| ᠯᠦ ᠳ᠋ᠦᠩ ᠯᠢᠶᠠᠩ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ | | | ᠪᠠᠷᠠᠭᠤᠨ ᠦᠵᠦᠮᠦᠴᠢᠨ ᠬᠤᠰᠢᠭᠤᠨ ᠤ ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠲᠠᠰᠢᠷᠠᠮ ᠳᠤ᠂ | ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠣᠷᠤᠯᠴᠠᠬᠤ ᠲᠥᠯᠥᠭᠡᠯᠡᠭᠴᠢᠳ ᠬᠤᠷᠠᠯ ᠳᠤ ᠳᠡᠪᠰᠢᠭᠦᠯᠬᠦ ᠰᠠᠨᠠᠯ ᠵᠥᠪᠯᠡᠯᠭᠡ ᠪᠠ ᠰᠠᠨᠠᠭᠤᠯᠭ᠎ᠠ ᠪᠠᠨ ᠨᠠᠷᠢᠨ | ᠬᠢᠨᠠᠮᠠᠭᠠᠢ ᠲᠡᠮᠳᠡᠭᠯᠡᠨ᠂ ᠶᠡᠭᠡ ᠬᠤᠷᠠᠯ ᠳᠤ ᠣᠷᠣᠯᠴᠠᠬᠤ ᠪᠡᠯᠡᠳᠬᠡᠯ ᠠᠵᠢᠯ ᠢᠶᠠᠨ ᠰᠠᠶᠢᠲᠤᠷ ᠬᠢᠨ᠎ᠡ᠃ | ᠯᠦ ᠳ᠋ᠦᠩ ᠯᠢᠶᠠᠩ ᠪᠣᠯ ᠦᠢᠯᠡᠰ ᠵᠢᠭᠤᠯᠴᠢᠯᠠᠯ ᠤᠨ ᠠᠵᠤ ᠦᠢᠯᠡᠰ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ | ᠶᠢᠨ ᠶᠡᠷᠦᠩᠬᠡᠢ ᠳᠠᠭᠠᠭᠠᠮᠠᠯ᠂ ᠮᠥᠨ ᠴᠦ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ᠎ᠠ᠃ ᠲᠡᠷᠡ ᠵᠣᠷᠢᠭᠲᠠᠢ ᠪᠠᠷ ᠰᠢᠨ᠎ᠡ ᠶᠢ | ᠡᠭᠦᠳᠴᠦ᠂ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠠᠯᠠᠮᠵᠢᠯᠠᠨ᠂ ᠴᠢᠩ ᠰᠡᠳᠬᠢᠯ ᠠᠴᠠ ᠪᠠᠨ ᠬᠤᠪᠢ ᠨᠡᠮᠡᠷᠢ ᠪᠠᠨ | ᠡᠷᠭᠦᠭᠰᠡᠭᠡᠷ ᠢᠷᠡᠵᠡᠢ᠃ ᠤᠯᠠᠨ ᠵᠢᠯ ᠤᠨ ᠲᠤᠷᠰᠢ ᠲᠡᠷᠡ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠪᠣᠯᠣᠨ | ᠪᠣᠬᠢᠷᠳᠤᠯ ᠦᠭᠡᠢ ᠠᠮᠢ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠤᠶᠠᠯᠳᠤᠭᠤᠯᠵᠤ᠂ ᠤᠯᠠᠨ ᠲᠠᠯ᠎ᠠ ᠶᠢᠨ | ᠴᠢᠷᠮᠠᠶᠢᠯᠭ᠎ᠠ ᠪᠠᠷ᠂ ᠬᠠᠪᠴᠠᠭᠠᠢ ᠵᠢᠭᠤᠯᠴᠢᠯᠠᠯ ᠤᠨ ᠦᠵᠡᠮᠵᠢ ᠶᠢᠨ ᠣᠷᠣᠨ ᠢ ᠤᠯᠤᠰ ᠤᠨ 3A ᠲᠡᠰ ᠤᠨ ᠵᠢᠭᠤᠯᠴᠢᠯᠠᠯ | ᠤᠨ ᠦᠵᠡᠮᠵᠢ ᠶᠢᠨ ᠣᠷᠣᠨ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠵᠠᠭᠤᠨ ᠬᠦᠴᠦᠷᠬᠡᠭ ᠨᠡᠷᠡᠲᠦ ᠲᠡᠮᠳᠡᠭ ᠲᠤ | ᠣᠷᠤᠭᠤᠯᠤᠨ᠂ ᠪᠠᠷᠠᠭᠤᠨ ᠦᠵᠦᠮᠦᠴᠢᠨ ᠬᠤᠰᠢᠭᠤᠨ ᠤ ᠤᠷᠠᠯᠢᠭ ᠤᠨ ᠨᠠᠭᠠᠳᠤᠮ᠂ ᠰᠣᠶᠣᠯ ᠲᠠᠮᠢᠷ ᠤᠨ ᠦᠵᠡᠰᠬᠦᠯᠡᠩ | ᠤᠨ ᠴᠤᠭᠯᠠᠭᠠᠨ ᠵᠡᠷᠭᠡ ᠭᠠᠵᠠᠷ ᠣᠷᠣᠨ ᠤ ᠵᠢᠭᠤᠯᠴᠢᠯᠠᠯ ᠤᠨ ᠰᠣᠶᠣᠯ ᠤᠨ ᠨᠡᠷᠡᠲᠦ ᠲᠡᠮᠳᠡᠭ ᠤᠨ ᠠᠵᠢᠯᠯᠠᠭ᠎ᠠ ᠶᠢ ᠣᠯᠠᠨ | ᠤᠳᠠᠭ᠎ᠠ ᠭᠤᠣᠯᠯᠠᠨ ᠡᠷᠬᠢᠯᠡᠪᠡ᠃ | ᠲᠡᠭᠦᠨ ᠤ ᠦᠵᠡᠬᠦ ᠪᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠦᠭᠰᠡᠨ ᠠᠴᠠ ᠨᠠᠰᠢ᠂ ᠣᠯᠠᠨ ᠲᠦᠮᠡᠨ ᠤ ᠭᠠᠳᠠᠭᠰᠢ ᠭᠠᠷᠴᠤ ᠲᠣᠭᠤᠷᠢᠨ ᠵᠤᠭᠠᠴᠠᠬᠤ ᠬᠡᠷᠡᠭᠴᠡᠭᠡ ᠤᠯᠠᠮ | ᠨᠢᠭᠡ ᠠᠯᠬᠤᠮ ᠨᠡᠮᠡᠭᠳᠡᠨ᠂ ᠵᠢᠭᠤᠯᠴᠢᠯᠠᠯ ᠨᠢ ᠬᠥᠮᠥᠰ ᠤᠨ ᠡᠳᠦᠷ ᠲᠤᠲᠤᠮ ᠤᠨ ᠠᠮᠢᠳᠤᠷᠠᠯ ᠤᠨ ᠠᠷᠭ᠎ᠠ ᠮᠠᠶ᠋ᠢᠭ ᠪᠣᠯᠵᠤ᠂ | ᠵᠢᠭᠤᠯᠴᠢᠯᠠᠯ ᠤᠨ ᠠᠵᠢᠯ ᠲᠥᠷᠥᠯ ᠰᠡᠷᠭᠦᠯᠲᠡ ᠲᠠᠢ ᠪᠣᠯᠵᠤ ᠪᠠᠶᠢᠨ᠎ᠠ᠃ ︽ᠦᠵᠡᠮᠵᠢ ᠶᠢᠨ ᠣᠷᠣᠨ ᠨᠢ ᠬᠦᠮᠦᠰ ᠤᠨ | ᠠᠩᠬᠠᠷᠤᠯ ᠢ ᠲᠠᠲᠠᠵᠤ᠂ ᠬᠦᠮᠦᠰ ᠤᠨ ᠲᠠᠭᠠᠰᠢᠶᠠᠯ ᠢ ᠣᠯᠣᠶ᠎ᠠ ᠭᠡᠪᠡᠯ ᠦᠵᠡᠮᠵᠢ ᠶᠢᠨ ᠣᠷᠣᠨ ᠤ ᠢᠵᠢ ᠪᠦᠷᠢᠨ | ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ︾ ᠭᠡᠵᠦ ᠪᠠᠶᠢᠯ᠎ᠠ᠃ | ᠲᠡᠷᠡ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠢᠳᠡᠪᠬᠢᠲᠡᠢ ᠰᠤᠳᠤᠯᠤᠨ᠂ ᠦᠵᠡᠮᠵᠢ ᠶᠢᠨ | ᠣᠷᠣᠨ ᠤ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠨᠡᠭᠡᠭᠡᠨ ᠬᠥᠭᠵᠢᠭᠦᠯᠦᠯᠲᠡ ᠪᠣᠯᠣᠨ ᠣᠨᠴᠠᠯᠢᠭᠲᠤ ᠵᠠᠩ ᠦᠢᠯᠡ | ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠠᠯ᠎ᠠ ᠪᠠᠷ ᠬᠤᠯᠪᠤᠭᠠᠯᠠᠨ᠂ ᠰᠢᠨ᠎ᠡ ᠰᠡᠳᠬᠢᠴᠡ ᠪᠠᠷ ᠵᠢᠭᠤᠯᠴᠢᠯᠠᠯ ᠤᠨ | ᠦᠢᠯᠡᠰ ᠤᠨ ᠰᠢᠨ᠎ᠡ ᠶᠢ ᠡᠭᠦᠳᠴᠦ᠂ ᠪᠠᠶᠢᠭᠠᠯᠢ ᠶᠢᠨ ᠠᠮᠢ ᠠᠬᠤᠢ ᠶᠢᠨ ᠦᠷᠭᠦᠯᠵᠢᠯᠡᠬᠦᠶᠢᠴᠡ ᠬᠥᠭᠵᠢᠯᠲᠡ ᠪᠣᠯᠣᠨ | ᠵᠢᠭᠤᠯᠴᠢᠯᠠᠯ ᠤᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠤᠨ ᠴᠢᠨᠠᠷ ᠰᠠᠶᠢᠲᠠᠢ ᠬᠥᠭᠵᠢᠯᠲᠡ ᠶᠢᠨ ᠬᠤᠣᠰ ᠠᠮᠵᠢᠯᠲᠠ | ᠶᠢ ᠪᠡᠶᠡᠯᠡᠭᠦᠯᠬᠦ ᠳᠤ ᠬᠤᠪᠢ ᠨᠡᠮᠡᠷᠢ ᠪᠠᠨ ᠦᠵᠡᠭᠦᠯᠦᠭᠰᠡᠭᠡᠷ ᠢᠷᠡᠵᠠᠢ᠃ | ᠦᠢᠯᠡᠰ ᠵᠢᠭᠤᠯᠴᠢᠯᠠᠯ ᠤᠨ ᠠᠵᠤ ᠦᠢᠯᠡᠰ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ | ᠯᠦ ᠳ᠋ᠦᠩ ᠯᠢᠶᠠᠩ᠄ ︽ᠪᠢ ᠪᠣᠯ ᠪᠠᠷᠠᠭᠤᠨ ᠦᠵᠦᠮᠦᠴᠢᠨ ᠬᠤᠰᠢᠭᠤᠨ ᠤ 16 ᠳ᠋ᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠨᠠᠮᠠᠶᠢ ᠯᠦ ᠳ᠋ᠦᠩ ᠯᠢᠶᠠᠩ ᠭᠡᠳᠡᠭ᠂ ᠬᠢᠵᠢᠭ ᠤᠨ ᠪᠠᠶᠢᠳᠠᠯ | ᠨᠠᠮᠳᠠᠵᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠰᠡᠷᠭᠦᠭᠡᠬᠦ ᠰᠠᠶᠢᠬᠠᠨ ᠤᠯᠠᠷᠢᠯ ᠪᠣᠯᠵᠤ ᠪᠠᠶᠢᠨ᠎ᠠ᠃ ᠮᠢᠨᠤ ᠡᠨᠡ | ᠵᠢᠯ ᠤᠨ ᠬᠤᠶᠠᠷ ᠬᠤᠷᠠᠯ ᠳᠤ ᠳᠡᠪᠰᠢᠭᠦᠯᠬᠦ ᠰᠠᠨᠠᠯ ᠳᠤᠷᠠᠳᠤᠯᠭ᠎ᠠ ᠪᠣᠯ ᠪᠠᠷᠠᠭᠤᠨ ᠦᠵᠦᠮᠦᠴᠢᠨ ᠤᠵᠢᠭᠤᠯᠴᠢᠯᠠᠯ ᠢᠶᠠᠨ | ᠰᠢᠨ᠎ᠡ ᠨᠢᠭᠡ ᠱᠠᠲᠤᠨ ᠳᠤ ᠲᠡᠪᠰᠢᠭᠦᠯᠬᠦ ᠪᠣᠯᠣᠨ᠎ᠠ᠃ ᠳᠤᠲᠠᠭᠳᠠᠯ ᠢᠶᠠᠨ ᠨᠥᠬᠦᠪᠦᠷᠢᠯᠡᠵᠦ᠂ ᠲᠥᠬᠦᠭᠡᠷᠦᠮᠵᠢ ᠪᠡᠨᠪᠦ᠋ᠬᠦ | ᠲᠠᠯ᠎ᠠ ᠪᠠᠷ ᠲᠡᠰ ᠳᠡᠪᠰᠢᠭᠦᠯᠦᠨ᠂ ᠥᠪᠡᠷᠮᠢᠴᠡ ᠣᠨᠴᠠᠯᠢᠭ ᠢ ᠲᠣᠳᠣᠷᠠᠭᠤᠯᠤᠨ ᠪᠠᠶᠢᠭᠤᠯᠵᠤ᠂ ᠦᠢᠯᠡᠴᠢᠯᠡᠭᠡᠨ ᠤ ᠦᠢᠯᠡᠰ | ᠤᠨ ᠲᠦᠪᠰᠢᠨ ᠢᠶᠠᠨ ᠳᠡᠭᠡᠭᠰᠢᠯᠡᠭᠦᠯᠵᠦ᠂ ᠵᠢᠭᠤᠯᠴᠢᠯᠠᠭᠴᠢᠳ ᠲᠤ ᠲᠠᠭᠠᠯᠠᠮᠵᠢᠲᠠᠢ ᠵᠢᠭᠤᠯᠴᠢᠯᠠᠯ ᠤᠨ ᠣᠷᠴᠢᠨ ᠲᠣᠭᠤᠷᠢᠨ ᠢ | ᠪᠦᠷᠢᠯᠳᠦᠭᠦᠯᠵᠦ ᠥᠭᠭᠦᠨ᠎ᠡ︾ ᠭᠡᠪᠡ ᠃ |