ᠬᠤᠷᠠᠭ᠎ᠠ ᠲᠤᠭᠤᠯ ᠴᠢᠴᠠᠭ᠎ᠠ ᠠᠯᠳᠠᠪᠠᠯ ᠶᠠᠭᠠᠬᠢᠵᠤ ᠡᠮᠨᠡᠨ ᠵᠠᠰᠠᠬᠤ ᠪᠤᠢ︖
ᠨᠡᠶᠢᠲᠡᠯᠡᠭᠰᠡᠨ ᠴᠠᠭ᠄
2023/4/12
      ᠬᠤᠷᠠᠭ᠎ᠠ ᠲᠤᠭᠤᠯ ᠴᠢᠴᠠᠭ᠎ᠠ ᠠᠯᠳᠠᠪᠠᠯ ᠶᠠᠭᠠᠬᠢᠵᠤ ᠡᠮᠨᠡᠨ ᠵᠠᠰᠠᠬᠤ ᠪᠤᠢ︖    ᠬᠠᠪᠤᠷ ᠤᠨ ᠤᠯᠠᠷᠢᠯ ᠳᠤ ᠨᠢᠯᠬ᠎ᠠ ᠲᠦᠯ ᠤᠨ ᠴᠢᠴᠠᠭ᠎ᠠ ᠠᠯᠳᠠᠬᠤ ᠶᠢ ᠶᠠᠭᠠᠬᠢᠵᠤ ᠰᠡᠷᠭᠡᠶᠢᠯᠡᠨ ᠡᠮᠴᠢᠯᠡᠬᠦ   ᠪᠠ  ᠮᠠᠯ  ᠤᠨ ᠬᠤᠷᠤᠬᠠᠢ ᠶᠢ  ᠬᠡᠷᠬᠢᠨ  ᠳᠠᠭᠤᠬᠤ ᠲᠤᠬᠠᠢ  ᠵᠦᠪᠯᠡᠯᠭᠡ      ᠬᠦᠳᠡᠭᠡ ᠨᠤᠳᠤᠭ ᠲᠤ ᠲᠦᠯ ᠤᠨ ᠳᠠᠭᠤ ᠬᠠᠩᠬᠢᠨᠠᠵᠤ᠂  ᠮᠠᠯᠴᠢᠨ ᠲᠦᠮᠡᠨ ᠴᠤ ᠬᠤᠪᠢ ᠶᠢᠨ ᠭᠠᠳᠠᠨ᠎ᠠ ᠶᠠᠭᠠᠷᠠᠯᠳᠠᠢ᠃ ︽ᠵᠢᠯ ᠤᠨ ᠠᠵᠢᠯ ᠬᠠᠪᠤᠷ ᠲᠠᠭᠠᠨ︾ ᠬᠡᠳᠡᠭᠴᠢᠯᠡᠨ  ᠨᠢᠯᠬ᠎ᠠ ᠲᠦᠯ ᠢᠶᠠᠨ ᠮᠡᠨᠳᠤ  ᠲᠤᠰᠴᠤ᠂ ᠮᠠᠯ ᠰᠦᠷᠦᠭ ᠢᠶᠠᠨ ᠮᠡᠨᠳᠤ ᠪᠤᠶᠢᠵᠢᠭᠤᠯᠬᠤ ᠨᠢ  ᠮᠠᠯᠴᠢᠨ ᠬᠦᠮᠦᠨ ᠤ ᠤᠬᠠᠭᠠᠨ ᠳᠠᠮᠢᠷ ᠢ ᠰᠢᠯᠭᠠᠵᠤ  ᠪᠠᠶᠢᠳᠠᠭ᠃  ᠦᠨᠦᠳᠦᠷ ᠪᠠᠷᠠᠭᠤᠨ ᠦᠵᠦᠮᠦᠴᠢᠨ ᠬᠤᠰᠢᠭᠤᠨ ᠤ  ︽ᠨᠢᠭᠡᠳᠦᠯ︾ ᠮᠠᠯ ᠤᠨ ᠡᠮ ᠤᠨ ᠬᠢᠵᠠᠭᠠᠷᠳᠤ  ᠬᠠᠷᠢᠭᠤᠴᠠᠯᠭᠠᠳᠤ ᠺᠤᠮᠫᠠᠨᠢ ᠶᠢᠨ  ᠡᠷᠬᠢᠯᠡᠭᠴᠢ ᠮᠦᠩᠬᠡᠪᠠᠳᠤ ᠶᠢ ᠤᠷᠢᠵᠤ᠂ ᠬᠠᠪᠤᠷ ᠤᠨ ᠤᠯᠠᠷᠢᠯ ᠳᠤ  ᠨᠢᠯᠬ᠎ᠠ ᠲᠦᠯ ᠤᠨ ᠴᠢᠴᠠᠭ᠎ᠠ ᠠᠯᠳᠠᠬᠤ ᠶᠢ ᠬᠡᠷᠬᠢᠨ ᠰᠡᠷᠭᠡᠶᠢᠯᠡᠬᠦ ᠪᠠ ᠡᠮᠨᠠᠨ ᠵᠠᠰᠠᠬᠤ᠂ ᠬᠠᠪᠤᠷ ᠤᠨ ᠤᠯᠠᠷᠢᠯ ᠳᠤ ᠮᠠᠯ ᠤᠨ ᠬᠤᠷᠤᠬᠠᠢ ᠶᠢ ᠶᠠᠭᠠᠬᠢᠵᠤ ᠳᠠᠭᠤᠬᠤ ᠵᠡᠷᠭᠡ ᠳᠠᠯ᠎ᠠ  ᠪᠠᠷ  ᠵᠦᠪᠯᠡᠯᠭᠡ  ᠠᠪᠴᠤ᠂  ᠮᠠᠯᠴᠢᠨ ᠲᠦᠮᠡᠨ ᠳᠡᠭᠡᠨ ᠯᠠᠪᠯᠠᠯᠳᠠ ᠪᠤᠯᠭᠠᠬᠤ ᠶᠢ ᠵᠤᠷᠢᠪᠠ᠃ ︵ᠨᠠᠷᠢᠨ ᠠᠭᠤᠯᠭ᠎ᠠ ᠶᠢ ᠰᠢᠩᠭᠡᠭᠡᠯᠳᠠ ᠠᠴᠠ ᠰᠤᠨᠤᠰᠤᠭᠠᠷᠠᠢ︶    ᠨᠢᠭᠡ᠂ ᠬᠤᠷᠠᠭ᠎ᠠ ᠲᠤᠭᠤᠯ ᠤᠨ ᠴᠢᠴᠠᠭ᠎ᠠ ᠠᠯᠳᠠᠬᠤ ᠶᠢ ᠬᠡᠷᠬᠢᠨ ᠰᠡᠷᠭᠡᠶᠢᠯᠡᠵᠤ ᠡᠮᠨᠡᠨ ᠵᠠᠰᠠᠬᠤ ᠪᠤᠢ︖  ᠮᠦᠩᠬᠡᠪᠠᠲᠦ ᠡᠮᠴᠢ ᠶᠢᠨ ᠵᠦᠪᠯᠡᠮᠵᠢ᠄   1. ᠬᠠᠪᠤᠷ ᠤᠨ ᠤᠯᠠᠷᠢᠯ ᠤᠨ ᠲᠦᠯ ᠮᠠᠯ ᠤᠨ ᠬᠤᠭᠤᠴᠠᠭᠠᠨ ᠳᠤ ᠫᠧᠩ ᠬᠤᠷᠤᠭᠠᠨ ᠤ ᠠᠷᠢᠭᠤᠳᠬᠠᠯ ᠪᠠ ᠡᠬᠡ ᠮᠠᠯ  ᠤᠨ ᠳᠠᠯᠠᠩ ᠤᠨ ᠠᠷᠢᠭᠤᠳᠬᠠᠯ ᠶᠢ ᠰᠠᠶᠢᠳᠤᠷ ᠬᠢᠬᠦ ᠬᠡᠷᠡᠭᠳᠠᠢ᠃   2. ᠨᠢᠯᠬ᠎ᠠ ᠲᠦᠯ ᠤᠨ ᠡᠳᠦᠷ ᠳᠤᠳᠤᠮ ᠤᠨ ᠠᠷᠠᠴᠢᠯᠠᠭ᠎ᠠ ᠳᠤ ᠳᠠᠭᠠᠷᠠᠬᠤ᠂  ᠪᠡᠭᠡᠷᠡᠬᠦ  ᠂ ᠴᠢᠭᠢᠭᠳᠦᠬᠦ ᠶᠢ ᠰᠡᠷᠭᠡᠶᠢᠯᠡᠵᠤ ᠂ ᠲᠤᠯᠠᠭᠠᠯᠠᠭ᠎ᠠ ᠶᠢ  ᠰᠠᠶᠢᠨ ᠠᠩᠬᠠᠷᠴᠤ᠂ ᠬᠡᠷᠪᠡ ᠴᠢᠴᠠᠭ᠎ᠠ ᠠᠯᠳᠠᠪᠠᠯ ᠴᠠᠭ ᠲᠤᠬᠠᠢ ᠳᠤᠨᠢ ᠡᠮᠨᠡᠨ ᠵᠠᠰᠠᠬᠤ ᠬᠡᠷᠡᠭᠳᠠᠢ᠃   3. ᠬᠠᠪᠤᠯ ᠤᠨ ᠤᠯᠠᠷᠢᠯ ᠳᠤ ᠡᠬᠡ ᠮᠠᠯ ᠤᠨ ᠰᠢᠮ᠎ᠡ ᠳᠡᠵᠢᠬᠡᠯ   ᠢ ᠠᠩᠬᠠᠷᠴᠤ᠂ ᠬᠦᠷᠦᠯᠴᠡᠬᠦᠶᠢᠴᠡ ᠴᠢᠨᠠᠷ ᠰᠠᠶᠢᠳᠠᠢ ᠳᠡᠵᠢᠭᠡᠯ ᠪᠤᠷᠳᠤᠭ᠎ᠠ ᠨᠦᠬᠦᠪᠦᠷᠢᠯᠠᠵᠤ᠂ ᠳᠠᠮᠢᠷ ᠲᠡᠩᠭᠡᠭᠡ ᠶᠢ ᠨᠢ ᠰᠠᠶᠢᠵᠢᠷᠠᠭᠤᠯᠬᠤ ᠬᠡᠷᠡᠭᠳᠠᠢ᠃  ᠬᠤᠶᠠᠷ᠂ ᠮᠠᠯ ᠤᠨ ᠬᠤᠷᠤᠬᠠᠢ ᠶᠢ ᠳᠠᠭᠤᠬᠤ ᠳᠤ ᠶᠠᠭᠤ ᠶᠢ ᠠᠩᠬᠠᠷᠬᠤ ᠪᠤᠢ︖  1. ᠮᠠᠯ ᠤᠨ ᠬᠤᠷᠤᠬᠠᠢ ᠶᠢ  ᠳᠠᠭᠤᠬᠤ ᠠᠴᠠ ᠡᠮᠦᠨ᠎ᠡ  ᠤᠷᠢᠳᠠᠪᠠᠷ ᠮᠠᠯ ᠤᠨ  ᠢᠯᠭᠠᠳᠠᠰᠤ ᠶᠢ   ᠨᠢ ᠰᠢᠯᠭᠠᠨ ᠪᠠᠶᠢᠴᠠᠭᠠᠵᠤ᠂ ᠳᠠᠷᠠᠭ᠎ᠠ ᠨᠢ ᠬᠤᠷᠤᠬᠠᠢ ᠳᠠᠭᠤᠬᠤ ᠡᠮ   ᠢ ᠰᠤᠩᠭᠤᠬᠤ ᠬᠡᠷᠡᠭᠳᠠᠢ᠃  2. ᠬᠤᠷᠤᠬᠠᠢ ᠳᠠᠭᠤᠬᠤ ᠡᠮ ᠢ ᠬᠡᠷᠡᠭᠯᠡᠬᠦ ᠳᠡᠭᠡᠨ ᠮᠠᠯ ᠤᠨ ᠬᠡᠬᠡᠯ ᠬᠡᠮᠳᠦᠬᠦ   ᠶᠢ ᠠᠩᠬᠠᠷᠬᠤ ᠬᠡᠷᠡᠭᠳᠠᠢ᠃  3. ᠮᠠᠯ ᠤᠨ ᠬᠤᠷᠤᠬᠠᠢ ᠶᠢ ᠲᠠᠭᠤᠭᠰᠠᠨ ᠤ ᠳᠠᠷᠠᠭ᠎ᠠ ᠮᠠᠯ ᠳᠤ ᠰᠢᠮ᠎ᠡ ᠳᠡᠵᠢᠭᠡᠯ ᠨᠦᠬᠦᠪᠦᠷᠢᠯᠡᠬᠦ ᠶᠢ  ᠠᠩᠬᠠᠷᠬᠤ ᠬᠡᠷᠡᠭᠳᠠᠢ    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号