢᠬᠤᠯᠠᠴᠢᠯᠠᠨ᠂ ︽ᠬᠢᠵᠢᠭ︾ ᠲᠠᠢ ᠲᠡᠮᠡᠴᠡᠬᠦ ᠳᠤ | ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ᠂ ᠡᠮᠦᠨ᠎ᠡ ᠡᠩᠨᠡᠭᠡᠨ ᠳᠤ ᠭᠠᠪᠰᠢᠭᠠᠶᠢᠯᠠᠪᠠ᠃ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠦᠨᠳᠦᠰᠦᠨ ᠱᠠᠲᠤᠨ ᠤ ᠠᠵᠢᠯ ᠤᠨ ᠲᠤᠷᠰᠢᠯᠭ᠎ᠠ ᠲᠠᠢ ᠪᠠᠨ | ᠤᠶᠠᠯᠳᠤᠭᠤᠯᠤᠨ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠵᠣᠷᠢᠭᠲᠠᠢ ᠠᠵᠢᠯᠯᠠᠪᠠ᠃ ︽ᠣᠶᠢᠷ᠎ᠠ ᠳᠤ | ᠪᠢ ᠵᠠᠯᠠᠭᠤ ᠪᠠᠭ᠎ᠠ ᠡᠮᠡᠭᠲᠡᠶᠢᠴᠦᠳ ᠤᠨ ᠸᠠᠺᠼᠢᠨ ᠤ ᠲᠠᠷᠢᠯᠭ᠎ᠠ ᠪᠠᠷ ᠳᠠᠮᠵᠢᠭᠤᠯᠤᠨ ᠰᠠᠪᠠᠨ ᠤ ᠬᠦᠵᠦᠭᠦᠨ ᠤ ᠥᠮᠡᠨ ᠢ | ᠰᠡᠷᠭᠡᠶᠢᠯᠡᠬᠦ ᠵᠡᠷᠭᠡ ᠶᠢ ᠨᠡᠯᠢᠶᠡᠳ ᠠᠩᠬᠠᠷᠴᠤ ᠪᠠᠶᠢᠨ᠎ᠠ᠂ ᠶᠡᠭᠡ ᠬᠤᠷᠠᠯ ᠳᠤ ᠰᠠᠨᠠᠯ ᠳᠡᠪᠰᠢᠭᠦᠯᠦᠨ᠂ ᠡᠮᠡᠭᠲᠡᠶᠢᠴᠦᠳ ᠤᠨ | ᠰᠠᠪᠠᠨ ᠤ ᠬᠦᠵᠦᠭᠦᠨ ᠤ ᠥᠮᠡᠨ ᠢ ᠰᠡᠷᠭᠡᠶᠢᠯᠡᠨ ᠵᠠᠰᠠᠬᠤ ᠮᠡᠳᠡᠯᠭᠡ ᠶᠢ ᠣᠶᠢᠯᠭᠠᠬᠤ ᠨᠣᠷᠮ᠎ᠠ ᠶᠢ ᠳᠡᠭᠡᠭᠰᠢᠯᠡᠭᠦᠯᠵᠦ᠂ ᠵᠠᠯᠠᠭᠤ | ᠪᠠᠭ᠎ᠠ ᠡᠮᠡᠭᠲᠡᠶᠢᠴᠦᠳ ᠤᠨ ᠠᠮᠢ ᠨᠠᠰᠤ᠂ ᠡᠷᠡᠭᠦᠯ ᠮᠡᠨᠳᠦ ᠶᠢ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ | ᠪᠠᠶᠢᠨ᠎ᠠ︾ ᠭᠡᠵᠦ ᠲᠡᠷᠡ ᠢᠯᠡᠷᠬᠡᠶᠢᠯᠡᠵᠦ ᠪᠠᠶᠢᠯ᠎ᠠ᠃ | ᠶᠣᠣ ᠴᠦᠨ ᠮᠢᠩ ᠶᠡᠭᠡ ᠬᠤᠷᠠᠯ ᠳᠤ ᠳᠡᠪᠰᠢᠭᠦᠯᠬᠦ ᠬᠤᠯᠪᠣᠭᠳᠠᠯ ᠪᠦᠬᠦᠢ ᠰᠠᠨᠠᠯ ᠳᠤᠷᠠᠳᠤᠯᠭ᠎ᠠ ᠪᠠᠨ ᠲᠡᠮᠳᠡᠭᠯᠡᠨ | ᠪᠡᠯᠡᠳᠬᠡᠵᠦ ᠪᠣᠢ᠃ | ᠰᠣᠷᠪᠤᠯᠵᠢᠯᠠᠭ᠎ᠠ ᠄ ᠶᠣᠣ ᠴᠦᠨ ᠮᠢᠩ᠄ | ᠪᠢ ᠪᠣᠯ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ 13 ᠳ᠋ᠤᠭᠠᠷ | ᠬᠤᠭᠤᠴᠠᠭᠠᠨ ᠤ ᠬᠤᠷᠢᠶᠠᠨ ᠤ ᠭᠡᠰᠢᠭᠦᠨ ᠶᠣᠣ ᠴᠦᠨ ᠮᠢᠩ᠂ ᠨᠢᠭᠡᠨ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ | ᠪᠣᠯᠣᠨ᠎ᠠ᠃ ᠦᠨᠳᠦᠰᠦᠨ ᠱᠠᠲᠤᠨ ᠤ ᠡᠮᠴᠢ ᠪᠣᠯᠤᠭᠰᠠᠨ ᠤ ᠬᠤᠪᠢ ᠳᠤ᠂ᠪᠢ ᠡᠷᠡᠭᠦᠯ ᠮᠡᠨᠳᠦ ᠶᠢᠨ ᠲᠤᠬᠠᠢ ᠠᠰᠠᠭᠤᠳᠠᠯ ᠢ | ᠢᠯᠡᠭᠦᠦ ᠠᠩᠬᠠᠷᠳᠠᠭ᠂ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠵᠤ᠂ ᠡᠷᠡᠭᠦᠯ ᠮᠡᠨᠳᠦ ᠶᠢᠨ ᠣᠶᠢᠯᠠᠭᠠᠭᠳᠠᠬᠤᠨ ᠢ | ᠰᠠᠨᠠᠭᠠᠴᠢᠯᠠᠬᠤ ᠪᠣᠯ ᠮᠢᠨᠤ ᠠᠵᠢᠯ ᠤᠨ ᠡᠭᠦᠷᠭᠡ ᠬᠠᠷᠢᠭᠤᠴᠠᠯᠭ᠎ᠠ ᠮᠥᠨ᠃ ᠤᠯᠤᠰ ᠲᠦᠷᠦ ᠶᠢᠨ ᠵᠥᠪᠯᠡᠯᠭᠡᠨ ᠤ ᠪᠠᠷᠠᠭᠤᠨ | ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠤᠳᠠᠯ | ᠦᠭᠡᠢ ᠬᠤᠷᠠᠯᠳᠤᠬᠤ ᠭᠡᠵᠦ ᠪᠠᠶᠢᠨ᠎ᠠ᠂ ᠪᠢ ᠬᠠᠪᠤᠳᠠᠷ ᠢ ᠤᠷᠢᠳᠴᠢᠯᠠᠨ ᠰᠡᠷᠭᠡᠶᠢᠯᠡᠬᠦ ᠲᠤᠬᠠᠢ ᠨᠢᠭᠡ ᠬᠤᠪᠢ ᠰᠠᠨᠠᠯ | ᠳᠤᠷᠠᠳᠤᠯᠭ᠎ᠠ ᠳᠡᠪᠰᠢᠭᠦᠯᠦᠨ᠂ ᠵᠠᠯᠠᠭᠤ ᠪᠠᠭ᠎ᠠ ᠡᠮᠡᠭᠲᠡᠶᠢᠴᠦᠳ ᠤᠨ ᠠᠮᠢ ᠨᠠᠰᠤ ᠡᠷᠡᠭᠦᠯ ᠮᠡᠨᠳᠦ ᠶᠢ ᠪᠦᠲᠦᠮᠵᠢᠲᠡᠶ | ᠬᠠᠮᠠᠭᠠᠯᠠᠬᠤ ᠳᠤ ᠲᠤᠰᠠ ᠪᠣᠯᠬᠤ ᠶᠢ ᠬᠦᠰᠡᠵᠦ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠪᠢ ᠢᠳᠡᠪᠬᠢᠲᠡᠢ ᠠᠵᠢᠯ ᠤᠨ ᠣᠪᠣᠷ ᠢᠶᠠᠷ᠂ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠣᠳᠣᠬᠢᠴᠢᠯᠠᠭᠰᠠᠨ | ᠪᠠᠷᠠᠭᠤᠨ ᠦᠵᠦᠮᠦᠴᠢᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠥᠪᠡᠷ ᠤᠨ ᠤᠶᠤᠨ ᠤᠬᠠᠭᠠᠨ ᠪᠠ | ᠬᠦᠴᠦᠨ ᠴᠢᠳᠠᠯ ᠢᠶᠠᠨ ᠡᠷᠭᠦᠨ᠎ᠡ᠃ | | | | | | |