ᠡᠶᠢᠮᠦ ᠵᠦᠢᠯ ᠢ ᠪᠢᠲᠡᠭᠡᠢ ᠡᠳ᠋ᠯᠡ
ᠨᠡᠶᠢᠲᠡᠯᠡᠭᠰᠡᠨ ᠴᠠᠭ᠄
2023/3/27
               ᠡᠶᠢᠮᠦ ᠵᠦᠢᠯ ᠢ ᠪᠢᠲᠡᠭᠡᠢ ᠡᠳ᠋ᠯᠡ     ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠣᠶᠢᠷ᠎ᠠ ᠳᠤ ︽ᠰᠦ ᠲᠠᠢ ᠴᠠᠢ ᠶᠢᠨ ᠴᠣᠮᠣ︾᠂ ︽ᠺᠤᠯᠠ ᠶᠢᠨ ᠯᠣᠩᠬᠤ︾ ᠭᠡᠬᠦ ᠵᠡᠷᠭᠡ ᠪᠠᠷ ᠨᠡᠷᠡᠯᠡᠭᠰᠡᠨ ᠠᠮᠲᠠ ᠣᠷᠣᠭᠤᠯᠬᠤ ᠡᠯᠧᠺᠲᠷᠣᠨ ᠲᠠᠮᠠᠬᠢ ᠶᠢ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠡᠯ᠎ᠡ ᠲᠥᠷᠥᠯ ᠤᠨ 593 ᠬᠡᠷᠡᠭ ᠢ ᠪᠠᠶᠢᠴᠠᠭᠠᠨ ᠢᠯᠡᠷᠡᠭᠦᠯᠵᠦ ᠂ 188 ᠬᠥᠮᠥᠨ ᠠᠴᠠ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠂ ᠡᠯ᠎ᠡ ᠲᠥᠷᠥᠯ ᠤᠨ ︽ᠰᠦ ᠲᠠᠢ ᠴᠠᠢ ᠶᠢᠨ ᠴᠣᠮᠣ︾᠂ ︽ᠺᠤᠯᠠ ᠶᠢᠨ ᠯᠣᠩᠬᠤ︾ ᠶᠢ 72.38 ᠲᠦᠮᠡ ᠶᠢ ᠪᠠᠶᠢᠴᠠᠭᠠᠨ ᠭᠠᠷᠭᠠᠵᠤ᠂ ᠲᠣᠰ ᠲᠥᠷᠥᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠠᠵᠢᠯ ᠮᠡᠳᠡᠭᠳᠡᠮ᠎ᠡ ᠦᠷ᠎ᠡ ᠪᠦᠲᠦᠮᠵᠢ ᠣᠯᠪᠠ᠃          ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ 12.15 ᠲᠦᠮᠡᠨ ᠪᠣᠷᠤᠯᠠᠭᠤᠯᠭ᠎ᠠ ᠶᠢᠨ ᠲᠣᠣᠷ ᠴᠡᠭ ᠢ ᠪᠠᠶᠢᠴᠠᠭᠠᠨ ᠭᠠᠷᠭᠠᠪᠠ᠃ ᠡᠳᠡᠭᠡᠷ ᠲᠠᠸᠠᠷ ᠪᠣᠯ ᠴᠥᠮ ᠬᠠᠤᠯᠢ ᠪᠤᠰᠤ ᠪᠠᠷ ᠦᠢᠯᠡᠳᠪᠦᠷᠢᠯᠡᠭᠰᠡᠨ ᠬᠠᠭᠤᠷᠮᠠᠭ ᠮᠠᠭᠤ ᠡᠯᠧᠺᠲᠷᠣᠨ ᠲᠠᠮᠠᠬᠢ ᠪᠤᠯᠬᠤ ᠶᠤᠮ᠂ ᠲᠡᠭᠦᠨ ᠤ ᠬᠡᠯᠪᠡᠷᠢ ᠳᠦᠷᠰᠦ ᠨᠢ ᠬᠡᠦᠬᠡᠳ ᠤᠨ ᠲᠣᠭᠯᠠᠭᠠᠮ᠂ ᠰᠢᠨ᠎ᠡ ᠤᠮᠳᠠᠭᠠᠨ ᠪᠤᠶᠤ ᠢᠳᠡᠭᠡᠨ ᠤ ᠵᠦᠢᠯ ᠰᠢᠭ ᠪᠠᠶᠢᠵᠤ᠂ ᠬᠡᠦᠬᠡᠳ ᠪᠠᠭᠠᠴᠤᠳ ᠢ ᠤᠷᠤᠭᠤ ᠲᠠᠲᠠᠳᠠᠭ ᠮᠥᠷᠲᠡᠭᠡᠨ ᠪᠦᠲᠦᠴᠡ ᠪᠦᠷᠢᠯᠳᠦᠭᠦᠨ ᠨᠢ ᠪᠤᠳᠤᠯᠢᠶᠠᠨᠲᠠᠢ᠂ ᠦᠢᠯᠡᠳᠬᠦᠨ ᠤ ᠶᠠᠰᠤ ᠴᠢᠨᠠᠷ ᠨᠢ ᠠᠨᠠᠢ᠂ ᠠᠮᠤᠷ ᠲᠦᠪᠰᠢᠨ ᠤ ᠭᠡᠮ ᠰᠣᠭᠤᠭ ᠲᠠᠢ ᠪᠣᠯᠬᠤᠷ ᠬᠡᠦᠬᠡᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠥᠯᠥᠭᠡᠯᠡᠳᠡᠭ ᠶᠤᠮ᠃ ᠵᠠᠪᠰᠢᠭᠴᠢᠳ ᠭᠤᠣᠯᠳᠠᠭᠤ ᠰᠦᠯᠵᠢᠶᠡᠨ ᠳᠡᠭᠡᠷ᠎ᠡ ᠨᠢᠭᠤᠴᠠ ᠪᠠᠷ ᠪᠣᠷᠣᠯᠠᠭᠤᠯᠳᠠᠭ ᠪᠥᠭᠡᠳ ᠵᠠᠷᠢᠮ ᠨᠢ ᠪᠦᠷ ᠬᠡᠦᠬᠡᠳ ᠪᠠᠭᠠᠴᠤᠳ ᠢ ᠳᠠᠮᠵᠢᠨ ᠪᠣᠷᠣᠯᠠᠭᠤᠯᠤᠭᠴᠢ ᠪᠠᠨ ᠪᠤᠯᠭᠠᠬᠤ ᠪᠠᠷ ᠥᠳᠥᠭᠡᠨ ᠲᠠᠲᠠᠳᠠᠭ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号