ᠡᠷᠳᠡᠨᠢ ᠰᠢᠰᠢ ᠶᠢᠨ ᠦᠨ᠎ᠡ ᠦᠷᠳᠡᠭ ᠶᠡᠬᠡᠪᠡᠷ ᠨᠡᠮᠡᠭᠳᠡᠵᠦ ᠪᠠᠶᠢᠨ᠎ᠠ
ᠨᠡᠶᠢᠲᠡᠯᠡᠭᠰᠡᠨ ᠴᠠᠭ᠄
2023/3/27
         ᠡᠷᠳᠡᠨᠢ ᠰᠢᠰᠢ ᠶᠢᠨ ᠦᠨ᠎ᠡ ᠦᠷᠳᠡᠭ ᠶᠡᠬᠡᠪᠡᠷ ᠨᠡᠮᠡᠭᠳᠡᠵᠦ ᠪᠠᠶᠢᠨ᠎ᠠ     ᠡᠷᠳᠡᠨᠢ ᠰᠢᠰᠢ ᠶᠢᠨ ᠪᠤᠳᠠᠭ᠎ᠠ᠂ ᠭᠤᠯᠢᠷ᠂ ᠡᠷᠳᠡᠨᠢ ᠰᠢᠰᠢ ᠪᠠᠷ ᠬᠢᠭᠰᠡᠨ ᠴᠠᠷᠳᠠᠭᠤᠯ᠂ ᠰᠢᠬᠢᠷ ᠤᠨ ᠲᠦᠷᠦᠯ ᠪᠠ ᠰᠢᠪᠲᠦᠷᠲᠦ ᠬᠦᠴᠢᠯ ᠵᠡᠷᠭᠡ ᠨᠢ ᠬᠥᠮᠥᠰ ᠲᠤ ᠠᠮᠤ ᠬᠦᠨᠡᠰᠦᠨ ᠤ ᠪᠠᠲᠤᠯᠠᠭ᠎ᠠ ᠪᠠ ᠰᠢᠮ᠎ᠡ ᠲᠡᠵᠢᠭᠡᠯ ᠤᠨ ᠬᠠᠩᠭᠠᠯᠭ᠎ᠠ ᠪᠣᠯᠵᠤ ᠪᠠᠶᠢᠳᠠᠭ᠂ ᠬᠡᠷᠡᠭᠯᠡᠭᠡᠨ ᠤ ᠨᠡᠮᠡᠭᠳᠡᠯ ᠪᠣᠯᠣᠨ ᠮᠡᠷᠭᠡᠵᠢᠯ ᠤᠨ ᠲᠠᠪᠰᠢᠯᠳᠠ ᠶᠢ ᠳᠠᠭᠠᠯᠳᠤᠨ᠂ ᠡᠷᠳᠡᠨᠢ ᠰᠢᠰᠢ ᠶᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠴᠤ ᠲᠠᠰᠤᠷᠠᠯᠳᠠ ᠦᠭᠡᠢ ᠥᠷᠭᠡᠵᠢᠨ ᠨᠡᠮᠡᠭᠳᠡᠵᠦ᠂ ᠵᠠᠬ᠎ᠠ ᠳᠡᠯᠭᠡᠭᠦᠷ ᠲᠠᠬᠢ ᠬᠡᠷᠡᠭᠯᠡᠭᠡ ᠨᠢ ᠤᠯᠠᠮ ᠢᠶᠠᠷ ᠨᠡᠮᠡᠭᠳᠡᠵᠦ᠂ ᠦᠨ᠎ᠡ ᠦᠷᠳᠡᠭ ᠨᠢ ᠶᠡᠬᠡᠪᠡᠷ ᠳᠡᠭᠡᠭᠰᠢᠯᠡᠵᠦ ᠪᠠᠶᠢᠨ᠎ᠠ᠃ ᠲᠤᠬᠠᠶᠢᠯᠠᠪᠠᠯ ᠬᠤᠭᠤᠯᠠᠨ ᠤ ᠭᠠᠵᠠᠷ ᠲᠤ᠂ ᠡᠷᠳᠡᠨᠢ ᠰᠢᠰᠢ ᠪᠠᠷ ᠬᠢᠭᠰᠡᠨ ᠡᠷᠳᠡᠨᠢ ᠰᠢᠰᠢ ᠶᠢᠨ ᠰᠥᠮᠥᠰᠤ ᠨᠢ ᠬᠥᠮᠥᠰ ᠤᠨ ᠳᠤᠷᠠᠲᠠᠢ ᠤᠮᠳᠠᠭ᠎ᠠ ᠪᠣᠯᠵᠤ ᠪᠠᠶᠢᠳᠠᠭ᠃ ᠡᠷᠳᠡᠨᠢ ᠰᠢᠰᠢ ᠪᠠᠷ ᠪᠠᠰᠠ ᠴᠣᠮᠣ᠂ ᠰᠣᠷᠣᠭᠤᠯ ᠭᠤᠤᠷᠰᠤ᠂ ᠬᠢᠳᠤᠭ᠎ᠠ ᠰᠡᠷᠡᠭᠡ ᠵᠡᠷᠭᠡ ᠶᠢ ᠬᠢᠵᠦ ᠪᠤᠯᠳᠠᠭ ᠶᠤᠮ ᠪᠠᠶᠢᠨ᠎ᠠ᠃ ᠡᠷᠳᠡᠨᠢ ᠰᠢᠰᠢ ᠪᠠᠷ ᠬᠢᠭᠰᠡᠨ ᠡᠳᠡᠭᠡᠷ ᠪᠦᠲᠦᠭᠡᠭᠳᠡᠬᠦᠨ  ᠨᠢ ᠡᠪᠳᠡᠷᠡᠵᠦ ᠬᠠᠭᠠᠷᠠᠭᠠᠳ ᠬᠠᠶᠠᠭᠳᠠᠭᠰᠠᠨ ᠤ ᠲᠠᠷᠠᠭ᠎ᠠ᠂ ᠬᠥᠷᠥᠰᠥᠨ ᠳᠤ ᠠᠮᠠᠷᠬᠠᠨ ᠵᠠᠳᠠᠷᠠᠳᠠᠭ ᠪᠥᠭᠡᠳ ᠪᠣᠬᠢᠷᠳᠤᠯ ᠡᠭᠦᠰᠬᠡᠬᠦ ᠦᠭᠡᠢ ᠪᠠᠶᠢᠳᠠᠭ᠃          ᠢᠩᠭᠢᠭᠡᠳ ᠡᠷᠳᠡᠨᠢ ᠰᠢᠰᠢ ᠨᠢ ᠬᠥᠮᠥᠰ ᠲᠤ ᠬᠤᠭᠤᠯᠠ ᠤᠮᠳᠠ ᠪᠣᠯᠵᠤ ᠪᠠᠶᠢᠬᠤ ᠪᠠᠷ ᠪᠠᠷᠠᠬᠤ ᠦᠭᠡᠢ ᠪᠠᠰᠠ ᠵᠠᠬ᠎ᠠ ᠳᠡᠯᠭᠡᠭᠦᠷ ᠤᠨ ᠬᠡᠷᠡᠭᠯᠡᠭᠡ ᠶᠢ ᠥᠷᠭᠡᠳᠬᠡᠵᠦ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠦ᠂ ᠰᠠᠶᠢᠨ ᠰᠠᠶᠢᠬᠠᠨ ᠣᠷᠴᠢᠯ ᠡᠷᠭᠢᠯᠲᠡ ᠶᠢ ᠪᠤᠢ ᠪᠤᠯᠭᠠᠵᠦ ᠪᠠᠶᠢᠭ᠎ᠠ ᠶᠤᠮ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号