ᠰᠢᠨ᠎ᠡ ᠲᠣᠭᠲᠠᠭᠠᠯ  ᠨᠢ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠭᠡᠵᠦ ᠪᠤᠢ
ᠨᠡᠶᠢᠲᠡᠯᠡᠭᠰᠡᠨ ᠴᠠᠭ᠄
2023/4/13
ᠰᠢᠨ᠎ᠡ ᠲᠣᠭᠲᠠᠭᠠᠯ   ᠨᠢ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠭᠡᠵᠦ ᠪᠤᠢ     ︽ᠢᠨᠲ᠋ᠧᠷ ᠰᠦᠯᠵᠢᠶᠡᠨ ᠤ ᠵᠠᠷ ᠤᠨ  ᠬᠠᠮᠢᠶᠠᠷᠤᠯᠲᠠ ᠶᠢᠨ  ᠠᠷᠭ᠎ᠠ︾  ᠶᠢ ᠡᠨᠡ ᠵᠢᠯ ᠤᠨ 5 ᠰᠠᠷ᠎ᠠ ᠳᠤ  ᠡᠬᠢᠯᠡᠨ ᠬᠡᠷᠡᠭᠵᠢᠭᠦᠯᠦᠨ᠎ᠡ᠃               ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ  ᠣᠶᠢᠷ᠎ᠠ ᠳᠤ ︽ᠢᠨᠲ᠋ᠧᠷ  ᠰᠦᠯᠵᠢᠶᠡᠨ ᠤ ᠵᠠᠷ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ 2023  ᠣᠨ ᠤ  5  ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠭᠡᠵᠦ ᠪᠤᠢ᠃             ᠡᠭᠦᠨ ᠢ ᠰᠤᠷᠪᠤᠯᠵᠢᠯᠠᠭᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ᠣᠶᠢᠯᠠᠭᠠᠭᠰᠠᠨ ᠶᠤᠮ᠃ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠵᠠᠷ ᠤᠨ ᠦᠢᠯᠡᠰ ᠤᠨ ᠬᠥᠭᠵᠢᠯᠲᠡ ᠶᠢᠨ ᠰᠢᠨ᠎ᠡ ᠣᠨᠴᠠᠯᠢᠭ᠂ ᠰᠢᠨ᠎ᠡ ᠬᠠᠨᠳᠤᠰᠢ᠂ ᠰᠢᠨ᠎ᠡ ᠱᠠᠭᠠᠷᠳᠠᠯᠭ᠎ᠠ ᠳᠤ  ᠵᠣᠬᠢᠴᠠᠭᠤᠯᠬᠤ ᠶᠢᠨ ᠲᠥᠯᠥᠭᠡ᠂  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠢᠨ 2016 ᠣᠨ ᠳᠤ ᠲᠣᠭᠲᠠᠭᠠᠭᠰᠠᠨ  ︽ᠢᠨᠲ᠋ᠧᠷ ᠰᠦᠯᠵᠢᠶᠡᠨ ᠤ ᠵᠠᠷ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠲᠠᠯ᠎ᠠ ᠪᠠᠷ ᠰᠢᠨ᠎ᠡ ᠶᠢ ᠡᠭᠦᠳᠴᠦ᠂ ᠰᠢᠨ᠎ᠡ ᠪᠠᠷ ᠨᠡᠶᠢᠲᠡᠯᠡᠭᠰᠡᠨ ᠠᠷᠭ᠎ᠠ ᠨᠢ ᠢᠨᠲ᠋ᠧᠷ ᠰᠦᠯᠵᠢᠶᠡᠨ ᠤ ᠵᠠᠷ ᠤᠨ ᠬᠤᠯᠪᠣᠭᠳᠠᠯ ᠪᠦᠬᠦᠢ ᠡᠵᠡᠩᠨᠡᠯᠲᠡ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ‌ᠨᠠᠷᠢᠯᠢᠭᠵᠢᠭᠤᠯᠵᠤ᠂ ᠦᠢᠯᠡ ᠠᠵᠢᠯᠯᠠᠭ᠎ᠠ ᠶᠢᠨ ᠵᠢᠷᠤᠮᠵᠢᠯ ᠢ ᠲᠣᠳᠣᠷᠬᠠᠶᠢᠯᠠᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠵᠠᠢ᠂ ᠡᠨᠡ ᠨᠢ ᠢᠨᠲ᠋ᠧᠷ ᠰᠦᠯᠵᠢᠶᠡᠨ ᠤ ᠵᠠᠷ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ  ᠬᠠᠮᠠᠭᠠᠯᠠᠵᠤ᠂ ᠲᠣᠭᠠᠴᠢᠯᠠᠭᠰᠠᠨ ᠠᠵᠤ ᠠᠬᠤᠢ ᠶᠢᠨ ᠵᠢᠷᠤᠮᠵᠢᠭᠤᠨ ᠪᠥᠭᠡᠳ ᠦᠷᠭᠦᠯᠵᠢᠯᠡᠨ ᠬᠥᠭᠵᠢᠬᠦ ᠳᠤ ᠬᠦᠴᠦᠨ ᠨᠡᠮᠡᠷᠢᠯᠡᠬᠦ ᠴᠢᠬᠤᠯᠠ  ᠠᠴᠢ ᠬᠤᠯᠪᠣᠭᠳᠠᠯ ᠲᠠᠢ ᠶᠤᠮ᠃
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号