ᠨᠤᠲᠤᠭ ᠪᠡᠯᠴᠢᠭᠡᠷ ᠤᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠬᠦ ᠲᠤᠬᠠᠢ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/4/10
  ᠨᠤᠲᠤᠭ ᠪᠡᠯᠴᠢᠭᠡᠷ ᠤᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠬᠦ ᠲᠤᠬᠠᠢ ᠰᠠᠨᠠᠭᠠᠴᠢᠯᠠᠭ᠎ᠠ ᠶᠢᠨ ᠪᠢᠴᠢᠭ   ᠥᠷᠭᠡᠨ ᠣᠯᠠᠨ ᠮᠠᠯᠴᠢᠨ ᠲᠦᠮᠡᠨ ︵ᠰᠠᠭᠤᠭᠠᠯᠢ ᠠᠷᠠᠳ︶ ᠳᠤ᠄   ᠣᠶᠢᠷ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠳᠤ ᠦᠷᠭᠦᠯᠵᠢ ᠶᠡᠭᠡ ᠰᠠᠯᠬᠢ ᠰᠠᠯᠬᠢᠯᠠᠵᠤ᠂ ᠭᠠᠯ ᠤᠨ ᠠᠶᠤᠯ ᠡᠭᠦᠰᠬᠦ ᠪᠤᠯᠤᠮᠵᠢ ᠨᠡᠮᠡᠭᠳᠡᠭᠰᠡᠨ ᠪᠠᠶᠢᠨ᠎ᠠ᠃ ᠥᠷᠭᠡᠨ ᠣᠯᠠᠨ ᠮᠠᠯᠴᠢᠨ ᠲᠦᠮᠡᠨ ︵ᠰᠠᠭᠤᠭᠠᠯᠢ ᠠᠷᠠᠳ︶ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠳᠣᠤᠷᠠᠬᠢ ᠮᠡᠲᠦ ᠰᠠᠨᠠᠭᠠᠴᠢᠯᠠᠶ᠎ᠠ᠄  ⒈ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ᠂ 7 ᠳᠡᠰ ᠠᠴᠠ ᠳᠡᠭᠡᠭᠰᠢᠬᠢ ᠶᠡᠭᠡ ᠰᠠᠯᠬᠢᠨ ᠲᠠᠢ ᠡᠳᠦᠷ᠂ ᠪᠤᠶ ᠪᠦᠬᠦᠢ ᠰᠤᠮᠤ ᠪᠠᠯᠭᠠᠰᠤ᠂ ᠭᠠᠴᠠᠭ᠎ᠠ᠂ ᠪᠠᠷᠢᠯᠭ᠎ᠠ ᠶᠢᠨ ᠭᠠᠵᠠᠷ ᠵᠢᠴᠢ ᠪᠠᠶᠢᠭᠠᠯᠢ  ᠶᠢᠨ ᠬᠠᠮᠠᠭᠠᠯᠠᠯᠲᠠ ᠶᠢᠨ ᠣᠷᠣᠨ ᠳᠤ ᠢᠯᠡ ᠭᠠᠯ ᠢᠶᠠᠷ ᠲᠤᠭᠤᠭᠠᠯᠠᠬᠤ ᠶᠢ ᠴᠥᠮ ᠴᠠᠭᠠᠵᠠᠯᠠᠬᠤ ᠮᠥᠷᠲᠡᠭᠡᠨ ᠭᠡᠷ ᠤᠨ ᠭᠠᠳᠠᠨ᠎ᠠ ᠲᠠᠮᠠᠬᠢ ᠲᠠᠲᠠᠬᠤ ᠶᠢ ᠴᠢᠩᠭ᠎ᠠ ᠴᠠᠭᠠᠵᠠᠯᠠᠨ᠎ᠠ᠃  ⒉ᠭᠠᠯ ᠰᠡᠷᠭᠡᠶᠢᠯᠡᠬᠦ ᠬᠤᠭᠤᠴᠠᠭᠠᠨ ᠳᠤ᠂ ᠤᠢ ᠰᠢᠭᠤᠢ ᠨᠤᠲᠤᠭ ᠪᠡᠯᠴᠢᠭᠡᠷ ᠲᠤ ᠬᠤᠭ ᠨᠣᠪᠰᠢ ᠰᠢᠲᠠᠭᠠᠬᠤ᠂ ᠲᠡᠵᠢᠭᠡᠯ ᠡᠪᠡᠰᠦ ᠰᠢᠲᠠᠭᠠᠬᠤ᠂ ᠲᠠᠮᠠᠬᠢ ᠲᠠᠲᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠬᠡᠭᠡᠷ᠎ᠡ ᠲᠤᠭᠤᠭᠠᠯᠠᠬᠤ ᠵᠢᠴᠢ ᠬᠤᠸᠠᠷ ᠫᠤᠤᠵᠢᠩ ᠲᠠᠯᠪᠢᠬᠤ᠂ ᠳ᠋ᠧᠩᠯᠦ ᠠᠰᠠᠭᠠᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠥᠮ ᠴᠠᠭᠠᠵᠠᠯᠠᠨ᠎ᠠ᠃  ⒊ᠡᠳᠦᠷ ᠲᠤᠲᠤᠮ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠪᠣᠢ ᠪᠤᠯᠭᠠᠨ᠂ ᠭᠠᠯ ᠰᠡᠷᠭᠡᠶᠢᠯᠡᠬᠦ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠬᠤᠷᠢᠭᠯᠠᠨ ᠵᠣᠭᠰᠣᠭᠠᠵᠤ᠂ ᠢᠯᠡ ᠭᠠᠯ ᠬᠡᠷᠡᠭᠯᠡᠬᠦ᠂ ᠴᠠᠬᠢᠯᠭᠠᠨ ᠭᠠᠩᠨᠠᠯᠲᠠ ᠬᠢᠬᠦ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ ᠪᠤᠳᠠᠰ ᠢ ᠬᠡᠷᠡᠭᠯᠡᠬᠦ ᠳᠤ ᠪᠠᠨ ᠭᠠᠯ ᠰᠡᠷᠭᠡᠶᠢᠯᠡᠬᠦ ᠳᠦᠷᠢᠮ ᠢ ᠴᠢᠩᠭ᠎ᠠ ᠵᠢᠷᠤᠮᠯᠠᠬᠤ ᠬᠡᠷᠡᠭᠳᠡᠢ᠃ ᠲᠠᠯ᠎ᠠ ᠨᠤᠲᠤᠭ ᠢᠶᠠᠷ ᠠᠶᠠᠯᠠᠬᠤ ᠦᠶᠡᠰ ᠲᠠᠮᠠᠬᠢ ᠪᠠᠨ ᠲᠡᠷᠭᠡᠨ ᠴᠣᠩᠬᠤ ᠪᠠᠷ ᠳᠤᠷ᠎ᠠ ᠪᠠᠷ ᠬᠠᠶᠠᠵᠤ ᠪᠣᠯᠬᠤ ᠦᠭᠡᠢ᠃   ⒋ᠶᠠᠮᠠᠷᠪᠠ ᠨᠢᠭᠡᠴᠡ ᠪᠠ ᠬᠤᠪᠢ ᠬᠥᠮᠦᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠤᠯᠵᠤ ᠮᠡᠳᠡᠪᠡᠯ᠂ ᠳᠠᠷᠤᠶ ᠲᠦᠷᠭᠡᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ ᠮᠡᠳᠡᠭᠦᠯᠬᠦ ᠤᠲᠠᠰᠤ 12119 ᠳᠤ ᠤᠲᠠᠰᠤᠳᠠᠭᠠᠷᠠᠶ᠃     ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ         2023 ᠣᠨ ᠤ 4 ᠰᠠᠷ᠎ᠠ ᠶᠢᠨ 8 ᠤ ᠡᠳᠦᠷ              
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号