ᠡᠨᠡ ᠵᠠᠷᠤᠳᠠᠯ ᠢ ᠬᠡᠯᠲᠦᠷᠢᠭᠦᠯᠦᠨ᠎ᠡ
ᠨᠡᠶᠢᠲᠡᠯᠡᠭᠰᠡᠨ ᠴᠠᠭ᠄
2023/4/10
               ᠡᠨᠡ ᠵᠠᠷᠤᠳᠠᠯ ᠢ ᠬᠡᠯᠲᠦᠷᠢᠭᠦᠯᠦᠨ᠎ᠡ     ᠤᠯᠤᠰ ᠤᠨ  ᠭᠠᠶᠢᠯᠢ ᠶᠢᠨ  ᠶᠠᠪᠤᠳᠠᠯ ᠤᠨ  ᠶᠡᠷᠦᠩᠬᠡᠢ  ᠲᠣᠪᠴᠢᠶ᠎ᠠ ᠶᠢᠨ  ᠲᠦᠷᠦᠭᠦᠬᠡᠨ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ ᠲᠦᠷᠦᠭᠦᠦ 7 ᠰᠠᠷ᠎ᠠ ᠳᠤ᠂  ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ 406.8 ᠳ᠋ᠦᠩᠰᠢᠭᠤᠷ ᠲᠥᠭᠦᠷᠢᠭ  ᠬᠡᠯᠲᠦᠷᠢᠭᠦᠯᠵᠦ᠂   ᠠᠳᠠᠯᠢ ᠬᠤᠭᠤᠴᠠᠭᠠᠨ ᠤ ᠬᠢ ᠠᠴᠠ 108.5 % ᠪᠠᠷ ᠨᠡᠮᠡᠭᠳᠡᠪᠡ᠃                ᠵᠠᠬ᠎ᠠ ᠳᠡᠯᠭᠡᠭᠦᠷ ᠤᠨ ᠬᠥᠮᠥᠰ ᠤᠨ ᠵᠠᠳᠠᠯᠤᠭᠰᠠᠨ ᠢᠶᠠᠷ᠂ ᠰᠢᠨ᠎ᠡ ᠡᠨᠧᠷᠭᠢ ᠶᠢᠨ ᠮᠠᠰᠢᠨ ᠲᠡᠷᠭᠡ  ᠬᠤᠳᠠᠯᠳᠤᠨ ᠠᠪᠬᠤ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ  ᠳᠠᠬᠢᠨᠲᠠ ᠤᠷᠲᠤᠳᠬᠠᠬᠤ ᠨᠢ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠷᠭᠦᠯᠵᠢᠯᠡᠨ ᠬᠥᠭᠵᠢᠭᠡᠵᠦ᠂ ᠠᠵᠤ  ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠬᠤ ᠠᠴᠠ ᠭᠠᠳᠠᠨ᠎ᠠ᠂ ᠪᠠᠰᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠪᠠ ᠮᠡᠷᠭᠡᠵᠢᠯ ᠤᠨ ᠰᠢᠨ᠎ᠡ ᠡᠭᠦᠳᠦᠯᠲᠡ ᠶᠢ ᠤᠯᠠᠮ ᠠᠬᠢᠭᠤᠯᠵᠤ᠂  ᠦᠢᠯᠡᠳᠬᠦᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠣᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ  ᠲᠥᠷᠥ ᠶᠢᠨ  ᠪᠣᠳᠣᠯᠭ᠎ᠠ ᠶᠢ2023 ᠣᠨ ᠤ ᠡᠴᠦᠰ ᠪᠣᠯᠲᠠᠯ᠎ᠠ ᠦᠷᠭᠦᠯᠵᠢᠯᠡᠨ ᠬᠡᠷᠡᠭᠵᠢᠭᠦᠯᠬᠦ ᠪᠣᠯᠤᠭᠰᠠᠨ ᠨᠢ᠂  2014 ᠣᠨ ᠳᠤ ᠮᠠᠨ ᠤ  ᠤᠯᠤᠰ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ  ᠭᠠᠶᠢᠯᠢ ᠶᠢ ᠬᠡᠯᠲᠦᠷᠢᠭᠦᠯᠬᠦ  ᠲᠥᠷᠥ ᠶᠢᠨ ᠪᠣᠳᠣᠯᠭ᠎ᠠ ᠶᠢ  ᠠᠩᠬ᠎ᠠ ᠤᠳᠠᠭ᠎ᠠ ᠬᠡᠷᠡᠭᠵᠢᠭᠦᠯᠦᠭᠰᠡᠨ ᠤ ᠳᠠᠷᠠᠭ᠎ᠠ᠂ ᠡᠨᠡ ᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ  ᠭᠤᠷᠪᠠᠳᠠᠭᠢ ᠤᠳᠠᠭ᠎ᠠ ᠤᠷᠲᠤᠳᠬᠠᠨ ᠬᠡᠷᠡᠭᠵᠢᠭᠦᠯᠵᠦ ᠪᠤᠢ᠂ ᠵᠢᠱᠢᠯᠲᠡ ᠪᠠᠷ ᠲᠡᠷᠭᠡ ᠬᠤᠳᠠᠯᠳᠤᠨ ᠠᠪᠬᠤ ᠭᠠᠶᠢᠯᠢ ᠶᠢ 1000 ᠳ᠋ᠦᠩᠰᠢᠭᠤᠷ ᠲᠥᠭᠦᠷᠢᠭ ᠬᠡᠯᠲᠦᠷᠢᠭᠦᠯᠬᠦ ᠪᠣᠯᠣᠨ᠎ᠠ᠃        
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号