ᠠᠷᠤᠬᠤᠰᠢᠭᠤ ᠭᠠᠴᠠᠭ᠎ᠠ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠪᠠ ᠬᠠᠰᠢᠶᠠᠯᠠᠭ᠎ᠠ ᠶᠢᠨ ᠠᠵᠢᠯ ᠢ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2023/3/28
  ᠠᠷᠤᠬᠤᠰᠢᠭᠤ ᠭᠠᠴᠠᠭ᠎ᠠ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠪᠠ ᠬᠠᠰᠢᠶᠠᠯᠠᠭ᠎ᠠ ᠶᠢᠨ ᠠᠵᠢᠯ ᠢ ᠰᠠᠶᠢᠲᠤᠷ ᠬᠢᠵᠦ ᠪᠤᠢ                                      ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠬᠠᠭᠠᠯᠭ᠎ᠠ ᠰᠤᠮᠤᠨ ᠤ ᠠᠷᠤᠬᠤᠰᠢᠭᠤ ᠭᠠᠴᠠᠭ᠎ᠠ ᠣᠷᠴᠢᠮᠬᠠᠨ ᠭᠠᠴᠠᠭᠠᠨ ᠤ ᠨᠠᠮ ᠤᠨ ᠡᠭᠦᠷ᠂ ᠵᠥᠪᠯᠡᠯ ᠤᠨ ᠬᠠᠮᠲᠤᠷᠠᠭᠰᠠᠨ ᠬᠤᠷᠠᠯ ᠬᠢᠵᠦ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠪᠠ ᠬᠠᠰᠢᠶᠠᠯᠠᠭ᠎ᠠ ᠶᠢᠨ ᠠᠵᠢᠯ ᠢ ᠪᠠᠶᠢᠷᠢᠯᠠᠭᠤᠯᠪᠠ᠃  ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ ᠭᠠᠴᠠᠭᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠤᠯᠭᠠᠭᠰᠠᠨ ᠭᠠᠯ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠭᠠᠯ ᠤᠨᠲᠠᠷᠠᠭᠠᠬᠤ ᠪᠡᠯᠡᠳᠬᠡᠯ ᠲᠥᠬᠦᠭᠡᠷᠦᠮᠵᠢ ᠶᠢ ᠪᠦᠷᠢᠨᠰᠢᠭᠦᠯᠵᠦ᠂ ᠭᠠᠯ ᠰᠡᠷᠭᠡᠶᠢᠯᠡᠬᠦ ᠶᠢᠨ ᠠᠵᠢᠯ ᠤᠨ ᠴᠢᠬᠤᠯᠠ ᠴᠢᠨᠠᠷ ᠢ ᠡᠷᠦᠬᠡ ᠪᠦᠬᠦᠨ ᠳᠤ ᠤᠬᠠᠭᠤᠯᠤᠨ ᠨᠠᠶᠢᠳᠠᠪᠤᠷᠢᠵᠢᠭᠤᠯᠤᠨ᠂ 80 ᠡᠷᠦᠬᠡ ᠲᠠᠢ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠪᠢᠴᠢᠭ ᠤᠨ ᠭᠡᠷ᠎ᠡ ᠲᠣᠭᠲᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣ ᠪᠣᠯᠭᠠᠵᠠᠢ᠃ ᠡᠭᠦᠨ ᠤ ᠬᠠᠮᠲᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠲᠦᠷᠦ ᠶᠢᠨ ᠪᠣᠳᠣᠯᠭ᠎ᠠ᠂ ᠳᠦᠷᠢᠮ ᠲᠣᠭᠲᠠᠭᠠᠯ ᠢ ᠮᠠᠯᠴᠢᠨ ᠲᠦᠮᠡᠨ  ᠳᠤ ᠤᠬᠠᠭᠤᠯᠤᠨ ᠲᠠᠶᠢᠯᠪᠤᠷᠢᠯᠠᠭᠰᠠᠨ ᠪᠠᠶᠢᠨ᠎ᠠ᠃   ᠬᠤᠷᠠᠯ ᠤᠨ ᠳᠠᠷᠠᠭ᠎ᠠ 4 ᠳᠤᠭᠤᠶᠢᠯᠠᠩ ᠬᠤᠪᠢᠶᠠᠵᠤ᠂ ᠭᠠᠴᠠᠭᠠᠨ ᠤ ᠱᠦᠵᠢ᠂ ᠭᠠᠴᠠᠭᠠᠨ ᠤ ᠨᠢᠭᠡᠳᠦᠭᠡᠷ ᠱᠦᠵᠢ ᠂ ᠰᠤᠮᠤᠨ ᠠᠴᠠ ᠭᠠᠴᠠᠭ᠎ᠠ ᠳᠠᠭᠠᠭᠠᠴᠢᠯᠠᠭᠰᠠᠨ ᠺᠠᠳᠠᠷ ᠪᠣᠯᠣᠨ ᠭᠠᠴᠠᠭᠠᠨ ᠤ ᠡᠭᠦᠷ ᠵᠥᠪᠯᠡᠯ ᠤᠨ ᠭᠡᠰᠢᠭᠦᠳ ᠮᠠᠯᠴᠢᠨ ᠡᠷᠦᠬᠡ ᠪᠠᠷ ᠭᠦᠨᠵᠡᠭᠡᠶᠢᠷᠡᠨ ᠠᠵᠢᠯ ᠢᠶᠠᠨ ᠨᠢᠭᠡᠳ ᠨᠢᠭᠡ ᠪᠠᠷ ᠨᠠᠶᠢᠳᠠᠪᠤᠷᠢᠵᠢᠭᠤᠯᠤᠭᠰᠠᠨ ᠪᠥᠭᠡᠳ ᠬᠠᠤᠯᠢ ᠴᠠᠭᠠᠵᠠ ᠬᠤᠷᠰᠢᠭᠰᠠᠨ ᠡᠮᠨᠡᠯᠭᠡ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠂ ᠢᠷᠭᠡᠨ ᠤ ᠬᠠᠤᠯᠢ᠂ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠬᠦ᠂ ᠲᠣᠣᠷ ᠰᠦᠯᠵᠢᠶᠡᠨ ᠤ ᠠᠮᠤᠷ ᠲᠦᠪᠰᠢᠨ᠂ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠢ ᠤᠬᠠᠭᠤᠯᠤᠨ ᠲᠠᠶᠢᠯᠪᠤᠷᠢᠯᠠᠵᠤ᠂ 2100 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号