ᠬᠠᠪᠤᠷ ᠤᠨ ᠤᠯᠠᠷᠢᠯ  ᠳᠤ  ᠭᠠᠯ  ᠲᠦᠢᠮᠡᠷ ᠢ ᠬᠢᠷᠬᠢᠨ ᠰᠡᠷᠭᠡᠶᠢᠯᠡᠬᠦ ᠪᠤᠢ︖
ᠨᠡᠶᠢᠲᠡᠯᠡᠭᠰᠡᠨ ᠴᠠᠭ᠄
2023/4/12
      ᠬᠠᠪᠤᠷ ᠤᠨ ᠤᠯᠠᠷᠢᠯ  ᠳᠤ  ᠭᠠᠯ  ᠲᠦᠢᠮᠡᠷ ᠢ ᠬᠢᠷᠬᠢᠨ ᠰᠡᠷᠭᠡᠶᠢᠯᠡᠬᠦ ᠪᠤᠢ︖                                  ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ   4 ᠰᠠᠷ᠎ᠠ ᠶᠢᠨ 3 ᠤ ᠦᠳᠡ ᠶᠢᠨ ᠬᠤᠶᠢᠨ᠎ᠠ  2023 ᠣᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ  ᠬᠤᠷᠠᠯᠳᠤᠪᠠ᠃    ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂  ᠴᠠᠭ ᠠᠭᠤᠷ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠶᠯᠡᠴᠢᠯᠡᠭᠡᠨ ᠤ ᠲᠥᠪ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠢᠳᠡᠭᠡᠨ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ  ᠪᠠᠶᠢᠴᠠᠭᠠᠬᠤ ᠶᠡᠭᠡ ᠠᠩᠭᠢ᠂ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃   ᠰᠣᠨᠢᠨ ᠮᠡᠳᠡᠭᠡ ᠨᠡᠶᠢᠲᠡᠯᠡᠬᠦ ᠬᠤᠷᠠᠯ  ᠳᠤ᠂ ᠪᠠᠷᠠᠭᠤᠨ ᠦᠵᠦᠮᠦᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ  ᠲᠤᠪᠴᠢᠶᠠᠨ ᠤ ᠳᠠᠷᠤᠭ᠎ᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠤᠨ ᠡᠷᠬᠢᠯᠡᠭᠴᠢ ᠯᠢ ᠶᠦᠩ ᠵᠢᠶᠦ᠋ᠨ  ᠮᠠᠨ ᠤ ᠬᠤᠰᠢᠭᠤᠨ ᠤ 2023 ᠣᠨ ᠤ ᠭᠠᠯ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠪᠠᠶᠢᠷᠢᠯᠠᠭᠤᠯᠣᠯᠲᠠ ᠶᠢ ᠲᠠᠨᠢᠯᠴᠠᠭᠤᠯᠪᠠ᠃ ᠯᠢ ᠶᠦᠩ ᠵᠢᠶᠦ᠋ᠨ ᠲᠠᠨᠢᠯᠴᠠᠭᠤᠯᠬᠤ ᠳᠠᠭᠠᠨ᠂  ︽ᠬᠠᠩᠰᠢ︾᠂  ︽5.1  ︾ ᠵᠡᠷᠭᠡ  ᠭᠤᠤᠯᠳᠠᠯᠭ᠎ᠠ ᠲᠠᠢ ᠴᠠᠭ  ᠬᠤᠭᠤᠴᠠᠭᠠᠨ ᠳᠤ  ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂  ᠤᠩᠭᠤᠨ ᠪᠣᠯᠠᠰᠢ  ᠶᠢᠨ ᠣᠶᠢᠷ᠎ᠠ ᠬᠠᠪᠢ ᠴᠠᠭᠠᠰᠤ ᠰᠢᠲᠠᠭᠠᠬᠤ ᠶᠢ ᠴᠢᠩᠭ᠎ᠠ  ᠴᠠᠭᠠᠵᠠᠯᠠᠨ᠂ ᠪᠣᠯᠪᠠᠰᠤᠨ ᠢᠶᠠᠷ ᠳᠠᠬᠢᠯᠭ᠎ᠠ ᠬᠢᠬᠦ ᠶᠢ ᠰᠠᠨᠠᠭᠠᠴᠢᠯᠠᠵᠤ᠂ ᠭᠠᠯ ᠤᠨ ᠠᠶᠤᠯ ᠭᠠᠷᠬᠤ ᠶᠢ ᠴᠢᠩᠭ᠎ᠠ  ᠰᠡᠷᠭᠡᠶᠢᠯᠡᠨ᠎ᠡ᠃ ᠡᠭᠦᠨ ᠡᠴᠡ‌ᠭᠠᠳᠠᠨ᠎ᠠ᠂ ᠭᠤᠣᠯᠳᠠᠯᠭ᠎ᠠ ᠲᠠᠢ ᠵᠠᠮ ᠤᠨ ᠬᠡᠰᠡᠭ ᠲᠤ  ᠭᠠᠯ ᠲᠦᠢᠮᠡᠷ ᠣᠯᠠᠨ ᠭᠠᠷᠳᠠᠭ ᠪᠠᠶᠢᠳᠠᠯ ᠳᠤ ᠴᠢᠭᠯᠡᠭᠦᠯᠦᠨ᠂  ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ ᠠᠴᠠ ᠡᠯ᠎ᠡ ᠰᠤᠮᠤ ᠪᠠᠯᠭᠠᠰᠤ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠨᠡᠭᠦᠷᠡᠰᠦ᠂ ᠴᠠᠬᠢᠯᠭᠠᠨ ᠭᠠᠷᠭᠠᠬᠤ ᠠᠵᠤ ᠠᠬᠤᠶᠢᠯᠠᠯ  ᠤᠨ ᠭᠠᠯ ᠤᠨ ᠠᠶᠣᠯ ᠤᠨ ᠳᠠᠯᠳᠠ ᠬᠡᠮ ᠢ  ᠲᠣᠰᠠᠬᠠᠢ ᠵᠢᠭᠰᠠᠭᠠᠨ ᠪᠠᠶᠢᠴᠠᠭᠠᠵᠤ᠂ ᠠᠵᠤ ᠠᠬᠤᠶᠢᠯᠠᠯ ᠢ ᠰᠢᠮᠳᠠᠭᠤᠯᠤᠨ ᠪᠦᠲᠦᠮᠵᠢᠲᠡᠶ ᠠᠷᠭ᠎ᠠ ᠬᠡᠮᠵᠢᠶ᠎ᠡ  ᠠᠪᠴᠣ᠂ ᠢᠯᠡ ᠭᠠᠯ ᠪᠥᠬᠦᠶ ᠨᠡᠭᠦᠷᠡᠰᠦ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠵᠤ᠂ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠶᠢᠨ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠵᠢᠯᠣᠭᠤᠴᠢ ᠪᠠ ᠠᠶᠠᠨᠴᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ  ᠴᠢᠩᠭᠠᠳᠬᠠᠵᠤ᠂ ᠭᠠᠯ ᠤᠨ ᠠᠶᠤᠯ ᠢ ᠪᠦᠲᠦᠮᠵᠢᠲᠡᠢ ᠰᠡᠷᠭᠡᠶᠢᠯᠡᠵᠦ᠂ ᠪᠥᠬᠦ ᠲᠠᠯ᠎ᠠ ᠪᠠᠷ ᠬᠠᠮᠢᠶᠠᠷᠤᠨ  ᠡᠵᠡᠮᠳᠡᠬᠦ ᠪᠤᠯᠥᠨ᠎ᠠ᠃   ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ᠄ 2023 ᠣᠨ ᠤ ᠪᠠᠷᠠᠭᠤᠨ ᠦᠵᠦᠮᠦᠴᠢᠨ ᠬᠤᠰᠢᠭᠤᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠶᠡᠭᠡ ᠬᠤᠷᠠᠯ ᠵᠢᠴᠢ ᠴᠡᠷᠢᠭ ᠢᠶᠠᠷ ᠳᠠᠶᠢᠴᠢᠯᠠᠬᠤ ᠰᠣᠷᠢᠯᠲᠠ ᠶᠢᠨ ᠵᠣᠷᠢᠯᠭ᠎ᠠ   ᠨᠢ ᠶᠠᠭᠤ ᠪᠣᠶ︖ ᠪᠣᠳᠠᠲᠤ ᠴᠡᠷᠢᠭ ᠢᠶᠠᠷ ᠳᠠᠶᠢᠴᠢᠯᠠᠭᠰᠠᠨ ᠰᠣᠷᠢᠯᠲᠠ ᠪᠠᠷ ᠳᠠᠮᠵᠢᠭᠠᠳ ᠶᠠᠮᠠᠷ ᠦᠷ᠎ᠡ ᠪᠦᠲᠦᠮᠵᠢ ᠤᠯᠬᠤ  ᠶᠢ ᠵᠣᠷᠢᠭᠰᠠᠨ ᠪᠤᠶ︖  ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ ᠶᠢᠨ ᠳᠠᠷᠤᠭ᠎ᠠ ᠸᠠᠩ ᠬᠤᠤ  ᠷᠠᠨ᠄  ᠲᠣᠰ ᠤᠳᠠᠭᠠᠨ ᠤ ᠬᠠᠪᠤᠷ ᠤᠨ ᠣᠯᠠᠷᠢᠯ ᠤᠨ ᠰᠡᠷᠭᠡᠶᠢᠯᠡᠯᠲᠡ ᠶᠢᠨ ᠳᠠᠶᠢᠴᠢᠯᠠᠯᠲᠠ ᠶᠢᠨ ᠶᠡᠭᠡ ᠬᠤᠷᠠᠯ ᠵᠢᠴᠢ ᠴᠡᠷᠢᠭ ᠢᠶᠠᠷ ᠳᠠᠶᠢᠴᠢᠯᠠᠬᠤ ᠰᠣᠷᠢᠯᠲᠠ ᠶᠢ  ᠬᠤᠰᠢᠭᠤ ᠠᠷᠠᠳ ᠤᠨ ᠵᠠᠰᠠᠭ ᠤᠨ ᠣᠷᠳᠣᠨ᠂  ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠠᠴᠠ ᠭᠤᠤᠯᠠᠨ‌ᠡᠷᠭᠢᠯᠡᠵᠦ᠂  ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ  ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠶᠯᠡᠴᠢᠯᠡᠭᠡᠨ ᠤ ᠲᠥᠪ ᠠᠴᠠ ᠲᠠᠭᠠᠭᠠᠴᠢᠯᠠᠨ‌ᠡᠷᠭᠢᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠬᠠᠮᠲᠤ ᠪᠠᠷ ᠰᠣᠷᠢᠯᠲᠠ ᠳᠤ ᠣᠷᠣᠯᠴᠠᠭᠰᠠᠨ ᠨᠢᠭᠡ ᠤᠳᠠᠭᠠᠨ ᠤ ᠲᠣᠮᠣ ᠬᠡᠯᠪᠡᠷᠢ ᠶᠢᠨ ᠬᠠᠮᠲᠤᠷᠠᠭᠰᠠᠨ ᠰᠣᠷᠢᠯᠲᠠ ᠶᠢᠨ ᠠᠵᠢᠯᠯᠠᠭ᠎ᠠ ᠪᠣᠯᠤᠨ᠎ᠠ᠃  ᠲᠣᠰ  ᠣᠳᠠᠭᠠᠨ ᠤ ᠰᠣᠷᠢᠯᠲᠠ ᠨᠢ ᠡᠯ᠎ᠡ ᠰᠤᠮᠤ ᠪᠠᠯᠭᠠᠰᠤ  ᠭᠠᠴᠠᠭᠠᠨ‌‍ᠳᠤ ᠤᠷᠢᠳᠴᠢᠯᠠᠨ ᠮᠡᠳᠡᠭᠳᠡᠬᠦ ᠥᠬᠡᠶ ᠪᠠᠷ ᠭᠠᠪᠰᠢᠭᠠᠶᠢᠯᠠᠬᠤ ᠮᠠᠶ᠋ᠢᠭ ᠤᠨ ᠪᠣᠳᠠᠲᠠᠶ ᠴᠡᠷᠢᠭ ᠢᠶᠠᠷ ᠳᠠᠶᠢᠴᠢᠯᠠᠬᠤ ᠰᠣᠷᠢᠯᠲᠠ ᠬᠢᠨ᠎ᠠ᠃ ᠡᠭᠦᠨ ᠤ ᠵᠣᠷᠢᠯᠭ᠎ᠠ ᠨᠢ  ᠲᠣᠰ ᠠᠵᠢᠯᠯᠠᠭ᠎ᠠ ᠪᠠᠷ  ᠳᠠᠮᠵᠢᠨ ᠨᠠᠮ ᠤᠨ ᠲᠥᠪ ᠬᠤᠷᠢᠶ᠎ᠠ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠶ ᠵᠢᠭᠠᠪᠤᠷᠢ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ  ᠤᠨ  ᠭᠠᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠴᠠᠭ ᠬᠤᠭᠤᠴᠠᠭᠠᠨ ᠤ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠭᠡᠨᠡᠳᠲᠡ ᠶᠢᠨ ᠭᠠᠯ ᠤᠨ ᠠᠶᠤᠯ ᠤᠨ ᠪᠠᠶᠢᠳᠠᠯ   ᠳᠤ ᠡᠯ᠎ᠡ ᠨᠢᠭᠡᠴᠡ ᠶᠢᠨ ᠭᠠᠯ ᠤᠨᠲᠠᠷᠠᠭᠠᠬᠤ  ᠠᠵᠢᠯᠲᠠᠳ  ᠤᠨ ᠪᠠᠴᠢᠮ ᠪᠠᠶᠢᠳᠠᠯ ᠢ  ᠠᠷᠭᠠᠴᠠᠭᠠᠬᠤ  ᠴᠢᠳᠠᠪᠤᠷᠢ᠂ ᠭᠠᠯ ᠤᠨ ᠠᠶᠤᠯ ᠢ ᠰᠢᠶᠳᠪᠦᠷᠢᠯᠡᠬᠦ ᠴᠢᠳᠠᠪᠤᠷᠢ ᠶᠢ ᠰᠢᠯᠭᠠᠨ ᠪᠠᠶᠢᠴᠠᠭᠠᠵᠤ᠂ ᠬᠠᠪᠤᠷ ᠤᠨ ᠰᠡᠷᠭᠡᠶᠢᠯᠡᠯᠲᠡ ᠶᠢᠨ ᠬᠤᠭᠤᠴᠠᠭᠠᠨ ᠳᠤ ᠭᠠᠯ ᠤᠨᠲᠠᠷᠠᠭᠠᠬᠤ ᠡᠯ᠎ᠡ ᠡᠩᠨᠡᠭᠡ ᠶᠢᠨ ᠪᠠᠴᠢᠮ ᠪᠠᠶᠢᠳᠠᠯ  ᠢ ᠠᠷᠭᠠᠴᠠᠨ ᠠᠪᠤᠷᠠᠨ ᠲᠤᠰᠠᠯᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠭᠠᠯ ᠲᠦᠢᠮᠡᠷ  ᠡᠭᠦᠰᠦᠭᠰᠡᠨ ᠪᠠᠶᠢᠳᠠᠯ ᠳᠤ ᠴᠠᠭ  ᠲᠣᠬᠠᠢ ᠳᠤᠨᠢ ᠬᠠᠮᠲᠤᠷᠠᠨ  ᠰᠡᠷᠭᠡᠶᠢᠯᠡᠨ ᠡᠵᠡᠮᠳᠡᠵᠦ᠂ ᠲᠦᠷᠭᠡᠨ ᠣᠨᠳᠠᠷᠠᠭᠠᠬᠤ  ᠦᠷ᠎ᠡ ᠪᠦᠲᠦᠮᠵᠢ ᠳᠤ  ᠬᠦᠷᠬᠦ ᠪᠤᠯᠥᠨ᠎ᠠ᠃ ᠪᠠᠷᠠᠭᠤᠨ  ᠦᠵᠦᠮᠦᠴᠢᠨ ᠤ ᠨᠡᠶᠢᠳᠡᠯᠡᠯ ‍ᠤᠨ‌‍ᠰᠤᠷᠪᠤᠯᠵᠢᠯᠠᠭᠴᠢ  ᠄ ᠮᠠᠨ ᠤ ᠬᠤᠰᠢᠭᠤᠨ ᠤ ᠣᠶᠢᠷ᠎ᠠ ᠶᠢᠨ ᠬᠤᠭᠤᠴᠠᠭᠠᠨ ᠤ ᠠᠭᠤᠷ ᠠᠮᠢᠰᠬᠤᠯ ᠤᠨ ᠪᠠᠶᠢᠳᠠᠯ ᠲᠤᠤᠷ᠎ᠠ‌ᠭᠠᠯ  ᠲᠤᠶᠢᠮᠡᠷ ᠤᠨ ᠠᠶᠤᠯ   ᠤᠨ ᠪᠠᠶᠢᠳᠠᠯ ᠶᠠᠮᠠᠷ ᠪᠣᠶ︖ ᠪᠠᠷᠠᠭᠤᠨ ᠦᠵᠦᠮᠦᠴᠢᠨ ᠬᠤᠰᠢᠭᠤᠨ ᠤ ᠴᠠᠭ ᠠᠭᠤᠷ ᠤᠨ ᠲᠣᠪᠴᠢᠶᠠᠨ ᠤ ᠳᠠᠷᠤᠭ᠎ᠠ ᠢᠦᠶ ᠱᠢ᠄ ᠵᠢᠱᠢᠯᠲᠡ ᠪᠠᠷ ᠡᠨᠡ ᠬᠠᠪᠤᠷ ᠮᠠᠨ ᠤ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠠᠶᠤᠯ ᠤᠨ ᠪᠠᠶᠢᠳᠠᠯ ᠨᠡᠯᠢᠶᠡᠳ ᠬᠡᠴᠡᠭᠦᠦ  ᠂ ᠨᠢᠳᠤᠨᠤᠨ  ᠵᠢᠯ  ᠬᠤᠷ᠎ᠠ ᠪᠣᠷᠣᠭᠠᠨ ᠡᠯᠪᠡᠭ᠂ ᠨᠡᠷᠡᠨ ᠤ ᠲᠤᠰᠤᠯᠲᠠ ᠬᠠᠩᠭᠠᠮᠵᠢᠲᠠᠶ ᠪᠣᠯᠬᠤᠷ ᠡᠪᠡᠰᠦ ᠪᠡᠯᠴᠢᠭᠡᠷ ᠤᠨ ᠤᠷᠭᠤᠴᠠ ᠢᠭᠴᠤ ᠰᠠᠬᠤᠯᠢᠭ ᠪᠠᠶᠢᠵᠤ᠂ ᠪᠦᠭᠦ ᠬᠤᠰᠢᠭᠤᠨ ᠤ ᠶᠡᠬᠡᠩᠬᠢ ᠭᠠᠵᠠᠷ ᠣᠷᠣᠨ ᠤ ᠰᠢᠲᠠᠮᠠᠬᠠᠶ ᠪᠣᠳᠠᠰ ᠤᠨ ᠳᠠᠭᠠᠭᠠᠴᠠ ᠨᠡᠯᠢᠶᠡᠳ  ᠶᠡᠭᠡ᠂ ᠲᠦᠢᠮᠡᠷ ᠤᠨ ᠠᠶᠤᠯ ᠨᠡᠯᠢᠶᠡᠳ ᠥᠨᠳᠥᠷ  ᠃ ᠳᠠᠭᠠᠭᠤᠯᠢ ᠣᠳᠣᠨ ᠤ  ᠬᠢᠨᠠᠨ ᠬᠡᠮᠵᠢᠯᠲᠡ ᠶᠢ ᠦᠨᠳᠦᠰᠦᠯᠡᠪᠡᠯ᠂ ᠪᠥᠬᠦ ᠬᠤᠰᠢᠭᠤᠨ ᠤ ᠪᠠᠷᠠᠭᠤᠨ ᠬᠤᠶᠢᠲᠤ ᠬᠡᠰᠡᠭ ᠤᠨ ᠭᠠᠵᠠᠷ ᠣᠷᠣᠨ ᠤ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠬᠠᠷᠢᠴᠠᠩᠭᠤᠶ ᠪᠠᠷᠤᠭᠲᠠᠶ ᠪᠠᠶᠢᠬᠤ ᠶᠢ ᠭᠠᠷᠭᠠᠪᠠᠯ᠂ ᠶᠡᠬᠡᠩᠬᠢ ᠭᠠᠵᠠᠷ ᠣᠷᠣᠨ ᠤ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠳᠤᠮᠳᠠ ᠵᠡᠷᠭᠡ ᠠᠴᠠ ᠳᠡᠭᠡᠭᠰᠢ ᠪᠠᠶᠢᠳᠠᠯ ᠳᠤ ᠣᠷᠣᠰᠢᠵᠤ᠂ ᠣᠨᠴᠠᠭᠠᠶᠢᠯᠠᠨ ᠵᠡᠭᠦᠨ ᠬᠡᠰᠡᠭ ᠪᠠ ᠡᠮᠦᠨᠡᠲᠦ ᠬᠡᠰᠡᠭ ᠤᠨ ᠰᠢᠲᠠᠮᠠᠬᠠᠶ ᠪᠣᠳᠠᠰ ᠤᠨ ᠳᠠᠭᠠᠭᠠᠴᠠ ᠨᠡᠯᠢᠶᠡᠳ  ᠶᠡᠭᠡ ᠪᠠᠶᠢᠵᠤ᠂ ᠭᠠᠯ ᠤᠨ ᠭᠠᠮᠰᠢᠭ ᠤᠨ ᠲᠦᠭᠰᠢᠭᠦᠷᠢ ᠨᠡᠯᠢᠶᠡᠳ ᠥᠨᠳᠥᠷ  ᠪᠠᠶᠢᠨ᠎ᠠ᠃ 4 ᠰᠠᠷ᠎ᠠ ᠠᠴᠠ 5 ᠰᠠᠷ᠎ᠠ ᠪᠣᠯᠲᠠᠯ᠎ᠠ᠂ ᠪᠦᠭᠦ ᠬᠤᠰᠢᠭᠤᠨ ᠤ ᠴᠠᠭ ᠠᠭᠤᠷ ᠤᠨ ᠨᠥᠬᠦᠴᠡᠯ ᠪᠠ ᠰᠢᠲᠠᠮᠠᠬᠠᠶ ᠪᠣᠳᠠᠰ ᠤᠨ ᠨᠥᠬᠦᠴᠡᠯ ᠨᠢ ᠴᠥᠮ ᠤᠢ ᠰᠢᠭᠤᠶ ᠨᠤᠲᠤᠭ ᠪᠡᠯᠴᠢᠭᠡᠷ ᠤᠨ ᠭᠠᠯ  ᠢ ᠰᠡᠷᠭᠡᠶᠢᠯᠡᠬᠦ ᠠᠵᠢᠯ ᠳᠤ ᠠᠰᠢᠭ ᠦᠭᠡᠢ  ᠪᠠᠶᠢᠨ᠎ᠠ᠃ 3 ᠰᠠᠷ᠎ᠠ ᠶᠢᠨ 15 ᠤ ᠡᠳᠦᠷ ᠠᠴᠠ ᠡᠬᠢᠯᠡᠨ ᠪᠠᠷᠠᠭᠤᠨ ᠦᠵᠦᠮᠦᠴᠢᠨ ᠬᠤᠰᠢᠭᠤᠨ ᠤ ᠴᠠᠭ ᠠᠭᠤᠷ ᠤᠨ ᠲᠣᠪᠴᠢᠶ᠎ᠠ ᠭᠠᠯ ᠤᠨ ᠠᠶᠤᠯ ᠤᠨ ᠲᠠᠰ ᠤᠨ ᠤᠷᠢᠳᠴᠢᠯᠠᠭᠰᠠᠨ ᠮᠡᠳᠡᠭᠡ ᠨᠡᠶᠢᠲᠡᠯᠡᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠪᠣᠯᠤᠨ ᠡᠯ᠎ᠡ ᠰᠤᠮᠤ ᠪᠠᠯᠭᠠᠰᠤᠨ ᠳᠤ ᠡᠳᠦᠷ ᠪᠦᠷᠢ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ ᠲᠧᠯᠸᠢᠰ᠂ ᠸᠢᠴᠠᠲ ᠵᠡᠷᠭᠡ ᠠᠷᠭ᠎ᠠ ᠮᠠᠶ᠋ᠢᠭ ᠢᠶᠠᠷ ᠥᠷᠭᠡᠨ ᠣᠯᠠᠨ ᠲᠦᠮᠡᠨ ᠳᠤ  ᠨᠡᠶᠢᠲᠡᠯᠡᠨ ᠮᠡᠳᠡᠭᠳᠡᠵᠦ᠂ ᠤᠷᠢᠳᠴᠢᠯᠠᠨ ᠰᠡᠷᠭᠡᠶᠢᠯᠡᠬᠦ ᠶᠢ ᠣᠯᠠᠨ ᠲᠦᠮᠡᠨ ᠳᠤ ᠰᠠᠨᠠᠭᠤᠯᠵᠤ  ᠪᠤᠢ᠃ ᠠᠭᠤᠷ ᠠᠮᠢᠰᠬᠤᠯ ᠤᠨ ᠵᠢᠱᠢᠯᠲᠡ ᠪᠠᠷ᠂ 4 ᠰᠠᠷ᠎ᠠ ᠳᠤ ᠲᠤᠨᠳᠠᠰᠤ ᠨᠢ ᠡᠩ ᠤᠨ ᠵᠢᠯ ᠤᠨ  ᠬᠢ ᠠᠴᠠ 10%~25% ᠪᠠᠷ ᠪᠠᠭᠠᠰᠴᠤ᠂ ᠠᠭᠠᠷ ᠤᠨ ᠳᠤᠯᠠᠭᠠᠨ ᠨᠢ 1~2℃ ᠥᠨᠳᠥᠷ᠂ 5 ᠰᠠᠷ᠎ᠠ ᠳᠤ ᠲᠤᠨᠳᠠᠰᠤ  ᠨᠢ 5%~20% ᠪᠠᠷ ᠪᠠᠭᠠᠰᠴᠤ᠂ ᠠᠭᠠᠷ ᠤᠨ ᠳᠤᠯᠠᠭᠠᠨ ᠨᠢ 1~2℃  ᠦᠨᠳᠦᠷ᠃  ᠥᠨᠦ ᠬᠠᠪᠤᠷ ᠤᠨ  ᠶᠡᠭᠡ ᠰᠠᠯᠬᠢ᠂ ᠡᠯᠡᠰᠦᠨ ᠰᠢᠭᠤᠷᠭ᠎ᠠ  ᠡᠭᠦᠰᠬᠦ ᠨᠢ  ᠡᠩ ᠤᠨ ᠵᠢᠯ ᠤᠨ ᠬᠢ ᠠᠴᠠ  ᠣᠯᠠᠨ ᠪᠤᠯᠤᠨ᠎ᠠ᠃ᠪᠠᠷᠠᠭᠤᠨ  ᠦᠵᠦᠮᠦᠴᠢᠨ ᠤ 365 ᠲᠠᠪᠴᠠᠩ ‍ᠤᠨ‌‍ᠰᠤᠷᠪᠤᠯᠵᠢᠯᠠᠭᠴᠢ᠄ ᠣᠢ ᠰᠢᠭᠤᠶ ᠨᠤᠲᠤᠭ ᠪᠡᠯᠴᠢᠭᠡᠷ ᠤᠨ ᠬᠦᠨᠳᠦ ᠬᠡᠴᠡᠭᠦᠦ ᠲᠦᠢᠮᠡᠷ ᠤᠨ ᠠᠶᠤᠯ ᠤᠨ ᠪᠠᠶᠢᠳᠠᠯ ᠳᠤ ᠴᠢᠭᠯᠡᠭᠦᠯᠦᠨ᠂ ᠮᠠᠨ ᠤ  ᠬᠤᠰᠢᠭᠤ ᠨᠢ ᠶᠠᠮᠠᠷ ᠶᠠᠮᠠᠷ  ᠲᠠᠯ᠎ᠠ ᠵᠢᠨ‌ᠠᠵᠢᠯ ᠬᠢᠭᠰᠡᠨ ᠪᠤᠢ︖ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠶᠯᠡᠴᠢᠯᠡᠭᠡᠨ ᠤ ᠲᠥᠪ ᠤᠨ ᠡᠷᠬᠢᠯᠡᠭᠴᠢ ᠴᠠᠩ  ᠰᠦᠢ᠄ ᠨᠢᠭᠡ ᠳᠤ  ᠂ ᠣᠶ ᠰᠢᠭᠤᠶ ᠨᠤᠳᠤᠭ ᠪᠡᠯᠴᠢᠭᠡᠷ ᠤᠨ ᠰᠠᠯᠠᠭ᠎ᠠ ᠮᠥᠴᠢᠷ   ᠨᠢ ᠡᠯ᠎ᠡ ᠰᠤᠮᠤ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ  ᠲᠠᠢ ᠬᠠᠮᠲᠤᠷᠠᠨ᠂ ᠣᠯᠠᠨ ᠲᠦᠮᠡᠨ  ᠪᠠ‌ᠦᠨᠳᠦᠰᠦᠨ ᠱᠠᠲᠤᠨ ᠳᠤ ᠬᠠᠨᠳᠤᠭᠤᠯᠬᠤ ᠶᠢ ᠪᠠᠷᠢᠮᠲᠠᠯᠠᠨ᠂ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯ ᠢ ᠶᠡᠬᠡᠪᠡᠷ  ᠦᠷᠨᠢᠬᠦᠯᠵᠦ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠸᠢᠴᠠᠲ᠂ ᠴᠤᠤᠷᠢᠶ᠎ᠠ ᠲᠠᠪᠴᠠᠩ᠂ ᠭᠠᠷ ᠤᠲᠠᠰᠤᠨ ᠤ ᠣᠬᠤᠷ ᠮᠡᠳᠡᠭᠡ᠂ ᠤᠬᠠᠭᠤᠯᠭ᠎ᠠ ᠶᠢᠨ ᠲᠤᠰᠬᠠᠶ ᠪᠤᠯᠤᠩ ᠵᠣᠬᠢᠶᠠᠬᠤ᠂ ᠥᠩᠭᠡᠲᠦ ᠲᠤᠭ ᠡᠯᠭᠦᠬᠦ ᠵᠡᠷᠭᠡ ᠣᠯᠠᠨ ᠵᠦᠶᠯ ᠤᠨ ᠬᠡᠯᠪᠡᠷᠢ ᠪᠠᠷ ᠳᠠᠮᠵᠢᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠥᠬᠦ ᠠᠷᠠᠳ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠪᠡ᠃ ᠬᠤᠶᠠᠷ ᠲᠤ᠂ ᠭᠤᠣᠯᠳᠠᠯᠭ᠎ᠠ ᠲᠠᠢ ᠴᠠᠭ ᠬᠤᠭᠤᠴᠠᠭ᠎ᠠ ᠲᠠᠢ ᠤᠶᠠᠯᠳᠤᠭᠤᠯᠤᠨ᠂ ᠬᠠᠩᠰᠢ ᠣᠶᠢᠷᠠᠳᠴᠤ ᠪᠠᠶᠢᠭ᠎ᠠ ᠪᠠᠶᠢᠳᠠᠯ ᠳᠤ ᠴᠢᠭᠯᠡᠭᠦᠯᠦᠨ᠂  ᠭᠠᠯ ᠤᠨ ᠡᠬᠢ ᠰᠤᠷᠪᠤᠯᠵᠢ ᠶᠢ ᠰᠠᠶᠢᠲᠤᠷ ᠬᠠᠮᠢᠶᠠᠷᠬᠤ ᠶᠠᠪᠤᠳᠠᠯ ᠢ ᠦᠨᠡᠨᠬᠦ ᠲᠡᠷᠢᠭᠦᠨ ᠴᠢᠬᠤᠯᠠ ᠡᠭᠦᠷᠭᠡ ᠪᠣᠯᠭᠠᠵᠤ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠣᠯᠠᠨ ᠢᠶᠠᠷ ᠢᠶᠠᠨ  ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂  ᠲᠤᠤᠷᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂  ᠭᠤᠤᠯᠳᠠᠯᠭ᠎ᠠ ᠲᠠᠢ ᠣᠷᠣᠨ ᠪᠦᠰᠡ ᠵᠢᠴᠢ  ᠭᠤᠤᠯᠳᠠᠯᠭ᠎ᠠ ᠲᠠᠢ ᠵᠠᠮ ᠤᠨ ᠬᠡᠰᠡᠭ ᠤᠨ ᠭᠠᠯ ᠤᠨ ᠠᠶᠣᠯ  ᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠵᠤ᠂  ᠡᠯ᠎ᠡ ᠰᠠᠯᠠᠭ᠎ᠠ ᠮᠥᠴᠢᠷ ᠬᠠᠮᠲᠤᠷᠠᠨ  ᠪᠠᠶᠢᠴᠠᠭᠠᠨ ᠵᠢᠯᠤᠭᠤᠳᠬᠤ ᠠᠵᠢᠯᠯᠠᠭ᠎ᠠ ᠥᠷᠨᠢᠭᠦᠯᠵᠦ᠂ ᠰᠢᠭᠤᠶᠢᠲᠤ ᠣᠷᠣᠨ ᠤ ᠬᠠᠮᠢᠶᠠᠷᠴᠤ ᠬᠠᠮᠠᠭᠠᠯᠠᠬᠤ ᠥᠷᠲᠡᠭᠡ ᠴᠢᠭ ᠪᠣᠯᠤᠨ  ᠭᠤᠤᠯᠳᠠᠯᠭ᠎ᠠ ᠲᠠᠢ ᠵᠠᠮ ᠤᠨ ᠬᠡᠰᠡᠭ ᠲᠤ ᠭᠠᠯ ᠤᠨ ᠰᠡᠷᠭᠡᠶᠢᠯᠡᠯᠲᠡ ᠶᠢᠨ ᠪᠠᠶᠢᠴᠠᠭᠠᠯᠲᠠ ᠶᠢᠨ ᠥᠷᠲᠡᠭᠡ ᠴᠢᠭ‌‍ᠪᠠᠶᠢᠭᠤᠯᠤᠨ᠂ ᠭᠠᠯ ᠤᠨ  ᠠᠶᠤᠯ ᠤᠨ  ᠭᠠᠮᠰᠢᠭ   ᠤᠨ ᠲᠠᠯᠳᠠ ᠭᠡᠮ ᠢ ᠪᠦᠬᠦ ᠬᠦᠴᠦᠨ  ᠢᠶᠠᠷ ᠢᠶᠠᠨ ᠰᠡᠷᠭᠡᠶᠢᠯᠡᠵᠦ ᠪᠤᠢ᠃ ᠭᠤᠷᠪᠠ ᠳᠤ᠂ ᠡᠯ᠎ᠡ ᠰᠤᠮᠤ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂  ᠭᠠᠯ ᠤᠨ ᠠᠶᠤᠯ ‍ᠤᠨ‌‍ᠪᠠᠶᠢᠳᠠᠯ ᠤᠨ ᠵᠠᠳᠠᠯᠤᠯᠲᠠ  ᠪᠠ  ᠰᠣᠳᠣᠯᠣᠨ ᠮᠠᠭᠠᠳᠯᠠᠬᠤ ᠶᠢ ᠴᠢᠩᠭᠠᠳᠬᠠᠵᠤ᠂ ᠭᠠᠯ ᠤᠨ ᠠᠶᠤᠯ ᠤᠨ ᠲᠠᠰ ᠤᠨ ᠤᠷᠢᠳᠴᠢᠯᠠᠭᠰᠠᠨ ᠮᠡᠳᠡᠭᠡ ᠪᠠ ᠭᠠᠯ ᠤᠨ ᠠᠶᠤᠯ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠡᠯ᠎ᠡ ᠵᠦᠶᠯ ᠤᠨ ᠪᠠᠴᠢᠮ ᠪᠠᠶᠢᠳᠠᠯ ᠢ ᠠᠷᠭᠠᠴᠠᠬᠤ  ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠭᠠᠯ ᠤᠨ ᠠᠶᠤᠯ ᠭᠠᠷᠪᠠᠯ ᠴᠠᠭ ᠲᠤᠬᠠᠶ ᠳᠤᠨᠢ ᠠᠪᠤᠷᠠᠨ ᠲᠤᠰᠠᠯᠠᠵᠤ ᠭᠠᠯ ᠤᠨᠲᠠᠷᠠᠭᠠᠬᠤ  ᠶᠢ ᠵᠢᠯᠣᠭᠤᠳᠤᠨ ᠲᠣᠬᠢᠷᠠᠭᠤᠯᠵᠤ  ᠪᠤᠢ᠃ ᠡᠭᠦᠨ ᠤ ᠬᠠᠮᠲᠤ᠂ ᠭᠤᠣᠯᠳᠠᠯᠭ᠎ᠠ ᠲᠠᠢ ᠰᠠᠯᠠᠭ᠎ᠠ ᠮᠥᠴᠢᠷ  ᠨᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠣᠳᠠᠲᠠᠶ ᠠᠷᠭ᠎ᠠ ᠶᠢ ᠲᠣᠭᠲᠠᠭᠠᠨ᠂ ᠭᠠᠯ ᠤᠨᠲᠠᠷᠠᠭᠠᠬᠤ ᠡᠩᠨᠡᠭᠡᠨ ᠤ  ᠪᠤᠯᠪᠠᠰᠤᠷᠠᠯ ᠰᠣᠷᠢᠯᠲᠠ ᠶᠢ ᠴᠢᠩᠭᠠᠳᠬᠠᠨ᠂ ᠴᠠᠭᠳᠠᠨ ᠪᠠᠶᠢᠴᠠᠭᠠᠬᠤ ᠡᠷᠴᠢᠮ ᠢ  ᠴᠢᠩᠭᠠᠷᠠᠭᠤᠯᠵᠦ ᠪᠤᠢ᠃ ᠬᠠᠪᠤᠷ ᠤᠨ ᠣᠯᠠᠷᠢᠯ ᠤᠨ ᠰᠡᠷᠭᠡᠶᠢᠯᠡᠯᠲᠡ ᠡᠬᠢᠯᠡᠭᠰᠡᠨ ᠤ ᠲᠠᠷᠠᠭ᠎ᠠ᠂ ᠮᠠᠨ ᠤ ᠬᠤᠰᠢᠭᠤ 24 ᠴᠠᠭ ᠤᠨ ᠤᠳᠤᠷᠢᠳᠤᠯᠭ᠎ᠠ ᠡᠭᠡᠯᠵᠢ ᠳᠠᠭᠠᠭᠤᠯᠬᠤ ᠲᠦᠷᠢᠮ ᠢ ᠬᠡᠷᠡᠭᠵᠢᠭᠦᠯᠵᠦ᠂  ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ  ᠲᠤᠤᠱᠯᠠᠭᠤᠯᠥᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ  ᠤᠳ ᠬᠠᠮᠵᠢᠯᠴᠠᠭ᠎ᠠ ᠪᠠᠨ ᠴᠢᠩᠭᠠᠳᠬᠠᠨ᠂ ᠪᠥᠬᠦ ᠬᠤᠰᠢᠭᠤᠨ ᠤ  ᠡᠯ᠎ᠡ ᠱᠠᠲᠤᠨ ᠤ ᠬᠢᠨ ᠬᠠᠮᠲᠤᠪᠠᠷ ᠴᠢᠷᠮᠠᠶᠢᠵᠤ  ᠬᠠᠪᠤᠷ ᠤᠨ ᠣᠯᠠᠷᠢᠯ ᠤᠨ ᠭᠠᠯ ᠲᠦᠢᠮᠡᠷ ᠤᠨ ᠰᠡᠷᠭᠡᠶᠢᠯᠡᠯᠲᠡ ᠶᠢᠨ ᠬᠤᠭᠤᠴᠠᠭᠠᠨ ᠳᠤ ᠬᠦᠨᠳᠦ ᠣᠨᠴᠠ ᠶᠡᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ  ᠢ ᠥᠨᠡᠨᠬᠦ ᠰᠡᠷᠭᠡᠶᠢᠯᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ᠪᠠᠷᠠᠭᠤᠨ ᠦᠵᠦᠮᠦᠴᠢᠨ ᠬᠤᠰᠢᠭᠤᠨ ᠤ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠲᠣᠭᠲᠠᠭᠠᠯ ᠢ ᠵᠥᠷᠢᠴᠡᠪᠡᠯ ᠶᠠᠮᠠᠷ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠪᠤᠢ  ︖ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠢᠳᠡᠭᠡᠨ ᠡᠮ ᠤᠨ  ᠵᠤᠶᠢᠯᠡᠰ ᠤᠨ ᠶᠠᠯᠠᠲᠤ ᠠᠵᠢᠯᠯᠠᠭ᠎ᠠ ᠶᠢ  ᠪᠠᠶᠢᠴᠠᠭᠠᠬᠤ ᠶᠡᠭᠡ ᠠᠩᠭᠢ ᠶᠢᠨ ᠳᠠᠷᠤᠭ᠎ᠠ ᠯᠢᠦ ᠱᠢ ᠯᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠤᠨ ᠵᠢᠷᠭᠤᠳᠤᠭᠠᠷ ᠪᠦᠯᠦᠭ ︵ᠬᠠᠤᠯᠢ ᠴᠠᠭᠠᠵᠠ ᠶᠢᠨ ᠬᠠᠷᠢᠭᠤᠴᠠᠯᠭ᠎ᠠ︶ ᠤᠨ ᠲᠠᠪᠢᠨ ᠳᠣᠯᠣᠳᠤᠭᠠᠷ ᠵᠦᠢᠯ ᠢ ᠦᠨᠳᠦᠰᠦᠯᠡᠪᠡᠯ᠂ ᠲᠤᠰ ᠳᠦᠷᠢᠮ ᠤᠨ ᠬᠤᠷᠢᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠲᠡᠮᠦᠷ ᠵᠠᠮ᠂ ᠵᠠᠰᠠᠮᠠᠯ ᠵᠠᠮ᠂ ᠴᠠᠬᠢᠯᠭᠠᠨ ᠬᠦᠴᠦ᠂ ᠴᠢᠯᠠᠭᠤᠨ ᠲᠣᠰᠣ᠂ ᠰᠢᠲᠠᠮᠠᠬᠠᠶ ᠬᠡᠢ᠂ ᠬᠢᠮᠢ ᠶᠢᠨ ᠠᠵᠤ ᠦᠢᠯᠡᠳᠪᠦᠷᠢ ᠶᠢᠨ ᠬᠤᠭᠤᠯᠠᠶ ᠶᠢᠨ ᠬᠠᠮᠢᠶᠠᠷᠤᠯᠲᠠ ᠶᠢᠨ ᠨᠢᠬᠡᠴᠡ ᠪᠣᠯᠤᠨ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠬᠡᠭᠡᠷ᠎ᠡ ᠭᠠᠳᠠᠨ᠎ᠠ ᠠᠵᠢᠯᠯᠠᠬᠤ ᠳᠠᠭᠠᠨ ᠭᠠᠯ ᠤᠨ ᠠᠶᠤᠯ ᠬᠢᠯᠪᠠᠷᠬᠠᠨ ᠡᠭᠦᠰᠬᠦ ᠭᠠᠵᠠᠷ ᠲᠤ ᠭᠠᠯ ᠰᠡᠷᠭᠡᠶᠢᠯᠡᠬᠦ ᠶᠢ ᠲᠤᠰᠠᠭᠠᠷᠯᠠᠬᠤ ᠪᠦᠰᠡ ᠪᠣᠯᠤᠨ ᠭᠠᠯ ᠰᠡᠷᠭᠡᠶᠢᠯᠡᠬᠦ ᠶᠢ ᠰᠡᠷᠡᠮᠵᠢᠯᠡᠭᠦᠯᠬᠦ ᠲᠡᠮᠳᠡᠭ ᠲᠠᠯᠪᠢᠭᠰᠠᠨ ᠥᠭᠡᠢ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ  ᠵᠠᠷᠯᠢᠭᠳᠠᠨ  ᠵᠤᠭᠰᠤᠭᠠᠵᠤ᠂ ᠰᠡᠷᠡᠮᠵᠢ ᠥᠭᠴᠦ᠂ ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ  ᠰᠢᠳᠬᠡᠵᠦ᠂  ᠪᠠᠶᠢᠭᠤᠯᠭ᠎ᠠ‌ᠨᠢᠭᠡᠴᠡ ᠶᠢ 2000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠷᠣᠭᠰᠢ ᠵᠣᠭᠤᠰ ᠢᠶᠠᠷ  ᠲᠤᠷᠭᠠᠨ‌‍ᠰᠢᠳᠬᠡᠨ᠎ᠡ᠃    ᠲᠠᠪᠢᠨ ᠨᠠᠢᠮᠠᠳᠤᠭᠠᠷ ᠵᠦᠢᠯ᠂ ᠲᠤᠰ ᠳᠦᠷᠢᠮ ᠤᠨ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ᠂ ᠭᠠᠯ ᠢ ᠰᠡᠷᠭᠡᠶᠢᠯᠡᠬᠦ ᠬᠤᠭᠤᠴᠠᠭᠠᠨ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ  ᠭᠠᠵᠠᠷ ᠣᠷᠣᠨ ᠳᠤ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ᠂ ᠨᠡᠭᠦᠷᠡᠰᠦ ᠰᠢᠲᠠᠭᠠᠬᠤ᠂ ᠬᠤᠭ ᠨᠣᠪᠰᠢ ᠰᠢᠲᠠᠭᠠᠬᠤ᠂ ᠲᠠᠷᠢᠶᠠᠨ ᠭᠠᠵᠠᠷ  ᠂ ᠡᠪᠡᠰᠦ ᠪᠡᠯᠴᠢᠭᠡᠷ ᠲᠤ ᠲᠠᠮᠠᠬᠢ ᠲᠠᠲᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠭᠠᠯ ᠰᠢᠲᠠᠭᠠᠬᠤ᠂ ᠬᠡᠭᠡᠷ᠎ᠡ ᠬᠤᠭᠤᠯᠠᠯᠠᠬᠤ ᠪᠠ ᠬᠤᠸᠠᠷ ᠫᠤᠤᠵᠢᠩ ᠲᠠᠯᠪᠢᠬᠤ  ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ  ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠰᠡᠷᠡᠮᠵᠢ ᠥᠭᠴᠦ᠂ ᠬᠤᠪᠢ ᠬᠥᠮᠦᠨ ᠢ 300 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠵᠦ᠂  ᠪᠠᠶᠢᠭᠤᠯᠭ᠎ᠠ‌ᠨᠢᠭᠡᠴᠡ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠠᠨ‌‍ᠰᠢᠳᠬᠡᠨ᠎ᠡ  ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ  ᠨᠡᠬᠡᠮᠵᠢᠯᠡᠬᠦ ᠪᠤᠯᠥᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号