ᠲᠤᠮᠳᠠᠳᠤ ᠪᠠᠭ᠎ᠠ ᠰᠤᠷᠭᠠᠭᠤᠯᠢ ᠶᠢᠨ ᠬᠦᠳᠡᠯᠮᠦᠷᠢ ᠶᠢᠨ ᠬᠢᠴᠢᠶᠡᠯ ᠨᠢ ᠰᠤᠷᠭᠠᠭᠤᠯᠢ ᠳᠠᠪᠰᠢᠬᠤ ᠲᠠᠢ ᠬᠤᠯᠪᠤᠭ᠎ᠠ ᠲᠠᠢ ᠤᠤ︖
ᠨᠡᠶᠢᠲᠡᠯᠡᠭᠰᠡᠨ ᠴᠠᠭ᠄
2023/3/31
ᠲᠤᠮᠳᠠᠳᠤ ᠪᠠᠭ᠎ᠠ ᠰᠤᠷᠭᠠᠭᠤᠯᠢ ᠶᠢᠨ ᠬᠦᠳᠡᠯᠮᠦᠷᠢ ᠶᠢᠨ ᠬᠢᠴᠢᠶᠡᠯ ᠨᠢ ᠰᠤᠷᠭᠠᠭᠤᠯᠢ ᠳᠠᠪᠰᠢᠬᠤ ᠲᠠᠢ ᠬᠤᠯᠪᠤᠭ᠎ᠠ ᠲᠠᠢ ᠤᠤ︖     ᠡᠨᠡ ᠵᠢᠯ ᠤᠨ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠲᠤᠮᠳᠠᠳᠤ ᠪᠠᠭ᠎ᠠ ᠰᠤᠷᠭᠠᠭᠤᠯᠢ ᠳᠤ ᠬᠦᠳᠡᠯᠮᠦᠷᠢ ᠶᠢᠨ ᠬᠢᠴᠢᠶᠡᠯ ᠲᠣᠬᠢᠷᠠᠭᠤᠯᠬᠤ ᠪᠠᠷ ᠪᠠᠶᠢᠨ᠎ᠠ᠂ ᠲᠡᠭᠡᠪᠡᠯ ᠬᠦᠳᠡᠯᠮᠦᠷᠢ ᠶᠢᠨ ᠬᠢᠴᠢᠶᠡᠯ ᠳᠤ ᠶᠠᠮᠠᠷ ᠶᠠᠮᠠᠷ ᠠᠭᠤᠯᠭ᠎ᠠ ᠪᠠᠭᠲᠠᠵᠤ ᠪᠠᠶᠢᠭ᠎ᠠ ᠪᠣᠯ︖ ᠬᠦᠳᠡᠯᠮᠦᠷᠢ ᠶᠢᠨ ᠬᠢᠴᠢᠶᠡᠯ ᠨᠢ ᠰᠤᠷᠭᠠᠭᠤᠯᠢ ᠳᠠᠪᠰᠢᠬᠤ ᠲᠠᠢ ᠬᠤᠯᠪᠤᠭ᠎ᠠ  ᠲᠠᠢ ᠤᠤ︖ ᠭᠡᠬᠦ ᠵᠡᠷᠭᠡ ᠠᠰᠠᠭᠤᠳᠠᠯ ᠨᠢ ᠰᠤᠷᠤᠬᠴᠢᠳ ᠪᠠ ᠭᠡᠷ ᠤᠨ ᠠᠬᠠᠮᠠᠳ ᠤᠨ ᠠᠩᠬᠠᠷᠤᠯ ᠢ ᠲᠠᠲᠠᠵᠤ ᠪᠠᠶᠢᠨ᠎ᠠ᠃       ᠬᠦᠳᠡᠯᠮᠦᠷᠢ ᠶᠢᠨ ᠬᠢᠴᠢᠶᠡᠯ ᠳᠤ ᠡᠳᠦᠷ ᠲᠤᠳᠤᠮ ᠤᠨ ᠠᠮᠢᠳᠤᠷᠠᠯ ᠤᠨ ᠬᠦᠳᠡᠯᠮᠦᠷᠢ᠂ ᠦᠢᠯᠡᠳᠪᠦᠷᠢᠯᠡᠯ ᠤᠨ ᠬᠦᠳᠡᠯᠮᠦᠷᠢ ᠪᠠ ᠦᠢᠯᠡᠴᠢᠯᠡᠭᠡᠨ ᠤ ᠴᠢᠨᠠᠷ ᠲᠠᠢ ᠬᠦᠳᠡᠯᠮᠦᠷᠢ ᠵᠡᠷᠭᠡ ᠭᠤᠷᠪᠠᠨ ᠲᠦᠷᠦᠯ ᠪᠠᠭᠲᠠᠵᠤ ᠪᠠᠶᠢᠨ᠎ᠠ᠃ ᠡᠨᠡ   ᠨᠢ ᠲᠤᠰ ᠲᠤᠰ ᠶᠠᠮᠠᠷ ᠶᠠᠮᠠᠷ ᠠᠭᠤᠯᠭ᠎ᠠ ᠲᠠᠢ ᠪᠠᠶᠢᠳᠠᠭ ᠪᠣᠯ︖  ᠡᠨᠡ ᠲᠤᠬᠠᠢ ᠲᠤᠰᠬᠠᠢ ᠮᠡᠷᠭᠡᠵᠢᠯᠲᠡᠨ ᠤ ᠲᠠᠨᠢᠯᠴᠠᠭᠤᠯᠬᠤ ᠶᠢ ᠰᠣᠨᠣᠰᠤᠨ᠎ᠠ ᠤᠤ︕         ᠬᠦᠳᠡᠯᠮᠦᠷᠢ ᠶᠢᠨ ᠬᠢᠴᠢᠶᠡᠯ  ᠤᠨ ᠦᠨᠡᠯᠡᠯᠲᠡ  ᠶᠢᠨ ᠳ᠋ᠦᠩ ᠨᠢ ᠰᠤᠷᠭᠠᠭᠤᠯᠢ ᠳᠠᠪᠰᠢᠬᠤ   ᠲᠠᠢ ᠬᠤᠯᠪᠣᠭᠳᠠᠨ᠎ᠠ ᠤᠤ︖         ᠬᠦᠳᠡᠯᠮᠦᠷᠢ ᠶᠢᠨ ᠬᠢᠴᠢᠶᠡᠯ ᠤᠨ ᠦᠨᠡᠯᠡᠯᠲᠡ ᠨᠢ ᠭᠤᠣᠯᠳᠠᠭᠤ ᠬᠤᠶᠠᠷ ᠠᠭᠤᠯᠭ᠎ᠠ ᠲᠠᠢ ᠶᠤᠮ ᠪᠠᠶᠢᠨ᠎ᠠ᠃        ᠲᠤᠬᠠᠶᠢᠯᠠᠪᠠᠯ ᠨᠢᠭᠡ ᠳᠤ᠂ ᠬᠦᠳᠡᠯᠮᠦᠷᠢ ᠶᠢᠨ ᠬᠢᠴᠢᠶᠡᠯ ᠤᠨ ᠬᠥᠮᠦᠵᠢᠯ ᠬᠢᠬᠦ ᠶᠠᠪᠤᠴᠠ ᠳᠤ ᠶᠡᠷᠦᠩᠬᠡᠶᠢᠯᠡᠨ ᠦᠨᠡᠯᠡᠯᠲᠡ ᠬᠢᠬᠦ ᠶᠢ ᠴᠢᠩᠭᠠᠳᠬᠠᠨ᠎ᠠ᠃      ᠬᠤᠶᠠᠷ ᠲᠤ᠂ ᠬᠦᠳᠡᠯᠮᠦᠷᠢ  ᠶᠢᠨ ᠬᠢᠷᠢ ᠪᠣᠯᠪᠠᠰᠤᠷᠠᠯ  ᠤᠨ ᠦᠨᠡᠯᠡᠯᠬᠡ  ᠶᠢ ᠰᠤᠷᠤᠬᠴᠢ  ᠶᠢᠨ   ᠶᠡᠷᠦᠩᠬᠡᠶᠢᠯᠡᠭᠰᠡᠨ ᠬᠢᠷᠢ ᠪᠦᠳᠦᠮᠵᠢ ᠶᠢᠨ ᠦᠨᠡᠯᠡᠯᠲᠡ ᠶᠢᠨ ᠰᠢᠰᠲ᠋ᠧᠮ ᠳᠤ ᠣᠷᠣᠭᠤᠯᠵᠤ᠂ ᠡᠭᠦᠨ ᠢ ᠰᠤᠷᠤᠬᠴᠢ ᠶᠢᠨ ᠪᠦᠭᠦ ᠲᠠᠯ᠎ᠠ ᠶᠢᠨ ᠬᠥᠭᠵᠢᠯᠲᠡ ᠶᠢ ᠦᠨᠡᠯᠡᠬᠦ ᠴᠢᠬᠤᠯᠠ ᠠᠭᠤᠯᠭ᠎ᠠ ᠪᠤᠯᠭᠠᠵᠦ᠂ ᠰᠢᠯᠢᠳᠡᠭ ᠪᠠ ᠲᠡᠷᠢᠭᠦᠨ ᠤ ᠰᠤᠷᠤᠬᠴᠢ ᠶᠢ ᠦᠨᠡᠯᠡᠨ ᠰᠢᠯᠭᠠᠬᠤ ᠳᠤ ᠴᠢᠬᠤᠯᠠ ᠯᠠᠪᠯᠠᠯᠳᠠ ᠪᠤᠯᠭᠠᠬᠤ ᠶᠢᠨ ᠬᠠᠮᠲᠤ᠂ ᠰᠤᠷᠭᠠᠭᠤᠯᠢ ᠳᠠᠪᠰᠢᠬᠤ ᠳᠤ ᠴᠤ ᠴᠢᠬᠤᠯᠠ ᠯᠠᠪᠯᠠᠯᠳᠠ ᠪᠠ ᠪᠠᠷᠢᠮᠲᠠ ᠪᠤᠯᠭᠠᠬᠤ ᠶᠤᠮ ᠪᠠᠶᠢᠨ᠎ᠠ᠃
 
ᠢᠷᠡᠯᠲᠡ᠄ ᠰᠢᠯᠢ ᠶᠢᠨ ᠭᠣᠣᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号