ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2023 ᠣᠨ ᠤ ᠬᠠᠪᠤᠷ ᠤᠨ ᠤᠯᠠᠷᠢᠯ | ᠤᠨ ᠲᠠᠯ᠎ᠠ ᠨᠤᠳᠤᠭ ᠤᠢ ᠰᠢᠭᠤᠢ ᠶᠢᠨ ᠭᠠᠯ ᠳᠦᠢᠮᠡᠷ ᠢ ᠰᠡᠷᠭᠡᠶᠢᠯᠡᠭᠦ ᠲᠤᠬᠠᠢ ᠵᠠᠷᠯᠠᠯ | | | ᠪᠦᠬᠦ ᠬᠤᠰᠢᠭᠤᠨ ᠤ ᠬᠠᠪᠤᠷ ᠤᠨ ᠤᠯᠠᠷᠢᠯ ᠤᠨ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠠᠵᠢᠯ ᠢ ᠤᠯᠠᠮ | ᠨᠢᠭᠡ ᠠᠯᠬᠤᠮ ᠴᠢᠩᠭᠠᠳᠬᠠᠵᠤ᠂ ᠲᠠᠯ᠎ᠠ ᠨᠤᠳᠤᠭ ᠤᠢ ᠰᠢᠭᠤᠢ ᠶᠢᠨ ᠭᠠᠯ ᠲᠤᠶᠢᠮᠠᠷ ᠡᠭᠦᠰᠭᠦ ᠶᠢ ᠡᠷᠡᠰ ᠬᠤᠷᠢᠭᠯᠠᠨ᠂ | ᠠᠷᠠᠳ ᠤᠯᠠᠨ ᠤ ᠠᠮᠢ ᠨᠠᠰᠤ ᠡᠳ᠋ ᠭᠦᠷᠦᠩᠭᠡ ᠶᠢᠨ ᠠᠮᠤᠷ ᠲᠦᠪᠰᠢᠨ ᠪᠠ ᠲᠠᠯ᠎ᠠ ᠨᠤᠳᠤᠭ ᠤᠢ ᠰᠢᠭᠤᠢ ᠶᠢᠨ ᠡᠬᠢ | ᠪᠠᠶᠠᠯᠢᠭ ᠤᠨ ᠠᠮᠤᠷ ᠲᠦᠪᠰᠢᠨ ᠢ ᠪᠠᠳᠤᠯᠠᠬᠤ ᠶᠢᠨ ᠲᠤᠯᠠᠳᠠ᠂ ︽ᠲᠠᠯ᠎ᠠ ᠨᠤᠳᠤᠭ ᠤᠨ ᠭᠠᠯ ᠰᠡᠷᠭᠡᠶᠢᠯᠡᠭᠦ ᠲᠦᠷᠢᠮ︾᠂ ︽ | ᠤᠢ ᠰᠢᠭᠤᠢ ᠶᠢᠨ ᠭᠠᠯ ᠰᠡᠷᠭᠡᠶᠢᠯᠡᠭᠦ ᠲᠦᠷᠢᠮ︾᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠯ᠎ᠠ | ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠲᠦᠷᠢᠮ︾ ᠢ ᠦᠨᠳᠤᠰᠦᠯᠠᠨ᠂ ᠳᠣᠣᠷᠠᠬᠢ ᠮᠡᠲᠦ ᠵᠠᠷᠯᠠᠶ᠎ᠠ᠄ | ᠨᠢᠭᠡ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠭᠦ ᠬᠤᠭᠤᠴᠠᠭ᠎ᠠ᠄ 2023 ᠤᠨ ᠤ 3 ᠰᠠᠷ᠎ᠠ ᠶᠢᠨ 10 ᠤ | ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ᠃ | ᠬᠤᠶᠠᠷ᠂ ᠭᠠᠯ ᠰᠡᠷᠭᠡᠶᠢᠯᠡᠭᠦ ᠤᠷᠤᠨ ᠬᠡᠪᠴᠢᠶ᠎ᠡ᠄ ᠡᠯ᠎ᠡ ᠰᠤᠮᠤ ᠪᠠᠯᠭᠠᠰᠤᠨ ᠤ ᠪᠠᠶᠢᠷᠢᠰᠢᠵᠤ ᠪᠠᠶᠢᠭ᠎ᠠ ᠬᠤᠲᠠ ᠲᠤᠭᠤᠷᠢᠭ | ᠵᠢᠴᠢ ᠰᠠᠭᠤᠭᠠᠯᠢ ᠠᠷᠠᠳ ᠤᠨ ᠲᠤᠭᠤᠷᠢᠭ ᠠᠴᠠ ᠭᠠᠳᠠᠨᠠᠬᠢ᠂ ᠪᠦᠬᠦ ᠬᠤᠰᠢᠭᠤᠨ ᠤ ᠬᠡᠪᠴᠢᠶᠡᠨ ᠳᠠᠬᠢ ᠲᠠᠯ᠎ᠠ ᠨᠣᠲᠤᠭ ᠤᠢ | ᠰᠢᠭᠤᠢ ᠶᠢᠨ ᠲᠤᠭᠤᠷᠢᠭ ᠨᠢ ᠪᠦᠬᠦᠨ ᠢᠶᠠᠷ ᠢᠶᠠᠨ ᠭᠠᠯ ᠰᠡᠷᠭᠡᠶᠢᠯᠡᠬᠦ ᠬᠡᠪᠴᠢᠶᠡᠨ ᠳᠤ ᠪᠠᠭᠲᠠᠨ᠎ᠠ᠃ | ᠭᠤᠷᠪᠠ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠭᠦ ᠬᠤᠭᠤᠴᠠᠭᠠᠨ ᠳᠤ᠂ ᠲᠠᠯ᠎ᠠ ᠨᠤᠳᠤᠭ ᠤᠶᠢᠳᠤ ᠤᠷᠤᠨ ᠳᠤ | ᠭᠡᠭᠡᠷ᠎ᠡ ᠭᠠᠳᠠᠨ᠎ᠠ ᠭᠠᠯ ᠭᠡᠷᠡᠭᠯᠡᠭᠦ ᠶᠢ ᠡᠷᠡᠰ ᠴᠠᠭᠠᠵᠠᠯᠠᠵᠤ᠂ ᠡᠯ᠎ᠡ ᠨᠢᠭᠡᠴᠠ ᠪᠠ ᠰᠠᠭᠤᠭᠠᠯᠢ ᠠᠷᠠᠳ ᠨᠢ ᠦᠢᠯᠡᠳᠪᠦᠷᠢᠯᠡᠯ | ᠠᠮᠢᠳᠤᠷᠠᠯ ᠲᠤᠮᠳᠠ ᠭᠠᠯ ᠭᠡᠷᠡᠭᠯᠡᠭᠦ ᠳᠡᠭᠡᠨ ᠡᠷᠭᠡᠪᠰᠢ ᠵᠠᠷᠯᠠᠯ ᠤᠨ ᠲᠤᠭᠲᠠᠭᠠᠯ ᠢ ᠡᠷᠡᠰ ᠭᠡᠷᠡᠭᠵᠢᠭᠦᠯᠦᠨ᠂ ᠲᠠᠪᠤᠨ ᠲᠡᠰ ᠠᠴᠠ | ᠲᠡᠭᠡᠭᠰᠢᠬᠢ ᠰᠠᠯᠬᠢᠨ ᠲᠠᠢ ᠡᠳᠦᠷ ᠠᠯᠢᠪᠠ ᠭᠠᠯ ᠭᠡᠷᠡᠭᠯᠡᠭᠦ ᠠᠵᠢᠯᠯᠠᠭ᠎ᠠ ᠶᠢ ᠡᠷᠡᠰ ᠴᠠᠭᠠᠵᠠᠯᠠᠨ᠎ᠠ᠃ | ᠲᠦᠷᠪᠡ᠂ ᠲᠠᠯ᠎ᠠ ᠨᠤᠲᠤᠭ ᠣᠢ ᠰᠢᠭᠤᠢ ᠶᠢᠨ ᠭᠠᠯ ᠢ ᠰᠡᠷᠭᠡᠶᠢᠯᠡᠭᠦ ᠬᠤᠭᠤᠴᠠᠭᠠᠨ ᠳᠤ᠂ ᠲᠠᠯ᠎ᠠ ᠨᠤᠳᠤᠭ ᠤᠶᠢᠳᠤ | ᠤᠷᠤᠨ ᠳᠤ ᠬᠤᠭ ᠨᠤᠪᠰᠢ ᠰᠢᠳᠠᠭᠠᠬᠤ᠂ ᠡᠪᠡᠰᠦ ᠰᠢᠳᠠᠭᠠᠬᠤ᠂ ᠲᠠᠮᠠᠬᠢ ᠲᠠᠳᠠᠬᠤ᠂ ᠴᠠᠭᠠᠰᠤ ᠰᠢᠳᠠᠭᠠᠬᠤ᠂ ᠬᠦᠵᠢ | ᠰᠢᠲᠠᠭᠠᠬᠤ᠂ ᠭᠠᠯ ᠰᠢᠷᠠᠯᠠᠭ᠎ᠠ᠂ ᠭᠡᠭᠡᠷ᠎ᠡ ᠭᠠᠳᠠᠨ᠎ᠠ ᠬᠤᠭᠤᠯᠯᠠᠬᠤ ᠪᠠ ᠫᠤᠤᠵᠢᠩ ᠲᠠᠯᠪᠢᠬᠤ᠂ ᠳ᠋ᠧᠩᠯᠤ ᠠᠰᠠᠭᠠᠬᠤ ᠵᠡᠷᠭᠡ | ᠭᠡᠭᠡᠷ᠎ᠡ ᠭᠠᠳᠠᠨ᠎ᠠ ᠭᠠᠯ ᠭᠡᠷᠡᠭᠯᠡᠭᠦ ᠠᠵᠢᠯᠯᠠᠭ᠎ᠠ ᠶᠢ ᠡᠷᠡᠰ ᠴᠠᠭᠠᠵᠠᠯᠠᠨ᠎ᠠ᠃ ᠡᠯ᠎ᠡ ᠰᠤᠮᠤ ᠪᠠᠯᠭᠠᠰᠤ᠂ ᠭᠦᠷᠦᠭᠡᠰᠦᠳᠠᠢ ᠪᠠᠶᠢᠭᠠᠯᠢ | ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠭᠠᠵᠠᠷ ᠨᠢ ᠴᠠᠭᠳᠠᠨ ᠪᠠᠶᠢᠴᠠᠭᠠᠯᠳᠠ ᠪᠠᠨ ᠴᠢᠩᠭᠠᠳᠬᠠᠨ᠂ ᠭᠡᠭᠡᠷ᠎ᠡ | ᠭᠠᠳᠠᠨ᠎ᠠ ᠭᠠᠯ ᠭᠡᠷᠡᠭᠯᠡᠭᠦ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠲᠠᠯ᠎ᠠ ᠨᠤᠳᠤᠭ ᠤᠶᠢᠳᠤ ᠤᠷᠤᠨ | ᠳᠤ ᠭᠠᠯ ᠠᠰᠠᠭᠠᠬᠤ ᠪᠤᠳᠠᠰ ᠠᠪᠴᠤ ᠶᠠᠪᠤᠬᠤ ᠶᠢ ᠴᠢᠩᠭ᠎ᠠ ᠴᠠᠭᠠᠵᠠᠯᠠᠨ᠎ᠠ᠃ ᠭᠠᠯ ᠰᠡᠷᠭᠡᠶᠢᠯᠡᠭᠦ ᠤᠷᠤᠨ ᠳᠤ ᠭᠠᠯ | ᠰᠡᠷᠭᠡᠶᠢᠯᠡᠭᠦ ᠲᠦᠭᠦᠭᠡᠷᠦᠮᠵᠢ ᠤᠭᠰᠠᠷᠠᠭᠰᠠᠨ ᠦᠭᠡᠢ ᠲᠡᠷᠭᠡ ᠤᠨᠤᠭ᠎ᠠ ᠶᠢ ᠵᠢᠯᠣᠭᠤᠳᠤᠨ ᠤᠷᠤᠬᠤ ᠶᠢ ᠴᠠᠭᠠᠵᠠᠯᠠᠵᠦ᠂ ᠭᠠᠯ | ᠤᠨ ᠠᠶᠤᠯ ᠤᠨ ᠲᠠᠯᠳᠠ ᠭᠡᠮ ᠰᠤᠭᠤᠭ ᠢ ᠡᠷᠡᠰ ᠬᠤᠷᠢᠭᠯᠠᠬᠤ ᠭᠡᠷᠡᠭᠲᠡᠢ᠃ | ᠲᠠᠪᠤ᠂ ᠰᠡᠷᠭᠡᠶᠢᠯᠡᠨ ᠬᠠᠮᠢᠶᠠᠷᠤᠯᠲᠠ ᠶᠢ ᠪᠦᠭᠦ ᠲᠠᠯ᠎ᠠ ᠪᠠᠷ ᠬᠢᠭᠰᠡᠨ ᠰᠠᠭᠤᠷᠢᠨ ᠲᠡᠭᠡᠷ᠎ᠡ᠂ ᠡᠯ᠎ᠡ ᠰᠤᠮᠤ ᠪᠠᠯᠭᠠᠰᠤ᠂ | ᠭᠦᠷᠦᠭᠡᠰᠦᠳᠠᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠭᠠᠵᠠᠷ᠂ ᠡᠯ᠎ᠡ ᠬᠤᠯᠪᠤᠭᠳᠠᠯ ᠪᠦᠭᠦᠢ | ᠪᠠᠶᠢᠭᠤᠯᠭ᠎ᠠ ᠨᠢᠭᠡᠴᠠ ᠨᠢ ᠠᠭᠤᠯᠠ ᠲᠤᠪᠤᠴᠠᠭ᠂ ᠭᠤᠤ ᠰᠤᠪᠠᠭ᠂ ᠤᠶᠢᠳᠤ ᠤᠷᠤᠨ ᠢ ᠪᠠᠶᠢᠴᠠᠭᠠᠬᠤ ᠠᠵᠢᠯ ᠢ ᠲᠠᠷᠤᠶᠢᠬᠠᠨ | ᠦᠷᠨᠢᠭᠦᠯᠵᠤ᠂ ᠭᠠᠯ ᠰᠡᠷᠭᠡᠶᠢᠯᠡᠬᠦ ᠣᠷᠣᠨ ᠳᠤ ᠲᠤᠷ᠎ᠠ ᠪᠠᠷ ᠢᠶᠠᠨ ᠤᠷᠤᠭᠰᠠᠨ ᠰᠤᠯᠠ ᠰᠡᠯᠡᠭᠦᠦ ᠭᠦᠮᠦᠰ ᠢ ᠪᠦᠭᠦᠨ ᠢ | ᠴᠢᠩᠭ᠎ᠠ ᠬᠠᠮᠢᠶᠠᠷᠤᠯᠳᠠ ᠶᠢᠨ ᠤᠷᠤᠨ ᠠᠴᠠ ᠭᠠᠷᠭᠠᠬᠤ ᠬᠡᠷᠡᠭᠲᠡᠢ᠃ ᠬᠠᠮᠢᠶᠠᠷᠤᠯᠳᠠ ᠶᠢ ᠲᠠᠭᠠᠬᠤ ᠦᠭᠡᠢ ᠪᠤᠶᠤ ᠵᠤᠷᠢᠭᠤᠳᠠ | ᠵᠦᠷᠢᠴᠡᠭᠰᠡᠳ ᠢ ᠲᠤᠭᠳᠠᠭᠠᠯ ᠶᠤᠰᠤᠭᠠᠷ ᠴᠢᠩᠭ᠎ᠠ ᠰᠢᠳᠭᠡᠵᠤ᠂ ᠪᠠᠶᠢᠳᠠᠯ ᠨᠢ ᠭᠦᠨᠳᠤ ᠨᠤᠴᠢᠳᠠᠢ ᠪᠤᠯ ᠬᠠᠤᠯᠢ ᠶᠤᠰᠤᠭᠠᠷ | ᠬᠠᠤᠯᠢ ᠶᠢᠨ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠭᠦ ᠭᠡᠷᠡᠭᠲᠡᠢ᠃ | ᠵᠢᠷᠭᠤᠭ᠎ᠠ᠂ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠬᠤᠭᠤᠴᠠᠭᠠᠨ ᠳᠤ᠂ ᠡᠯ᠎ᠡ ᠰᠤᠮᠤ ᠪᠠᠯᠭᠠᠰᠤ᠂ | ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠠ᠂ ᠨᠡᠶᠢᠭᠡᠮ ᠤᠨ ᠪᠦᠯᠭᠦᠮ᠂ ᠠᠵᠤ ᠠᠬᠤᠶᠢᠯᠠᠯ ᠠᠵᠢᠯ ᠤᠶᠢᠯᠠᠰ ᠤᠨ | ᠨᠢᠭᠡᠴᠠ᠂ ᠭᠠᠯ ᠰᠡᠷᠭᠡᠶᠢᠯᠡᠭᠦ ᠠᠩᠬᠢ᠂ ᠥᠷᠭᠡᠨ ᠣᠯᠠᠨ ᠺᠠᠳ᠋ᠷ ᠤᠯᠠᠨ ᠲᠦᠮᠡᠨ ᠵᠢᠴᠢ ᠭᠠᠳᠠᠨ᠎ᠠ ᠠᠴᠠ ᠢᠷᠡᠭᠰᠡᠨ ᠭᠦᠮᠦᠰ | ᠤᠨ ᠲᠠᠯ᠎ᠠ ᠨᠤᠳᠤᠭ ᠤᠶᠢᠳᠤ ᠤᠷᠤᠨ ᠳᠠᠬᠢ ᠠᠯᠢᠪᠠ ᠠᠵᠢᠯᠯᠠᠭ᠎ᠠ ᠨᠢ ᠡᠷᠭᠡᠪᠰᠢ ᠭᠠᠯ ᠰᠡᠷᠭᠡᠶᠢᠯᠡᠭᠦ ᠪᠦᠭᠦ ᠲᠠᠯ᠎ᠠ ᠶᠢᠨ ᠠᠵᠢᠯ | ᠪᠤᠯᠤᠨ ᠬᠤᠰᠢᠭᠤ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠭᠦ ᠵᠢᠯᠤᠭᠤᠳᠬᠤ ᠭᠡᠯᠳᠡᠰ ᠤᠨ ᠨᠢᠭᠡᠳᠦᠯᠳᠠᠢ | ᠵᠢᠯᠤᠭᠤᠳᠤᠯᠭ᠎ᠠ ᠶᠢ ᠲᠠᠭᠠᠬᠤ ᠭᠡᠷᠡᠭᠲᠡᠢ᠃ ᠶᠠᠮᠠᠷᠪᠠ ᠪᠠᠶᠢᠭᠤᠯᠭ᠎ᠠ ᠨᠢᠭᠡᠴᠠ ᠪᠠ ᠬᠤᠪᠢ ᠭᠦᠮᠦᠨ ᠨᠢ ᠲᠠᠯ᠎ᠠ ᠨᠤᠳᠤᠭ ᠤᠢ | ᠰᠢᠭᠤᠢ ᠶᠢᠨ ᠭᠠᠯ ᠤᠨ ᠠᠶᠤᠯ ᠢ ᠣᠯᠵᠦ ᠮᠡᠳᠡᠪᠡᠯ᠂ ᠴᠠᠭ ᠲᠤᠬᠠᠢ ᠳᠤ ᠨᠢ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ | ᠤᠨ ᠠᠶᠤᠯ ᠢ ᠮᠡᠳᠡᠭᠦᠯᠭᠦ ᠤᠳᠠᠰᠤ ᠳᠤ ᠤᠳᠠᠰᠤᠳᠠᠨ ᠮᠡᠳᠡᠬᠦᠯᠵᠦ᠂ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ | ᠰᠡᠷᠭᠡᠶᠢᠯᠡᠭᠦ ᠵᠢᠯᠤᠭᠤᠳᠬᠤ ᠭᠡᠯᠳᠡᠰ ᠤᠨ ᠠᠯᠪᠠᠨ ᠭᠡᠷ ᠨᠢ ᠮᠡᠳᠡᠬᠦᠯᠦᠯᠳᠡ ᠶᠢ ᠲᠤᠰᠤᠭᠰᠠᠨ ᠤ ᠲᠠᠷᠠᠭ᠎ᠠ᠂ ᠲᠠᠷᠤᠶᠢᠬᠠᠨ | ᠬᠤᠰᠢᠭᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠭᠦ ᠶᠢᠨ ᠬᠠᠮᠳᠤ ᠬᠠᠮᠢᠶ᠎ᠠ ᠪᠦᠭᠦᠢ ᠠᠷᠭ᠎ᠠ ᠬᠡᠮᠵᠢᠶ᠎ᠡ ᠶᠢ ᠠᠪᠴᠤ | ᠭᠠᠯ ᠢ ᠤᠨᠳᠠᠷᠠᠭᠠᠬᠤ ᠭᠡᠷᠡᠭᠲᠡᠢ᠃ | ᠲᠤᠯᠤᠭ᠎ᠠ᠂ ︽ᠤᠷᠢᠳᠴᠢᠯᠠᠨ ᠰᠡᠷᠭᠡᠶᠢᠯᠡᠭᠦ ᠪᠠᠷ ᠭᠤᠤᠯ ᠪᠤᠯᠭᠠᠵᠤ᠂ ᠳᠠᠷᠤᠶᠢᠬᠠᠨ ᠤᠨᠳᠠᠷᠠᠭᠠᠬᠤ︾ ᠴᠢᠭᠯᠡᠯᠳᠠ ᠶᠢ | ᠪᠠᠷᠢᠮᠳᠠᠯᠠᠨ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ᠂ ᠣᠢ ᠰᠢᠭᠤᠢ ᠪᠠ ᠨᠤᠲᠤᠭ | ᠪᠡᠯᠴᠢᠭᠡᠷ ᠤᠨ ᠭᠠᠯ ᠰᠡᠷᠭᠡᠶᠢᠯᠡᠭᠦ ᠦᠢᠯᠡᠴᠢᠯᠡᠭᠡᠨ ᠲᠥᠪ ᠨᠢ ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠭᠰᠠᠨ ᠲᠦᠰᠦᠪ | ᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠡᠳ᠋ ᠪᠤᠳᠠᠰ ᠢ ᠭᠦᠢᠴᠡᠳ ᠪᠡᠯᠡᠳᠬᠡᠨ᠂ ᠭᠠᠯ ᠤᠨᠳᠠᠷᠠᠭᠠᠬᠤ ᠪᠡᠯᠡᠳᠭᠡᠯ | ᠠᠵᠢᠯ ᠢ ᠰᠠᠶᠢᠳᠤᠷ ᠬᠢᠭᠦ ᠭᠡᠷᠡᠭᠲᠡᠢ᠃ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠠ ᠨᠢ | ᠭᠠᠯ ᠰᠡᠷᠭᠡᠶᠢᠯᠡᠭᠦ ᠠᠵᠢᠯ ᠢ ᠤᠳᠤᠬᠠᠨ ᠤ ᠠᠵᠢᠯ ᠤᠨ ᠭᠤᠤᠯᠳᠠᠯᠭ᠎ᠠ ᠪᠤᠯᠭᠠᠨ᠂ ᠵᠠᠰᠠᠭ ᠵᠠᠬᠢᠷᠭᠠᠨ ᠤ ︽ᠨᠢᠭᠡᠳᠦᠭᠡᠷ | ᠬᠠᠷᠢᠭᠤᠴᠠᠯᠭᠠᠳᠠᠨ︾ ᠤ ᠬᠠᠷᠢᠭᠤᠴᠠᠬᠤ ᠲᠦᠷᠢᠮ ᠢᠶᠠᠷ ᠭᠤᠤᠯ ᠪᠤᠯᠭᠠᠭᠰᠠᠨ ᠡᠯ᠎ᠡ ᠲᠦᠷᠦᠯ ᠤᠨ ᠬᠠᠷᠢᠭᠤᠴᠠᠯᠭ᠎ᠠ ᠶᠢᠨ | ᠲᠦᠷᠢᠮ ᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠤᠳᠤᠷᠬᠠᠶᠢᠯᠠᠨ᠂ ᠠᠵᠢᠯ ᠤᠨ ᠬᠤᠪᠢᠶᠠᠷᠢ ᠪᠠᠨ | ᠨᠠᠷᠢᠯᠢᠭᠵᠢᠭᠤᠯᠵᠤ᠂ ᠡᠯ᠎ᠡ ᠲᠦᠷᠦᠯ ᠤᠨ ᠬᠠᠷᠢᠭᠤᠴᠠᠯᠭ᠎ᠠ ᠶᠢᠨ ᠠᠷᠭ᠎ᠠ ᠠᠪᠴᠠᠯ ᠢ ᠭᠠᠯ ᠰᠡᠷᠭᠡᠶᠢᠯᠡᠬᠦ ᠤᠷᠤᠨ ᠪᠠ ᠭᠠᠯ | ᠰᠡᠷᠭᠡᠶᠢᠯᠡᠭᠦ ᠠᠵᠢᠯ ᠤᠨ ᠡᠯ᠎ᠡ ᠭᠤᠭᠴᠤᠭᠠᠨ ᠳᠤ ᠨᠠᠶᠢᠳᠠᠪᠤᠷᠢᠵᠢᠭᠤᠯᠬᠤ ᠭᠡᠷᠡᠭᠲᠡᠢ᠃ ᠭᠤᠤᠯ ᠤᠳᠤᠷᠢᠳᠤᠯᠭ᠎ᠠ ᠦᠪᠡᠷ ᠤᠨ | ᠪᠡᠶ᠎ᠡ ᠪᠠᠷ ᠢᠶᠠᠨ ᠲᠦᠷᠦᠭᠦᠯᠡᠨ ᠭᠠᠯ ᠰᠡᠷᠭᠡᠶᠢᠯᠡᠭᠦ ᠠᠵᠢᠯ ᠢ ᠪᠠᠶᠢᠷᠢᠯᠠᠭᠤᠯᠵᠤ᠂ ᠡᠯ᠎ᠡ ᠲᠦᠷᠦᠯ ᠤᠨ ᠠᠷᠭ᠎ᠠ ᠠᠪᠴᠠᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠪᠡᠷ ᠤᠨ ᠪᠡᠶ᠎ᠡ ᠪᠠᠷ ᠢᠶᠠᠨ ᠱᠠᠭᠠᠷᠳᠠᠨ ᠪᠠᠶᠢᠴᠠᠭᠠᠵᠤ᠂ ᠭᠠᠯ ᠤᠨ ᠠᠶᠤᠯ ᠭᠠᠷᠪᠠᠯ | ᠡᠮᠦᠨ᠎ᠠ ᠹᠷᠤᠨᠲ ᠳᠤ ᠦᠪᠡᠷ ᠤᠨ ᠪᠡᠶ᠎ᠡ ᠪᠠᠷ ᠢᠶᠠᠨ ᠵᠢᠯᠤᠭᠤᠳᠤᠨ ᠭᠠᠯ ᠤᠨᠳᠠᠷᠠᠭᠠᠬᠤ ᠭᠡᠷᠡᠭᠲᠡᠢ᠃ | ᠨᠠᠢᠮᠠ᠂ ᠡᠯ᠎ᠡ ᠰᠤᠮᠤ ᠪᠠᠯᠭᠠᠰᠤ᠂ ᠭᠦᠷᠦᠭᠡᠰᠦᠳᠡᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ | ᠭᠠᠵᠠᠷ ᠨᠢ ᠭᠠᠯ ᠤᠨ ᠪᠠᠶᠢᠳᠠᠯ ᠢ ᠴᠠᠭ ᠢᠮᠠᠭᠳᠠ ᠪᠦᠬᠦ ᠲᠠᠯ᠎ᠠ ᠪᠠᠷ ᠬᠢᠨᠠᠨ ᠪᠠᠶᠢᠴᠠᠭᠠᠵᠦ᠂ ᠭᠠᠯ ᠡᠭᠦᠰᠦᠭᠰᠡᠨ ᠰᠢᠯᠳᠠᠭᠠᠨ | ᠪᠠ ᠬᠠᠨᠳᠤᠰᠢ ᠶᠢ ᠴᠠᠭ ᠲᠤᠬᠠᠢ ᠳᠤᠨᠢ ᠡᠵᠡᠮᠰᠢᠭᠦ ᠭᠡᠷᠡᠭᠲᠡᠢ᠃ ᠣᠢ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ᠂ | ᠲᠤᠰᠬᠠᠢ ᠮᠡᠷᠭᠡᠵᠢᠯ ᠤᠨ ᠪᠠ ᠬᠠᠭᠠᠰ ᠲᠤᠰᠬᠠᠶᠢᠵᠢᠭᠰᠠᠨ ᠭᠠᠯ ᠤᠨᠲᠠᠷᠠᠭᠠᠬᠤ ᠠᠩᠭᠢ ᠨᠢ ᠴᠠᠭ ᠢᠮᠠᠭᠳ᠋ᠨ ᠪᠡᠯᠡᠬᠡᠨ | ᠪᠠᠶᠢᠳᠠᠯ ᠳᠤ ᠪᠠᠶᠢᠵᠦ᠂ ᠡᠯ᠎ᠡ ᠪᠠᠶᠢᠭᠤᠯᠭ᠎ᠠ ᠨᠢᠭᠡᠴᠡ ᠨᠢ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠢᠶᠠᠨ ᠭᠦᠢᠴᠡᠳ | ᠪᠡᠯᠡᠳᠬᠡᠨ᠂ ᠭᠠᠯ ᠤᠨᠲᠠᠷᠠᠭᠠᠬᠤ ᠪᠠᠭᠠᠵᠢ ᠳᠦᠬᠦᠭᠡᠷᠦᠮᠵᠢ ᠪᠠᠨ ᠰᠠᠯᠪᠢᠨ ᠵᠠᠰᠠᠵᠦ᠂ ᠭᠠᠯ ᠲᠤᠶᠢᠮᠠᠷ ᠭᠠᠷᠪᠠᠯ ᠲᠠᠷᠤᠶᠢᠬᠠᠨ | ᠬᠦᠳᠡᠯᠦᠯᠴᠡᠵᠦ᠂ ᠰᠢᠨᠵᠢᠯᠡᠬᠦ ᠤᠬᠠᠭᠠᠨᠴᠢ ᠪᠠᠷ ᠵᠢᠯᠤᠭᠤᠳᠤᠨ᠂ ᠪᠦᠭᠦ ᠭᠦᠴᠦᠨ ᠢᠶᠠᠷ ᠢᠶᠠᠨ ᠭᠠᠯ ᠢ ᠤᠨᠳᠠᠷᠠᠭᠠᠨ᠂ ᠭᠠᠯ | ᠲᠤᠶᠢᠮᠠᠷ ᠠᠴᠠ ᠪᠤᠯᠤᠭᠰᠠᠨ ᠬᠤᠬᠢᠷᠠᠯ ᠢ ᠬᠠᠮᠤᠭ ᠪᠠᠭ᠎ᠠ ᠬᠡᠮᠵᠢᠶᠡᠨ ᠳᠤ ᠬᠢᠵᠠᠭᠠᠷᠯᠠᠬᠤ ᠬᠡᠷᠡᠭᠳᠡᠢ᠃ ᠭᠠᠯ ᠤᠨᠲᠠᠷᠠᠭᠠᠬᠤ | ᠶᠠᠪᠤᠴᠠ ᠳᠤ ᠭᠠᠯ ᠰᠡᠷᠭᠡᠶᠢᠯᠡᠬᠦ ᠵᠢᠯᠤᠭᠤᠳᠬᠤ ᠭᠡᠯᠳᠡᠰ ᠤᠨ ᠭᠡᠰᠢᠬᠦᠨ ᠪᠠᠶᠢᠭᠤᠯᠭ᠎ᠠ ᠨᠢᠭᠡᠴᠠ ᠨᠢ ᠰᠠᠶᠢᠳᠤᠷ ᠬᠠᠮᠵᠢᠯᠴᠠᠵᠦ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠠᠪᠤᠷᠠᠨ ᠳᠤᠰᠠᠯᠠᠬᠤ ᠪᠠ ᠦᠢᠯᠡᠴᠢᠯᠡᠬᠦ ᠠᠵᠢᠯ ᠢ ᠴᠠᠭ ᠲᠤᠬᠠᠢ ᠳᠤᠨᠢ | ᠰᠠᠶᠢᠳᠤᠷ ᠬᠢᠬᠦ ᠬᠡᠷᠡᠭᠳᠡᠢ᠃ | ᠶᠢᠰᠦ᠂ ᠡᠯ᠎ᠡ ᠰᠤᠮᠤ ᠪᠠᠯᠭᠠᠰᠤ᠂ ᠭᠦᠷᠦᠭᠡᠰᠦᠳᠡᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ | ᠭᠠᠵᠠᠷ ᠨᠢ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠲᠠᠭᠠᠭᠤᠯᠤᠨ ᠵᠢᠵᠢᠭᠦᠷᠯᠡᠭᠦ ᠳᠦᠷᠢᠮ ᠢ ᠪᠠᠷᠢᠮᠳᠠᠯᠠᠨ᠂ | ᠠᠵᠢᠯ ᠤᠨ ᠪᠠᠶᠢᠷᠢ ᠠᠴᠠ ᠪᠠᠨ ᠳᠤᠷ᠎ᠠ ᠪᠠᠷ ᠢᠶᠠᠨ ᠰᠠᠯᠬᠤ᠂ ᠬᠤᠴᠤᠷᠬᠤ ᠵᠡᠷᠭᠡ ᠪᠠᠶᠢᠳᠠᠯ ᠡᠭᠦᠰᠭᠦ ᠶᠢ ᠴᠢᠩᠭ᠎ᠠ ᠴᠠᠭᠠᠵᠠᠯᠠᠵᠦ᠂ | ᠵᠠᠰᠠᠭ ᠤᠨ ᠵᠠᠷᠯᠢᠭ ᠪᠠ ᠭᠠᠯ ᠤᠨ ᠪᠠᠶᠢᠳᠠᠯ ᠤᠨ ᠮᠡᠳᠡᠭᠡ ᠵᠠᠩᠭᠢ ᠶᠢ ᠰᠠᠭᠠᠳ ᠦᠭᠡᠢ ᠳᠠᠮᠵᠢᠭᠤᠯᠬᠤ ᠶᠢ ᠪᠠᠳᠤᠯᠠᠬᠤ ᠬᠡᠷᠡᠭᠳᠡᠢ᠃ | ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠲᠠᠯ᠎ᠠ ᠨᠤᠲᠤᠭ ᠤᠢ ᠰᠢᠭᠤᠢ ᠶᠢᠨ ᠭᠠᠯ ᠳᠦᠢᠮᠡᠷ ᠤᠨ | ᠮᠡᠳᠡᠭᠦᠯᠦᠯᠳᠡ ᠶᠢᠨ ᠳᠦᠷᠢᠮ ᠢ ᠴᠢᠩᠭ᠎ᠠ ᠭᠡᠷᠡᠭᠵᠢᠭᠦᠯᠵᠤ᠂ ᠲᠤᠭᠳᠠᠭᠠᠯ ᠶᠤᠰᠤᠭᠠᠷ ᠱᠠᠳᠤ ᠳᠠᠷᠠᠭᠠᠯᠠᠨ ᠳᠡᠭᠡᠭᠰᠢ ᠮᠡᠳᠡᠭᠦᠯᠭᠦ | ᠭᠡᠷᠡᠭᠲᠡᠢ᠂ ᠣᠷᠣᠶᠢᠲᠠᠬᠤ᠂ ᠨᠢᠭᠤᠬᠤ᠂ ᠬᠤᠳᠠᠯ ᠢᠶᠠᠷ ᠮᠡᠳᠡᠬᠦᠯᠬᠦ ᠨᠡᠩ ᠴᠢᠨᠠᠭᠰᠢᠯᠠᠨ ᠮᠡᠳᠡᠬᠦᠯᠬᠦ ᠦᠭᠡᠢ ᠪᠠᠶᠢᠵᠦ ᠪᠣᠯᠬᠤ | ᠦᠭᠡᠢ᠃ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠦᠮᠦᠨ ᠨᠢ ᠭᠠᠷ ᠤᠳᠠᠰᠤᠨ ᠤ ᠤᠬᠤᠷ ᠮᠡᠳᠡᠭᠡ᠂ ᠸᠢᠴᠠᠲ᠂ ᠪᠢᠴᠢᠯ | ᠪᠦᠷᠭᠡ ᠵᠡᠷᠭᠡ ᠪᠠᠷ ᠬᠤᠳᠠᠯ ᠬᠠᠭᠤᠷᠮᠠᠭ ᠮᠡᠳᠡᠭᠡ ᠵᠠᠩᠭᠢ ᠶᠢ ᠳᠤᠷ᠎ᠠ ᠪᠠᠷ ᠢᠶᠠᠨ ᠳᠠᠮᠵᠢᠭᠤᠯᠵᠦ ᠪᠣᠯᠬᠤ ᠦᠭᠡᠢ᠂ ᠭᠡᠷᠪᠡ | ᠪᠠᠶᠢᠴᠠᠭᠠᠨ ᠢᠯᠡᠷᠡᠭᠦᠯᠪᠡᠯ ᠴᠢᠩᠭ᠎ᠠ ᠪᠠᠷ ᠰᠢᠳᠬᠡᠨ᠎ᠡ᠃ ᠤᠬᠠᠭᠤᠯᠭ᠎ᠠ ᠶᠢᠨ ᠵᠠᠭᠤᠴᠢᠯᠠᠭᠤᠷ ᠨᠢ ᠲᠠᠯ᠎ᠠ ᠨᠤᠲᠤᠭ ᠤᠢ | ᠰᠢᠭᠤᠢ ᠶᠢᠨ ᠭᠠᠯ ᠳᠦᠢᠮᠡᠷ ᠢ ᠰᠤᠨᠢᠨ ᠮᠡᠳᠡᠭᠡ ᠪᠠᠷ ᠮᠡᠳᠡᠭᠡᠯᠡᠬᠦ ᠳᠤᠭᠲᠠᠭᠠᠯ ᠢ ᠴᠢᠩᠭ᠎ᠠ ᠵᠢᠷᠤᠮᠯᠠᠨ᠂ ᠤᠬᠠᠭᠤᠯᠭ᠎ᠠ | ᠮᠡᠳᠡᠭᠡᠯᠡᠯ ᠤᠨ ᠵᠥᠪ ᠤᠨᠤᠪᠴᠢᠳᠤ ᠴᠢᠨᠠᠷ ᠢ ᠪᠠᠳᠤᠯᠬᠠᠤ ᠬᠡᠷᠡᠭᠳᠡᠢ᠃ | ᠠᠷᠪᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠳᠦᠢᠮᠡᠷ ᠤᠨ | ᠬᠡᠷᠡᠭ ᠢ ᠪᠠᠶᠢᠴᠠᠭᠠᠨ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠭᠠᠯ ᠲᠦᠢᠮᠡᠷ ᠤᠨ ᠬᠡᠷᠡᠭ ᠤᠨ | ᠮᠡᠳᠡᠬᠦᠯᠦᠯᠳᠡ ᠶᠢ ᠳᠠᠷᠤᠢ ᠲᠦᠷᠭᠡᠨ ᠴᠢᠩᠭ᠎ᠠ ᠪᠠᠶᠢᠴᠠᠭᠠᠨ ᠰᠢᠢᠳᠪᠤᠷᠢᠯᠡᠭᠦ ᠬᠡᠷᠡᠭᠲᠡᠶ᠃ ᠭᠠᠯ ᠳᠦᠢᠮᠡᠷ ᠤᠨ ᠬᠡᠷᠡᠭ ᠢ | ᠡᠷᠬᠡᠪᠰᠢ ᠪᠠᠶᠢᠴᠠᠭᠠᠨ ᠳᠤᠳᠤᠯᠠᠬᠤ᠂ ᠭᠠᠯ ᠤᠨ ᠬᠠᠷᠢᠭᠤᠴᠠᠯᠭᠠᠳᠠᠨ ᠳᠤ ᠴᠢᠩᠭ᠎ᠠ ᠰᠢᠳᠬᠡᠯ ᠥᠭᠬᠦ᠂ ᠵᠠᠰᠠᠨ ᠴᠡᠭᠴᠡᠯᠡᠭᠦ | ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠬᠤ ᠶᠢ ᠪᠠᠷᠢᠮᠳᠠᠯᠠᠨ᠂ ᠨᠡᠶᠢᠲᠡᠯᠢᠭ ᠬᠡᠷᠡᠭ ᠤᠨ ᠵᠢᠱᠢᠶ᠎ᠠ ᠶᠢ ᠢᠯᠡᠴᠢᠯᠠᠵᠤ᠂ | ᠤᠯᠠᠨ ᠳᠤ ᠴᠡᠭᠡᠷᠯᠡᠯ ᠪᠣᠯᠭᠠᠬᠤ ᠬᠡᠷᠡᠭᠲᠡᠶ᠃ | ᠠᠷᠪᠠᠨ ᠨᠢᠭᠡ᠂ ᠲᠣᠰ ᠵᠠᠷᠯᠠᠯ ᠠᠴᠠ ᠵᠦᠷᠢᠴᠡᠭᠰᠡᠳ ᠢ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾᠂ ︽ᠲᠠᠯ᠎ᠠ | ᠨᠤᠲᠤᠭ ᠤᠨ ᠭᠠᠯ ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ | ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠦᠢᠯᠡ | ᠪᠠᠶᠢᠳᠠᠯ ᠤᠨ ᠭᠦᠨᠳᠤ ᠭᠦᠩᠭᠡᠨ ᠢ ᠦᠨᠳᠤᠰᠦᠯᠠᠨ᠂ ᠰᠡᠷᠡᠮᠵᠢᠯᠡᠭᠦᠯᠭᠦ᠂ ᠲᠣᠷᠭᠠᠬᠤ᠂ ᠵᠠᠰᠠᠭ ᠵᠠᠬᠢᠷᠭᠠᠨ ᠤ ᠲᠦᠷ ᠬᠤᠷᠢᠬᠤ | ᠰᠢᠳᠬᠡᠯ ᠤᠯᠭᠤᠨ᠎ᠠ᠃ ᠲᠠᠯ᠎ᠠ ᠨᠤᠳᠤᠭ ᠣᠶ ᠰᠢᠭᠤᠶ ᠶᠢᠨ ᠭᠠᠯ ᠲᠤᠶᠢᠮᠠᠷ ᠲᠠᠯᠪᠢᠭᠰᠠᠳ ᠲᠠᠯ᠎ᠠ ᠨᠤᠳᠤᠭ ᠣᠶ ᠰᠢᠭᠤᠶ ᠶᠢᠨ | ᠬᠤᠬᠢᠷᠠᠯ ᠢ ᠲᠥᠯᠥᠬᠦ ᠪᠠ ᠭᠠᠯ ᠤᠨᠲᠠᠷᠠᠭᠠᠬᠤ ᠵᠠᠷᠤᠳᠠᠯ ᠢ ᠡᠭᠦᠷᠭᠡᠯᠡᠬᠦ ᠭᠡᠷᠡᠭᠲᠡᠢ᠂ ᠭᠡᠷᠪᠡ ᠶᠠᠯ᠎ᠠ ᠪᠣᠯᠵᠤ ᠪᠦᠷᠢᠯᠳᠦᠭᠰᠡᠨ ᠪᠣᠯ | ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠬᠤᠶᠠᠷ᠂ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠦᠨ ᠨᠢ ᠲᠠᠯ᠎ᠠ ᠨᠤᠲᠤᠭ ᠣᠢ ᠰᠢᠭᠤᠶ ᠶᠢᠨ ᠭᠠᠯ | ᠲᠦᠢᠮᠡᠷ ᠤᠨ ᠪᠠᠶᠢᠳᠠᠯ ᠢ ᠣᠯᠵᠦ ᠮᠡᠳᠡᠪᠡᠯ᠂ ᠳᠠᠷᠤᠶᠢᠬᠠᠨ ᠮᠠᠨ ᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠳᠠ ᠶᠢᠨ ᠲᠤᠪᠴᠢᠶ᠎ᠠ ᠪᠤᠶᠤ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠢᠯᠤᠭᠤᠳᠬᠤ | ᠭᠡᠯᠳᠡᠰ ᠲᠤ ᠮᠡᠳᠡᠭᠦᠯᠬᠦ ᠬᠡᠷᠡᠭᠲᠡᠶ᠃ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠦᠨ ᠨᠢ ᠭᠠᠯ ᠳᠦᠢᠮᠡᠷ ᠢ | ᠮᠡᠳᠡᠭᠦᠯᠬᠦ ᠳᠤ ᠦᠨ᠎ᠡ ᠲᠥᠯᠥᠪᠦᠷᠢ ᠦᠭᠡᠢ ᠪᠠᠷ ᠳᠥᠭᠦᠮ ᠦᠵᠡᠬᠦᠯᠵᠦ᠂ ᠲᠠᠯ᠎ᠠ ᠨᠤᠲᠤᠭ ᠣᠢ ᠰᠢᠭᠤᠶ ᠶᠢᠨ ᠭᠠᠯ | ᠳᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ᠂ ᠨᠢᠭᠤᠵᠤ ᠮᠡᠳᠡᠭᠦᠯᠬᠦ ᠦᠭᠡᠢ ᠪᠠᠶᠢᠬᠤ | ᠵᠡᠷᠭᠡ ᠠᠵᠢᠯᠯᠠᠭ᠎ᠠ ᠶᠢ ᠴᠠᠭᠠᠵᠠᠯᠠᠨ᠎ᠠ᠃ | ᠭᠠᠯ ᠤᠨ ᠠᠶᠤᠯ ᠢ ᠮᠡᠳᠡᠬᠦᠯᠬᠦ ᠤᠲᠠᠰᠤ᠄ ᠬᠤᠰᠢᠭᠤ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ ᠶᠢᠨ ᠤᠳᠠᠰᠤ᠄ | 12119 | ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠢᠯᠤᠭᠤᠳᠬᠤ ᠭᠡᠯᠳᠡᠰ ᠤᠨ ᠤᠳᠠᠰᠤ | ᠄ 35201014 352 0100 | | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2023 ᠣᠨ ᠤ 3 ᠰᠠᠷ᠎ᠠ ᠶᠢᠨ 10 ᠤ ᠡᠳᠦᠷ | |