ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠥᠰᠬᠡᠨ᠎ᠡ | | ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽2022 ᠣᠨ ᠳᠤ ᠠᠵᠢᠯ ᠠᠴᠠ ᠪᠠᠨ ᠠᠮᠠᠷᠠᠭᠰᠠᠳ ᠤᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠢ ᠨᠡᠶᠢᠲᠡᠯᠡᠨ᠂ | 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠨᠥᠬᠦᠵᠦ ᠬᠡᠷᠡᠭᠵᠢᠭᠦᠯᠬᠦ ᠪᠠᠷ ᠲᠣᠭᠲᠠᠪᠠ᠃ | | ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠪᠠᠷᠢᠮᠵᠢᠶ᠎ᠠ᠄ | ︵ᠨᠢᠭᠡ︶ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠠᠯᠪᠠᠨ ᠪᠠᠶᠢᠭᠤᠯᠭ᠎ᠠ᠂ | ᠠᠵᠢᠯ ᠦᠢᠯᠡᠰ ᠤᠨ ᠨᠢᠭᠡᠴᠢ᠂ ᠠᠵᠤ ᠠᠬᠤᠶᠢᠯᠠᠯ ᠠᠴᠠ ᠲᠣᠭᠲᠠᠭᠠᠯ ᠶᠣᠰᠣᠭᠠᠷ ᠠᠵᠢᠯ ᠠᠴᠠ ᠪᠠᠨ ᠠᠮᠠᠷᠠᠬᠤ ᠭᠠᠷ | ᠭᠦᠢᠴᠡᠳᠬᠡᠯ ᠢᠶᠠᠨ ᠬᠢᠭᠰᠡᠨ ᠮᠥᠷᠲᠡᠭᠡᠨ ᠰᠠᠷ᠎ᠠ ᠪᠦᠷᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ | ᠬᠤᠪᠢᠳᠠᠨ ᠠᠪᠴᠤ ᠪᠠᠶᠢᠭ᠎ᠠ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠰᠠᠷ᠎ᠠ | ᠳᠤ 45 ᠲᠥᠭᠦᠷᠢᠭ ᠥᠰᠬᠡᠨ᠎ᠡ᠃ | ︵ᠬᠤᠶᠠᠷ︶ ᠨᠠᠰᠤᠵᠢᠯ ᠤᠨ ᠮᠥᠩᠭᠦ ᠶᠢᠨ ᠪᠠᠷᠢᠮᠵᠢᠶ᠎ᠠ ᠪᠠᠷ ᠲᠣᠬᠢᠷᠠᠭᠤᠯᠤᠯᠲᠠ ᠬᠢᠬᠦ ᠳᠤ᠂ ᠠᠵᠢᠯ | ᠠᠴᠠ ᠪᠠᠨ ᠠᠮᠠᠷᠠᠭᠰᠠᠳ ᠤᠨ 2021 ᠣᠨ ᠤ 12 ᠳ᠋ᠤᠭᠠᠷ ᠰᠠᠷ᠎ᠠ ᠶᠢᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦᠨ ᠤ 1.6% ᠪᠠᠷ ᠥᠰᠬᠡᠨ᠎ᠡ᠃ | ︵ᠭᠤᠷᠪᠠ︶ ᠰᠦᠢᠳᠬᠡᠯ ᠲᠤᠰᠢᠶᠠᠭᠰᠠᠨ ᠬᠤᠭᠤᠴᠠᠭ᠎ᠠ ᠪᠠᠷ ᠲᠣᠬᠢᠷᠠᠭᠤᠯᠤᠯᠲᠠ ᠬᠢᠬᠦ ᠳᠤ᠂ | ᠨᠠᠰᠤᠵᠢᠯ ᠤᠨ ᠳᠠᠭᠠᠳᠬᠠᠯ ᠤᠨ ᠮᠥᠩᠭᠦ ᠲᠤᠰᠢᠶᠠᠭᠰᠠᠨ ᠬᠤᠭᠤᠴᠠᠭ᠎ᠠ ᠨᠢ 15 ᠵᠢᠯ ᠬᠦᠷᠬᠦ ᠦᠭᠡᠢ ᠪᠠᠶᠢᠪᠠᠯ ᠵᠢᠯ | ᠳᠤ 0.5 ᠲᠥᠭᠦᠷᠢᠭ ᠥᠰᠬᠡᠨ᠎ᠡ︔ 16~ 30 ᠵᠢᠯ ᠲᠤᠰᠢᠶᠠᠭᠰᠠᠨ ᠪᠠᠶᠢᠪᠠᠯ ᠵᠢᠯ ᠳᠤ 1 ᠲᠥᠭᠦᠷᠢᠭ | ᠥᠰᠬᠡᠨ᠎ᠡ︔ 31 ᠵᠢᠯ ᠠᠴᠠ ᠳᠡᠭᠡᠭᠰᠢ ᠲᠤᠰᠢᠶᠠᠭᠰᠠᠨ ᠪᠠᠶᠢᠪᠠᠯ ᠵᠢᠯ ᠳᠤ 2 ᠲᠥᠭᠦᠷᠢᠭ ᠥᠰᠬᠡᠨ᠎ᠡ᠃ | ︵ᠳᠥᠷᠪᠡ︶ ᠥᠨᠳᠥᠷ ᠨᠠᠰᠤᠲᠠᠢ ᠬᠥᠮᠥᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ | ᠬᠢᠬᠦ ᠳᠤ᠂ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠦᠬᠦᠯᠢ 70 ᠨᠠᠰᠤ ᠬᠦᠷᠦᠭᠰᠡᠨ | ᠬᠥᠮᠥᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠰᠠᠷ᠎ᠠ ᠳᠤ 30 ᠲᠥᠭᠦᠷᠢᠭ ᠥᠰᠬᠡᠨ᠎ᠡ︔ ᠪᠦᠬᠦᠯᠢ 70 | ᠨᠠᠰᠤᠨ ᠠᠴᠠ ᠳᠡᠭᠡᠭᠰᠢᠬᠢ ᠬᠥᠮᠥᠰ ᠨᠢᠭᠡ ᠨᠠᠰᠤ ᠨᠡᠮᠡᠭᠳᠡᠬᠦ ᠪᠦᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ | ᠲᠠᠬᠢᠭᠠᠳ 1 ᠲᠥᠭᠦᠷᠢᠭ ᠥᠰᠬᠡᠨ᠎ᠡ᠃ |