ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠳᠤ ᠶᠡᠭᠡ ᠵᠠᠰᠠᠯᠲᠠ ᠣᠷᠣᠭᠤᠯᠪᠠ
ᠨᠡᠶᠢᠲᠡᠯᠡᠭᠰᠡᠨ ᠴᠠᠭ᠄
2023/4/13
ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠳᠤ ᠶᠡᠭᠡ ᠵᠠᠰᠠᠯᠲᠠ ᠣᠷᠣᠭᠤᠯᠪᠠ    ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ  ᠬᠤᠷᠢᠶᠠᠨ ᠤ   ᠬᠤᠷᠠᠯᠳᠤᠭᠠᠨ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠪᠡ᠂ ᠡᠨᠡ ᠪᠣᠯ ᠲᠣᠰ ᠬᠠᠤᠯᠢ ᠶᠢ ᠬᠡᠷᠡᠭᠵᠢᠭᠦᠯᠦᠭᠰᠡᠨ 30 ᠰᠢᠬᠠᠮ ᠵᠢᠯ ᠤᠨ ᠲᠤᠷᠰᠢᠬᠢ ᠪᠠᠰᠠ ᠨᠢᠭᠡ ᠤᠳᠠᠭᠠᠨ ᠤ ᠴᠢᠬᠤᠯᠠ ᠶᠡᠭᠡ ᠲᠣᠬᠢᠷᠠᠭᠤᠯᠤᠯᠲᠠ ᠬᠢᠵᠦ ᠪᠠᠶᠢᠭ᠎ᠠ ᠶᠠᠪᠤᠳᠠᠯ ᠮᠥᠨ᠃               ᠤᠯᠤᠰ ᠠᠴᠠ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶᠢᠭᠠᠳ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠡᠯ᠎ᠡ  ᠵᠦᠢᠯ ᠤᠨ  ᠳᠦᠷᠢᠮ ᠢ  ᠠᠯᠬᠤᠮ  ᠠᠯᠬᠤᠮ ᠢᠶᠠᠷ  ᠲᠡᠭᠦᠯᠳᠡᠷᠵᠢᠭᠦᠯᠵᠦ᠂   ᠡᠮᠡᠭᠲᠡᠶᠢᠴᠦᠳ ᠢ ᠭᠠᠳᠠᠭᠤᠷᠴᠢᠯᠠᠬᠤ ᠶᠠᠪᠤᠳᠠᠯ ᠢ ᠠᠷᠢᠯᠭᠠᠵᠤ᠂ ᠡᠮᠡᠭᠲᠡᠶᠢᠴᠦᠳ ᠤᠨ ᠬᠠᠤᠯᠢ ᠶᠣᠰᠣᠭᠠᠷ ᠡᠯ᠎ᠡ ᠵᠦᠢᠯ ᠤᠨ ᠡᠷᠬᠡ ᠠᠰᠢᠭ ᠢᠶᠠᠨ ᠡᠳ᠋ᠯᠡᠬᠦ ᠪᠠ ᠬᠡᠷᠡᠭᠵᠢᠭᠦᠯᠬᠦ ᠶᠢ ᠭᠠᠳᠠᠭᠤᠷᠴᠢᠯᠠᠬᠤ᠂  ᠬᠢᠵᠠᠭᠠᠷᠯᠠᠬᠤ   ᠶᠢ  ᠡᠷᠡᠰ  ᠬᠤᠷᠢᠭᠯᠠᠨ᠎ᠠ᠃ ᠲᠥᠰᠥᠯ ᠳᠤ ᠰᠤᠷᠭᠠᠨ ᠬᠥᠮᠦᠵᠢᠯ ᠠᠵᠢᠯ ᠣᠯᠭᠤᠯᠲᠠ ᠶᠢᠨ ᠬᠦᠷᠢᠶᠡᠨ ᠳᠠᠬᠢ ᠬᠦᠢᠰᠦ   ᠶᠢᠨ  ᠢᠯᠭᠠᠯ ‍ᠤᠨ‌ᠭᠠᠳᠠᠭᠤᠷᠴᠢᠯᠠᠯ ᠳᠤ ᠴᠢᠭᠯᠡᠭᠦᠯᠦᠨ ᠲᠣᠭᠲᠠᠭᠠᠯ ᠭᠠᠷᠭᠠᠵᠤ᠂ ᠣᠷᠤᠭ ᠰᠠᠯᠬᠤ ᠦᠶ᠎ᠡ ᠳᠤ  ᠨᠥᠬᠦᠪᠦᠷᠢ ᠶᠢᠨ  ᠲᠤᠬᠠᠢ ᠲᠣᠭᠲᠠᠭᠠᠯ ᠨᠡᠮᠡᠪᠡ᠃
 
ᠢᠷᠡᠯᠲᠡ᠄ ᠰᠢᠯᠢ ᠶᠢᠨ ᠭᠤᠣᠯ ᠠᠢᠮᠠᠭ ᠤᠨ ᠵᠠᠬᠢᠷᠭ᠎ᠠ ᠶᠢᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号