ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ | ᠠᠵᠢᠯᠯᠠᠭ᠎ᠠ ᠥᠷᠨᠢᠭᠦᠯᠦᠨ᠎ᠡ | | ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠡᠮᠡᠭᠲᠡᠶᠢᠴᠦᠳ ᠬᠡᠦᠬᠡᠳ ᠪᠠᠭᠠᠴᠤᠳ ᠢ | ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠬᠤ | ᠲᠧᠯᠸᠢᠰ ᠬᠤᠷᠠᠯ ᠢ ᠣᠶᠢᠷ᠎ᠠ ᠳᠤ ᠬᠤᠷᠠᠯᠳᠤᠭᠤᠯᠵᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ | ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ | ᠪᠣᠯᠭᠠᠭᠰᠠᠨ ᠬᠥᠭᠵᠢᠯᠲᠡ ᠶᠢᠨ ᠵᠣᠷᠢᠭ ᠰᠠᠨᠠᠭ᠎ᠠ ᠶᠢ ᠪᠠᠬᠢᠵᠢᠭᠦᠯᠵᠦ᠂ ᠤᠯᠤᠰ ᠲᠥᠷᠥ ᠶᠢᠨ ᠵᠣᠭᠰᠣᠯᠲᠠ ᠪᠠᠨ ᠳᠡᠭᠡᠭᠰᠢᠯᠡᠭᠦᠯᠵᠦ᠂ | ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ | ᠠᠵᠢᠯᠯᠠᠭ᠎ᠠ ᠶᠢ ᠳᠠᠷᠤᠶᠢᠬᠠᠨ ᠵᠣᠬᠢᠶᠠᠨ ᠪᠠᠶᠢᠭᠤᠯᠤᠨ ᠥᠷᠨᠢᠭᠦᠯᠵᠦ᠂ ᠡᠮᠡᠭᠲᠡᠶᠢᠴᠦᠳ ᠬᠡᠦᠬᠡᠳ ᠪᠠᠭᠠᠴᠤᠳ ᠤᠨ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠤᠯᠤᠰ ᠲᠥᠷᠥ ᠶᠢᠨ ᠠᠮᠤᠷ ᠲᠦᠪᠰᠢᠨ ᠪᠣᠯᠣᠨ ᠨᠡᠶᠢᠭᠡᠮ ᠤᠨ | ᠲᠠᠶᠢᠪᠤᠩ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ | ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠱᠠᠭᠠᠷᠳᠠᠬᠤ ᠳᠠᠭᠠᠨ᠂ ᠣᠳᠣᠬᠠᠨ ᠤ ᠮᠡᠬᠡᠯᠡᠨ ᠬᠤᠳᠠᠯᠳᠤᠬᠤ ᠶᠠᠯᠠᠲᠤ | ᠠᠵᠢᠯᠯᠠᠭ᠎ᠠ ᠶᠢᠨ ᠰᠢᠨ᠎ᠡ ᠪᠠᠶᠢᠳᠠᠯ ᠰᠢᠨ᠎ᠡ ᠣᠨᠴᠠᠯᠢᠭ ᠢ ᠭᠦᠢᠴᠡᠳ ᠲᠠᠨᠢᠵᠤ᠂ ᠴᠢᠩᠭ᠎ᠠ ᠬᠦᠴᠦᠲᠡᠢ᠂ ᠣᠯᠠᠨ ᠵᠦᠢᠯ ᠤᠨ | ᠠᠷᠭ᠎ᠠ ᠬᠡᠮᠵᠢᠶ᠎ᠡ ᠠᠪᠴᠤ᠂ ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠥᠨᠥ ᠵᠢᠯ ᠤᠨ ᠭᠤᠣᠯ ᠡᠭᠦᠷᠭᠡ ᠪᠠᠨ ᠪᠣᠯᠭᠠᠵᠤ᠂ ᠡᠶᠢᠮᠦ ᠶᠠᠯᠠᠲᠤ ᠠᠵᠢᠯᠯᠠᠭ᠎ᠠ ᠶᠢ | ᠲᠦᠷᠭᠡᠨ ᠮᠥᠷᠳᠡᠨ ᠢᠯᠡᠷᠡᠭᠦᠯᠵᠦ᠂ ᠨᠢᠭᠡ ᠪᠦᠯᠦᠭ ᠶᠠᠯᠠᠲᠤ ᠡᠲᠡᠭᠡᠳ ᠢ ᠴᠢᠩᠭ᠎ᠠ ᠵᠠᠯᠬᠠᠭᠠᠨ ᠰᠢᠢᠳᠬᠡᠵᠦ᠂ | ᠬᠤᠳᠠᠯᠳᠤᠭᠳᠠᠭᠰᠠᠨ ᠨᠢᠭᠡ ᠪᠦᠯᠦᠭ ᠡᠮᠡᠭᠲᠡᠶᠢᠴᠦᠳ ᠬᠡᠦᠬᠡᠳ ᠪᠠᠭᠠᠴᠤᠳ ᠢ ᠠᠪᠤᠷᠠᠵᠤ᠂ ᠡᠶᠢᠮᠦ ᠶᠠᠯᠠᠲᠤ ᠬᠡᠷᠡᠭ ᠦᠢᠯᠡᠳᠬᠦ | ᠶᠢ ᠡᠷᠡᠰ ᠠᠷᠢᠯᠭᠠᠵᠤ᠂ ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ᠂ ᠠᠪᠤᠷᠠᠨ ᠲᠤᠰᠠᠯᠠᠬᠤ᠂ ᠲᠥᠪᠬᠢᠨᠡᠭᠦᠯᠬᠦ ᠶᠢ ᠨᠢᠭᠡ | ᠴᠣᠭᠴᠠᠵᠢᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ ᠭᠡᠵᠡᠢ᠃ | ᠨᠢᠭᠡ ᠪᠦᠯᠦᠭ ᠰᠦᠪᠡᠭᠴᠢ ᠶᠢ ᠬᠦᠴᠦ ᠪᠠᠨ ᠲᠥᠪᠯᠡᠷᠡᠭᠦᠯᠦᠨ ᠪᠠᠶᠢᠴᠠᠭᠠᠵᠤ᠂ ᠢᠯᠠᠩᠭᠤᠶ᠎ᠠ ᠢᠷᠠᠯ ᠭᠠᠷᠤᠯ ᠨᠢ ᠲᠣᠳᠣᠷᠬᠠᠢ | ᠦᠭᠡᠢ ᠲᠡᠨᠦᠭᠦᠯᠴᠢᠨ᠂ ᠭᠤᠶᠢᠷᠠᠨᠴᠢ᠂ ᠮᠡᠳᠡᠷᠡᠯ ᠤᠨ ᠡᠪᠡᠳᠴᠢᠨ ᠲᠠᠢ᠂ ᠳᠦᠯᠡᠢ ᠶᠠᠪᠠ ᠵᠡᠷᠭᠡ ᠡᠮᠡᠭᠲᠡᠶᠢᠴᠦᠳ ᠬᠡᠦᠬᠡᠳ | ᠪᠠᠭᠠᠴᠤᠳ ᠢ ᠪᠦᠬᠦ ᠲᠠᠯ᠎ᠠ ᠪᠠᠷ ᠪᠠᠶᠢᠴᠠᠭᠠᠵᠤ ᠬᠠᠮᠢᠶᠠᠲᠠᠢ ᠪᠠᠶᠢᠳᠠᠯ ᠢ ᠨᠢ ᠲᠣᠳᠣᠯᠠᠬᠤ ᠬᠡᠷᠡᠭᠲᠡᠢ᠃ ︽ᠠᠷᠠᠳ ᠤᠨ ᠴᠠᠭᠳᠠᠭ᠎ᠠ | ᠠᠶᠢᠯ ᠡᠷᠦᠬᠡ ᠪᠠᠷ ᠭᠦᠨᠵᠡᠭᠡᠶᠢᠷᠡᠨ ᠣᠶᠢᠯᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ᠂ ᠵᠡᠭᠡᠯᠢ | ᠭᠤᠳᠤᠮᠵᠢ ᠪᠣᠯᠣᠨ ᠲᠣᠰᠬᠤᠨ ᠤ ᠠᠵᠢᠯᠲᠠᠳ ᠲᠠᠢ ᠬᠠᠮᠲᠤ ᠠᠶᠢᠯ ᠡᠷᠦᠬᠡ ᠪᠠᠷ ᠭᠦᠨᠵᠡᠭᠡᠶᠢᠷᠡᠵᠦ᠂ ᠠᠰᠠᠷᠠᠮᠵᠢ ᠶᠢᠨ | ᠬᠦᠷᠢᠶᠡᠯᠡᠩ᠂ ᠠᠪᠤᠷᠠᠨ ᠲᠤᠰᠠᠯᠠᠬᠤ ᠪᠠᠶᠢᠭᠤᠯᠤᠮᠵᠢ ᠵᠡᠷᠭᠡ ᠪᠠᠷ ᠰᠤᠷᠪᠤᠯᠵᠢᠯᠠᠵᠤ᠂ ᠡᠮᠡᠭᠲᠡᠶᠢᠴᠦᠳ ᠬᠡᠦᠬᠡᠳ ᠪᠠᠭᠠᠴᠤᠳ ᠤᠨ | ᠡᠷᠬᠡ ᠠᠰᠢᠭ ᠢ ᠬᠤᠬᠢᠷᠠᠭᠤᠯᠤᠭᠰᠠᠨ ᠰᠦᠪᠡᠭᠴᠢ ᠶᠢ ᠪᠠᠶᠢᠴᠠᠭᠠᠨ ᠲᠣᠳᠣᠯᠠᠵᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠤᠨ ᠡᠭᠦᠷᠭᠡ | ᠴᠢᠳᠠᠪᠬᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠰᠠᠷᠠᠮᠵᠢ ᠬᠦᠷᠲᠡᠭᠡᠵᠦ ᠠᠪᠤᠷᠠᠨ ᠲᠤᠰᠠᠯᠠᠬᠤ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠴᠢᠯᠡᠭᠡ᠂ ᠪᠣᠯᠭᠤᠭᠠᠨ ᠲᠣᠬᠤᠨᠢᠭᠤᠯᠬᠤ ᠵᠡᠷᠭᠡ ᠠᠵᠢᠯ ᠤᠨ ᠳᠤᠮᠳᠠ ᠪᠠᠨ ᠮᠡᠬᠡᠯᠡᠨ ᠬᠤᠳᠠᠯᠳᠤᠭᠰᠠᠨ | ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠢ ᠳᠤᠨᠢ ᠢᠯᠡᠷᠡᠭᠦᠯᠬᠦ ᠬᠡᠷᠡᠭᠲᠡᠢ᠃ ᠢᠯᠡᠴᠢᠯᠡᠨ ᠮᠡᠳᠡᠭᠦᠯᠬᠦ ᠲᠣᠭᠲᠠᠴᠠ | ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠬᠤ ᠬᠡᠷᠡᠭᠲᠡᠢ᠃ ᠬᠤᠳᠠᠯᠳᠤᠭᠳᠠᠭᠰᠠᠨ ᠪᠠᠶᠢᠵᠤ | ᠮᠡᠳᠡᠬᠦ ᠬᠥᠮᠥᠰ ᠪᠣᠯᠣᠨ ᠡᠷᠢᠵᠦ ᠬᠠᠶᠢᠵᠤ ᠪᠠᠶᠢᠭ᠎ᠠ ᠭᠡᠷ ᠪᠦᠯᠢ ᠶᠢᠨ ᠬᠥᠮᠥᠰ ᠤᠨ ᠴᠢᠮᠡᠭᠡ ᠵᠠᠩᠭᠢ ᠶᠢ ᠲᠡᠷᠡ ᠳᠣᠣᠷ᠎ᠠ ᠨᠢ | ᠴᠤᠭᠯᠠᠭᠤᠯᠵᠤ᠂ ᠰᠤᠳᠤᠯᠤᠨ ᠮᠠᠭᠠᠳᠯᠠᠵᠤ᠂ ᠲᠤᠰᠬᠠᠢ ᠠᠵᠢᠯᠯᠠᠭ᠎ᠠ ᠳᠤ ᠬᠦᠴᠦᠲᠡᠢ ᠲᠦᠰᠢᠭ ᠬᠠᠩᠭᠠᠬᠤ ᠬᠡᠷᠡᠭᠲᠡᠢ ᠭᠡᠵᠦ | ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠱᠠᠭᠠᠷᠳᠠᠭᠰᠠᠨ ᠪᠠᠶᠢᠨ᠎ᠠ᠃ | ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠱᠠᠭᠠᠷᠳᠠᠬᠤ ᠳᠠᠭᠠᠨ᠂ ᠵᠣᠬᠢᠶᠠᠨ ᠪᠠᠶᠢᠭᠤᠯᠵᠤ ᠤᠳᠤᠷᠢᠳᠬᠤ ᠪᠠᠨ | ᠴᠢᠩᠭᠠᠳᠬᠠᠵᠤ᠂ ᠬᠠᠮᠵᠢᠯᠴᠠᠵᠤ ᠵᠣᠬᠢᠴᠠᠭᠤᠯᠬᠤ ᠪᠠᠨ ᠡᠷᠴᠢᠮᠵᠢᠭᠦᠯᠵᠦ᠂ ᠲᠤᠰᠬᠠᠢ ᠠᠵᠢᠯᠯᠠᠭ᠎ᠠ ᠶᠢᠨ ᠪᠣᠳᠠᠲᠤ ᠦᠷ᠎ᠡ ᠠᠰᠢᠭ | ᠣᠯᠬᠤ ᠶᠢ ᠪᠠᠲᠤᠯᠠᠬᠤ ᠬᠡᠷᠡᠭᠲᠡᠢ᠃ ᠶᠡᠷᠦᠩᠬᠡᠶᠢᠯᠡᠨ ᠵᠠᠰᠠᠨ ᠴᠡᠭᠴᠡᠯᠡᠬᠦ᠂ ᠡᠬᠢ ᠦᠨᠳᠦᠰᠦᠨ ᠠᠴᠠ ᠨᠢ ᠵᠠᠰᠠᠨ ᠴᠡᠭᠴᠡᠯᠡᠬᠦ ᠶᠢ | ᠴᠢᠩᠭᠠᠳᠬᠠᠵᠤ᠂ ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠭᠠᠷᠬᠤ ᠶᠢ ᠠᠯᠢ | ᠴᠢᠳᠠᠬᠤ ᠪᠠᠷ ᠠᠷᠢᠯᠭᠠᠬᠤ ᠬᠡᠷᠡᠭᠲᠡᠢ᠃ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠨᠡᠶᠢᠭᠡᠮ ᠲᠣᠭᠤᠷᠢᠭ᠂ ᠰᠤᠷᠭᠠᠭᠤᠯᠢ᠂ | ᠠᠵᠤ ᠠᠬᠤᠶᠢᠯᠠᠯ᠂ ᠠᠶᠢᠯ ᠡᠷᠦᠬᠡ ᠳᠤ ᠬᠦᠷᠲᠡᠯ᠎ᠡ ᠰᠤᠷᠲᠠᠯᠴᠢᠯᠠᠨ ᠤᠬᠠᠭᠤᠯᠵᠤ᠂ ᠪᠦᠬᠦ ᠠᠷᠠᠳ ᠤᠨ ᠡᠮᠡᠭᠲᠡᠶᠢᠴᠦᠳ ᠬᠡᠦᠬᠡᠳ | ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠶᠢ ᠡᠰᠡᠷᠭᠦᠴᠡᠬᠦ ᠤᠬᠠᠮᠰᠠᠷ ᠢ ᠴᠢᠩᠭᠠᠳᠬᠠᠵᠤ᠂ ᠥᠪᠡᠷ ᠢ ᠪᠠᠨ | ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃ |